ᠪᠦᠬᠦ ᠠᠶᠢᠮᠠᠭ ᠤᠨ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ ᠤᠨ ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠳᠤ ᠭᠦᠨᠵᠡᠭᠡᠶᠢᠷᠡᠨ ᠰᠤᠳᠤᠯᠪᠠ
ᠨᠡᠶᠢᠲᠡᠯᠡᠭᠰᠡᠨ ᠴᠠᠭ᠄
2017-12-12
          ᠪᠦᠬᠦ ᠠᠶᠢᠮᠠᠭ ᠤᠨ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ ᠤᠨ            ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ         ᠳᠤ ᠭᠦᠨᠵᠡᠭᠡᠶᠢᠷᠡᠨ ᠰᠤᠳᠤᠯᠪᠠ         12 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠳᠡᠳ᠋ ᠲᠠᠷᠤᠭ᠎ᠠ᠂ ᠠᠶᠢᠮᠠᠭ ᠤᠨ ᠤᠳᠬ᠎ᠠ ᠤᠷᠠᠯᠢᠭ ᠤᠨ ᠬᠤᠯᠪᠤᠭᠠᠨ ᠤ ᠨᠠᠮ ᠤᠨ ᠲᠤᠭᠤᠶᠢᠯᠠᠩ ᠤᠨ ᠳᠡᠳ᠋ ᠱᠦᠵᠢ ᠡᠷᠳᠡᠮᠲᠦ ᠵᠡᠷᠭᠡ ᠨᠦᠬᠦᠷ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠲᠤᠭᠤᠶᠢᠯᠠᠩ ᠨᠢ ᠮᠠᠨ ᠤ ᠬᠤᠰᠢᠭᠤᠨ ᠳᠤ ᠭᠦᠨᠵᠡᠭᠡᠶᠢᠷᠡᠨ᠂ ᠮᠠᠨ ᠤ ᠬᠤᠰᠢᠭᠤᠨ ᠤ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ ᠤᠨ ᠠᠵᠢᠯ ᠤᠨ ᠲᠤᠬᠠᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳᠡᠯᠭᠡᠷᠴᠤᠭᠲᠦ᠂ ᠬᠤᠰᠢᠭᠤ ᠪᠠᠶᠢᠩᠭᠤ ᠶᠢᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠯᠢ ᠳ᠋ᠦᠩ ᠯᠢᠨ ᠪᠠᠷᠠᠭ᠎ᠠ ᠪᠤᠯᠤᠯᠴᠠᠨ ᠪᠠᠶᠢᠴᠠᠭᠠᠨ ᠰᠤᠳᠤᠯᠪᠠ᠃        ᠪᠠᠶᠢᠴᠠᠭᠠᠨ ᠰᠤᠳᠤᠯᠬᠤ ᠳᠤᠭᠤᠶᠢᠯᠠᠩ ᠨᠢ ᠲᠠ ᠱᠠᠨ ᠨᠡᠶᠢᠭᠡᠮ ᠲᠤᠭᠤᠷᠢᠭ ᠤᠨ ᠰᠤᠶᠤᠯ ᠤᠨ ᠬᠦᠳᠡᠯᠭᠡᠭᠡᠨ  ᠤ ᠭᠡᠷ ᠳᠤ ᠭᠦᠨᠵᠡᠭᠡᠶᠢᠷᠡᠨ᠂ ᠨᠡᠶᠢᠭᠡᠮ ᠲᠤᠭᠤᠷᠢᠭ ᠤᠨ ᠬᠠᠳᠠᠭᠤ᠂ ᠵᠦᠭᠡᠯᠡᠨ ᠲᠤᠨᠤᠭ ᠤᠨ ᠪᠠᠶᠢᠭᠤᠯᠤᠯᠳᠠ ᠶᠢᠨ ᠪᠠᠶᠢᠳᠠᠯ᠂ ᠨᠡᠶᠢᠭᠡᠮ ᠲᠤᠭᠤᠷᠢᠭ ᠤᠨ ᠬᠦᠳᠡᠯᠭᠡᠭᠡᠨ ᠤ ᠦᠷᠨᠢᠭᠦᠯᠦᠭᠰᠡᠨ ᠪᠠᠶᠢᠳᠠᠯ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠵᠡᠷᠭᠡ ᠪᠠᠶᠢᠳᠠᠯ ᠶᠢ ᠨᠠᠷᠢᠨ ᠤᠶᠢᠯᠠᠭᠠᠨ᠂ ᠤᠯᠠᠮ ᠨᠢᠭᠡ ᠠᠯᠬᠤᠮ ᠨᠡᠶᠢᠭᠡᠮ ᠲᠤᠭᠤᠷᠢᠭ ᠤᠨ ᠰᠤᠶᠤᠯ ᠤᠨ ᠪᠠᠶᠢᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠨ᠂ ᠨᠡᠶᠢᠭᠡᠮ ᠲᠤᠭᠤᠷᠢᠭ ᠤᠨ ᠰᠤᠶᠤᠯ ᠤᠨ ᠦᠷᠳᠡᠭᠡᠨ ᠤ ᠦᠢᠯᠡᠴᠢᠯᠡᠬᠦ ᠴᠢᠳᠠᠪᠬᠢ ᠪᠠᠨ ᠬᠦᠢᠴᠡᠳ ᠪᠠᠳᠠᠷᠠᠭᠤᠯᠤᠨ᠂ ᠦᠷᠭᠡᠨ ᠤᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠶᠤᠯ ᠤᠨ ᠬᠡᠷᠡᠭᠴᠡᠭᠡ ᠶᠢ ᠳᠠᠰᠤᠷᠠᠯᠳᠠ ᠦᠭᠡᠢ ᠬᠠᠩᠭᠠᠬᠤ ᠬᠡᠷᠡᠭᠳᠠᠢ ᠭᠡᠵᠦ ᠲᠤᠷᠠᠳᠴᠠᠢ᠃        ᠬᠤᠰᠢᠭᠤ ᠨᠤᠮ ᠤᠨ ᠰᠠᠩ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠨᠢ ᠨᠢ ᠨᠤᠮ ᠤᠨ ᠰᠠᠩ ᠤᠨ ᠡᠯ᠎ᠡ ᠮᠡᠷᠭᠡᠵᠢᠯ ᠤᠨ ᠦᠷᠦᠭᠡ ᠤ ᠬᠡᠷᠡᠭᠯᠡᠵᠦ ᠪᠠᠶᠢᠭ᠎ᠠ ᠪᠠᠶᠢᠳᠠᠯ ᠪᠠ ᠨᠤᠮ ᠬᠠᠳᠠᠭᠠᠯᠠᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠬᠤ ᠶᠢᠨ ᠳᠠᠭᠠᠤ᠂ ᠤᠯᠠᠮ ᠨᠢᠭᠡ ᠠᠯᠬᠤᠮ ᠬᠠᠳᠠᠭᠤ ᠵᠦᠭᠡᠯᠡᠨ ᠲᠤᠨᠤᠭ ᠤᠨ ᠪᠠᠶᠢᠭᠤᠯᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠨᠤᠮ ᠤᠨ ᠰᠠᠩ ᠢ ᠰᠤᠷᠤᠯᠴᠠᠬᠤ ᠳᠠᠪᠴᠠᠩ᠂ ᠮᠡᠳᠡᠯᠭᠡ ᠤᠯᠠᠮᠵᠢᠯᠠᠬᠤ ᠲᠠᠪᠴᠠᠩ᠂ ᠬᠠᠷᠢᠯᠴᠠᠨ ᠰᠤᠯᠢᠯᠴᠠᠬᠤ ᠳᠠᠪᠴᠠᠩ ᠪᠤᠯᠭᠠᠨ ᠴᠤᠭᠴᠠᠯᠠᠨ᠂ ᠪᠦᠬᠦ ᠬᠤᠰᠢᠭᠤᠨ ᠤ ᠨᠤᠮ ᠤᠨ ᠰᠠᠩ ᠶᠢᠨ ᠠᠵᠢᠯ ᠦᠢᠯᠡᠰ ᠤᠨ ᠦᠳᠳᠡᠷ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠠᠢ᠃        ᠪᠠᠶᠢᠴᠠᠭᠠᠨ ᠰᠤᠳᠤᠯᠬᠤ ᠳᠤᠭᠤᠶᠢᠯᠠᠩ ᠨᠢ ᠬᠤᠰᠢᠭᠤ ᠤᠯᠠᠭᠠᠨᠮᠦᠴᠢᠷ ᠤᠨ ᠬᠦᠭᠵᠢᠮ ᠤᠨ ᠲᠢᠩᠬᠢᠮ ᠪᠠ ᠪᠦᠵᠢᠭ ᠤᠨ ᠪᠤᠯᠪᠠᠰᠤᠷᠠᠯ ᠤᠨ ᠲᠢᠩᠬᠢᠮ ᠳᠤ ᠭᠦᠨᠵᠡᠭᠡᠶᠢᠷᠡᠨ᠂ ᠤᠯᠠᠭᠠᠨᠮᠦᠴᠢᠷ ᠤᠨ ᠭᠡᠰᠢᠭᠦᠳ ᠲᠠᠢ ᠦᠵᠡᠯ ᠪᠤᠳᠤᠯ  ᠢᠶᠠᠨ ᠰᠤᠯᠢᠯᠴᠠᠨ᠂ ᠲᠡᠳᠡᠨ ᠤ ᠵᠤᠬᠢᠶᠠᠨ ᠪᠦᠲᠦᠭᠡᠯ᠂ ᠰᠤᠷᠢᠯᠳᠠ ᠪᠤᠯᠪᠠᠰᠤᠷᠠᠯ ᠪᠠ ᠠᠮᠢᠳᠤᠷᠠᠯ ᠤᠨ ᠪᠠᠶᠢᠳᠠᠯ ᠢ ᠤᠶᠢᠯᠠᠭᠠᠨ᠂ ᠤᠯᠠᠨ ᠶᠢ ᠵᠤᠷᠢᠭᠵᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠠᠯᠠᠭᠤᠨ ᠨᠠᠶᠢᠳᠠᠯᠭ᠎ᠠ ᠶᠢ ᠪᠠᠲᠦ ᠴᠡᠭᠡᠵᠢᠯᠡᠨ᠂ ᠡᠭᠦᠷᠢᠳᠡ ᠳᠠᠯ᠎ᠠ ᠨᠤᠳᠤᠭ ᠤᠨ《 ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠦ  ᠴᠡᠷᠢᠭ 》ᠪᠤᠯᠬᠤ ᠬᠡᠷᠡᠭᠳᠠᠢ᠃        ᠪᠤᠳᠠᠳᠠᠢ ᠭᠠᠵᠠᠷ ᠤᠨ ᠪᠠᠶᠢᠴᠠᠭᠠᠨ ᠰᠤᠳᠤᠯᠤᠯᠳᠠ ᠲᠠᠭᠤᠰᠠᠭᠰᠠᠨ ᠤ ᠳᠠᠷᠠᠭ᠎ᠠ᠂ ᠮᠠᠨ ᠤ ᠬᠤᠰᠢᠭᠤ ᠨᠢ ᠰᠠᠭᠤᠳᠠᠯ ᠤᠨ ᠬᠤᠷᠠᠯ ᠬᠤᠷᠠᠯᠳᠤᠭᠤᠯᠤᠨ᠂ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ  ᠤᠨ ᠠᠵᠢᠯ ᠢ ᠶᠠᠷᠢᠯᠴᠠᠨ ᠦᠵᠡᠯ ᠪᠤᠳᠤᠯ ᠢᠶᠠᠨ ᠰᠤᠯᠢᠯᠴᠠᠵᠠᠢ᠃ ᠳᠡᠯᠭᠡᠷᠴᠤᠭᠲᠦ ᠬᠤᠷᠠᠯ ᠢ ᠡᠷᠬᠢᠯᠡᠨ᠂ ᠯᠢ ᠳ᠋ᠦᠩ ᠯᠢᠨ ᠮᠠᠨ ᠤ ᠬᠤᠰᠢᠭᠤᠨ ᠤ ᠦᠨᠳᠦᠰᠦᠳᠡᠨ ᠤ ᠰᠤᠶᠤᠯ ᠤᠨ ᠪᠦᠲᠦᠭᠡᠨ ᠪᠠᠶᠢᠭᠤᠯᠤᠯᠳᠠ᠂ ᠰᠤᠶᠤᠯ ᠤᠨ ᠬᠦᠭᠵᠢᠯᠳᠡ  ᠤᠨ ᠪᠠᠶᠢᠳᠠᠯ ᠪᠠ ᠤᠯᠠᠭᠠᠨᠮᠦᠴᠢᠷ ᠤᠨ ᠠᠵᠢᠯ ᠢ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠦᠯᠳᠡ ᠬᠢᠵᠠᠢ᠃ ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠨᠢ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ ᠤᠨ ᠠᠵᠢᠯ ᠤᠨ ᠳᠠᠷᠠᠭᠠᠴᠢ ᠶᠢᠨ ᠠᠯᠬᠤᠮ ᠤᠨ ᠬᠦᠭᠵᠢᠯᠳᠡ ᠶᠢᠨ ᠪᠠᠶᠢᠳᠠᠯ  ᠤᠨ ᠲᠤᠬᠠᠢ ᠮᠠᠨ ᠤ ᠬᠤᠰᠢᠭᠤᠨ ᠤ ᠬᠠᠭᠤᠴᠢᠨ ᠤᠷᠠᠯᠢᠭᠴᠢᠨ᠂ ᠤᠳᠬ᠎ᠠ ᠤᠷᠠᠯᠢᠭ ᠤᠨ ᠠᠵᠢᠯᠳᠠᠨ ᠪᠠ ᠰᠤᠶᠤᠯ  ᠤᠨ ᠠᠵᠦ ᠠᠬᠤᠶᠢᠯᠠᠯ ᠤᠨ ᠰᠠᠨᠠᠯ᠂ ᠰᠠᠨᠠᠭᠤᠯᠭ᠎ᠠ ᠶᠢ ᠰᠤᠨᠤᠰᠴᠠᠢ᠃       ᠲᠤᠬᠠᠢ ᠶᠢᠨ ᠭᠠᠵᠠᠷ ᠪᠠᠶᠢᠴᠠᠭᠠᠨ ᠰᠤᠳᠤᠯᠬᠤ ᠪᠠ ᠬᠠᠷᠢᠭᠤ ᠮᠡᠳᠡᠭᠦᠯᠦᠯᠳᠡ ᠶᠢᠨ ᠬᠤᠷᠠᠯ ᠰᠤᠨᠤᠰᠬᠤ ᠢᠶᠠᠷ ᠳᠠᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ ᠰᠤᠶᠤᠯ ᠤᠨ ᠦᠭᠡᠷᠡᠴᠢᠯᠡᠯᠳᠡ ᠬᠦᠭᠵᠢᠭᠦᠯᠦᠯᠳᠡ ᠪᠠ ᠤᠯᠠᠭᠠᠨᠮᠦᠴᠢᠷ ᠤᠨ ᠠᠵᠢᠯ ᠳᠤ ᠭᠦᠨᠵᠡᠭᠡᠢ ᠨᠤᠳᠠᠯᠠᠯᠳᠠ ᠦᠭᠴᠦ᠂ ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠭᠦᠨ ᠵᠤᠵᠠᠭᠠᠨ ᠰᠤᠶᠤᠯ ᠤᠨ ᠰᠠᠭᠤᠷᠢ ᠲᠠᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠳᠡᠭᠡᠲᠦ ᠬᠡᠮᠵᠢᠶ᠎ᠡ ᠪᠠᠷ ᠰᠤᠶᠤᠯ ᠤᠨ ᠲᠤᠭᠳᠠᠯᠴᠠᠭ᠎ᠠ ᠶᠢᠨ ᠦᠭᠡᠷᠡᠴᠢᠯᠡᠯᠳᠡ ᠪᠠ ᠰᠤᠶᠤᠯ ᠤᠨ ᠠᠵᠦ ᠦᠢᠯᠡᠰ ᠶᠢᠨ ᠬᠦᠭᠵᠢᠯᠳᠡ ᠶᠢ ᠳᠡᠭᠡᠲᠦ ᠬᠡᠮᠵᠢᠶ᠎ᠡ ᠪᠠᠷ ᠬᠦᠨᠳᠦᠳᠬᠡᠨ᠂ ᠰᠠᠶᠢᠨ ᠰᠠᠶᠢᠬᠠᠨ ᠰᠤᠶᠤᠯ ᠤᠨ ᠠᠵᠦ ᠦᠢᠯᠡᠰ ᠤᠨ ᠬᠦᠭᠵᠢᠯᠳᠡ ᠶᠢᠨ ᠤᠷᠴᠢᠨ ᠢ ᠪᠦᠲᠦᠭᠡᠨ ᠪᠠᠶᠢᠭᠤᠯᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ  ᠤᠨ ᠭᠦᠭᠵᠢᠯᠳᠡ ᠳᠤ ᠬᠦᠴᠦᠳᠠᠢ ᠰᠤᠶᠤᠯ ᠤᠨ ᠲᠤᠯᠭᠠᠭᠤᠷᠢ ᠬᠦᠴᠦᠨ ᠪᠤᠯᠵᠠᠢ᠃ ᠳᠠᠭᠠᠤ ᠳᠤᠨᠢ ᠮᠠᠨ ᠤ ᠬᠤᠰᠢᠭᠤᠨ ᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠯᠭᠡᠨ ᠤ ᠲᠤᠭᠳᠠᠯᠴᠠᠭᠠᠨ ᠤ ᠪᠦᠲᠦᠭᠡᠨ ᠪᠠᠶᠢᠭᠤᠯᠤᠯᠳᠠ ᠂ ᠰᠤᠶᠤᠯ ᠤᠨ ᠲᠤᠭᠳᠠᠯᠴᠠᠭᠠᠨ ᠤ ᠦᠭᠡᠷᠡᠴᠢᠯᠡᠯᠳᠡ᠂ ᠰᠤᠶᠤᠯ ᠤᠨ ᠲᠢᠩᠬᠢᠮ᠂ ᠨᠤᠮ ᠤᠨ ᠰᠠᠩ᠂ ᠮᠦᠽᠸᠢ᠂ ᠦᠨᠳᠦᠰᠦᠨ ᠱᠠᠳᠤᠨ ᠤ ᠰᠤᠶᠤᠯ ᠤᠨ ᠦᠷᠳᠡᠭᠡᠨ ᠤ ᠪᠠᠶᠢᠭᠤᠯᠤᠯᠳᠠ᠂ ᠤᠯᠠᠭᠠᠨᠮᠦᠴᠢᠷ ᠤᠨ ᠡᠩᠨᠡᠭᠡᠨ ᠤ ᠪᠠᠶᠢᠭᠤᠯᠤᠯᠳᠠ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ᠂ ᠰᠤᠶᠤᠯ ᠤᠨ ᠠᠵᠦ ᠦᠢᠯᠡᠰ ᠤᠨ ᠬᠦᠭᠵᠢᠯᠳᠡ᠂ ᠤᠳᠬ᠎ᠠ ᠵᠤᠬᠢᠶᠠᠯ ᠤᠷᠠᠯᠢᠭ ᠤᠨ ᠰᠤᠳᠤᠨ ᠪᠦᠲᠦᠭᠡᠯ ᠤᠨ ᠲᠤᠭᠤᠷᠪᠢᠯ ᠵᠡᠷᠭᠡ ᠠᠵᠢᠯ ᠳᠤ ᠵᠢᠯᠤᠭᠤᠳᠤᠯᠭ᠎ᠠ ᠶᠢᠨ ᠰᠠᠨᠠᠯ ᠲᠤᠷᠠᠳᠴᠠᠢ᠃ ᠬᠦᠰᠡᠬᠦ ᠨᠢ ᠦᠷᠭᠡᠨ ᠤᠯᠠᠨ ᠤᠯᠠᠭᠠᠨᠮᠦᠴᠢᠷ ᠶᠢᠨ ᠭᠡᠰᠢᠭᠦᠳ ᠪᠠ ᠰᠤᠶᠤᠯ ᠤᠨ ᠠᠵᠢᠯᠳᠠᠳ ᠨᠢ ᠦᠨᠡᠨᠬᠦ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦᠴᠢᠷ ᠶᠢᠨ ᠠᠵᠦ ᠦᠢᠯᠡᠰ  ᠤᠨ ᠬᠦᠭᠵᠢᠯᠳᠡ ᠲᠤ ᠵᠢᠭᠠᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦᠴᠢᠷ ᠳᠤ ᠬᠠᠷᠢᠭᠤ ᠪᠢᠴᠢᠭᠰᠡᠨ ᠵᠠᠬᠢᠳᠠᠯ ᠢᠶᠠᠷ ᠵᠢᠭᠠᠨ ᠳᠠᠭᠠᠭᠤᠯᠤᠭᠴᠢ ᠪᠤᠯᠭᠠᠨ᠂ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠰᠤᠳᠤᠨ ᠪᠦᠲᠦᠭᠡᠯ ᠶᠢ ᠵᠤᠬᠢᠶᠠᠨ ᠪᠦᠲᠦᠭᠡᠬᠦ ᠢ ᠬᠦᠰᠡᠪᠠ᠃       ᠬᠤᠰᠢᠭᠤ ᠰᠤᠶᠤᠯ ᠲᠠᠮᠢᠷ ᠷᠠᠳᠢᠤ᠋ ᠲᠧᠯᠸᠢᠰ ᠲᠤᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠬᠤᠶᠠᠳᠤᠭᠠᠷ ᠲᠡᠰ ᠤᠨ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠬᠤᠰᠢᠭᠤ ᠡᠳ᠋ ᠤᠨ ᠵᠠᠰᠠᠭ᠂ ᠬᠦᠮᠦᠨ ᠤ ᠬᠦᠴᠦᠨ᠂ ᠤᠷᠤᠨ ᠲᠤᠭᠠᠨ ᠤ ᠠᠯᠪᠠᠨ ᠭᠡᠷ ᠶᠢᠨ ᠬᠠᠷᠢᠭᠤᠴᠠᠯᠭᠠᠳᠠᠨ᠂ ᠤᠯᠠᠭᠠᠨᠮᠦᠴᠢᠷ ᠤᠨ ᠭᠡᠰᠡᠭ ᠰᠢᠨ᠎ᠡ ᠬᠠᠭᠤᠴᠢᠨ ᠭᠡᠰᠢᠭᠦᠳ᠂ ᠰᠤᠶᠤᠯ ᠤᠨ ᠠᠵᠢᠯᠳᠠᠨ᠂ ᠭᠡᠰᠡᠭ ᠰᠤᠶᠤᠯ ᠤᠨ ᠠᠵᠦ ᠠᠬᠤᠶᠢᠯᠡᠯ ᠪᠠ ᠨᠡᠶᠢᠭᠡᠮ ᠲᠤᠭᠤᠷᠢᠭ  ᠤᠨ ᠰᠤᠶᠤᠯ ᠤᠨ ᠦᠷᠦᠭᠡᠨ ᠤ ᠬᠠᠷᠢᠭᠤᠴᠠᠯᠭᠠᠳᠠᠨ ᠬᠠᠷᠢᠭᠤ ᠮᠡᠳᠡᠭᠦᠯᠦᠯᠳᠡ ᠶᠢᠨ ᠬᠤᠷᠠᠯ ᠳᠤ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号