ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠯᠠᠭᠠᠨᠮᠦᠴᠢᠷ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠠᠭᠤᠯᠬᠤ ᠤᠷᠠᠨ ᠰᠠᠶᠢᠬᠠᠨ ᠤ ᠲᠤᠭᠯᠠᠯᠳᠠ ᠢ ᠵᠡᠪᠰᠡᠭᠲᠦ ᠴᠠᠭᠳᠠᠭᠠᠨ ᠤ ᠴᠡᠷᠢᠭ ᠠᠩᠭᠢ ᠳᠤ ᠬᠦᠷᠭᠡᠪᠡ
ᠨᠡᠶᠢᠲᠡᠯᠡᠭᠰᠡᠨ ᠴᠠᠭ᠄
2017-12-12
                      ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠯᠠᠭᠠᠨᠮᠦᠴᠢᠷ ᠨᠢ                  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠬᠠᠭᠤᠯᠬᠤ ᠤᠷᠠᠨ ᠰᠠᠶᠢᠬᠠᠨ ᠤ                    ᠲᠤᠭᠯᠠᠯᠳᠠ ᠢ ᠵᠡᠪᠰᠡᠭᠲᠦ ᠴᠠᠭᠳᠠᠭᠠᠨ ᠤ ᠴᠡᠷᠢᠭ ᠠᠩᠭᠢ ᠳᠤ ᠬᠦᠷᠭᠡᠪᠡ         ᠰᠢ ᠶᠢᠨ ᠫᠢᠩ ᠶᠡᠷᠦᠩᠬᠡᠢ ᠱᠦᠵᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠤᠨ ᠭᠡᠰᠢᠭᠦᠳ ᠎ ᠳᠤ ᠬᠠᠷᠢᠭᠤ ᠵᠠᠬᠢᠳᠠᠯ ᠢᠯᠡᠭᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦᠴᠢᠷ ᠤᠨ ᠭᠡᠰᠢᠭᠦᠳ ᠳᠤ ᠲᠤᠳᠤᠨᠤ ᠬᠠᠯᠠᠮᠵᠢᠯᠠᠯ ᠪᠠ ᠴᠢᠩ ᠰᠡᠳᠬᠢᠯ ᠤᠨ ᠨᠠᠶᠢᠳᠠᠪᠤᠷᠢ ᠢ ᠭᠦᠢᠴᠡᠳ ᠬᠠᠷᠠᠭᠤᠯᠵᠦ᠂ ᠡᠨᠡ ᠨᠢ ᠤᠯᠠᠭᠠᠨᠮᠦᠴᠢᠷ ᠎ ᠤᠨ ᠭᠡᠰᠢᠭᠦᠳ ᠲᠤ ᠤᠷᠮᠠᠰᠢᠭᠤᠯᠤᠯ ᠪᠤᠯᠵᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠎ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠦᠯᠦᠭᠡ᠂ 12 ᠰᠠᠷ᠎ᠠ ᠶᠢᠨ 5᠎ ᠤ ᠡᠳᠦᠷ᠂ ᠤᠯᠠᠭᠠᠨᠮᠦᠴᠢᠷ ᠤᠨ ᠭᠡᠰᠢᠭᠦᠳ ᠨᠢ ᠬᠤᠰᠢᠭᠤ ᠵᠡᠪᠰᠡᠭᠲᠦ ᠴᠠᠭᠳᠠᠭᠠᠨ ᠤ ᠴᠡᠷᠢᠭ ᠠᠩᠭᠢ ᠳᠤ ᠭᠦᠨᠵᠡᠭᠡᠶᠢᠷᠡᠨ᠂ ᠤᠷᠠᠨ ᠰᠠᠶᠢᠬᠠᠨ ᠤ ᠲᠤᠭᠯᠠᠯᠳᠠ ᠶᠢᠨ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠴᠡᠷᠢᠭ ᠤᠨ ᠬᠤᠸᠠᠷᠠᠨ ᠳᠤ ᠬᠦᠷᠭᠡᠵᠠᠢ᠃  
               ᠤᠯᠠᠭᠠᠨᠮᠦᠴᠢᠷ ᠨᠢ ᠲᠤᠭᠯᠠᠭᠴᠢ ᠠᠵᠢᠯᠳᠠᠳ ᠢᠶᠠᠨ ᠢᠳᠡᠪᠬᠢᠳᠠᠢ ᠵᠤᠬᠢᠶᠠᠨ ᠪᠠᠶᠢᠭᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠳᠡ ᠶᠢ ᠰᠤᠷᠤᠯᠴᠠᠨ᠂ ᠰᠢᠯᠦᠭ᠂ ᠪᠦᠵᠢᠭ᠂ ᠳᠠᠭᠤᠤ ᠵᠡᠷᠭᠡ ᠤᠷᠠᠯᠢᠭ ᠎ ᠤᠨ ᠬᠡᠯᠪᠡᠷᠢ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠠᠢ᠃       ᠤᠯᠠᠭᠠᠨᠮᠦᠴᠢᠷ ᠤᠨ ᠭᠡᠰᠢᠭᠦᠳ ᠨᠢ ᠢᠯᠡᠷᠬᠡᠶᠢᠯᠡᠭᠰᠡᠨ ᠨᠢ᠂ ᠬᠤᠶᠢᠰᠢᠳᠠ ᠶᠢᠨ ᠠᠵᠢᠯ ᠤᠨ ᠳᠤᠮᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠶᠠᠷ ᠵᠢᠯᠤᠭᠤᠳᠤᠯᠭ᠎ᠠ ᠪᠤᠯᠭᠠᠨ᠂ ᠰᠢᠯᠢᠳᠡᠭ ᠤᠯᠠᠮᠵᠢᠯᠠᠯᠳᠦ ᠰᠤᠶᠤᠯ ᠢᠶᠠᠨ ᠦᠷᠭᠦᠯᠵᠢᠯᠡᠨ ᠶᠡᠭᠡ ᠪᠠᠷ ᠪᠠᠳᠠᠷᠠᠭᠤᠯᠤᠨ᠂ ᠦᠨᠳᠦᠰᠦᠨ ᠱᠠᠳᠤᠨ ᠳᠤ ᠭᠦᠨᠵᠡᠭᠡᠶᠢᠷᠡᠨ᠂ ᠤᠯᠠᠨ ᠲᠦᠮᠡᠨ ᠳᠤ ᠦᠢᠯᠡᠴᠢᠯᠡᠨ᠂ ᠨᠡᠩ ᠤᠯᠠᠨ ᠭᠠᠵᠠᠷ ᠤᠷᠤᠨ ᠲᠠᠢ ᠨᠡᠶᠢᠴᠡᠭᠰᠡᠨ᠂ ᠳᠠᠷᠬᠠᠵᠦ ᠳᠡᠶᠢᠯᠬᠦ᠂ ᠦᠯᠡᠳᠡᠵᠦ ᠳᠡᠶᠢᠯᠬᠦ ᠰᠢᠯᠢᠳᠡᠭ ᠪᠦᠳᠦᠭᠡᠯ ᠢ ᠴᠢᠷᠮᠠᠶᠢᠨ ᠪᠦᠲᠦᠭᠡᠬᠦ ᠪᠠᠨ ᠢᠯᠡᠷᠬᠡᠶᠢᠯᠡᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠭᠦᠰᠡᠷᠳᠡᠭᠦᠯᠬᠦ ᠦᠭᠡᠢ᠂ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭᠲᠦ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠶᠢ ᠦᠨᠳᠦᠷ ᠮᠠᠨᠳᠤᠭᠤᠯᠤᠨ᠂ ᠭᠤᠶᠢᠪᠢᠰᠢ ᠦᠭᠡᠢ ᠨᠠᠮ ᠢᠶᠠᠨ ᠎ ᠳᠠᠭᠠᠨ ᠤᠷᠤᠭᠰᠢᠯᠠᠨ᠂ ᠠᠷᠠᠳ ᠲᠦᠮᠡᠨ ᠤ ᠬᠠᠶᠢᠷᠠᠯᠠᠨ ᠪᠠᠭ᠋ᠠᠷᠬᠠᠳᠠᠭ ︽ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠡ ᠮᠤᠷᠢᠲᠦ ᠴᠡᠷᠢᠭ︾  ᠎ ᠶᠢᠨ ᠡᠩᠨᠡᠭᠡ ᠶᠢ ᠪᠦᠲᠦᠭᠡᠨ ᠪᠠᠶᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号