ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠠᠷᠠᠳ ᠤᠨ ᠲᠦᠯᠦᠭᠡᠯᠡᠭᠴᠢ ᠶᠢᠨ ᠠᠩᠬ᠎ᠠ ᠠᠯᠬᠤᠮ ᠤᠨ ᠰᠠᠨᠠᠯ ᠵᠦᠪᠯᠡᠯᠭᠡ ᠶᠢᠨ ᠨᠡᠷ᠎ᠡ ᠳᠡᠪᠰᠢᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠨᠡᠷ᠎ᠡ ᠲᠤᠷᠠᠳᠤᠭᠰᠠᠳ ᠶᠢ ᠲᠠᠨᠢᠯᠴᠠᠭᠤᠯᠬᠤ ᠬᠤᠯᠪᠤᠭᠠᠯᠠᠨ ᠬᠢᠨᠠᠨ ᠪᠠᠶᠢᠴᠠᠭᠠᠬᠤ ᠠᠵᠢᠯ ᠤᠨ ᠬᠤᠷᠠᠯᠳᠤᠭᠠᠨ ᠢ ᠬᠤᠷᠠᠯᠳᠤᠵᠠᠢ
ᠨᠡᠶᠢᠲᠡᠯᠡᠭᠰᠡᠨ ᠴᠠᠭ᠄
2017-11-16
       ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠠᠷᠠᠳ ᠤᠨ ᠲᠦᠯᠦᠭᠡᠯᠡᠭᠴᠢ ᠶᠢᠨ ᠠᠩᠬ᠎ᠠ ᠠᠯᠬᠤᠮ ᠤᠨ ᠰᠠᠨᠠᠯ ᠵᠦᠪᠯᠡᠯᠭᠡ ᠶᠢᠨ ᠨᠡᠷ᠎ᠡ ᠳᠡᠪᠰᠢᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠨᠡᠷ᠎ᠡ ᠲᠤᠷᠠᠳᠤᠭᠰᠠᠳ  ᠶᠢ ᠲᠠᠨᠢᠯᠴᠠᠭᠤᠯᠬᠤ ᠬᠤᠯᠪᠤᠭᠠᠯᠠᠨ ᠬᠢᠨᠠᠨ ᠪᠠᠶᠢᠴᠠᠭᠠᠬᠤ ᠠᠵᠢᠯ ᠤᠨ ᠬᠤᠷᠠᠯᠳᠤᠭᠠᠨ ᠢ ᠬᠤᠷᠠᠯᠳᠤᠵᠠᠢ᠃           10 ᠰᠠᠷ᠎ᠠ ᠶᠢᠨ24 ᠤ ᠡᠳᠦᠷ ᠤᠨ ᠦᠳᠡ ᠶᠢᠨ ᠡᠮᠦᠨ᠎ᠡ᠂ ᠰᠢᠯᠤᠭᠤᠨ ᠬᠦᠪᠡᠭᠡᠲᠦ ᠴᠠᠭᠠᠨ ᠬᠤᠰᠢᠭᠤᠨ  ᠨᠢ ᠠᠷᠠᠳ ᠤᠨ ᠲᠦᠯᠦᠭᠡᠯᠡᠭᠴᠢᠳ ᠢ ᠵᠤᠬᠢᠶᠠᠨ ᠪᠠᠶᠢᠭᠤᠯᠤᠨ ᠲᠦᠪ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠬᠤᠭᠤᠴᠠᠭ᠎ᠠ ᠬᠠᠯᠠᠬᠤ ᠠᠵᠢᠯ  ᠤᠨ ᠬᠠᠮᠢᠶ᠎ᠠ ᠪᠦᠬᠦᠢ ᠱᠠᠭᠠᠷᠳᠠᠯᠭ᠎ᠠ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠂ ᠰᠢᠨ᠎ᠡ ᠨᠢᠭᠡᠨ ᠬᠤᠭᠤᠴᠠᠭᠠᠨ ᠤ ᠠᠷᠠᠳ ᠤᠨ ᠲᠦᠯᠦᠭᠡᠯᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠤᠯᠤᠰ ᠲᠦᠷᠦ ᠶᠢᠨ ᠵᠦᠪᠯᠡᠯᠭᠡᠨ ᠤ ᠨᠡᠷ᠎ᠡ ᠲᠡᠪᠰᠢᠭᠴᠢ ᠶᠢᠨ ᠡᠷᠬᠡ ᠢ ᠬᠤᠯᠪᠤᠭᠠᠯᠠᠨ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃         ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠵᠢᠯ ᠤᠨ ᠱᠠᠭᠠᠷᠳᠠᠯᠭ᠎ᠠ ᠢ ᠴᠢᠩᠭ᠎ᠠ ᠪᠠᠷᠢᠮᠳᠠᠯᠠᠨ᠂ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠠᠮ ᠨᠢᠭᠡ ᠠᠯᠬᠤᠮ ᠬᠢᠨᠠᠨ ᠪᠠᠶᠢᠴᠠᠭᠠᠬᠤ ᠠᠯᠬᠤᠮ ᠲᠠᠷᠠᠭ᠎ᠠ ᠪᠠᠨ ᠲᠦᠷᠢᠮᠵᠢᠭᠦᠯᠦᠨ᠂ ᠲᠦᠯᠦᠭᠡᠯᠡᠭᠴᠢ ᠶᠢᠨ ᠴᠢᠨᠠᠷ ᠰᠢᠯᠭᠠᠨ ᠪᠠᠶᠢᠴᠠᠭᠠᠯᠳᠠ ᠢ ᠳᠠᠭᠠᠭᠠᠬᠤ᠂ ᠠᠵᠢᠯ ᠤᠨ ᠶᠠᠪᠤᠴᠠ ᠢ《 ᠪᠤᠴᠠᠭᠠᠨ ᠲᠠᠯᠪᠢᠬᠤ》 ᠢ ᠳᠠᠭᠠᠭᠠᠨ᠎ᠠ᠃ ᠬᠤᠶᠠᠷ ᠲᠤ ᠴᠢᠩᠭ᠎ᠠ ᠰᠢᠯᠭᠠᠨ ᠬᠢᠨᠠᠨ᠂ ᠨᠠᠷᠢᠨ ᠬᠢᠨᠠᠮᠠᠭᠠᠢ ᠰᠤᠩᠭᠤᠭᠤᠯᠢ ᠶᠢᠨ ᠨᠡᠷ᠎ᠡ ᠲᠡᠪᠰᠢᠭᠴᠢ ᠶᠢᠨ ᠪᠡᠶ᠎ᠡ ᠶᠢᠨ ᠭᠠᠷᠦᠯ᠂ ᠲᠤᠪᠴᠢ ᠨᠠᠮᠳᠠᠷ ᠵᠡᠷᠭᠡ ᠦᠨᠳᠦᠰᠦᠨ ᠪᠠᠶᠢᠳᠠᠯ᠂ ᠨᠡᠷ᠎ᠡ ᠳᠡᠪᠰᠢᠭᠴᠢ ᠶᠢᠨ ᠪᠠᠶ᠎ᠠ ᠶᠢᠨ ᠭᠠᠷᠤᠯ ᠬᠠᠭᠤᠷᠮᠠᠭᠯᠠᠬᠤ ᠢ ᠴᠢᠩᠭ᠎ᠠ ᠰᠡᠷᠭᠡᠶᠢᠯᠡᠨ᠎ᠡ᠃ ᠨᠡᠷ᠎ᠡ ᠳᠡᠪᠰᠢᠭᠴᠢ ᠶᠢᠨ ᠤᠯᠤᠰ ᠲᠦᠷᠦ᠂ ᠠᠷᠢᠭᠤᠨ ᠴᠢᠭᠡᠴᠢ ᠶᠢᠨ ᠭᠠᠷᠤᠯ᠂ ᠤᠯᠤᠰ ᠲᠦᠷᠦ ᠪᠤᠶᠤ ᠠᠷᠢᠭᠤᠨ ᠴᠢᠭᠡᠴᠢ ᠶᠢᠨ ᠲᠠᠯ᠎ᠠ ᠪᠠᠷ ᠱᠠᠭᠠᠷᠳᠠᠯᠭ᠎ᠠ ᠳᠤ ᠨᠡᠶᠢᠴᠡᠬᠦ ᠦᠭᠡᠢ ᠨᠡᠷ᠎ᠡ ᠳᠡᠪᠰᠢᠭᠴᠢ ᠢ ᠰᠤᠩᠭᠤᠨ ᠲᠠᠨᠢᠯᠴᠠᠭᠤᠯᠬᠤ᠂ ᠦᠷᠭᠦᠯᠵᠢᠯᠡᠨ ᠨᠡᠷ᠎ᠡ ᠳᠡᠪᠰᠢᠭᠦᠯᠬᠦ ᠪᠤᠶᠤ ᠭᠡᠰᠢᠭᠦᠨ ᠤ ᠨᠡᠷ᠎ᠡ ᠳᠡᠪᠰᠢᠭᠴᠢ ᠪᠤᠯᠭᠠᠵᠦ ᠪᠤᠯᠬᠤ ᠦᠭᠡᠢ᠃ ᠠᠷᠠᠳ ᠤᠨ ᠲᠦᠯᠦᠭᠡᠯᠡᠭᠴᠢᠳ ᠤᠨ ᠠᠩᠬ᠎ᠠ ᠠᠯᠬᠤᠮ ᠤᠨ ᠵᠢᠱᠢᠭᠳᠡᠭᠰᠡᠳ ᠵᠢᠴᠢ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠨᠡᠷ᠎ᠡ ᠳᠡᠪᠰᠢᠭᠴᠢ  ᠶᠢᠨ ᠬᠢᠨᠠᠨ ᠪᠠᠶᠢᠴᠠᠭᠠᠬᠤ ᠠᠵᠢᠯ ᠤᠨ ᠡᠭᠦᠷᠭᠡ ᠶᠢ ᠠᠮᠵᠢᠯᠳᠠ ᠲᠠᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠳᠠᠢ᠃        ᠬᠤᠷᠠᠯ ᠶᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠡᠳ᠋ ᠬᠡᠯᠳᠡᠰ ᠤᠨ ᠳᠠᠷᠤᠭ᠎ᠠ ᠵᠧᠩ ᠬᠤᠸᠠᠢ ᠴᠢᠤᠸᠠᠨ ᠡᠷᠬᠢᠯᠡᠵᠦ᠂ ᠬᠤᠰᠢᠭᠤ ᠰᠠᠬᠢᠯᠭ᠎ᠠ ᠪᠠᠲᠦ ᠪᠠᠶᠢᠴᠠᠭᠠᠬᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ ᠵᠡᠷᠭᠡ 21 ᠪᠠᠶᠢᠭᠤᠯᠭ᠎ᠠ ᠶᠢᠨ ᠬᠠᠮᠢᠶᠠᠳᠠᠢ ᠤᠳᠤᠷᠢᠳᠤᠯᠭ᠎ᠠ ᠬᠤᠷᠠᠯ ᠳᠤ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号