ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠨᠢ | ᠦᠳᠲᠡᠷ ᠲᠦᠷᠭᠡᠨ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠰᠤᠷᠤᠯᠴᠠᠬᠤ ᠬᠠᠯᠠᠭᠤᠨ ᠦᠷᠨᠢᠯ ᠪᠤᠯᠪᠠ | ᠤᠶᠢᠷ᠎ᠠ ᠳᠤ᠂ ᠮᠠᠨ ᠤ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠤᠨ ᠺᠠᠳᠠᠷ ᠠᠵᠢᠯᠳᠠᠨ | ᠤᠯᠠᠨ ᠲᠦᠮᠡᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠢ ᠰᠤᠷᠤᠯᠴᠠᠨ | ᠲᠤᠤᠱᠯᠠᠭᠤᠯᠬᠤ ᠢ ᠤᠳᠤᠬᠢ ᠶᠢᠨ ᠪᠠ ᠬᠤᠶᠢᠰᠢᠳᠠ ᠶᠢᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠵᠢᠯ | ᠤᠨ ᠭᠤᠤᠯᠳᠠᠯᠭ᠎ᠠ ᠪᠤᠯᠭᠠᠨ᠂ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠠᠢ᠃ ᠬᠠᠮᠲᠤᠪᠠᠷ ᠰᠤᠷᠤᠯᠴᠠᠬᠤ᠂ ᠦᠪᠡᠷ | ᠢᠶᠠᠷ ᠰᠤᠷᠤᠯᠴᠠᠬᠤ᠂ ᠰᠦᠯᠵᠢᠶᠡᠨ ᠳᠡᠭᠡᠷ᠎ᠡ ᠰᠤᠷᠤᠯᠴᠠᠯᠭ᠎ᠠ ᠪᠠ ᠶᠠᠷᠢᠯᠴᠠᠨ ᠰᠤᠳᠤᠯᠬᠤ ᠵᠡᠷᠭᠡ ᠤᠯᠠᠨ ᠲᠦᠷᠦᠯ ᠤᠨ | ᠬᠡᠯᠪᠡᠷᠢ ᠪᠠᠷ ᠳᠠᠮᠵᠢᠨ ᠡᠬᠡ ᠪᠢᠴᠢᠭ ᠢ ᠨᠠᠷᠢᠨ ᠬᠢᠨᠠᠮᠠᠭᠠᠢ ᠤᠩᠰᠢᠨ᠂ ᠤᠭ ᠶᠤᠰᠤ ᠪᠠᠷ ᠨᠢ ᠶᠠᠷᠢᠶ᠎ᠠ ᠢ ᠰᠤᠷᠤᠯᠴᠠᠵᠦ᠂ | ᠭᠦᠨᠵᠡᠭᠡᠢ ᠨᠠᠷᠢᠯᠢᠭ ᠲᠤᠰᠬᠠᠢ ᠰᠡᠳᠦᠪ ᠢᠶᠠᠷ ᠰᠤᠷᠤᠯᠴᠠᠨ᠂ ᠲᠡᠮᠳᠡᠭᠯᠡᠯ ᠬᠢᠬᠦ᠂ ᠲᠦᠷᠦᠭᠳᠡᠯ ᠢᠶᠠᠨ ᠪᠢᠴᠢᠬᠦ᠂ | ᠤᠯᠤᠯᠳᠠ ᠢᠶᠠᠨ ᠶᠠᠷᠢᠯᠴᠠᠬᠤ ᠵᠡᠷᠭᠡ ᠪᠠᠷ ᠰᠤᠷᠤᠯᠴᠠᠭᠰᠠᠨ ᠦᠷ᠎ᠡ ᠪᠦᠲᠦᠭᠡᠯ ᠢᠶᠠᠨ ᠪᠠᠲᠤᠳᠬᠠᠨ᠂ ᠠᠷᠪᠠ | ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠰᠢᠷᠢᠰ ᠰᠢᠨ᠎ᠡ ᠦᠵᠡᠯ ᠰᠠᠨᠠᠭ᠎ᠠ᠂ ᠴᠢᠬᠤᠯᠠ ᠦᠵᠡᠯᠳᠡ᠂ | ᠴᠢᠬᠤᠯᠠ ᠮᠠᠭᠠᠳᠯᠠᠯᠳᠠ᠂ ᠴᠢᠬᠤᠯᠠ ᠠᠵᠢᠯᠯᠠᠭ᠎ᠠ ᠢ ᠪᠦᠬᠦ ᠲᠠᠯ᠎ᠠ ᠪᠠᠷ ᠡᠵᠡᠮᠰᠢᠨ᠂ ᠲᠤᠮᠳᠠᠲᠦ ᠶᠢᠨ ᠤᠨᠴᠠᠯᠢᠭᠲᠦ | ᠨᠡᠶᠢᠭᠡᠮ ᠵᠢᠷᠦᠮᠲᠦ ᠰᠢᠨ᠎ᠡ ᠴᠠᠭ ᠦᠶ᠎ᠡ ᠳᠤ ᠤᠷᠤᠭᠰᠠᠨ ᠰᠢᠨ᠎ᠡ ᠨᠤᠳᠠᠯᠠᠯᠳᠠ ᠢ ᠪᠠᠲᠦ ᠴᠢᠩᠭ᠎ᠠ ᠡᠵᠡᠮᠰᠢᠨ᠂ ᠨᠡᠶᠢᠭᠡᠮ | ᠵᠢᠷᠦᠮ ᠤᠨ ᠭᠤᠤᠯ ᠵᠦᠷᠢᠴᠡᠯ ᠬᠤᠪᠢᠷᠠᠭᠰᠠᠨ ᠰᠢᠨ᠎ᠡ ᠤᠨᠴᠠᠯᠢᠭ ᠢ ᠪᠠᠲᠦ ᠴᠢᠩᠭ᠎ᠠ ᠡᠵᠡᠮᠰᠢᠨ᠂ ᠨᠠᠮ ᠤᠨ | ᠪᠠᠶᠢᠭᠤᠯᠤᠯᠳᠠ ᠶᠢᠨ ᠰᠢᠨ᠎ᠡ ᠱᠠᠭᠠᠷᠳᠠᠯᠭ᠎ᠠ ᠢ ᠪᠠᠲᠦ ᠡᠵᠡᠮᠰᠢᠨ᠂ ᠦᠨᠡᠨᠬᠦ ᠦᠵᠡᠯ ᠰᠠᠨᠠᠭ᠎ᠠ ᠪᠠ ᠠᠵᠢᠯᠯᠠᠭ᠎ᠠ ᠪᠠᠨ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠳᠡᠭᠡᠷ᠎ᠡ ᠨᠢᠭᠡᠳᠬᠡᠨ᠂ ᠵᠢᠩᠬᠢᠨᠢ ᠬᠦᠮᠦᠰ ᠤᠨ ᠰᠡᠳᠬᠢᠯ | ᠵᠢᠷᠦᠬᠡᠨ ᠳᠤ ᠬᠠᠳᠠᠩᠰᠢᠭᠤᠯᠬᠤ ᠬᠡᠷᠡᠭᠳᠠᠢ᠃ | ᠰᠤᠷᠤᠯᠴᠠᠯᠭ᠎ᠠ ᠶᠢᠨ ᠳᠤᠮᠳᠠ᠂ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠨᠢ ᠤᠨᠤᠯ ᠢ ᠪᠤᠳᠠᠳᠠᠢ ᠲᠠᠢ | ᠤᠶᠠᠯᠳᠤᠭᠤᠯᠤᠨ᠂ ᠰᠤᠷᠤᠭᠰᠠᠨ ᠢᠶᠠᠨ ᠬᠡᠷᠡᠭᠯᠡᠬᠦ᠂ ᠰᠤᠷᠴᠦ ᠬᠡᠷᠡᠭᠯᠡᠬᠦ ᠪᠠᠨ ᠤᠶᠠᠯᠳᠤᠭᠤᠯᠬᠤ ᠢ ᠴᠢᠬᠤᠯᠠᠴᠢᠯᠠᠨ᠂ | ᠪᠣᠳᠠᠳᠠᠢ ᠠᠵᠢᠯ ᠲᠠᠢ ᠪᠠᠨ ᠤᠶᠠᠯᠳᠤᠭᠤᠯᠤᠨ ᠰᠤᠷᠤᠯᠴᠠᠨ ᠲᠤᠤᠱᠯᠠᠭᠤᠯᠤᠨ ᠪᠤᠳᠠᠳᠠᠢ ᠦᠷ᠎ᠡ ᠳ᠋ᠦᠩ ᠢ ᠰᠢᠨ᠎ᠡ | ᠠᠮᠵᠢᠯᠳᠠ ᠪᠦᠲᠦᠮᠵᠢ ᠪᠠᠷ ᠢᠯᠡᠷᠡᠭᠦᠯᠦᠨ᠂ ᠳᠠᠭᠠᠤ ᠳᠤᠨᠢ ᠰᠤᠨᠢᠨ ᠬᠡᠪᠯᠡᠯ᠂ ᠰᠤᠷᠲᠠᠯᠴᠢᠯᠠᠭ᠎ᠠ ᠵᠠᠭᠤᠴᠢᠯᠠᠭᠤᠷ᠂ | ᠲᠦᠪᠯᠡᠷᠡᠭᠦᠯᠦᠨ ᠰᠤᠷᠲᠠᠯᠴᠢᠯᠠᠬᠤ ᠵᠡᠷᠭᠡ ᠤᠯᠠᠨ ᠲᠦᠷᠦᠯ ᠤᠨ ᠬᠡᠯᠪᠡᠷᠢ ᠢᠶᠠᠷ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠢ ᠭᠦᠨᠵᠡᠭᠡᠢ ᠤᠬᠠᠭᠤᠯᠤᠨ᠂ ᠦᠨᠡᠨᠬᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠢ ᠪᠦᠬᠦ ᠬᠤᠰᠢᠭᠤᠨ ᠤ ᠦᠷᠭᠡᠨ ᠤᠯᠠᠨ ᠺᠠᠲᠠᠷ ᠠᠷᠠᠳ ᠤᠨ ᠲᠤᠮᠳᠠ ᠤᠬᠠᠭᠤᠯᠤᠨ᠂ ᠡᠷᠦᠬᠡ | ᠪᠦᠷᠢ ᠤᠶᠢᠯᠠᠭᠠᠨ᠂ ᠬᠦᠮᠦᠨ ᠪᠦᠷᠢ ᠮᠡᠳᠡᠬᠦ ᠢᠶᠠᠷ ᠴᠢᠷᠮᠠᠶᠢᠬᠤ ᠬᠡᠷᠡᠭᠳᠠᠢ᠃ |