ᠰᠢᠯᠢ ᠶᠢᠨ ᠭᠤᠣᠯ ᠠᠶᠢᠮᠠᠭ ᠤᠨ ᠬᠤᠶᠠᠳᠣᠭᠠᠷ ᠬᠤᠭᠤᠴᠠᠭᠠᠨ ᠤ ᠨᠠᠰᠣᠳᠠᠶᠢᠴᠣᠳ ᠤᠨ ᠳᠠᠮᠢᠷ ᠤᠨ ᠰᠣᠯᠢᠯᠴᠠᠭᠠᠨ ᠤ ᠶᠡᠭᠡ ᠬᠤᠷᠠᠯ ᠤᠨ ᠪᠡᠶ᠎ᠡ ᠴᠢᠬᠢᠷᠠᠭᠵᠢᠭᠤᠯᠬᠤ ᠪᠦᠮᠪᠦᠬᠡᠨ ᠣᠷᠣᠯᠳᠣᠭᠠᠨ ᠰᠢᠯᠣᠭᠤᠨ ᠬᠦᠪᠡᠭᠡᠳᠣ ᠴᠠᠭᠠᠨ ᠬᠤᠰᠢᠭᠤᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2017/6/22

     6.20᠎ ᠤ ᠡᠳᠣᠷ᠂ ᠰᠢᠯᠢ ᠶᠢᠨ ᠭᠤᠣᠯ ᠠᠶᠢᠮᠠᠭ ᠤᠨ ᠨᠠᠰᠣᠳᠠᠶᠢᠴᠣᠳ ᠤᠨ ᠪᠡᠶ᠎ᠡ ᠳᠠᠮᠢᠷ ᠤᠨ ᠨᠡᠶᠢᠬᠡᠮᠯᠢᠭ

᠎ ᠠᠴᠠ ᠭᠤᠣᠯᠯᠠᠨ ᠡᠷᠬᠢᠯᠡᠵᠦ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠵᠠᠰᠠᠭ ᠤᠨ ᠣᠷᠳᠣᠨ ᠠᠴᠠ

ᠳᠠᠭᠠᠭᠠᠴᠢᠯᠠᠨ ᠡᠷᠬᠢᠯᠡᠵᠦ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠨᠠᠰᠣᠳᠠᠶᠢᠴᠣᠳ ᠤᠨ ᠨᠡᠶᠢᠬᠡᠮᠯᠢᠭ᠂

ᠰᠢᠯᠢ ᠶᠢᠨ ᠭᠤᠣᠯ ᠠᠶᠢᠮᠠᠭ ‍ᠤᠨ‌ᠨᠠᠰᠣᠳᠠᠶᠢᠴᠣᠳ ᠤᠨ ᠨᠡᠶᠢᠬᠡᠮᠯᠢᠭ ᠤᠨ ᠰᠣᠶᠣᠯ ᠣᠷᠠᠯᠭ ᠪᠡᠶ᠎ᠡ ᠴᠢᠬᠢᠷᠠᠭᠵᠢᠭᠤᠯᠬᠤ

ᠠᠵᠢᠯ ᠤᠨ ᠵᠦᠪᠯᠡᠯ ᠠᠴᠠ ᠬᠠᠪᠰᠣᠷᠣᠨ ᠡᠷᠬᠢᠯᠡᠭᠰᠡᠨ ︽ ᠰᠢᠯᠢ ᠶᠢᠨ ᠭᠤᠣᠯ ᠠᠶᠢᠮᠠᠭ ᠤᠨ ᠬᠤᠶᠠᠳᠣᠭᠠᠷ

ᠬᠤᠭᠤᠴᠠᠭᠠᠨ ᠤ ᠨᠠᠰᠣᠳᠠᠶᠢᠴᠣᠳ ᠤᠨ ᠳᠠᠮᠢᠷ ᠤᠨ ᠰᠣᠯᠢᠯᠴᠠᠭᠠᠨ ᠤ ᠶᠡᠭᠡ ᠬᠤᠷᠠᠯ ᠤᠨ ᠪᠡᠶ᠎ᠡ ᠴᠢᠬᠢᠷᠠᠭᠵᠢᠭᠤᠯᠬᠤ

ᠪᠦᠮᠪᠦᠬᠡᠨ ᠣᠷᠣᠯᠳᠣᠭᠠᠨ︾ ᠰᠢᠯᠣᠭᠤᠨ ᠬᠦᠪᠡᠭᠡᠳᠣ ᠴᠠᠭᠠᠨ ᠬᠤᠰᠢᠭᠤᠨ ᠤ  ᠮᠣᠩᠭᠤᠯ ᠳᠣᠮᠳᠠᠳᠣ ᠰᠣᠷᠭᠠᠭᠤᠯᠢ

᠎ ᠶᠢᠨ ᠪᠡᠶ᠎ᠡ ᠳᠠᠮᠢᠷ ᠤᠨ ᠣᠷᠳᠣᠨ ᠳᠤ ᠶᠠᠪᠣᠭᠳᠠᠭᠰᠠᠨ ᠪᠠᠶᠢᠨ᠎ᠠ᠃

     6.20᠎ ᠤ ᠦᠳᠡ ᠶᠢᠨ ᠡᠮᠦᠨ᠎ᠡ ᠣᠷᠣᠯᠳᠣᠭᠠᠨ ᠤ ᠡᠬᠢᠯᠡᠯᠳᠡ ᠶᠢᠨ ᠶᠣᠰᠣᠯᠠᠯ ᠶᠠᠪᠣᠭᠳᠠᠵᠦ᠂ ᠰᠢᠯᠢ ᠶᠢᠨ

ᠬᠤᠳᠠ᠂ ᠠᠪᠠᠭ᠎ᠠ᠂ ᠵᠡᠬᠦᠨ ᠦᠵᠦᠮᠦᠴᠢᠨ᠂ ᠪᠠᠷᠠᠭᠤᠨ ᠦᠵᠦᠮᠦᠴᠢᠨ᠂ ᠳᠣᠯᠣᠨᠨᠠᠭᠤᠷ ᠰᠢᠶᠠᠨ ᠵᠡᠷᠭᠡ ᠰᠢᠯᠢ ᠶᠢᠨ

ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ 13 ᠳᠦᠯᠦᠭᠡᠯᠡᠭᠴᠢ ᠳᠣᠭᠤᠶᠢᠯᠠᠩ ᠤᠨ ᠨᠡᠶᠢᠳᠡ188

ᠬᠦᠮᠦᠨ ᠣᠷᠣᠯᠳᠣᠭᠠᠨ ᠳᠤ ᠣᠷᠣᠯᠴᠠᠭᠰᠠᠨ ᠪᠠᠶᠢᠨ᠎ᠠ᠃

    ᠣᠷᠣᠯᠳᠣᠭᠠᠨ ᠨᠢ ᠳᠣᠭᠳᠠᠭᠰᠠᠨ ᠳᠦᠷᠦᠯ ᠵᠦᠢᠯ ᠪᠠ ᠰᠣᠩᠭᠤᠯᠳᠠ ᠲᠠᠢ ᠳᠦᠷᠦᠯ ᠵᠦᠢᠯ ᠬᠡᠬᠦ ᠬᠤᠶᠠᠷ

ᠳᠦᠷᠦᠯ ᠢᠶᠠᠷ ᠶᠠᠪᠣᠭᠳᠠᠨ᠂ ᠬᠤᠶᠠᠷ ᠳᠦᠷᠦᠯ ᠤᠨ ᠣᠷᠣᠯᠳᠣᠭᠠᠨ ᠤ ᠶᠡᠷᠦᠩᠭᠡᠢ ᠬᠤᠪᠢ ᠪᠠᠷ ᠳᠦᠷᠦᠬᠦᠦ ᠭᠤᠷᠪᠠᠨ

ᠨᠡᠷ᠎ᠡ ᠶᠢ ᠰᠢᠯᠭᠠᠷᠠᠭᠤᠯᠵᠠᠢ᠃ ᠳᠦᠷᠪᠡᠨ ᠨᠡᠷ᠎ᠡ ᠣᠯᠣᠰ ᠤᠨ ᠳᠡᠰ ᠤᠨ ᠨᠡᠶᠢᠬᠡᠮ ᠤᠨ ᠪᠡᠶ᠎ᠡ ᠶᠢᠨ ᠳᠠᠮᠢᠷ ᠤᠨ

ᠵᠢᠯᠣᠭᠤᠳᠣᠭᠴᠢ ᠶᠢ ᠣᠷᠢᠨ ᠵᠠᠯᠠᠵᠦ ᠣᠷᠣᠯᠳᠣᠭᠠᠨ ᠢ ᠬᠢᠨᠠᠭᠤᠯᠵᠦ᠂ ᠳᠦᠪ ᠭᠤᠣᠯᠴᠢ᠂ ᠡᠷᠭᠡ ᠳᠡᠭᠰᠢ

ᠦᠷᠢᠰᠦᠯᠳᠦᠬᠡᠨ  ᠎ ᠢᠶᠠᠷ ᠣᠷᠣᠯᠳᠣᠭᠠᠨ ᠨᠢ ᠨᠢᠬᠡ ᠡᠳᠣᠷ ᠤᠨ ᠬᠤᠭᠤᠴᠠᠭ᠎ᠠ ᠲᠠᠢ ᠦᠷᠬᠦᠯᠵᠢᠯᠡᠵᠦ᠂ ᠡᠴᠣᠰ ᠲᠤ

ᠰᠢᠯᠢ ᠶᠢᠨ ᠬᠤᠳᠠ ᠶᠢᠨ ᠳᠦᠯᠦᠭᠡᠯᠡᠭᠴᠢ ᠳᠣᠭᠤᠶᠢᠯᠠᠩ ᠨᠢᠬᠡᠳᠣᠭᠡᠷ ᠨᠡᠷ᠎ᠡ᠂ ᠣᠯᠠᠭᠠᠢ ᠬᠠᠮᠢᠶᠠᠷᠣᠯᠳᠠ ᠶᠢᠨ ᠣᠷᠣᠨ

ᠪᠠ ᠳᠣᠯᠣᠨᠨᠠᠭᠤᠷ ᠰᠢᠶᠠᠨ ᠤ ᠳᠦᠯᠦᠭᠡᠯᠡᠭᠴᠢ ᠳᠣᠭᠤᠶᠢᠯᠠᠩ ᠳᠣᠰ ᠳᠣᠰ ᠬᠤᠶᠠᠷ ᠭᠤᠷᠪᠠᠳᠣᠭᠠᠷ ᠨᠡᠷ᠎ᠡ ᠳᠤ

ᠳᠣᠳᠣᠷᠠᠨ᠂ ᠵᠡᠬᠦᠨ ᠦᠵᠦᠮᠦᠴᠢᠨ ᠪᠠ ᠰᠦᠨᠢᠳ ᠪᠠᠷᠠᠭᠤᠨ ᠬᠤᠰᠢᠭᠤᠨ ᠤ ᠳᠦᠯᠦᠬᠡᠯᠡᠭᠴᠢ ᠳᠣᠭᠤᠶᠢᠯᠠᠩ ᠳᠣᠰ

ᠳᠣᠰ ᠪᠡᠶ᠎ᠡ ᠳᠠᠮᠢᠷ ᠤᠨ ᠶᠣᠰᠣ ᠰᠣᠷᠳᠠᠬᠤᠨ ᠤ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠣᠭᠰᠠᠨ ᠨᠢᠬᠡᠴᠡ ᠶᠢᠨ

ᠱᠠᠩᠨᠠᠯ ᠢ ᠳᠣᠰᠣᠭᠰᠠᠨ ᠪᠠᠶᠢᠨ᠎ᠠ᠃

    ᠳᠣᠰ ᠣᠷᠣᠯᠳᠣᠭᠠᠨ ᠨᠢ᠂ ᠨᠠᠰᠣᠳᠠᠶᠢᠴᠣᠳ ᠤᠨ ᠪᠡᠶ᠎ᠡ ᠳᠠᠮᠢᠷ ᠤᠨ ᠠᠵᠢᠯ ᠤᠨ ᠬᠢᠷᠢ ᠲᠦᠪᠰᠢᠨ ᠢ

ᠳᠡᠭᠡᠭᠰᠢᠯᠡᠬᠦᠯᠵᠦ᠂ ᠨᠠᠰᠣᠳᠠᠶᠢᠴᠣᠳ ᠤᠨ ᠪᠡᠶ᠎ᠡ ᠳᠠᠮᠢᠷ ᠤᠨ ᠦᠢᠯᠡᠰ ᠢ ᠰᠢᠨ᠎ᠡ ᠳᠡᠭᠳᠡᠷ ᠲᠤ ᠭᠠᠷᠭᠠᠨ᠂ ᠪᠡᠶ᠎ᠡ

ᠴᠢᠬᠢᠷᠠᠭᠵᠢᠭᠤᠯᠬᠤ ᠣᠬᠠᠮᠰᠠᠷ ᠢ ᠨᠡᠮᠡᠭᠳᠡᠬᠦᠯᠵᠦ᠂ ᠨᠠᠰᠣᠳᠠᠶᠢᠴᠣᠳ ᠤᠨ ᠠᠮᠢᠳᠣᠷᠠᠯ ᠳᠤ ᠣᠳᠬ᠎ᠠ ᠠᠭᠤᠯᠭ᠎ᠠ

ᠨᠡᠮᠡᠷᠢᠯᠡᠨ᠂ ᠨᠡᠩ ᠣᠯᠠᠨ ᠨᠠᠰᠣᠳᠠᠶᠢᠴᠣᠳ ᠢ ᠳᠠᠶᠢᠴᠢᠯᠠᠨ ᠳᠠᠭᠠᠭᠤᠯᠬᠤ ᠠᠯᠣᠰ ᠬᠡᠳᠦ ᠶᠢᠨ ᠠᠴᠢ ᠬᠤᠯᠪᠣᠭᠳᠠᠯ ᠲᠠᠢ

ᠶᠣᠮ᠃

 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号