ᠰᠦᠨᠢᠳ ᠵᠡᠭᠦᠨ ᠬᠤᠰᠢᠭᠤᠨ ᠤ ᠰᠢᠯᠢᠳᠡᠭ ᠵᠦᠴᠦᠭᠡ | 《 ᠳᠡᠮᠡᠭᠡᠨ ᠨᠤᠳᠤᠭ ᠤᠨ ᠰᠢᠨ᠎ᠡ ᠤᠯᠠᠮᠵᠢᠯᠠᠯ》ᠰᠢᠯᠤᠭᠤᠨ ᠬᠦᠪᠡᠭᠡᠳᠦ | ᠴᠠᠭᠠᠨ ᠬᠤᠰᠢᠭᠤᠨ ᠳᠤ ᠲᠤᠭᠤᠷᠢᠨ ᠳᠤᠭᠯᠠᠯᠳᠠ ᠪᠠᠨ ᠶᠠᠪᠤᠭᠳᠠᠭᠤᠯᠪᠠ | | 12 ᠰᠠᠷ᠎ᠠ ᠶᠢᠨ8 ᠤ ᠤᠷᠤᠢ᠂ ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ | ᠰᠢ ᠶᠢᠨ ᠫᠢᠩ ᠶᠡᠷᠦᠩᠬᠡᠢ ᠱᠦᠵᠢ ᠶᠢᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠳᠤ ᠬᠠᠷᠢᠭᠤ ᠵᠠᠭᠢᠳᠠᠯ | ᠢᠯᠠᠭᠡᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ ᠨᠠᠶᠢᠳᠠᠪᠦᠷᠢᠵᠢᠭᠤᠯᠤᠨ᠂ | ᠰᠢᠯᠢ ᠶᠢᠨ ᠭᠤᠤᠯ ᠠᠶᠢᠮᠠᠭ ᠤᠨ ᠰᠢᠯᠢᠳᠡᠭ ᠵᠦᠴᠦᠭᠡ《ᠳᠡᠮᠡᠭᠡᠨ ᠨᠤᠳᠤᠭ ᠤᠨ ᠰᠢᠨ᠎ᠡ ᠤᠯᠠᠮᠵᠢᠯᠠᠯ》ᠰᠢᠯᠤᠭᠤᠨ | ᠬᠦᠪᠡᠭᠡᠳᠦ ᠴᠠᠭᠠᠨ ᠬᠤᠰᠢᠭᠤᠨ ᠤ ᠮᠢᠩᠭᠠᠲᠦ ᠰᠢᠨᠵᠢᠯᠡᠭᠡ ᠮᠡᠷᠭᠡᠵᠢᠯ ᠤᠨ ᠰᠤᠶᠤᠯ ᠤᠨ ᠳᠦᠪ ᠳᠤ ᠠᠮᠵᠢᠯᠳᠠ ᠲᠠᠢ | ᠳᠤᠭᠯᠠᠪᠠ᠃ 300 ᠭᠠᠷᠦᠢ ᠭᠦᠮᠦᠨ ᠳᠤᠰ ᠤᠳᠠᠭᠠᠨ ᠤ ᠳᠤᠭᠯᠠᠯᠳᠠ ᠶᠢ ᠦᠵᠡᠭᠰᠡᠨ ᠪᠠᠶᠢᠨ᠎ᠠ᠃ | | | | | | | | | | | | 《ᠳᠡᠮᠡᠭᠡᠨ ᠨᠤᠳᠤᠭ ᠤᠨ ᠰᠢᠨ᠎ᠡ ᠤᠯᠠᠮᠵᠢᠯᠠᠯ》ᠪᠤᠯ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠦ | ᠤᠯᠤᠰ· ᠦᠪᠦᠷ ᠮᠤᠩᠭᠤᠯ ᠶᠢᠨ ᠳᠠᠯ᠎ᠠ ᠨᠤᠳᠤᠭ ᠤᠨ ᠰᠤᠶᠤᠯ ᠤᠨ ᠨᠠᠶᠢᠷ ᠲᠠᠬᠢ 8 ᠰᠢᠯᠢᠳᠡᠭ ᠵᠦᠴᠦᠭᠡ ᠶᠢᠨ | ᠨᠢᠭᠡ ᠨᠢ ᠪᠠᠶᠢᠵᠦ᠂ ᠳᠤᠰ ᠵᠦᠴᠦᠭᠡ ᠨᠢ ᠳᠡᠭᠡᠷ᠎ᠡ ᠵᠠᠭᠤᠨ ᠤ ᠰᠡᠭᠦᠯᠴᠢ ᠶᠢᠨ ᠦᠶ᠎ᠡ ᠶᠢᠨ ᠰᠦᠨᠢᠳ ᠨᠤᠳᠤᠭ ᠶᠢᠨ | ᠮᠠᠯᠴᠢᠨ ᠦᠨᠦᠴᠢᠨ ᠪᠤᠳᠤᠭᠤ ᠶᠢ ᠪᠦᠬᠦ ᠰᠡᠳᠬᠢᠯ ᠪᠠᠷ ᠢᠶᠠᠨ ᠠᠷᠠᠴᠢᠯᠠᠨ ᠳᠡᠵᠢᠭᠡᠭᠰᠡᠨ ᠠᠭᠤᠯᠭ᠎ᠠ ᠢᠶᠠᠷ ᠭᠤᠤᠯ | ᠰᠡᠳᠦᠪ ᠪᠤᠯᠭᠠᠨ᠂ ᠰᠦᠨᠢᠳ ᠶᠢᠨ ᠳᠡᠮᠡᠭᠡᠨ ᠰᠤᠶᠤᠯ ᠶᠢᠨ ᠠᠭᠤᠯᠤᠭᠳᠠᠬᠤᠨ ᠢ ᠭᠦᠨᠵᠡᠭᠡᠢ ᠠᠭᠤᠳᠠᠯᠬᠤ ᠪᠠᠷ | ᠳᠠᠮᠵᠢᠵᠦ᠂ ᠳᠡᠮᠡᠭᠡ ᠪᠤᠯᠤᠨ ᠭᠦᠮᠤᠨ ᠤ ᠬᠤᠭᠤᠷᠤᠨᠳᠠᠬᠢ ᠦᠯᠢᠭᠡᠷ ᠪᠠᠷ ᠳᠡᠮᠵᠢᠨ ᠳᠠᠯ᠎ᠠ ᠨᠤᠳᠤᠭ ᠶᠢᠨ ᠠᠷᠠᠳ | ᠳᠦᠮᠡᠨ ᠤ ᠠᠮᠢ ᠠᠬᠤᠢ ᠤᠷᠴᠢᠨ ᠳᠤᠭᠤᠷᠢᠨ ᠶᠢ ᠬᠠᠮᠠᠭᠠᠯᠠᠬᠤ᠂ ᠨᠡᠶᠢᠭᠡᠮ ᠵᠢᠷᠤᠮᠳᠦ ᠰᠢᠨ᠎ᠡ ᠮᠠᠯᠵᠢᠬᠤ ᠤᠷᠤᠨ ᠶᠢ | ᠪᠦᠳᠦᠭᠡᠨ ᠪᠠᠶᠢᠭᠤᠯᠬᠤ ᠭᠠᠯ ᠬᠠᠯᠠᠭᠤᠨ ᠠᠮᠢᠳᠤᠷᠠᠯ ᠶᠢ ᠳᠤᠰᠬᠠᠵᠠᠢ᠃ |