ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠩᠬᠠᠨ ᠤ ᠦᠨᠳᠦᠷ ᠬᠦᠴᠦᠳᠡᠯᠲᠦ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ ᠲᠦᠷᠦᠯ ᠵᠦᠢᠯ ᠬᠢᠨᠠᠨ ᠵᠦᠪᠰᠢᠶᠡᠷᠡᠯᠳᠡ ᠶᠢ ᠤᠯᠪᠠ
ᠨᠡᠶᠢᠲᠡᠯᠡᠭᠰᠡᠨ ᠴᠠᠭ᠄
2017-11-20
      ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠩᠬᠠᠨ ᠤ ᠦᠨᠳᠦᠷ ᠬᠦᠴᠦᠳᠡᠯᠲᠦ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ ᠲᠦᠷᠦᠯ ᠵᠦᠢᠯ ᠬᠢᠨᠠᠨ ᠵᠦᠪᠰᠢᠶᠡᠷᠡᠯᠳᠡ ᠶᠢ ᠤᠯᠪᠠ         11 ᠰᠠᠷ᠎ᠠ ᠶᠢᠨ6 ᠤ ᠡᠳᠦᠷ᠂ ᠰᠢᠯᠢ ᠶᠢᠨ ᠭᠤᠤᠯ ᠠᠶᠢᠮᠠᠭ ᠤᠨ ᠦᠭᠡᠷᠡᠴᠢᠯᠡᠯᠳᠡ ᠬᠦᠭᠵᠢᠭᠦᠯᠦᠯᠳᠡ  ᠶᠢᠨ ᠵᠦᠪᠯᠡᠯ ᠠᠴᠠ ᠲᠠᠷᠬᠠᠭᠠᠭᠰᠠᠨ《 ᠬᠤᠸᠠ ᠷᠦᠩ ᠰᠢᠨ᠎ᠡ ᠡᠨᠧᠷᠬᠢ ︵ᠰᠢᠯᠤᠭᠤᠨ ᠬᠦᠪᠡᠭᠡᠲᠦ ᠴᠠᠭᠠᠨ ᠬᠤᠰᠢᠭᠤ︶ ᠬᠢᠵᠠᠭᠠᠷᠲᠦ ᠺᠤᠮᠫᠠᠨᠢ ᠶᠢᠨ ᠰᠢᠯᠤᠭᠤᠨ ᠬᠦᠪᠡᠭᠡᠲᠦ ᠴᠠᠭᠠᠨ ᠬᠤᠰᠢᠭᠤ225kw ᠰᠠᠯᠬᠢᠨ ᠴᠠᠬᠢᠯᠭᠠᠨ ᠤ ᠲᠦᠷᠦᠯ ᠵᠦᠢᠯ ᠬᠢᠨᠠᠨ ᠵᠦᠪᠰᠢᠶᠡᠷᠡᠬᠦ ᠴᠤᠬᠤᠯᠪᠤᠷᠢ》︵ᠰᠢᠯᠢ ᠬᠦᠭᠵᠢᠭᠦᠯᠦᠯᠳᠡ ᠦᠭᠡᠷᠡᠴᠢᠯᠡᠯᠳᠡ ᠡᠨᠧᠷᠬᠢ ᠦᠰᠦᠭ ﹇2017﹈ 28 ᠲᠤᠭᠠᠲᠦ︶ ᠬᠤᠸᠠ ᠷᠦᠩ225kw ᠰᠠᠯᠬᠢᠨ ᠴᠠᠬᠢᠯᠭᠠᠨ ᠤ ᠲᠦᠷᠦᠯ ᠵᠦᠢᠯ ᠶᠢ ᠬᠢᠨᠠᠨ ᠵᠦᠪᠰᠢᠶᠡᠷᠡᠵᠠᠢ᠃         ᠲᠣᠰ ᠲᠦᠷᠦᠯ ᠵᠦᠢᠯ ᠪᠤᠯ ᠮᠠᠨ ᠤ ᠬᠤᠰᠢᠭᠤᠨ ᠤ ᠤᠨᠴᠠ ᠦᠨᠳᠦᠷ ᠲᠠᠷᠦᠴᠠᠲᠦ ᠭᠠᠳᠠᠭᠰᠢ ᠬᠦᠷᠭᠡᠬᠦ ᠵᠠᠭᠤᠨ ᠲᠦᠮᠡᠨ ᠺᠢᠯᠦᠸᠠᠲ ᠰᠠᠯᠬᠢᠨ ᠴᠠᠬᠢᠯᠭᠠᠨ ᠤ ᠲᠠᠯᠠᠪᠤᠷ ᠤᠨ ᠠᠩᠬᠠᠳᠠᠭᠴᠢ ᠵᠦᠪᠰᠢᠶᠡᠷᠡᠭᠳᠡᠭᠰᠡᠨ ᠲᠦᠷᠦᠯ ᠵᠦᠢᠯ ᠪᠤᠯᠤᠨ᠎ᠠ᠃ ᠲᠦᠷᠦᠯ ᠵᠦᠢᠯ ᠤᠨ ᠪᠦᠬᠦ ᠪᠦᠲᠦᠭᠡᠨ ᠪᠠᠶᠢᠭᠤᠯᠤᠯᠳᠠ ᠶᠢᠨ ᠬᠡᠪᠴᠢᠶ᠎ᠡ ᠨᠢ225kw᠂ 220kv ᠲᠠᠷᠦᠯᠳᠠ ᠳᠡᠭᠡᠭᠰᠢᠯᠡᠭᠦᠯᠬᠦ ᠦᠷᠳᠡᠭᠡ 1 ᠰᠠᠭᠤᠷᠢ᠂ ᠪᠡᠯᠡ ᠤᠷᠤᠭᠤᠯᠤᠯᠳᠠ15.73 ᠳ᠋ᠦᠩᠰᠢᠭᠤᠷ ᠲᠦᠭᠦᠷᠢᠭ ᠪᠠᠶᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠭᠰᠠᠨ ᠭᠠᠵᠠᠷ ᠨᠢ ᠮᠢᠩᠭᠠᠲᠦ ᠪᠠᠯᠭᠠᠰᠦ ᠵᠢᠴᠢ ᠪᠤᠯᠠᠭᠠᠨᠳᠤᠬᠤᠢ ᠰᠤᠮᠤᠨ ᠤ ᠬᠠᠷᠢᠶᠠᠨ ᠳᠤ ᠪᠠᠶᠢᠵᠦ᠂ ᠲᠦᠷᠦᠯ ᠵᠦᠢᠯ ᠨᠢ ᠪᠦᠲᠦᠭᠡᠨ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ7.33 ᠳ᠋ᠦᠩᠰᠢᠭᠤᠷ ᠺᠢᠯᠦᠸᠠᠲ ᠬᠦᠷᠴᠦ᠂ ᠵᠢᠯ ᠳᠤ ᠴᠠᠬᠢᠯᠭᠠᠨ ᠭᠠᠷᠭᠠᠭᠰᠠᠨ ᠤᠷᠤᠯᠭ᠎ᠠ2.95 ᠳ᠋ᠦᠩᠰᠢᠭᠤᠷ ᠲᠦᠭᠦᠷᠢᠭ ᠲᠤ ᠬᠦᠷᠬᠦ ᠪᠤᠯᠤᠨ᠎ᠠ᠃ ᠪᠦᠬᠦᠶᠢᠯᠡ ᠡᠵᠡᠩᠨᠡᠯᠳᠡ ᠶᠢᠨ ᠬᠤᠭᠤᠴᠠᠭᠠᠨ  ᠳᠤ ᠴᠠᠬᠢᠯᠭᠠᠨ ᠭᠠᠷᠭᠠᠯᠳᠠ ᠶᠢᠨ ᠤᠷᠤᠯᠭ᠎ᠠ58.9 ᠳ᠋ᠦᠩᠰᠢᠭᠤᠷ ᠲᠦᠭᠦᠷᠢᠭ ᠲᠤ ᠬᠦᠷᠴᠦ᠂ ᠡᠵᠡᠩᠨᠡᠯᠳᠡ ᠶᠢᠨ ᠭᠠᠶᠢᠯᠢ0.82 ᠳ᠋ᠦᠩᠰᠢᠭᠤᠷ ᠲᠦᠭᠦᠷᠢᠭ᠂ ᠨᠡᠮᠡᠭᠳᠡᠯ ᠤᠨ ᠭᠠᠶᠢᠯᠢ4.1 ᠳ᠋ᠦᠩᠰᠢᠭᠤᠷ ᠲᠦᠭᠦᠷᠢᠭ ᠳᠤᠰᠢᠶᠠᠨ ᠤᠷᠤᠯᠭ᠎ᠠ ᠶᠢᠨ ᠭᠠᠶᠢᠯᠢ7.76 ᠳ᠋ᠦᠩᠰᠢᠭᠤᠷ ᠲᠦᠭᠦᠷᠢᠭ ᠳᠤ ᠬᠦᠷᠦᠨ᠎ᠡ᠃        ᠲᠤᠰ ᠲᠦᠷᠦᠯ ᠵᠦᠢᠯ ᠢ ᠬᠤᠸᠠ ᠷᠦᠩ ᠰᠢᠨ᠎ᠡ ᠡᠨᠧᠷᠬᠢ ︵ᠰᠢᠯᠤᠭᠤᠨ ᠬᠦᠪᠡᠭᠡᠲᠦ ᠴᠠᠭᠠᠨ ᠬᠤᠰᠢᠭᠤ︶ ᠬᠢᠵᠠᠭᠠᠷᠲᠦ ᠺᠤᠮᠫᠠᠨᠢ ᠢ ᠲᠦᠯᠬᠢᠨ ᠠᠬᠢᠭᠤᠯᠤᠨ᠂4 ᠰᠠᠷ᠎ᠠ ᠶᠢᠨ12 ᠤ ᠡᠳᠦᠷ ᠠᠶᠢᠮᠠᠭ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠬᠢᠨᠠᠨ ᠵᠦᠪᠰᠢᠶᠡᠷᠡᠬᠦ ᠠᠵᠢᠯ ᠤᠨ ᠪᠢᠴᠢᠭ ᠢ ᠤᠯᠵᠦ᠂ ᠲᠦᠷᠦᠯ ᠵᠦᠢᠯ ᠤᠨ ᠺᠤᠮᠫᠠᠨᠢ ᠶᠢᠨ ᠲᠦᠷᠦᠭᠦᠦ ᠬᠤᠭᠤᠴᠠᠭᠠᠨ ᠤ ᠠᠵᠢᠯᠳᠠᠨ ᠤ ᠰᠢᠷᠭᠠᠭᠤ ᠴᠢᠷᠮᠠᠶᠢᠯᠭ᠎ᠠ ᠬᠢᠭᠡᠳ ᠬᠤᠰᠢᠭᠤ ᠵᠠᠰᠠᠭ ᠤᠨ ᠤᠷᠳᠤᠨ᠂ ᠡᠯ᠎ᠡ ᠬᠤᠯᠪᠤᠭᠳᠠᠬᠤ ᠰᠠᠯᠠᠭ᠎ᠠ ᠮᠦᠴᠢᠷ ᠤᠨ ᠬᠦᠴᠦᠳᠠᠢ ᠳᠡᠮᠵᠢᠯᠭᠡ ᠪᠠ ᠬᠠᠮᠵᠢᠯᠴᠠᠭ᠎ᠠ ᠳᠤᠤᠷ᠎ᠠ ᠺᠤᠮᠫᠠᠨᠢ ᠢ ᠳᠠᠩᠰᠠᠯᠠᠬᠤ᠂ ᠰᠠᠯᠬᠢᠨ ᠤ ᠡᠬᠢ ᠰᠤᠷᠪᠦᠯᠵᠢ ᠶᠢ ᠦᠨᠡᠯᠡᠬᠦ᠂ ᠬᠡᠷᠡᠭᠵᠢᠭᠦᠯᠵᠦ ᠪᠤᠯᠬᠤᠶᠢᠴᠠ ᠰᠤᠳᠤᠯᠭᠠᠨ ᠪᠠ ᠬᠢᠨᠠᠨ ᠵᠦᠪᠰᠢᠶᠡᠷᠡᠬᠦ ᠢᠯᠡᠳᠬᠡᠯ ᠢ ᠨᠠᠶᠢᠷᠠᠭᠤᠯᠤᠨ ᠵᠤᠬᠢᠶᠠᠬᠤ ᠠᠵᠢᠯ ᠢ ᠪᠠᠷᠠᠭᠠᠨ᠂ ᠠᠮᠢ ᠠᠬᠤᠢ ᠶᠢᠨ ᠤᠷᠢᠳᠴᠢᠯᠠᠨ ᠬᠢᠨᠠᠬᠤ᠂ ᠭᠠᠵᠠᠷ ᠰᠢᠷᠦᠢ ᠤᠷᠢᠳᠴᠢᠯᠠᠨ ᠬᠢᠨᠠᠬᠤ᠂ ᠤᠰᠤᠨ ᠤ ᠡᠬᠢ ᠪᠠᠶᠠᠯᠢᠭ ᠤᠨ ᠲᠦᠰᠦᠯ᠂ ᠳᠦᠰᠦᠪᠯᠡᠨ ᠭᠠᠵᠠᠷ ᠰᠤᠩᠭᠤᠬᠤ᠂ ᠠᠭᠤᠷᠬᠠᠢ ᠶᠢᠨ ᠭᠠᠷᠦᠯᠳᠠ ᠶᠢ ᠲᠠᠷᠦᠬᠤ᠂ ᠴᠡᠷᠢᠭ ᠤᠨ ᠶᠠᠪᠤᠳᠠᠯ ᠤᠨ ᠲᠦᠬᠦᠭᠡᠷᠦᠮᠵᠢ᠂ ᠲᠦᠷᠢᠮ ᠳᠤ ᠨᠡᠶᠢᠴᠡᠭᠰᠡᠨ ᠲᠠᠶᠢᠯᠪᠤᠷᠢ ᠵᠡᠷᠭᠡ ᠰᠢᠷᠢᠰ ᠪᠢᠴᠢᠭ ᠮᠠᠲ᠋ᠧᠷᠢᠶᠠᠯ ᠤᠨ ᠬᠢᠨ᠎ᠠ ᠵᠦᠪᠰᠢᠶᠡᠷᠡᠯᠳᠡ ᠶᠢ ᠤᠯᠤᠨ᠂ ᠨᠠᠶᠢᠭᠡᠮ ᠤᠨ ᠲᠤᠭᠳᠠᠭᠤᠨ᠂ ᠡᠨᠧᠷᠬᠢ ᠠᠷᠪᠢᠯᠠᠬᠤ᠂ ᠲᠡᠤᠬᠡᠨ ᠲᠤᠷᠠᠰᠬᠠᠯ᠂ ᠤᠷᠴᠢᠨ ᠲᠤᠭᠤᠷᠢᠨ ᠤ ᠦᠨᠡᠯᠡᠯᠳᠡ᠂ ᠭᠠᠮᠰᠢᠭ ᠵᠡᠷᠭᠡ ᠮᠡᠳᠡᠭᠦᠯᠦᠯᠳᠡ ᠪᠠ ᠭᠠᠷ ᠬᠦᠢᠴᠡᠳᠬᠡᠯ ᠤᠨ ᠠᠵᠢᠯ ᠢ ᠡᠬᠢᠯᠡᠭᠦᠯᠦᠨ᠂ ᠰᠠᠯᠬᠢᠨ ᠴᠠᠬᠢᠯᠭᠠᠨ ᠤ ᠲᠦᠯᠦᠪᠯᠡᠯᠭᠡ ᠶᠢᠨ ᠡᠬᠢᠨ ᠤ ᠬᠤᠭᠤᠴᠭᠠᠨ ᠤ ᠠᠵᠢᠯ᠂ ᠮᠠᠰᠢᠨ ᠤᠭᠰᠠᠷᠠᠬᠤ ᠭᠠᠵᠠᠷ ᠪᠠ ᠳᠠᠷᠦᠯᠳᠠ ᠳᠡᠭᠡᠭᠰᠢᠯᠡᠭᠦᠯᠬᠦ ᠦᠷᠲᠡᠭᠡᠨ ᠤ ᠭᠠᠵᠠᠷ ᠰᠤᠩᠭᠤᠬᠤ ᠵᠢᠴᠢ ᠳᠠᠬᠢᠨ ᠬᠠᠷᠭᠤᠭᠤᠯᠬᠤ᠂ ᠰᠠᠯᠬᠢᠨ ᠢ ᠬᠡᠮᠵᠢᠨ ᠮᠠᠰᠢᠨ ᠤᠭᠰᠠᠷᠠᠬᠤ ᠵᠡᠷᠭᠡ ᠭᠠᠳᠠᠨᠠᠬᠢ ᠠᠵᠢᠯ ᠢ ᠡᠬᠢᠯᠡᠭᠦᠯᠦᠨ᠂ ᠲᠦᠷᠦᠯ ᠵᠦᠢᠯ ᠤᠨ ᠳᠠᠷᠠᠭᠠᠴᠢ ᠶᠢᠨ ᠠᠯᠬᠤᠮ ᠤᠨ ᠳᠦᠯᠬᠢᠨ ᠠᠬᠢᠭᠤᠯᠬᠤ ᠪᠠ ᠠᠵᠢᠯ ᠡᠬᠢᠯᠡᠬᠦ ᠳᠤ ᠪᠠᠲᠦ ᠰᠠᠭᠤᠷᠢ ᠲᠠᠯᠪᠢᠨ ᠦᠭᠴᠠᠢ᠃        ᠤᠳᠤᠬᠠᠨ ᠳᠤ᠂ ᠲᠤᠰ ᠲᠦᠷᠦᠯ ᠵᠦᠢᠯ ᠤᠨ ᠬᠠᠮᠢᠶ᠎ᠠ ᠪᠦᠬᠦᠢ ᠲᠦᠯᠦᠪᠯᠡᠯᠭᠡ ᠪᠠ ᠭᠠᠵᠠᠷ ᠲᠠᠲᠠᠪᠤᠷᠢᠯᠠᠬᠤ ᠪᠡᠯᠡᠳᠬᠡᠯ ᠠᠵᠢᠯ ᠢ ᠶᠠᠪᠤᠭᠳᠠᠭᠤᠯᠤᠨ᠂ ᠲᠦᠷᠦᠯ ᠵᠦᠢᠯ ᠤᠨ ᠳᠠᠭᠠᠭᠠᠴᠢᠯᠠᠯᠳᠠ ᠵᠠᠷᠯᠠᠨ ᠬᠦᠯᠢᠶᠡᠬᠦ ᠢ ᠲᠦᠷᠭᠡᠨ ᠡᠬᠢᠯᠡᠭᠦᠯᠬᠦ ᠪᠠ2018 ᠤᠨ ᠳᠤ ᠪᠦᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠬᠤ ᠳᠤ ᠠᠰᠢᠭᠳᠠᠢ ᠨᠦᠬᠦᠴᠡᠯ ᠢ ᠬᠠᠩᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号