ᠪᠦᠬᠦ ᠬᠤᠰᠢᠭᠤᠨ ᠤ ᠢᠯᠵᠠᠷᠠᠯ ᠢ ᠲᠦᠪᠯᠡᠷᠡᠭᠦᠯᠦᠨ ᠴᠡᠭᠴᠡᠯᠡᠬᠦ ᠵᠢᠴᠢ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠴᠢᠭᠡᠴᠢ ᠵᠠᠰᠠᠭ ᠤᠨ ᠰᠤᠷᠭᠠᠨ ᠬᠦᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠰᠡᠨ
ᠨᠡᠶᠢᠲᠡᠯᠡᠭᠰᠡᠨ ᠴᠠᠭ᠄
2017/5/19

   ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠷᠠᠯᠳᠤᠭᠰᠡᠨ ᠪᠦᠬᠦ ᠤᠷᠤᠨ

 ᠤ ᠢᠯᠵᠠᠷᠠᠯ ᠤᠨ ᠠᠰᠠᠭᠤᠳᠠᠯ ᠤᠨ ᠲᠦᠪᠯᠡᠷᠡᠭᠦᠯᠦᠨ ᠴᠡᠭᠴᠡᠯᠡᠬᠦ ᠠᠵᠢᠯ ᠤᠨ ᠳᠠᠶᠢᠴᠢᠯᠠᠯᠲᠠ ᠶᠢᠨ ᠲᠧᠯᠸᠢᠰ ᠬᠤᠷᠠᠯ

 ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠦᠯᠵᠤ᠂ ᠬᠤᠰᠢᠭᠤᠨ ᠤ ᠪᠠᠨ ᠲᠦᠪᠯᠡᠷᠡᠭᠦᠯᠦᠨ ᠴᠡᠭᠴᠡᠯᠡᠬᠦ

ᠠᠵᠢᠯ ᠢ ᠰᠤᠳᠤᠯᠤᠨ ᠪᠠᠶᠢᠷᠢᠰᠢᠭᠤᠯᠬᠤ ᠶᠢᠨ ᠬᠠᠮᠳᠤ᠂ ᠲᠦᠪᠯᠡᠷᠡᠭᠦᠯᠦᠨ ᠴᠡᠭᠴᠡᠯᠡᠬᠦ ᠭᠤᠤᠯᠳᠠᠯᠭ᠎ᠠ ᠲᠠᠢ   ᠲᠠᠢ

ᠤᠶᠠᠯᠳᠤᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯᠳᠠᠯᠭ᠎ᠠ ᠲᠠᠢ ᠠᠵᠢᠯ ᠤᠨ

ᠪᠡᠶᠢᠷᠢ ᠳᠤ ᠪᠠᠶᠢᠭ᠎ᠠ ᠬᠦᠮᠦᠰ ᠲᠤ ᠴᠢᠭᠡᠴᠢ ᠵᠠᠰᠠᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠦᠷᠨᠢᠭᠦᠯᠬᠦ ᠪᠠᠷ

3 ᠰᠠᠷ᠎ᠠ ᠶᠢᠨ 17 ᠳᠤ᠂ ᠪᠦᠬᠦ ᠬᠤᠰᠢᠭᠤᠨ ᠤ ᠢᠯᠵᠠᠷᠠᠯ ᠢ ᠲᠦᠪᠯᠡᠷᠡᠭᠦᠯᠦᠨ ᠴᠡᠭᠴᠡᠯᠡᠬᠦ ᠵᠢᠴᠢ ᠭᠤᠤᠯᠳᠠᠯᠭ᠎ᠠ ᠲᠠᠢ

ᠠᠵᠢᠯ ᠤᠨ ᠪᠠᠶᠢᠷᠢ ᠶᠢᠨ ᠴᠢᠭᠡᠴᠢ ᠵᠠᠰᠠᠭ ᠤᠨ ᠰᠤᠷᠭᠠᠨ ᠬᠦᠮᠦᠵᠢᠯ ᠤᠨ ᠳᠠᠶᠢᠴᠢᠯᠠᠯᠲᠠ ᠶᠢᠨ ᠬᠤᠷᠠᠯ ᠢ

ᠬᠤᠷᠠᠯᠳᠤᠭᠰᠡᠨ ᠪᠠᠶᠢᠨ᠎ᠠ᠃

     ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ

ᠱᠦᠵᠢ ᠵᠠᠩ ᠶᠤᠸᠠᠢ ᠴᠧᠩ ᠬᠤᠷᠠᠯ ᠳᠤ ᠤᠷᠤᠯᠴᠠᠬᠤ ᠶᠢᠨ ᠬᠠᠮᠲᠤ ᠦᠬᠡ ᠶᠠᠷᠢᠵᠤ᠂ ᠬᠤᠰᠢᠭᠤ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠲᠤᠪᠴᠢᠶᠠᠨ ᠤ ᠪᠠᠭ ᠤᠨ  ᠪᠦᠷᠢᠯᠳᠦᠭᠦᠨ ᠬᠦᠮᠦᠰ᠂ ᠬᠠᠮᠢᠶ᠎ᠠ

ᠪᠦᠬᠦᠢ ᠰᠠᠯᠠᠭ᠎ᠠ ᠲᠠᠰᠤᠭ ᠤᠨ ᠡᠷᠬᠢᠯᠡᠭᠴᠢ᠂ ᠡᠯ᠎ᠡ ᠲᠤᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ

 ᠤᠨ ᠳᠠᠷᠤᠭ᠎ᠠ᠂ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠰᠤᠮᠤᠨ

ᠳᠠᠷᠤᠭ᠎ᠠ᠂ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂

ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠭᠤᠤᠯᠯᠠᠭᠴᠢ ᠠᠵᠢᠯᠲᠠᠨ ᠬᠤᠷᠠᠯ ᠳᠤ ᠤᠷᠤᠯᠴᠠᠪᠠ᠃

     ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠱᠠᠳᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ

ᠳᠤᠭᠤᠶᠢᠯᠠᠩ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ︽ᠰᠢᠯᠤᠭᠤᠨ ᠬᠦᠪᠡᠭᠡᠲᠦ

ᠴᠠᠭᠠᠨ ᠬᠤᠰᠢᠭᠤᠨ ᠤ ᠢᠯᠵᠠᠷᠠᠯ ᠤᠨ ᠠᠰᠠᠭᠤᠳᠠᠯ ᠤᠨ ᠲᠦᠪᠯᠡᠷᠡᠭᠦᠯᠦᠨ ᠴᠡᠭᠴᠡᠯᠡᠬᠦ ᠠᠵᠢᠯ ᠤᠨ ᠲᠦᠰᠦᠯ︾ ᠤᠨ

ᠱᠠᠭᠠᠷᠳᠠᠯᠭ᠎ᠠ ᠪᠠᠷ ᠳᠣᠬᠠᠢ ᠶᠢᠨ ᠭᠠᠵᠠᠷ ᠤᠷᠤᠨ᠂ ᠳᠣᠬᠠᠢ ᠶᠢᠨ ᠰᠢᠰᠲ᠋ᠧᠮ ᠤᠨ ᠢᠶᠠᠨ ᠲᠦᠪᠯᠡᠷᠡᠭᠦᠯᠦᠨ ᠴᠡᠭᠴᠡᠯᠡᠬᠦ

ᠠᠵᠢᠯ ᠢ ᠯᠠᠪᠳᠠᠭᠤᠨ ᠶᠠᠪᠤᠭᠳᠠᠭᠤᠯᠬᠤ ᠶᠢᠨ ᠬᠠᠮᠳᠤ᠂ ᠡᠯ᠎ᠠ ᠡᠭᠦᠷᠭᠡ ᠴᠢᠳᠠᠪᠬᠢ ᠪᠦᠬᠦᠢ ᠰᠠᠯᠠᠭ᠎ᠠ ᠮᠦᠴᠢᠷ ᠢ ᠬᠢᠨᠠᠨ

ᠬᠠᠮᠢᠶᠠᠷᠬᠤ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ᠬᠤᠰᠢᠭᠤ᠂ ᠰᠤᠮᠤ᠂ ᠪᠠᠯᠭᠠᠰᠤᠨ ᠤ ᠨᠠᠮ ᠤᠨ

ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠢ ᠬᠠᠷᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂

ᠬᠠᠮᠢᠶ᠎ᠠ ᠪᠦᠬᠦᠢ ᠠᠰᠠᠭᠤᠳᠠᠯ ᠢ ᠬᠠᠷᠭᠤᠯᠤᠨ ᠪᠠᠶᠢᠴᠠᠭᠠᠬᠤ ᠠᠵᠢᠯ ᠢ ᠰᠠᠶᠢᠳᠤᠷ ᠬᠢᠬᠦ ᠬᠡᠷᠡᠭᠲᠠᠢ᠃ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠨᠢ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ

ᠰᠠᠶᠢᠳᠤᠷ ᠭᠦᠢᠴᠡᠳᠭᠡᠵᠦ᠂ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠵᠠᠮ ᠰᠤᠪᠠᠭ ᠢ ᠰᠠᠭᠠᠳ ᠦᠬᠡᠢ

ᠨᠡᠪᠲᠡᠷᠡᠭᠦᠯᠦᠨ᠂ ᠬᠢᠨᠠᠨ ᠪᠠᠶᠢᠴᠠᠭᠠᠵᠤ ᠬᠠᠷᠭᠤᠯᠬᠤ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠠᠰᠠᠭᠤᠳᠠᠯ ᠢ

ᠤᠯᠵᠤ ᠮᠡᠳᠡᠪᠡᠯ ᠴᠠᠭ ᠲᠤᠬᠠᠢ ᠳᠤᠨᠢ ᠬᠢᠨᠠᠨ ᠰᠡᠶᠢᠳᠭᠡᠵᠦ᠂  ᠲᠦᠪᠯᠡᠷᠡᠬᠦᠯᠦᠨ ᠴᠡᠭᠴᠡᠭᠯᠡᠬᠦ ᠠᠵᠢᠯ ᠤᠨ

ᠤᠷᠢᠳᠴᠢᠯᠡᠨ ᠳᠣᠭᠳᠠᠭᠰᠠᠨ ᠬᠠᠷᠠᠯᠲᠠ ᠳᠤ ᠪᠠᠨ ᠬᠦᠷᠬᠦ ᠶᠢ ᠪᠠᠲᠤᠯᠠᠬᠤ ᠬᠡᠷᠡᠭᠲᠠᠢ ᠭᠡᠵᠠᠢ᠃

    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠤᠷᠠᠯ ᠳᠤ ᠤᠷᠤᠯᠴᠠᠭᠰᠡᠨ ᠬᠦᠮᠦᠰ ᠨᠢ ᠬᠤᠷᠠᠯ

 ᠤᠨ ᠵᠤᠷᠢᠭ ᠰᠠᠨᠠᠭ᠎ᠠ ᠶᠢ ᠴᠠᠭ ᠲᠤᠬᠠᠢ ᠳᠤᠨᠢ ᠪᠠᠶᠢᠭᠤᠯᠭ᠎ᠠ ᠶᠢᠨ ᠢᠶᠠᠨ ᠭᠤᠤᠯ ᠤᠳᠤᠷᠢᠳᠤᠯᠭ᠎ᠠ ᠳᠤ ᠬᠠᠷᠢᠭᠤ

ᠮᠡᠳᠡᠭᠦᠯᠵᠦ᠂ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠠᠵᠢᠯ ᠢ ᠰᠠᠶᠢᠳᠤᠷ ᠬᠢᠵᠦ᠂ ᠳᠣᠬᠠᠢ ᠶᠢᠨ ᠭᠠᠵᠠᠷ

ᠤᠷᠤᠨ᠂ ᠰᠠᠯᠠᠭ᠎ᠠ ᠮᠦᠴᠢᠷ ᠤᠨ ᠢᠶᠠᠨ ᠲᠦᠪᠯᠡᠷᠡᠭᠦᠯᠦᠨ ᠴᠡᠭᠴᠡᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ

ᠬᠡᠷᠡᠭᠲᠠᠢ ᠬᠡᠵᠦ ᠱᠠᠭᠠᠷᠳᠠᠵᠠᠢ᠃

    ᠬᠤᠷᠠᠯ ᠳᠡᠭᠡᠷ᠎ᠡ᠂ ︽ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠢᠯᠵᠠᠷᠠᠯ ᠤᠨ ᠠᠰᠠᠭᠤᠳᠠᠯ ᠤᠨ

ᠲᠦᠪᠯᠡᠷᠡᠭᠦᠯᠦᠨ ᠴᠡᠭᠴᠡᠯᠡᠬᠦ ᠠᠵᠢᠯ ᠤᠨ ᠲᠦᠰᠦᠯ︾ ᠢ ᠤᠡᠭᠰᠢᠨ ᠨᠡᠶᠢᠲᠡᠯᠡᠵᠦ᠂ ᠲᠦᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠳᠤᠯᠤᠳᠤᠭᠠᠷ ᠤᠳᠠᠭᠠᠨ ᠤ ᠪᠦᠭᠦᠳᠡ ᠬᠤᠷᠠᠯ᠂

ᠥᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ

ᠬᠤᠶᠠᠳᠤᠭᠠᠷ ᠤᠳᠠᠭᠠᠨ ᠤ ᠪᠦᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ

ᠦᠷᠭᠡᠳᠬᠡᠭᠰᠡᠨ ᠬᠤᠷᠠᠯ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠦᠷᠭᠡᠳᠬᠡᠭᠰᠡᠨ ᠬᠤᠷᠠᠯ ᠤᠨ

ᠵᠤᠷᠢᠭ ᠰᠠᠨᠠᠭ᠎ᠠ ᠵᠢᠴᠢ ᠨᠠᠮ ᠵᠠᠰᠠᠭ ᠤᠨ ᠰᠠᠬᠢᠯᠭ᠎ᠠ ᠳᠦᠷᠢᠮ ᠵᠡᠷᠭᠡ ᠤᠳ ᠠᠴᠠ ᠰᠤᠷᠤᠯᠴᠠᠵᠤ᠂ ᠰᠡᠷᠡᠮᠵᠢᠯᠡᠬᠦᠯᠦᠯ

 ᠤᠨ ᠹᠢᠯᠢᠮ ᠢ ᠦᠵᠡᠬᠦᠯᠦᠭᠰᠡᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号