ᠰᠢᠯᠣᠭᠤᠨ ᠬᠦᠪᠭᠡᠳᠣ ᠴᠠᠭᠠᠨ ᠬᠤᠰᠢᠭᠤ ᠨᠢ ︽ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ︾ ᠪᠠᠭᠰᠢ ᠨᠠᠷ ᠤᠨ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠤᠨ ᠠᠩᠭᠢ ᠶᠢ ᠡᠷᠬᠢᠯᠡᠭᠰᠡᠨ
ᠨᠡᠶᠢᠲᠡᠯᠡᠭᠰᠡᠨ ᠴᠠᠭ᠄
2017/6/22
     2.24 —27᠎ ᠤ ᠡᠳᠣᠷ᠂ ᠪᠣᠯᠳᠠᠯ᠎ᠠ ᠳᠣᠮᠳᠠᠳᠣ ᠣᠯᠣᠰ ᠤᠨ ᠴᠧᠩ ᠰᠢᠶᠠᠩ ᠮᠸᠢ ᠨᠡᠶᠢᠳᠡ ᠶᠢᠨ ᠦᠢᠯᠡᠴᠢᠯᠡᠬᠡᠨ ᠤ ᠰᠠᠭᠤᠷᠢ ᠮᠦᠩᠭᠦᠨ ᠤ ᠨᠡᠶᠢᠬᠡᠮᠯᠢᠭ  ᠂ ᠡᠶ᠎ᠡ ᠵᠣᠬᠢᠴᠠᠯᠳᠦ ᠵᠢᠯᠣᠭᠤᠳᠣᠭᠴᠢ ᠰᠠᠭᠤᠷᠢ ᠮᠦᠩᠭᠦᠨ ᠤ ᠨᠡᠶᠢᠬᠡᠮᠯᠢᠭ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠳᠣᠪᠴᠢᠶᠡᠨ ᠠᠴᠠ ᠭᠤᠣᠯᠯᠠᠨ ᠡᠷᠬᠢᠯᠡᠵᠦ᠂ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠵᠢᠴᠢ ᠰᠣᠷᠣᠯᠴᠠᠬᠤ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠵᠢᠴᠢ ᠰᠣᠷᠣᠯᠴᠠᠬᠤ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠤᠨ ᠠᠩᠭᠢ ᠨᠢ ᠴᠠᠭᠠᠨᠨᠠᠭᠤᠷ ᠳᠣᠮᠳᠠᠳᠣ ᠰᠣᠷᠭᠠᠭᠤᠯᠢ ᠳᠤ ᠬᠢᠴᠢᠶᠡᠯ ᠡᠬᠢᠯᠡᠵᠦ᠂ ᠪᠦᠬᠦ ᠬᠤᠰᠢᠭᠤᠨ ᠤ ᠡᠯ᠎ᠡ ᠳᠣᠮᠳᠠᠳᠣ ᠪᠠᠭ᠎ᠠ ᠰᠣᠷᠭᠠᠭᠤᠯᠢ ᠶᠢᠨ 81 ᠪᠠᠭᠰᠢ ᠳᠣᠰ ᠣᠳᠠᠭᠠᠨ ᠤ ᠪᠣᠯᠪᠠᠰᠣᠷᠠᠯ ᠳᠤ ᠣᠷᠣᠯᠴᠠᠭᠰᠠᠨ ᠪᠠᠶᠢᠨ᠎ᠠ᠃     ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠨᠢ ᠨᠡᠶᠢᠳᠡ 12 ᠴᠠᠭ ᠪᠠᠶᠢᠵᠦ᠂ ᠭᠤᠷᠪᠠᠨ ᠬᠤᠭᠤᠴᠠᠭ᠎ᠠ ᠬᠤᠪᠢᠶᠠᠨ ᠶᠠᠪᠣᠭᠳᠠᠭᠤᠯᠣᠭᠰᠠᠨ ᠶᠣᠮ᠃ ᠳᠣᠰ ᠣᠳᠠᠭᠠᠨ ᠤ ᠪᠣᠯᠪᠠᠰᠣᠷᠠᠯ ᠨᠢ ᠪᠠᠭᠰᠢ ᠨᠠᠷ ᠎ ᠳᠤ ᠳᠦᠷᠭᠡᠨ ᠮᠦᠷᠳᠡᠭᠡᠨ ᠦᠷ᠎ᠡ ᠪᠦᠳᠦᠮᠵᠢᠳᠡᠢ ᠰᠡᠳᠬᠢᠴᠡ ᠶᠢᠨ ᠪᠠᠭᠠᠵᠢ ᠪᠣᠯᠣᠨ ᠠᠭᠤᠵᠢᠭᠤ ᠳᠠᠯᠪᠢᠭᠤ ᠪᠠᠶᠠᠷ ᠪᠠᠶᠠᠰᠬᠤᠯᠠᠩᠳᠠᠢ ᠪᠠᠷ ᠵᠢᠭᠠᠨ ᠰᠣᠷᠭᠠᠬᠤ ᠠᠷᠭ᠎ᠠ ᠶᠢ ᠵᠢᠭᠠᠬᠤ ᠪᠠᠷ ᠳᠠᠮᠵᠢᠨ᠂ ᠪᠠᠭᠰᠢ ᠨᠠᠷ ᠤᠨ ᠰᠡᠳᠬᠢᠴᠡ ᠶᠢᠨ ᠬᠡᠪ ᠪᠣᠯᠪᠠᠰᠣᠷᠠᠯ᠂ ᠦᠵᠡᠯ ᠰᠠᠨᠠᠭ᠎ᠠ ᠵᠢᠴᠢ ᠦᠢᠯᠡ ᠠᠵᠢᠯᠯᠠᠭ᠎ᠠ ᠶᠢᠨ ᠬᠡᠪ ᠳᠣᠭᠳᠠᠯᠴᠠᠭ᠎ᠠ ᠶᠢ ᠳᠡᠭᠡᠭᠰᠢᠯᠡᠬᠦᠯᠦᠨ᠂ ᠨᠡᠩ ᠢᠳᠡᠪᠬᠢᠳᠡᠢ  ᠦᠭᠡᠳᠡᠷᠡᠭ ᠢᠶᠠᠷ ᠠᠵᠢᠯ ᠰᠣᠷᠣᠯᠴᠠᠯᠭ᠎ᠠ ᠳᠤ ᠪᠠᠨ ᠬᠠᠨᠳᠣᠵᠦ᠂ ᠵᠢᠭᠠᠨ ᠰᠣᠷᠭᠠᠬᠤ ᠪᠠ ᠰᠣᠷᠣᠯᠴᠠᠬᠤ ᠦᠷ᠎ᠡ ᠪᠦᠳᠦᠮᠵᠢ ᠶᠢ ᠳᠡᠭᠡᠭᠰᠢᠯᠡᠬᠦᠯᠬᠦ ᠪᠠᠷ ᠳᠠᠮᠵᠢᠨ᠂ ᠰᠣᠷᠣᠭᠴᠢᠳ ᠤᠨ ᠰᠣᠷᠣᠯᠴᠠᠬᠤ ᠣᠷᠮᠠᠰᠢᠯ ᠵᠢᠴᠢ ᠰᠣᠷᠣᠯᠴᠠᠬᠤ ᠴᠢᠳᠠᠪᠬᠢ ᠶᠢ ᠳᠡᠭᠡᠭᠰᠢᠯᠡᠬᠦᠯᠬᠦ ᠪᠠᠷ ᠭᠤᠣᠯᠳᠠᠯᠭ᠎ᠠ ᠪᠠᠨ ᠪᠣᠯᠭᠠᠵᠠᠢ᠃     ᠪᠣᠯᠪᠠᠰᠣᠷᠠᠯ ᠳᠤ᠂ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠤᠨ ᠵᠢᠯᠣᠭᠤᠳᠣᠭᠴᠢ᠂ ᠣᠯᠣᠰ ᠤᠨ ᠬᠤᠶᠠᠳᠣᠭᠠᠷ ᠳᠡᠰ ᠤᠨ ᠰᠡᠳᠬᠢᠴᠠ ᠶᠢᠨ ᠵᠢᠯᠣᠭᠤᠳᠣᠭᠴᠢ᠂ ᠣᠯᠣᠰ ᠤᠨ ᠪᠡᠶ᠎ᠡ ᠰᠡᠳᠬᠢᠴᠡ ᠶᠢᠨ ᠢᠳᠡᠪᠬᠢᠵᠢᠯ ᠢ ᠡᠮᠨᠡᠬᠦ ᠰᠡᠳᠬᠢᠴᠠ ᠶᠢᠨ ᠵᠢᠯᠣᠭᠤᠳᠣᠭᠴᠢ ᠯᠢ ᠯᠢ ᠶᠢᠩ ᠵᠢᠴᠢ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠤᠨ ᠵᠢᠯᠣᠭᠤᠳᠣᠭᠴᠢ᠂ ᠦᠪᠦᠷ ᠮᠣᠩᠭᠤᠯ ᠤᠨ ᠪᠠᠭᠰᠢ ᠎ ᠶᠢᠨ ᠶᠡᠭᠡ ᠰᠣᠷᠭᠠᠭᠤᠯᠢ ᠶᠢᠨ ᠳᠡᠳ᠋ ᠫᠧᠷᠤᠪᠧᠰᠰᠤᠷ ᠪᠤᠤ ᠼᠠᠢ ᠶᠦᠨ ᠬᠤᠶᠠᠷ ᠪᠠᠭᠰᠢ ᠠᠴᠠ ᠠᠬᠤᠢ ᠳᠠᠯᠠᠪᠣᠷ ᠲᠤ ᠰᠣᠷᠢᠵᠦ ᠳᠣᠷᠰᠢᠬᠤ᠂ ᠳᠣᠭᠤᠶᠢᠯᠠᠩ ᠬᠤᠪᠢᠶᠠᠨ ᠶᠠᠷᠢᠯᠴᠠᠯᠭ᠎ᠠ ᠦᠷᠨᠢᠬᠦᠯᠬᠦ ᠵᠡᠷᠭᠡ ᠬᠡᠯᠪᠡᠷᠢ ᠪᠠᠷ ᠪᠣᠳᠠᠳᠣ ᠵᠢᠱᠢᠶ᠎ᠡ ᠎ ᠲᠠᠢ ᠣᠶᠠᠯᠳᠣᠭᠤᠯᠨ᠂ ᠡᠬᠡᠯ ᠪᠣᠷᠣᠭᠵᠢᠭᠤᠨ ᠬᠡᠯᠡ ᠬᠡᠯᠡᠯᠬᠡ ᠪᠠᠷ ᠪᠠᠭᠰᠢ ᠨᠠᠷ ᠲᠤ ᠠᠭᠤᠵᠢᠭᠤ ᠳᠠᠯᠪᠢᠭᠤ ᠪᠠᠶᠠᠷ ᠪᠠᠶᠠᠰᠬᠤᠯᠠᠩᠳᠠᠢ ᠪᠠᠷ ᠬᠢᠴᠢᠶᠡᠯᠯᠡᠬᠦ ᠠᠷᠭ᠎ᠠ ᠳᠣᠷᠰᠢᠯᠭ᠎ᠠ ᠵᠢᠴᠢ ᠰᠢᠨ᠎ᠡ ᠮᠠᠶ᠋ᠢᠭ ᠤᠨ ᠵᠢᠭᠠᠨ ᠰᠣᠷᠭᠠᠯᠳᠠ ᠶᠢᠨ ᠣᠬᠠᠮᠰᠠᠷ ᠢ ᠣᠯᠭᠤᠭᠰᠠᠨ ᠪᠠᠶᠢᠨ᠎ᠠ᠃     ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠬᠦ ᠬᠡᠵᠦ ᠪᠠᠶᠢᠭ᠎ᠠ ᠳᠠᠰᠢᠷᠠᠮ ᠳᠤ ᠡᠨᠡᠬᠦ ᠪᠣᠯᠪᠠᠰᠣᠷᠠᠯ ᠢ ᠳᠣᠬᠢᠷᠠᠭᠤᠯᠣᠭᠰᠠᠨ ᠨᠢ ᠪᠠᠭᠰᠢ ᠨᠠᠷ ᠤᠨ ᠰᠢᠨ᠎ᠡ ᠮᠠᠶ᠋ᠢᠭ ᠤᠨ ᠵᠢᠭᠠᠨ ᠰᠣᠷᠭᠠᠯᠳᠠ ᠶᠢᠨ ᠣᠬᠠᠮᠰᠠᠷ ᠢᠶᠠᠨ ᠨᠡᠮᠡᠭᠳᠡᠬᠦᠯᠬᠦ ᠂ ᠰᠣᠷᠭᠠᠨ ᠬᠦᠮᠦᠵᠢᠬᠦᠯᠬᠦ ᠠᠷᠭ᠎ᠠ ᠬᠡᠯᠪᠡᠷᠢ ᠪᠠᠨ ᠳᠡᠬᠦᠯᠳᠡᠷᠵᠢᠬᠦᠯᠬᠦ᠂ ᠶᠡᠷᠦᠩᠭᠡᠶᠢᠯᠡᠭᠰᠡᠨ ᠬᠡᠪ ᠴᠢᠨᠠᠷ ᠤᠨ ᠳᠡᠭᠡᠭᠰᠢᠯᠡᠯᠳᠡ  ᠵᠡᠷᠭᠡ ᠳᠠᠯ᠎ᠠ ᠳᠤ ᠣᠬᠢ ᠰᠠᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号