ᠳᠣᠮᠳᠠᠳᠣ ᠣᠯᠣᠰ ᠤᠨ ᠴᠢᠯᠠᠭᠤᠨ ᠳᠣᠰᠣᠨ ᠤ ᠰᠢᠯᠣᠭᠤᠨ ᠬᠦᠪᠡᠭᠡᠳᠣ ᠴᠠᠭᠠᠨ ᠬᠤᠰᠢᠭᠤᠨ ᠳᠠᠬᠢ ᠡᠵᠡᠩᠨᠡᠯᠳᠡ ᠶᠢᠨ ᠬᠡᠯᠳᠡᠰ ᠭᠠᠯ ᠰᠡᠷᠭᠡᠶᠢᠯᠡᠬᠦ ᠠᠮᠣᠷ ᠲᠦᠪᠰᠢᠨ ᠤ ᠪᠠᠴᠢᠮ ᠠᠷᠭᠠᠴᠠᠬᠤ ᠰᠣᠷᠢᠯᠳᠠ ᠶᠠᠪᠣᠭᠤᠯᠣᠭᠰᠠᠨ
ᠨᠡᠶᠢᠲᠡᠯᠡᠭᠰᠡᠨ ᠴᠠᠭ᠄
2017/6/22
     ᠠᠮᠣᠷ ᠲᠦᠪᠰᠢᠨ ᠤ ᠦᠢᠯᠡᠳᠪᠦᠷᠢᠯᠡᠯ ᠤᠨ ᠴᠢᠭᠯᠡᠯ ᠢ ᠳᠣᠣᠱᠯᠠᠭᠤᠯᠣᠨ ᠨᠠᠶᠢᠳᠠᠪᠤᠷᠢᠵᠢᠭᠤᠯᠵᠦ᠂ ᠪᠦᠬᠦ ᠣᠯᠣᠰ ᠤᠨ ᠠᠷᠪᠠᠨ ᠵᠢᠷᠭᠤᠳᠣᠭᠠᠷ ︽ᠠᠮᠣᠷ ᠲᠦᠪᠰᠢᠨ ᠤ ᠰᠠᠷ᠎ᠠ ᠶᠢᠨ ᠠᠵᠢᠯᠯᠭ᠎ᠠ︾ ᠢᠷᠡᠵᠦ ᠪᠠᠶᠢᠭ᠎ᠠ ᠳᠠᠰᠢᠷᠠᠮ ᠎ ᠢᠶᠠᠷ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠣᠯᠳᠠ ᠶᠣᠰᠣᠭᠠᠷ᠂ ᠳᠣᠮᠳᠠᠳᠣ ᠣᠯᠣᠰ ᠤᠨ ᠴᠢᠯᠠᠭᠤᠨ ᠳᠣᠰᠣᠨ ᠤ ᠰᠢᠯᠣᠭᠤᠨ ᠬᠦᠪᠡᠭᠡᠳᠣ ᠴᠠᠭᠠᠨ ᠬᠤᠰᠢᠭᠤᠨ ᠳᠠᠬᠢ ᠡᠵᠡᠩᠨᠡᠯᠳᠡ ᠶᠢᠨ ᠬᠡᠯᠳᠡᠰ ᠨᠢ ︽ᠠᠵᠣ ᠠᠬᠤᠶᠢᠯᠠᠯ ᠤᠨ ᠠᠮᠣᠷ ᠲᠦᠪᠰᠢᠨ ᠦᠢᠯᠡᠳᠪᠦᠷᠢᠯᠡᠯ ᠤᠨ ᠭᠤᠣᠯ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠬᠤ︾ ᠠᠵᠢᠯᠯᠠᠭ᠎ᠠ ᠪᠠᠷ ᠭᠤᠣᠯ ᠰᠡᠳᠣᠪ ᠪᠣᠯᠭᠠᠵᠦ᠂ ᠬᠤᠰᠢᠭᠤ ᠣᠯᠠᠭᠠᠨ ᠵᠠᠯᠠᠮᠠᠭᠠᠶᠢᠳᠠᠨ ᠤ ᠨᠡᠶᠢᠬᠡᠮᠯᠢᠭ᠂ ᠭᠠᠯ ᠰᠡᠷᠭᠡᠶᠢᠯᠡᠬᠦ ᠰᠠᠯᠪᠣᠷᠢ ᠠᠩᠭᠢ ᠲᠠᠢ ᠬᠠᠮᠳᠣᠷᠠᠨ ᠨᠢᠬᠡᠳᠣᠭᠡᠷ ᠳᠣᠰᠣ ᠨᠡᠮᠡᠬᠦ ᠦᠷᠳᠡᠭᠡᠨ ᠳᠤ ᠭᠠᠯ ᠰᠡᠷᠭᠡᠶᠢᠯᠡᠬᠦ ᠠᠮᠣᠷ ᠳᠦᠪᠰᠢᠨ ᠤ ᠪᠠᠴᠢᠮ ᠠᠷᠭᠠᠴᠠᠭᠠᠬᠤ ᠰᠣᠷᠢᠯᠳᠠ ᠶᠠᠪᠣᠭᠤᠯᠣᠭᠰᠠᠨ ᠪᠠᠶᠢᠨ᠎ᠠ᠃      ᠰᠣᠷᠢᠯᠳᠠ ᠠᠴᠠ ᠡᠮᠦᠨ᠎ᠡ ᠬᠤᠰᠢᠭᠤ ᠣᠯᠠᠭᠠᠨ ᠵᠠᠯᠠᠮᠠᠭᠠᠶᠢᠳᠠᠨ ᠤ ᠨᠡᠶᠢᠬᠡᠮᠯᠢᠭ ᠤᠨ ᠬᠠᠷᠢᠭᠤᠴᠠᠯᠭᠠᠳᠠᠨ ᠠᠴᠠ ᠪᠠᠴᠢᠮ ᠠᠪᠣᠷᠠᠬᠤ᠂ ᠪᠠᠴᠢᠮ ᠰᠢᠢᠳᠪᠦᠷᠢᠯᠡᠬᠦ ᠠᠷᠭ᠎ᠠ ᠬᠡᠮᠵᠢᠶᠡᠨ ᠤ ᠳᠠᠯ᠎ᠠ ᠪᠠᠷ ᠳᠣᠪᠴᠢ ᠶᠠᠷᠢᠵᠦ᠂ ᠰᠣᠷᠢᠯᠳᠠ‌ᠨᠢ ᠳᠣᠰᠣ ᠨᠡᠮᠡᠬᠦ ᠦᠷᠳᠡᠭᠡᠨ ᠳᠤ ᠮᠠᠰᠢᠨ ᠳᠡᠷᠭᠡ ᠭᠠᠯ ᠳᠤ ᠵᠣᠯᠭᠠᠭᠰᠠᠨ ᠪᠠᠶᠢᠳᠠᠯ ᠳᠤ ᠳᠣᠰᠣ ᠨᠡᠮᠡᠬᠦ ᠦᠷᠳᠡᠭᠡᠨ ᠤ ᠠᠵᠢᠯᠳᠠᠳ ᠬᠠᠮᠤᠭ ᠳᠦᠷᠭᠡᠨ ᠬᠤᠷᠳᠣᠴᠠ ᠪᠠᠷ ︽119︾ ᠴᠠᠭᠳᠠᠭᠠᠨ ᠣᠳᠠᠰᠣ ᠶᠢ ᠵᠠᠯᠭᠠᠨ ᠳᠣᠰᠠᠯᠠᠮᠵᠢ ᠭᠤᠶᠣᠴᠢᠯᠠᠵᠦ᠂ ᠳᠠᠷᠠᠭ᠎ᠠ ᠨᠢ ᠭᠠᠯ ᠣᠨᠳᠠᠷᠠᠭᠠᠬᠤ ᠳᠦᠬᠦᠬᠡᠷᠦᠮᠵᠢ ᠪᠠᠷ ᠠᠩᠬ᠎ᠠ ᠠᠯᠬᠤᠮ ᠳᠤ ᠭᠠᠯ ᠢ ᠣᠨᠳᠠᠷᠠᠭᠠᠵᠦ ᠂ ᠭᠠᠯ ᠰᠡᠷᠭᠡᠶᠢᠯᠡᠬᠦ ᠠᠩᠭᠢ ᠬᠦᠷᠴᠦ ᠢᠷᠡᠬᠦ ᠠᠴᠠ ᠡᠮᠦᠨᠡᠬᠢ ᠠᠶᠣᠯᠳᠠᠢ ᠪᠠᠶᠢᠳᠠᠯ ᠢ ᠨᠠᠮᠳᠠᠭᠠᠭᠰᠠᠨ ᠪᠠᠶᠢᠨ᠎ᠠ᠃       ᠳᠣᠰ ᠣᠳᠠᠭᠠᠨ ᠤ ᠰᠣᠷᠢᠯᠳᠠ ᠨᠢ ᠳᠣᠰᠣ ᠨᠡᠮᠡᠬᠦ ᠦᠷᠳᠡᠭᠡᠨ ᠳᠤ ᠮᠠᠰᠢᠨ ᠳᠡᠷᠭᠡ ᠭᠠᠯ ᠭᠠᠷᠬᠤ᠂  ᠳᠣᠰᠣ ᠬᠠᠳᠠᠭᠠᠯᠠᠬᠤ ᠬᠤᠭᠤᠯᠠᠢ ᠭᠠᠯ ᠳᠤ ᠵᠣᠯᠭᠠᠭᠬᠤ ᠵᠢᠴᠢ ᠳᠡᠯᠪᠡᠷᠡᠬᠦ ᠬᠡᠬᠦ ᠬᠤᠶᠠᠷ ᠳᠠᠯ᠎ᠠ ᠪᠠᠷ ᠶᠠᠪᠣᠭᠳᠠᠵᠦ᠂ ᠭᠠᠯ ᠤᠨ ᠪᠠᠶᠢᠳᠠᠯ ᠢ ᠪᠠᠶᠢᠴᠠᠭᠠᠬᠤ᠂  ᠴᠠᠭᠳᠠᠭᠠᠨ ᠤ ᠴᠠᠭᠠᠵᠠᠳᠦ ᠭᠠᠵᠠᠷ ᠠᠴᠠ ᠵᠠᠶᠢᠯᠠᠭᠤᠯᠬᠤ᠂ ᠠᠬᠤᠢ ᠳᠠᠯᠠᠪᠠᠢ ᠶᠢᠨ ᠭᠠᠯ ᠢ ᠣᠨᠳᠠᠷᠠᠭᠠᠬᠤ᠂ ᠣᠰᠣ ᠬᠠᠩᠭᠠᠬᠤ ᠵᠡᠷᠭᠡ ᠳᠠᠯ᠎ᠠ ᠪᠠᠷ ᠪᠣᠳᠠᠳᠠᠢ ᠰᠣᠷᠢᠯᠳᠠ ᠬᠢᠭᠰᠡᠨ ᠪᠠᠶᠢᠨ᠎ᠠ᠃       ᠳᠣᠰ ᠣᠳᠠᠭᠠᠨ ᠤ ᠰᠣᠷᠢᠯᠳᠠ ᠨᠢ᠂ ᠠᠵᠣ ᠠᠬᠤᠶᠢᠯᠠᠯ ᠬᠢᠬᠡᠳ ᠠᠵᠢᠯᠳᠠᠳ ᠤᠨ ᠬᠡᠨᠡᠳᠳᠡ ᠶᠢᠨ ᠬᠡᠷᠡᠭ ᠢ ᠪᠠᠴᠢᠮ ᠰᠢᠢᠳᠪᠦᠷᠢᠯᠡᠬᠦ ᠴᠢᠳᠠᠪᠬᠢ ᠶᠢ ᠪᠦᠬᠦ ᠳᠠᠯ᠎ᠠ ᠪᠠᠷ ᠨᠡᠮᠡᠭᠳᠡᠬᠦᠯᠵᠦ᠂ ᠭᠠᠯ ᠣᠨᠳᠠᠷᠠᠭᠠᠬᠤ ᠪᠠᠭᠠᠵᠢ ᠭᠡᠷᠡᠭᠰᠡᠯ ᠢ ᠵᠦᠪ ᠡᠵᠡᠮᠰᠢᠨ᠂ ᠡᠩᠨᠡᠭᠡᠨ ᠤ ᠪᠣᠯᠪᠠᠰᠣᠷᠠᠯ ᠢ ᠴᠢᠩᠭᠠᠳᠬᠠᠨ᠂ ᠪᠣᠳᠠᠳᠠᠢ ᠳᠣᠷᠰᠢᠯᠭ᠎ᠠ ᠬᠤᠷᠠᠮᠳᠣᠭᠤᠯᠵᠦ᠂ ᠪᠠᠴᠢᠮ ᠠᠷᠭᠠᠴᠠᠭᠠᠬᠤ ᠴᠢᠳᠠᠪᠬᠢ ᠶᠢ ᠨᠡᠮᠡᠭᠳᠡᠬᠦᠯᠦᠨ᠂ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ ᠪᠠ ᠠᠵᠣ ᠠᠬᠤᠶᠢᠯᠠᠯ ᠤᠨ ᠠᠮᠣᠷ ᠲᠦᠪᠰᠢᠨ ᠦᠢᠯᠡᠳᠪᠦᠷᠢᠯᠡᠯ ᠳᠤ  ᠣᠬᠢ ᠰᠠᠶᠢᠨ ᠪᠠᠳᠣᠯᠭ᠎ᠠ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号