ᠰᠢᠯᠣᠭᠤᠨ ᠬᠦᠪᠡᠭᠡᠳᠣ ᠴᠠᠭᠠᠨ ᠬᠤᠰᠢᠭᠤ ᠨᠢ 2017 ᠣᠨ ᠳᠤ ᠣᠯᠠᠨ ᠠᠷᠭ᠎ᠠ ᠵᠠᠮ ᠢᠶᠠᠷ ᠮᠠᠯ ᠳᠠᠷᠢᠶᠠᠯᠠᠩ ᠤᠨ ᠣᠶᠢᠯᠡᠰ ᠤᠨ ᠬᠦᠭᠵᠢᠯᠳᠡ ᠶᠢ ᠯᠠᠪᠳᠠᠭᠤᠨ ᠠᠬᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2017/6/22
          2017 ᠣᠨ ᠳᠤ ᠮᠠᠨ ᠤ ᠬᠤᠰᠢᠭᠤ ᠨᠢ ᠳᠡᠵᠢᠬᠡᠨ ᠦᠷᠡᠵᠢᠬᠦᠯᠬᠦ ᠭᠠᠵᠠᠷ᠂ ᠳᠣᠰᠬᠠᠢ ᠬᠤᠷᠰᠢᠶᠠᠵᠢᠯ  ᠂ ᠣᠨᠴᠠᠯᠢᠭᠳᠣ ᠳᠠᠷᠢᠮᠠᠯ ᠵᠡᠷᠭᠡ ᠶᠢ ᠪᠦᠬᠦ ᠬᠦᠴᠦᠨ ᠢᠶᠠᠷ ᠬᠦᠭᠵᠢᠬᠦᠯᠵᠦ᠂ ᠶᠡᠷᠦᠩᠭᠡᠶᠢᠯᠡᠭᠰᠡᠨ ᠠᠰᠢᠭ ᠣᠷᠣᠯᠭ᠎ᠠ ᠎ ᠪᠠᠨ ᠨᠡᠮᠡᠭᠳᠡᠬᠦᠯᠬᠦ ᠪᠣᠯᠣᠨ᠎ᠠ᠃           2017 ᠣᠨ ᠳᠤ ᠮᠠᠨ ᠤ ᠬᠤᠰᠢᠭᠤ ᠨᠢ ︽ ᠳᠣᠮᠳᠠᠳᠣ ᠣᠯᠣᠰ ᠤᠨ ᠳᠦᠷᠦ ᠶᠢᠨ ᠶᠠᠪᠣᠳᠠᠯ ᠤᠨ ᠬᠤᠷᠢᠶᠠᠨ ᠤ  ᠳᠠᠷᠢᠶᠠᠯᠠᠩ ᠤᠨ ᠦᠢᠯᠡᠰ ᠤᠨ ᠬᠠᠵᠠᠭᠤ ᠶᠢᠨ ᠪᠦᠳᠦᠴᠡᠳᠦ ᠦᠬᠡᠷᠡᠴᠢᠯᠡᠯᠳᠡ ᠳᠤ ᠰᠢᠨ᠎ᠡ ᠡᠨᠧᠷᠬᠢ ᠶᠢ ᠳᠦᠷᠭᠡᠨ ᠢᠶᠠᠷ ᠬᠠᠩᠭᠠᠬᠤ ᠶᠢ ᠬᠦᠨᠵᠡᠭᠡᠢ ᠠᠬᠢᠭᠤᠯᠬᠤ ᠳᠣᠬᠠᠢ ᠡᠳᠣᠢ ᠳᠡᠳᠣᠢ ᠰᠠᠨᠠᠯ︾᠎ ᠢ ᠦᠨᠡᠨᠬᠦ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠮᠠᠯᠵᠢᠬᠤ ᠳᠠᠷᠢᠶᠠᠯᠠᠭᠬᠤ ᠦᠢᠯᠡᠰ ᠢᠶᠠᠷ ᠬᠠᠩᠭᠠᠯᠠᠭ᠎ᠠ ᠶᠢᠨ ᠪᠦᠳᠦᠴᠡ ᠶᠢᠨ ᠦᠬᠡᠷᠡᠴᠢᠯᠡᠯᠡᠳᠡ ᠎ ᠶᠢ ᠢᠳᠡᠪᠬᠢᠳᠡᠢ ᠠᠬᠢᠭᠤᠯᠵᠦ᠂ ︽ᠬᠤᠶᠠᠷ ᠰᠢᠯᠢᠳᠡᠭ ᠳᠦᠷᠪᠡᠨ ᠰᠢᠯᠢᠳᠡᠭᠵᠢᠬᠦᠯᠦᠯᠳᠡ︾᠎ ᠪᠠᠷ ᠬᠠᠷᠠᠯᠳᠠ ᠪᠣᠯᠭᠠᠵᠦ᠂ ︽ᠬᠤᠨᠢ ᠶᠢ ᠴᠦᠬᠡᠴᠢᠯᠡᠵᠦ᠂ ᠦᠬᠡᠷ ᠢ ᠨᠡᠮᠡᠭᠳᠡᠬᠦᠯᠬᠦ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠬᠦᠯᠦᠨ᠂ ᠰᠢᠯᠢᠳᠡᠭ ᠡᠬᠦᠯᠳᠡᠷ ᠤᠨ ᠦᠬᠡᠷ ᠤᠨ ᠮᠢᠬᠠᠨ ᠤ ᠦᠢᠯᠡᠰ ᠤᠨ ᠬᠦᠭᠵᠢᠯᠳᠡ ᠶᠢ ᠳᠦᠷᠭᠡᠳᠭᠡᠵᠦ᠂ ᠠᠶᠢᠮᠠᠭ ᠤᠨ ᠨᠠᠮ ᠎ ᠤᠨ ᠬᠤᠷᠢᠶ᠎ᠠ ᠵᠠᠬᠢᠷᠭ᠎ᠠ ᠶᠢᠨ ᠪᠠᠭᠤᠯᠭᠠᠭᠰᠠᠨ 2000 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠳᠦᠷᠢᠮᠵᠢᠭᠰᠡᠨ ᠳᠡᠵᠢᠬᠡᠨ ᠦᠷᠡᠵᠢᠬᠦᠯᠬᠦ ᠳᠠᠯᠠᠪᠣᠷ ᠨᠢᠬᠡ  ᠂ 300 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠳᠣᠰᠬᠠᠢ ᠬᠤᠷᠰᠢᠶᠠᠵᠢᠯ ᠭᠤᠷᠪᠠ᠂ 50 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠣᠳᠣᠬᠢᠴᠢᠯᠠᠭᠰᠠᠨ ᠬᠡᠷ ᠪᠦᠯᠢ ᠶᠢᠨ ᠮᠠᠯᠵᠢᠯ ᠤᠨ ᠳᠠᠯᠠᠪᠣᠷ 100᠎ ᠶᠢ ᠪᠠᠶᠢᠭᠤᠯᠬᠤ ᠬᠠᠷᠠᠯᠳᠠ ᠪᠠᠨ ᠪᠡᠶᠡᠯᠡᠬᠦᠯᠦᠨ᠎ᠡ᠃ ᠳᠦᠬᠦᠷᠵᠢᠭᠰᠡᠨ ᠳᠠᠷᠢᠶᠠᠯᠠᠩ ᠤᠨ ᠦᠢᠯᠡᠰ᠂ ᠣᠰᠣ ᠶᠢ ᠠᠷᠪᠢᠯᠠᠬᠤ ᠳᠠᠷᠢᠶᠠᠯᠠᠩ ᠦᠢᠯᠡᠰ ᠢ ᠦᠳᠳᠦᠷ ᠬᠦᠭᠵᠢᠬᠦᠯᠦᠨ᠂ ᠢᠳᠡᠰᠢᠨ ᠨᠣᠭᠤᠭ᠎ᠠ ᠭᠤᠸᠠ ᠵᠢᠮᠢᠰ ᠵᠡᠷᠭᠡ ᠣᠨᠴᠠᠯᠢᠭᠳᠣ ᠳᠠᠷᠢᠶᠠᠯᠠᠩ ᠤᠨ ᠪᠦᠳᠦᠭᠡᠭᠳᠡᠬᠦᠨ ᠢ ᠳᠦᠷᠢᠮᠵᠢᠬᠦᠯᠦᠨ ᠳᠠᠷᠢᠵᠦ᠂ ᠬᠦᠳᠡᠭᠡ ᠣᠷᠣᠨ ᠤ ᠮᠠᠯᠵᠢᠬᠤ ᠦᠢᠯᠡᠰ ᠢ ᠶᠡᠭᠡ ᠬᠦᠴᠦᠨ ᠢᠶᠠᠷ ᠬᠦᠭᠵᠢᠬᠦᠯᠵᠦ᠂ ᠶᠡᠷᠦᠩᠭᠡᠶᠢᠯᠡᠭᠰᠡᠨ ᠠᠰᠢᠭ ᠣᠷᠣᠯᠭ᠎ᠠ ᠶᠢ ᠨᠡᠮᠡᠭᠳᠡᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号