ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠶᠢᠨ ᠹᠧᠩ ᠲᠧᠭᠨᠢᠭ ᠮᠡᠷᠭᠡᠵᠢᠯ ᠤᠨ ᠬᠢᠵᠠᠭᠠᠷᠲᠦ ᠺᠤᠮᠫᠠᠨᠢ  ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠢᠴᠢ ᠬᠠᠮᠢᠶᠠᠲᠠᠢ ᠢᠵᠢ ᠲᠦᠬᠦᠭᠡᠷᠦᠮᠵᠢ ᠦᠢᠯᠡᠳᠬᠦ ᠶᠢ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠤᠨ ᠲᠤᠷᠰᠢᠨ ᠦᠢᠯᠡᠳᠬᠦ ᠶᠢ ᠡᠬᠢᠯᠡᠭᠦᠯᠬᠦ ᠶᠤᠰᠤᠯᠠᠯ ᠢ ᠦᠪᠡᠳᠡᠭᠰᠢ ᠶᠡᠭᠡ ᠢᠶᠠᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2017-11-22
        ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠶᠢᠨ ᠹᠧᠩ ᠲᠧᠭᠨᠢᠭ ᠮᠡᠷᠭᠡᠵᠢᠯ ᠤᠨ ᠬᠢᠵᠠᠭᠠᠷᠲᠦ  ᠺᠤᠮᠫᠠᠨᠢ  ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠢᠴᠢ ᠬᠠᠮᠢᠶᠠᠲᠠᠢ ᠢᠵᠢ ᠲᠦᠬᠦᠭᠡᠷᠦᠮᠵᠢ ᠦᠢᠯᠡᠳᠬᠦ ᠶᠢ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠤᠨ ᠲᠤᠷᠰᠢᠨ ᠦᠢᠯᠡᠳᠬᠦ ᠶᠢ ᠡᠬᠢᠯᠡᠭᠦᠯᠬᠦ ᠶᠤᠰᠤᠯᠠᠯ ᠢ ᠦᠪᠡᠳᠡᠭᠰᠢ ᠶᠡᠭᠡ ᠢᠶᠠᠷ ᠶᠠᠪᠤᠭᠳᠠᠭᠤᠯᠪᠠ       11 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂《 ᠶᠢᠨ ᠹᠧᠩ ᠲᠧᠭᠨᠢᠭ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠢᠴᠢ ᠬᠠᠮᠢᠶᠠᠲᠠᠢ ᠢᠵᠢ ᠲᠦᠬᠦᠭᠡᠷᠦᠮᠵᠢ ᠦᠢᠯᠡᠳᠬᠦ ᠶᠢ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠤᠨ ᠲᠤᠷᠰᠢᠨ ᠦᠢᠯᠡᠳᠬᠦ ᠶᠢ ᠡᠬᠢᠯᠡᠭᠦᠯᠬᠦ ᠶᠤᠰᠤᠯᠠᠯ》 ᠢ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠵᠦ ᠦᠢᠯᠡᠳᠪᠦᠷᠢ ᠶᠢᠨ ᠲᠤᠭᠤᠷᠢᠭ ᠳᠤ ᠦᠪᠡᠳᠡᠭᠰᠢ ᠶᠡᠬᠡᠪᠡᠷ ᠶᠠᠪᠤᠭᠳᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ  ᠶᠢᠨ ᠳᠡᠳ᠋ ᠳᠠᠷᠤᠭ᠎ᠠ ᠵᠠᠩ ᠵᠦᠩ ᠶᠤᠤ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠰᠢᠶᠧ ᠵᠢᠶᠦ᠋ᠨ᠂ ᠠᠶᠢᠮᠠᠭ ᠤᠨ ᠣᠯᠣᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠷᠧᠨ ᠢᠥᠢ ᠨᠢᠩ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ ᠶᠤᠰᠤᠯᠠᠯ ᠳᠤ ᠤᠷᠤᠯᠴᠠᠵᠠᠢ᠃      
      ᠶᠢᠨ ᠹᠧᠩ ᠲᠧᠭᠨᠢᠭ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠢᠴᠢ ᠬᠠᠮᠢᠶᠠᠲᠠᠢ ᠢᠵᠢ ᠲᠦᠬᠦᠭᠡᠷᠦᠮᠵᠢ ᠦᠢᠯᠡᠳᠬᠦ ᠶᠢ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠨᠢ 2016 ᠤᠨ ᠤ 6 ᠰᠠᠷ᠎ᠠ ᠳᠤ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠵᠦ ᠦᠢᠯᠡᠳᠪᠦᠷᠢ ᠶᠢᠨ ᠲᠤᠭᠤᠷᠢᠭ ᠳᠤ ᠰᠠᠭᠤᠷᠢᠰᠢᠨ᠂ ᠲᠦᠷᠦᠯ ᠵᠦᠢᠯ ᠤᠨ ᠪᠦᠬᠦ ᠪᠡᠯᠡ ᠤᠷᠤᠭᠤᠯᠤᠯᠳᠠ ᠨᠢ 5 ᠳ᠋ᠦᠩᠰᠢᠭᠤᠷ ᠲᠦᠭᠦᠷᠢᠭ ᠪᠠᠶᠢᠵᠦ᠂ ᠵᠢᠯ ᠤᠨ ᠦᠢᠯᠡᠳᠪᠦᠷᠢᠯᠡᠯᠳᠡ 400 ᠢᠵᠢ 2.5 ᠰᠠᠶ᠎ᠠ ᠸᠠᠲ ᠠᠴᠠ ᠳᠡᠭᠡᠭᠰᠢ ᠮᠠᠰᠢᠨ ᠤ ᠬᠡᠯᠪᠡᠷᠢ ᠶᠢᠨ ᠤᠩᠭᠤᠴᠠᠨ ᠤ ᠦᠷᠦᠭᠡ᠂ ᠰᠡᠩᠰᠡᠨ ᠲᠦᠬᠦᠭᠡᠷᠦᠮᠵᠢ ᠢ ᠦᠢᠯᠡᠳᠪᠦᠷᠢᠯᠡᠨ᠂ ᠰᠠᠯᠬᠢᠨ ᠴᠠᠬᠢᠯᠭᠠᠨ ᠤ ᠲᠤᠨᠤᠭᠯᠠᠯ ᠤᠨ ᠲᠦᠬᠦᠭᠡᠷᠦᠮᠵᠢ ᠵᠢᠴᠢ ᠰᠠᠩᠰᠡ ᠶᠢᠨ ᠪᠦᠷᠬᠦᠬᠦᠯ᠂ ᠴᠠᠬᠢᠯᠭᠠᠨ ᠬᠦᠷᠦᠭᠡᠭᠦᠷ ᠤᠭᠰᠠᠷᠠᠬᠤ᠂ ᠠᠪᠳᠠᠷᠲᠦ ᠬᠦᠴᠦᠳᠡᠯ ᠦᠭᠡᠷᠡᠴᠢᠯᠡᠬᠦ ᠦᠷᠳᠡᠭᠡ ᠪᠠ ᠬᠠᠮᠢᠶᠠᠳᠠᠢ ᠢᠵᠢ ᠲᠦᠭᠦᠭᠡᠷᠦᠮᠵᠢᠲᠦ ᠦᠢᠯᠡᠳᠪᠦᠷᠢ ᠶᠢᠨ ᠳᠠᠰᠤᠭ ᠢ ᠪᠠᠶᠢᠭᠤᠯᠤᠨ ᠲᠦᠷᠦᠯ ᠵᠦᠢᠯ ᠨᠢ ᠠᠰᠢᠭᠯᠠᠯᠳᠠ ᠳᠤ ᠤᠷᠤᠭᠰᠠᠨ ᠤ ᠳᠠᠷᠠᠭ᠎ᠠ ᠵᠢᠯ ᠤᠨ ᠦᠢᠯᠡᠳᠪᠦᠷᠢᠯᠡᠯ ᠤᠨ ᠦᠷᠳᠡᠭ 30 ᠳ᠋ᠦᠩᠰᠢᠭᠤᠷ ᠲᠦᠭᠦᠷᠢᠭ ᠳᠤ ᠬᠦᠷᠴᠦ᠂ ᠭᠠᠶᠢᠯᠢ ᠲᠠᠲᠠᠪᠦᠷᠢ ᠢ 1.9 ᠳ᠋ᠦᠩᠰᠢᠭᠤᠷ ᠲᠦᠭᠦᠷᠢᠭ ᠲᠤᠰᠢᠶᠠᠨ᠂ ᠳᠤᠬᠠᠢ ᠶᠢᠨ ᠭᠠᠵᠠᠷ ᠤᠷᠤᠨ ᠤ 100 ᠢᠯᠡᠭᠦᠤ ᠬᠦᠮᠦᠨ ᠤ ᠠᠵᠢᠯ ᠤᠯᠭᠤᠬᠤ ᠢ ᠰᠡᠢᠳᠪᠦᠷᠢᠯᠡᠨ᠎ᠡ᠃       ᠤᠶᠢᠷ᠎ᠠ ᠶᠢᠨ ᠵᠢᠯ᠂ ᠮᠠᠨ ᠤ ᠬᠤᠰᠢᠭᠤ ᠨᠢ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠪᠤᠳᠤᠯᠭ᠎ᠠ ᠪᠠᠶᠢᠷᠢᠯᠠᠭᠤᠯᠤᠯᠳᠠ ᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠦᠨ᠂ ᠮᠠᠨ ᠤ ᠬᠤᠰᠢᠭᠤᠨ ᠤ ᠰᠠᠯᠬᠢᠨ ᠡᠨᠧᠷᠬᠢ᠂ ᠭᠠᠵᠠᠷ ᠰᠢᠷᠦᠢ ᠶᠢᠨ ᠡᠬᠢ ᠪᠠᠶᠠᠯᠢᠭ ᠪᠠ ᠭᠠᠵᠠᠷ ᠤᠷᠤᠨ ᠤ ᠵᠠᠮ ᠬᠠᠷᠢᠯᠴᠠᠭᠠᠨ ᠤ ᠳᠠᠪᠠᠭᠤᠯᠢᠭ ᠨᠦᠬᠦᠴᠡᠯ ᠢᠶᠠᠨ ᠠᠰᠢᠭᠯᠠᠨ᠂ ᠭᠤᠤᠯᠳᠠᠯᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠢ ᠬᠤᠳᠠ ᠪᠠᠯᠭᠠᠰᠤᠨ ᠤ ᠠᠵᠦ ᠠᠬᠤᠢ ᠶᠢᠨ ᠲᠦᠯᠬᠢᠴᠡ ᠬᠦᠴᠦᠨ ᠪᠤᠯᠭᠠᠨ᠂ ᠠᠵᠦ ᠠᠬᠤᠢ ᠶᠢᠨ ᠪᠦᠲᠦᠴᠡ ᠪᠠ ᠠᠵᠦ ᠦᠢᠯᠡᠰ ᠤᠨ ᠪᠠᠶᠢᠷᠢᠯᠠᠭᠤᠯᠤᠳᠠ ᠢ ᠰᠢᠯᠢᠳᠡᠭᠵᠢᠭᠦᠯᠦᠨ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠦᠴᠦᠯᠡᠴᠡ ᠪᠠᠨ ᠳᠠᠰᠤᠷᠠᠯᠳᠠ ᠦᠬᠡᠢ ᠴᠢᠩᠭᠠᠳᠬᠠᠨ᠂ ᠲᠧ ᠪᠢᠶᠠᠨ ᠳ᠋ᠢᠶᠠᠩ ᠭᠦᠩ᠂ ᠶᠢᠨ ᠹᠧᠩ ᠲᠧᠭᠨᠢᠭ ᠮᠡᠷᠭᠡᠵᠢᠯ᠂ ᠵᠢᠶᠠᠩ ᠠᠨ ᠴᠧᠩ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠤᠷᠢᠳ ᠬᠤᠶᠢᠨ᠎ᠠ ᠠᠮᠵᠢᠯᠳᠠ ᠲᠠᠢ ᠰᠠᠭᠤᠷᠢᠰᠢᠨ ᠰᠠᠯᠬᠢᠨ ᠮᠠᠰᠢᠨ ᠤ ᠲᠦᠭᠦᠭᠡᠷᠦᠮᠵᠢ ᠶᠢᠨ ᠦᠢᠯᠡᠳᠪᠦᠷᠢᠯᠡᠯ ᠤᠨ ᠰᠦᠷᠦᠭᠵᠢᠯ᠂ ᠬᠦᠭᠵᠢᠯᠳᠡ ᠶᠢᠨ ᠳᠠᠪᠠᠭᠤᠯᠢᠭ ᠠᠩᠬ᠎ᠠ ᠠᠯᠬᠤᠮ ᠢᠯᠡᠷᠡᠵᠠᠢ᠃ ᠳᠡᠭᠡᠷ᠎ᠡ ᠲᠤᠷᠠᠳᠤᠭᠰᠠᠨ ᠲᠦᠷᠦᠯ ᠵᠦᠢᠯ ᠪᠦᠬᠦ ᠢᠶᠠᠷ ᠢᠶᠠᠨ ᠠᠰᠢᠭᠯᠠᠯᠳᠠ ᠳᠤ ᠤᠷᠤᠭᠰᠠᠨ ᠤ ᠳᠠᠷᠠᠭ᠎ᠠ ᠲᠦᠬᠦᠭᠡᠷᠦᠮᠵᠢ ᠦᠢᠯᠡᠳᠬᠦ ᠠᠵᠦ ᠠᠬᠤᠶᠢᠯᠠᠯ ᠢ ᠲᠦᠯᠬᠢᠨ ᠠᠬᠢᠭᠤᠯᠤᠨ ᠶᠡᠷᠦᠩᠬᠡᠢ ᠪᠡᠯᠡ ᠤᠷᠤᠭᠤᠯᠤᠯᠳᠠ ᠨᠢ 24 ᠳ᠋ᠦᠩᠰᠢᠭᠤᠷ ᠲᠦᠭᠦᠷᠢᠭ ᠬᠦᠷᠦᠨ᠂ ᠵᠢᠯ ᠤᠨ ᠦᠢᠯᠡᠳᠪᠦᠷᠢᠯᠡᠯ ᠤᠨ ᠦᠷᠳᠡᠭ 45 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠭᠠᠶᠢᠯᠢ ᠲᠠᠳᠠᠪᠤᠷᠢ 3 ᠳ᠋ᠦᠩᠰᠢᠭᠤᠷ ᠢ ᠲᠤᠰᠢᠶᠠᠨ᠂ ᠬᠤᠳᠠ ᠪᠠᠯᠭᠠᠰᠤᠨ ᠤ ᠠᠵᠦ ᠠᠬᠤᠢ ᠶᠢᠨ ᠨᠡᠮᠡᠭᠳᠡᠯ ᠢ ᠲᠦᠷᠭᠡᠨ ᠢᠶᠠᠷ ᠬᠦᠭᠵᠢᠭᠦᠯᠬᠦ ᠳᠤ ᠰᠢᠨ᠎ᠡ ᠬᠦᠴᠦᠨ ᠢ ᠨᠡᠮᠡᠭᠳᠡᠭᠦᠯᠬᠦ ᠶᠢᠨ ᠳᠠᠭᠠᠤ᠂ ᠠᠶᠢᠮᠠᠭ ᠵᠢᠴᠢ ᠤᠮᠠᠷᠠᠲᠦ ᠤᠷᠤᠨ ᠤ ᠪᠤᠰᠤᠳ ᠲᠤᠨᠤᠭ ᠲᠦᠬᠦᠭᠡᠷᠦᠮᠵᠢ ᠦᠢᠯᠡᠳᠬᠦ ᠳᠤ ᠠᠵᠦ ᠦᠢᠯᠡᠰ ᠤᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠶᠢᠨ ᠳᠠᠭᠠᠤ ᠰᠠᠯᠬᠢᠨ ᠴᠠᠬᠢᠯᠭᠠᠨ ᠤ ᠠᠵᠦ ᠦᠢᠯᠡᠰ ᠳᠤ ᠨᠡᠩ ᠰᠠᠶᠢᠨ ᠪᠦᠲᠦᠭᠡᠭᠳᠡᠭᠦᠨ ᠢ ᠬᠠᠩᠭᠠᠬᠤ ᠪᠠ ᠦᠢᠯᠡᠴᠢᠯᠡᠨ᠎ᠡ᠃                
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号