ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠯ᠎ᠡ ᠰᠤᠮᠤ ᠪᠠᠯᠭᠠᠰᠤ ᠨᠢ ᠠᠷᠠᠳ ᠤᠨ ᠲᠦᠯᠦᠭᠡᠯᠡᠭᠴᠢ᠂ ᠵᠠᠰᠠᠭ ᠤᠨ ᠤᠷᠳᠤᠨ ᠤ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠢ ᠠᠮᠵᠢᠯᠳᠠ ᠲᠠᠢ ᠳᠠᠭᠤᠰᠬᠠᠪᠠ
ᠨᠡᠶᠢᠲᠡᠯᠡᠭᠰᠡᠨ ᠴᠠᠭ᠄
2017-11-23
        ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠯ᠎ᠡ ᠰᠤᠮᠤ ᠪᠠᠯᠭᠠᠰᠤ ᠨᠢ ᠠᠷᠠᠳ ᠤᠨ ᠲᠦᠯᠦᠭᠡᠯᠡᠭᠴᠢ᠂ ᠵᠠᠰᠠᠭ ᠤᠨ ᠤᠷᠳᠤᠨ ᠤ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠢ ᠠᠮᠵᠢᠯᠳᠠ ᠲᠠᠢ ᠳᠠᠭᠤᠰᠬᠠᠪᠠ       11 ᠰᠠᠷ᠎ᠠ ᠶᠢᠨ 18 ᠠᠴᠠ 20 ᠤ ᠡᠳᠦᠷ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠯ᠎ᠡ ᠰᠤᠮᠤ ᠪᠠᠯᠭᠠᠰᠤ ᠨᠢ《ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠬᠤᠰᠢᠭᠤ᠂ ᠰᠤᠮᠤ ᠪᠠᠯᠭᠠᠰᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠤᠨ ᠲᠦᠰᠦᠯ 》 ᠢ ᠦᠨᠳᠦᠰᠦᠯᠡᠨ ᠲᠤᠭᠳᠠᠭᠰᠠᠨ ᠴᠠᠭ ᠲᠤ᠂ ᠤᠷᠢᠳ ᠬᠤᠶᠢᠨ᠎ᠠ ᠰᠢᠨ᠎ᠡ ᠨᠢᠭᠡ ᠬᠤᠭᠤᠴᠠᠭᠠᠨ ᠤ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠢ ᠬᠤᠷᠠᠯᠳᠤᠵᠠᠢ᠃ ᠬᠤᠰᠢᠭᠤ ᠨᠠᠮ ᠤᠨ ᠬᠤᠷᠢᠶᠠᠨ ᠤ ᠡᠯ᠎ᠡ ᠵᠢᠯᠤᠭᠤᠳᠬᠤ ᠲᠤᠭᠤᠶᠢᠯᠠᠩ ᠤᠨ ᠪᠦᠬᠦ ᠭᠡᠰᠢᠭᠦᠳ ᠪᠠ ᠠᠷᠠᠳ ᠤᠨ ᠲᠦᠯᠦᠭᠡᠯᠡᠭᠴᠢᠳ ᠤᠨ ᠵᠢᠯᠤᠭᠤᠳᠬᠤ ᠲᠤᠭᠤᠶᠢᠯᠠᠩ ᠤᠨ ᠡᠯ᠎ᠡ ᠭᠡᠰᠢᠭᠦᠳ ᠨᠢ ᠬᠤᠷᠠᠯ ᠳᠤ ᠬᠦᠷᠦᠯᠴᠡᠨ ᠵᠢᠭᠠᠨ ᠵᠢᠯᠤᠭᠤᠳᠪᠠ᠃ ᠪᠦᠬᠦ ᠬᠤᠰᠢᠭᠤᠨ ᠤ ᠲᠠᠪᠤᠨ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠬᠤᠭᠤᠴᠠᠭ᠎ᠠ ᠬᠠᠯᠠᠬᠤ ᠰᠤᠩᠭᠤᠭᠤᠯᠢ ᠤᠨ ᠠᠵᠢᠯ ᠠᠮᠵᠢᠯᠳᠠ ᠲᠠᠢ ᠳᠠᠭᠤᠰᠪᠠ᠃       ᠬᠤᠷᠠᠯ ᠠᠴᠠ ᠡᠮᠦᠨ᠎ᠡ᠂ ᠡᠯ᠎ᠡ ᠰᠤᠮᠤ ᠪᠠᠯᠭᠠᠰᠤ ᠨᠢ ᠲᠤᠰ ᠲᠤᠰ ᠰᠢᠨ᠎ᠡ ᠪᠠᠷ ᠰᠤᠩᠭᠤᠭᠳᠠᠭᠰᠠᠨ ᠠᠷᠠᠳ  ᠤᠨ ᠲᠦᠯᠦᠭᠡᠯᠡᠭᠴᠢ ᠳᠤ ᠡᠭᠦᠷᠭᠡ ᠢᠶᠠᠨ ᠭᠦᠢᠴᠡᠳᠬᠡᠬᠦ ᠪᠤᠯᠪᠠᠰᠤᠷᠠᠯ ᠪᠠ ᠬᠠᠮᠢᠶ᠎ᠠ ᠪᠦᠬᠦᠢ ᠰᠠᠬᠢᠯᠭ᠎ᠠ ᠪᠠᠲᠦ ᠶᠢᠨ ᠱᠠᠭᠠᠷᠳᠠᠯᠭ᠎ᠠ ᠶᠢᠨ ᠲᠤᠬᠠᠢ ᠪᠤᠯᠪᠠᠰᠤᠷᠠᠯ ᠬᠢᠪᠡ᠃        ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠳᠤ ᠲᠤᠰᠪᠤᠷᠢ ᠰᠤᠮᠤ ᠪᠠᠯᠭᠠᠰᠤᠨ ᠤ ᠠᠷᠠᠳ ᠤᠨ ᠵᠠᠰᠠᠭ  ᠤᠨ ᠤᠷᠳᠤᠨ ᠤ ᠠᠵᠢᠯ ᠤᠨ ᠢᠯᠡᠳᠬᠡᠯ ᠢ ᠰᠤᠨᠤᠰᠬᠤ ᠶᠢᠨ ᠳᠠᠭᠠᠤ ᠪᠦᠯᠬᠦᠮ ᠬᠤᠪᠢᠶᠠᠨ ᠶᠠᠷᠢᠯᠴᠠᠨ᠂ ᠬᠢᠨᠠᠨ ᠵᠦᠪᠯᠡᠵᠠᠢ᠃ ᠡᠯ᠎ᠡ ᠰᠤᠮᠤ ᠪᠠᠯᠭᠠᠰᠤᠨ ᠤ ᠲᠦᠯᠦᠭᠡᠯᠡᠭᠴᠢᠳ ᠤᠨ ᠪᠦᠯᠬᠦᠮ ᠭᠦᠢᠴᠡᠳ ᠶᠠᠷᠢᠯᠴᠠᠭᠰᠠᠨ ᠤ ᠳᠠᠷᠠᠭ᠎ᠠ᠂ ᠶᠡᠭᠡ ᠬᠤᠷᠠᠯ ᠤᠨ ᠪᠦᠭᠦᠳᠡ ᠬᠤᠷᠠᠯ ᠠᠴᠠ ᠡᠯ᠎ᠡ ᠠᠵᠢᠯ ᠤᠨ ᠢᠯᠡᠳᠬᠡᠯ ᠤᠨ ᠰᠢᠢᠳᠪᠦᠷᠢ ᠢ ᠪᠠᠲᠤᠯᠠᠪᠠ᠃ ᠡᠯ᠎ᠡ ᠰᠤᠮᠤ ᠪᠠᠯᠭᠠᠰᠤᠨ ᠤ ᠬᠤᠷᠠᠯ ᠤᠨ ᠪᠠᠶᠢᠷᠢᠯᠠᠭᠤᠯᠤᠯᠳᠠ ᠢ ᠦᠨᠳᠦᠰᠦᠯᠡᠨ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠢᠨ᠎ᠡ ᠨᠢᠬᠡ ᠬᠤᠭᠤᠴᠠᠭᠠᠨ ᠤ ᠰᠤᠮᠤ ᠪᠠᠯᠭᠠᠰᠤᠨ ᠤ ᠠᠷᠠᠳ ᠶᠢᠨ ᠵᠠᠰᠠᠭ ᠤᠨ ᠤᠷᠳᠤᠨ ᠤ ᠤᠳᠤᠷᠢᠳᠬᠤ ᠪᠠᠭ ᠶᠢ ᠬᠠᠤᠯᠢ ᠶᠤᠰᠤᠭᠠᠷ ᠰᠤᠩᠭᠤᠨ ᠭᠠᠷᠭᠠᠪᠠ᠃        ᠰᠤᠩᠭᠤᠭᠤᠯᠢ ᠶᠢᠨ ᠳᠠᠷᠠᠭ᠎ᠠ᠂ ᠰᠢᠨ᠎ᠡ ᠨᠢᠭᠡᠨ ᠬᠤᠭᠤᠴᠠᠭᠠᠨ ᠤ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠤᠮᠤ ᠪᠠᠯᠭᠠᠰᠤᠨ ᠳᠠᠷᠤᠭ᠎ᠠ ᠵᠢᠴᠢ ᠳᠡᠳ᠋ ᠳᠠᠷᠤᠭ᠎ᠠ ᠦᠨᠳᠦᠰᠦᠨ ᠬᠠᠤᠯᠢ ᠳᠤ ᠲᠠᠩᠭᠠᠷᠢᠭᠯᠠᠪᠠ᠃        ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠠᠷᠢᠨ ᠨᠢᠮᠪᠠᠢ ᠵᠤᠬᠢᠶᠠᠨ ᠪᠠᠶᠢᠭᠤᠯᠤᠯᠳᠠ ᠪᠠ ᠡᠯ᠎ᠡ ᠲᠠᠯ᠎ᠠ ᠶᠢᠨ ᠬᠠᠮᠲᠤ  ᠶᠢᠨ ᠴᠢᠷᠮᠠᠶᠢᠯᠠᠭ᠎ᠠ ᠲᠤᠤᠷ᠎ᠠ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠨᠢ ᠡᠯ᠎ᠡ ᠲᠦᠷᠦᠯ  ᠤᠨ ᠡᠭᠦᠷᠭᠡ ᠪᠠᠨ ᠠᠮᠵᠢᠯᠳᠠ ᠲᠠᠢ ᠳᠠᠭᠤᠰᠬᠠᠵᠠᠢ᠃ ᠡᠯ᠎ᠡ ᠰᠤᠮᠤ ᠪᠠᠯᠭᠠᠰᠤᠨ ᠤ ᠬᠤᠷᠠᠯ ᠳᠤ ᠤᠷᠤᠯᠴᠠᠭᠰᠠᠨ ᠠᠷᠠᠳ ᠤᠨ ᠲᠦᠯᠦᠭᠡᠯᠡᠭᠴᠢᠳ ᠨᠢ ᠢᠲᠡᠭᠡᠯ ᠲᠡᠭᠦᠯᠳᠡᠷ ᠤᠯᠤᠰ ᠲᠦᠷᠦ ᠶᠢᠨ ᠤᠷᠮ᠎ᠠ ᠵᠤᠷᠢᠭ ᠪᠠ ᠦᠨᠳᠦᠷ ᠬᠠᠷᠢᠭᠤᠴᠠᠯᠭᠠᠲᠦ ᠰᠡᠳᠬᠢᠯ ᠡᠪᠦᠷᠯᠡᠨ᠂ ᠡᠯ᠎ᠡ ᠰᠤᠮᠤ ᠪᠠᠯᠭᠠᠰᠤᠨ ᠤ ᠠᠷᠠᠳ ᠲᠦᠮᠡᠨ ᠢ ᠲᠦᠯᠦᠭᠡᠯᠡᠨ ᠬᠠᠤᠯᠢ ᠶᠤᠰᠤᠭᠠᠷ ᠤᠯᠤᠰ ᠤᠨ ᠡᠷᠬᠡ ᠠᠰᠢᠭ ᠢ ᠬᠡᠷᠡᠭᠵᠢᠭᠦᠯᠦᠨ᠂ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠦᠯᠦᠭᠡᠯᠡᠭᠴᠢ ᠶᠢᠨ ᠴᠢᠷᠮᠠᠶᠢᠨ ᠵᠢᠳᠬᠦᠬᠦ᠂ ᠵᠤᠷᠢᠭ ᠪᠠᠳᠠᠷᠠᠩᠭᠤᠢ ᠲᠦᠷᠬᠦ ᠪᠠᠶᠢᠳᠠᠯ ᠶᠢ ᠢᠯᠡᠷᠡᠭᠦᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号