ᠳᠠᠯ᠎ᠠ ᠨᠤᠳᠤᠭ ᠤᠨ ᠤᠷᠠᠨ ᠰᠢᠳᠢ — — ᠦᠨᠳᠤᠰᠤᠳᠡᠨ ᠤ ᠪᠦᠵᠢᠭᠳᠦ ᠵᠦᠴᠦᠭᠡ ︽ᠮᠢᠩᠭᠠᠳᠤ︾
ᠨᠡᠶᠢᠲᠡᠯᠡᠭᠰᠡᠨ ᠴᠠᠭ᠄
2017/6/22
              ᠮᠢᠩᠭᠠᠳᠣ ᠪᠤᠯ ᠳᠤᠮᠳᠠᠳᠤ ᠤᠯᠤᠰ ᠤᠨ ᠳᠡᠤᠭᠡᠨ ᠳᠠᠬᠢ ᠴᠤᠷ ᠤᠨ ᠭᠠᠭᠴᠠ ᠤᠯᠠᠨ ᠰᠢᠨᠵᠢᠯᠡᠭᠡᠨ ᠢ ᠠᠯᠤᠰᠯᠠᠭᠰᠠᠨ ᠮᠤᠩᠭᠤᠯ ᠦᠨᠳᠤᠰᠤᠳᠡᠨ ᠤ ᠰᠢᠨᠵᠢᠯᠡᠬᠦ ᠤᠬᠠᠭᠠᠨᠳᠠᠨ᠂ ᠠᠷᠪᠠᠨ ᠨᠠᠢᠮᠠᠳᠤᠭᠠᠷ ᠵᠠᠭᠤᠨ ᠤ ᠲᠣᠭᠠᠠ ᠤ ᠤᠬᠠᠭᠠᠠ᠂ ᠤᠳᠣᠠ ᠤᠷᠣᠠ ᠵᠢᠷᠤᠬᠠᠢ ᠪᠤᠯᠣᠠ ᠬᠡᠮᠵᠢᠠ ᠵᠢᠷᠣᠬᠯᠠᠬᠤ ᠤᠬᠠᠭᠠᠠ ᠤ ᠭᠠᠷᠮᠠᠭᠠᠢ ᠡᠷᠳᠠᠮᠳᠠᠠ ᠪᠤᠯᠤᠨ᠎ᠡ᠃ ᠮᠢᠩᠭᠠᠳᠤ ᠨᠢᠭᠡ ᠨᠠᠰᠤᠨ ᠳᠠᠭᠠᠨ ᠳᠤᠭᠠᠨ ᠤ ᠤᠬᠠᠭᠠᠨ᠂ ᠤᠳᠤᠨ ᠤᠷᠤᠨ᠂ ᠵᠢᠷᠤᠬᠠᠢ ᠶᠢᠨ ᠤᠬᠠᠭᠠᠨ ᠢ ᠰᠤᠳᠤᠯᠵᠤ᠂ ᠰᠢᠨᠵᠢᠯᠡᠬᠦ ᠤᠬᠠᠭᠠᠨ ᠤ ᠠᠤᠭ᠎ᠠ ᠪᠦᠳᠦᠭᠡᠯ ︽ᠲᠣᠭᠤᠷᠢᠭ ᠤᠨ ᠨᠢᠭᠲᠠ ᠬᠡᠮᠵᠢᠶᠡᠨ ᠤ ᠲᠦᠳᠡ ᠠᠷᠭ᠎ᠠ︾᠎ ᠶᠢ ᠨᠠᠶᠢᠷᠠᠭᠤᠯᠵᠤ᠂ ︽ᠣᠳᠣᠨ ᠣᠷᠣᠨ ᠴᠠᠭ ᠤᠯᠠᠷᠢᠯ ᠤᠨ ᠡᠬᠢ ᠰᠤᠷᠪᠤᠯᠵᠢ︾᠂ ︽ᠵᠢᠷᠤᠬᠠᠢ ᠶᠢᠨ ᠰᠢᠨᠵᠢᠯᠡᠯ ᠤᠨ ᠬᠤᠶᠢᠨᠠᠬᠢ ᠨᠠᠶᠢᠷᠠᠭᠤᠯᠤᠯ︾᠂ ︽ᠭᠡᠮᠵᠢᠬᠦᠷ ᠪᠠᠭᠠᠵᠢ ᠶᠢᠨ ᠰᠢᠨᠵᠢᠯᠡᠭᠡᠨ︾ ᠵᠡᠷᠭᠡ ᠳᠤᠮᠤ ᠭᠡᠯᠪᠡᠷᠢ ᠶᠢᠨ ᠪᠦᠳᠦᠭᠡᠯ ᠢ ᠳᠤᠭᠤᠷᠪᠢᠨ ᠪᠢᠴᠢᠵᠤ᠂ ᠡᠮᠬᠢᠳᠭᠡᠨ ᠨᠠᠶᠢᠷᠠᠭᠤᠯᠬᠤ ᠳᠤ ᠤᠷᠤᠯᠴᠠᠵᠤ᠂ ᠰᠢᠨᠵᠢᠶᠡᠩ ᠤᠨ ᠬᠢᠯᠢ ᠬᠢᠵᠠᠭᠠᠷ ᠢ ᠪᠤᠳᠠᠳᠠᠢ ᠭᠠᠵᠠᠷ ᠲᠤᠨᠢ ᠬᠦᠷᠴᠦ ᠭᠡᠮᠵᠢᠨ ᠪᠠᠶᠢᠴᠠᠭᠠᠵᠤ᠂ ᠤᠶᠢᠷ᠎ᠠ ᠦᠶ᠎ᠡ ᠶᠢᠨ ᠰᠢᠨᠵᠢᠯᠡᠬᠦ ᠤᠬᠠᠨᠭᠠᠨ ᠤ ᠠᠷᠭ᠎ᠠ ᠪᠠᠷ ︽ᠬᠠᠭᠠᠨ ᠤ ᠵᠠᠬᠢᠷᠭ᠎ᠠ ᠶᠢᠨ ᠪᠦᠷᠢᠨ ᠵᠢᠷᠤᠭ︾᠎ ᠢ ᠵᠢᠷᠤᠭᠯᠠᠪᠠ᠃               200 ᠭᠠᠷᠤᠢ ᠵᠢᠯ ᠤᠨ ᠡᠮᠥᠨᠡᠬᠢ ᠲᠡᠥᠬᠡᠳᠦ ᠬᠦᠮᠥᠨ ᠤ ᠦᠡᠭᠬᠡ ᠬᠡᠷᠡᠯᠳᠦ ᠲᠡᠥᠬᠡ ᠶᠢ ᠲᠠᠬᠢᠨᠳᠠ ᠢᠯᠡᠷᠡᠬᠦᠯᠵᠤ᠂ ᠤᠳᠤ ᠦᠶ᠎ᠡ ᠶᠢᠨ ᠬᠦᠮᠥᠰ ᠢ ᠤᠷᠮᠠᠰᠢᠭᠤᠯᠤᠨ ᠵᠤᠷᠢᠭᠵᠢᠭᠤᠯᠬᠤ᠂ ᠤᠨᠴᠠᠭᠠᠶᠢᠯᠠᠨ ᠵᠠᠯᠠᠭᠤᠴᠤᠳ ᠪᠠᠭᠠᠴᠤᠳ ᠤᠨ ᠮᠢᠩᠭᠠᠨᠳᠦ ᠶᠢᠨ ᠲᠦᠪ ᠴᠢᠩᠭ᠎ᠠ ᠰᠤᠷᠤᠯᠴᠠᠬᠤ ᠰᠤᠷᠳᠠᠯ ᠪᠠ ᠲᠡᠰᠪᠤᠷᠢ ᠬᠠᠳᠠᠭᠤᠵᠢᠯᠳᠠᠢ ᠪᠠᠷ ᠲᠡᠮᠠᠴᠡᠬᠦ ᠵᠤᠷᠢᠭ ᠰᠠᠨᠠᠭ᠎ᠠ ᠠᠴᠠ ᠲᠠᠭᠠᠨ ᠰᠤᠷᠤᠯᠴᠠᠭᠤᠯᠵᠤ᠂ ᠮᠢᠩᠭᠠᠳᠤ ᠶᠢᠨ ᠨᠤᠳᠤᠭ — ᠰᠢᠯᠤᠭᠤᠨ ᠬᠦᠪᠡᠭᠡᠳᠤ ᠴᠠᠭᠠᠨ ᠬᠤᠰᠢᠭᠤ ᠶᠢ ᠤᠬᠠᠭᠤᠯᠤᠨ ᠳᠠᠨᠢᠯᠴᠠᠭᠤᠯᠬᠤ ᠶᠢᠨ ᠳᠤᠰᠠᠳᠠ᠂ 2012 ᠤᠨ ᠳᠤ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠦᠨᠳᠤᠰᠤᠳᠡᠨ ᠤ ᠳᠠᠭᠤᠤ ᠪᠦᠵᠢᠭᠳᠦ ᠵᠦᠴᠦᠭᠡ ︽ᠮᠢᠩᠭᠠᠳᠤ︾᠎ ᠶᠢ ᠨᠠᠶᠢᠷᠠᠭᠤᠯᠤᠨ ᠲᠤᠭᠯᠠᠬᠤ ᠪᠠᠷ ᠲᠤᠭᠲᠠᠵᠤ ᠂ ᠬᠤᠰᠢᠭᠤᠨ ᠤ ᠤᠯᠠᠭᠠᠨᠮᠦ᠋ᠴᠢᠷ ᠠᠴᠠ ᠳᠠᠭᠠᠭᠠᠴᠢᠯᠠᠨ ᠭᠦᠢᠴᠡᠳᠬᠡᠪᠡ᠃ ᠲᠤᠰ ᠵᠦᠴᠦᠭᠡ ᠨᠢ ᠵᠤᠬᠢᠶᠠᠯᠴᠢ ᠰᠦᠨ ᠬᠠᠢ ᠲᠤᠤ ᠶᠢᠨ ᠲᠡᠤᠭᠡᠳᠦ ᠷᠤᠮᠠᠨ ︽ᠮᠢᠩᠭᠠᠨᠳᠤ︾᠎ ᠶᠢ ᠦᠨᠳᠦᠰᠦᠯᠡᠨ‌ᠦᠭᠡᠷᠡᠴᠢᠯᠡᠨ ᠨᠠᠶᠢᠷᠠᠭᠤᠯᠤᠬᠰᠠᠨ ᠪᠠᠶᠢᠨ᠎ᠠ᠃ ᠬᠠᠭᠠᠰ ᠵᠢᠯ ᠢᠯᠡᠬᠦᠦ ᠶᠢᠨ ᠬᠤᠭᠤᠴᠠᠭ᠎ᠠ ᠲᠠᠢ ᠵᠤᠬᠢᠶᠠᠨ ᠨᠠᠶᠢᠷᠠᠭᠤᠯᠬᠤ ᠪᠠᠷ ᠳᠠᠮᠵᠢᠨ᠂ ᠰᠢᠯᠢ ᠶᠢᠨ ᠭᠤᠤᠯ ᠠᠶᠢᠮᠠᠭ ᠤᠨ ᠶᠢᠰᠥᠳᠥᠬᠡᠷ ᠤᠳᠠᠭᠠᠨ ᠎ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠳᠤ ᠠᠩᠬ᠎ᠠ ᠤᠳᠠᠭ᠎ᠠ ᠳᠤᠭᠯᠠᠵᠤ᠂ ᠦᠵᠡᠭᠴᠢᠳ ᠲᠤ ᠨᠢᠬᠡᠨ ᠲᠠᠯᠠᠪᠠᠢ ᠭᠤᠶᠢᠳᠠ ᠰᠠᠶᠢᠬᠠᠨ ᠲᠤᠭᠯᠠᠯᠳᠠ ᠰᠤᠨᠢᠷᠬᠠᠭᠤᠯᠤᠭᠰᠠᠨ ᠪᠦᠬᠡᠳ ᠲᠡᠳᠡᠨ ᠤ ᠦᠨᠳᠥᠷ ᠦᠨᠡᠯᠡᠯᠳᠡ ᠶᠢ ᠬᠦᠷᠳᠡᠪᠡ᠃ 2013 ᠤᠨ ᠳᠤ᠂ ᠳᠠᠭᠤᠤ ᠪᠦᠵᠢᠭᠳᠦ ᠵᠦᠴᠦᠭᠡ ︽ᠮᠢᠩᠭᠠᠨᠳᠤ︾᠎ ᠨᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ︽ᠰᠢᠯᠢᠳᠡᠭ ᠵᠦᠴᠦᠭᠡ ᠨᠠᠶᠢᠷᠠᠭᠤᠯᠤᠭᠴᠢ ᠶᠢᠨ ᠱᠠᠩᠨᠠᠯ︾ ᠪᠤᠯᠤᠨ ︽ᠰᠢᠯᠢᠳᠡᠭ ᠰᠤᠩᠭᠤᠭᠳᠠᠭᠰᠠᠨ ᠵᠦᠴᠦᠭᠡ ᠶᠢᠨ ᠱᠠᠩᠨᠠᠯ︾᠎ ᠢ ᠬᠦᠷᠳᠡᠵᠤ᠂ ᠦᠪᠡᠷᠳᠡᠭᠡᠨ ᠵᠠᠰᠠᠬᠤ ᠤᠷᠤᠨ ᠤ ︽ᠲᠠᠯ᠎ᠠ ᠨᠤᠳᠤᠬ ᠢᠶᠠᠨ ᠮᠠᠬᠳᠠᠨ ᠲᠠᠭᠤᠯᠠᠵᠤ᠂ ᠬᠦᠮᠦᠨ ᠠᠷᠠᠳ ᠢᠶᠠᠨ ᠤᠶᠠᠩᠭᠠᠯᠠᠨ ᠲᠤᠭᠠᠴᠢᠬᠤ︾ ᠰᠢᠯᠢᠳᠡᠭ ᠵᠦᠴᠦᠭᠡ ᠪᠠᠷ ᠰᠤᠩᠭᠤᠭᠳᠠᠵᠤ᠂ 8 ᠠᠶᠢᠮᠠᠭ ᠬᠤᠳᠠ ᠳᠤ ᠳᠤᠭᠤᠷᠢᠨ ᠳᠤᠭᠯᠠᠵᠤ᠂ ᠦᠵᠡᠭᠴᠢ ᠤᠯᠠᠨ ᠤ ᠬᠠᠯᠠᠭᠤᠨ ᠳᠠᠭᠠᠰᠢᠶᠠᠯ ᠢ ᠤᠯᠤᠭᠰᠠᠨ ᠶᠤᠮ᠃             2014 ᠤᠨ ᠤ ᠡᠬᠢᠨ ᠳᠤ᠂ ᠪᠦᠵᠢᠭᠳᠦ ᠵᠦᠴᠦᠭᠡ ᠶᠢᠨ ᠳᠠᠭᠤᠤ ᠬᠦᠭᠵᠢᠮ᠂ ᠪᠦᠵᠢᠭ ᠤᠨ ᠳᠠᠶᠢᠰᠠᠨ ᠤ ᠤᠷᠠᠯᠢᠭ᠂ ᠪᠦᠵᠢᠭ ᠤᠨ ᠭᠡᠰᠡᠭᠯᠡᠯ᠂ ᠦᠵᠡᠮᠵᠢ ᠠᠬᠤᠢ ᠶᠢᠨ ᠳᠤᠭᠯᠠᠯᠳᠠ᠂ ᠦᠯᠢᠭᠡᠷ ᠤᠨ ᠦᠢᠯᠡ ᠶᠠᠪᠤᠳᠠᠯ ᠢ ᠳᠠᠬᠢᠨ ᠨᠠᠶᠢᠷᠠᠭᠤᠯᠵᠤ᠂ 6 ᠰᠠᠷ᠎ᠠ ᠶᠢᠨ 15᠎ ᠤ ᠡᠳᠦᠷ ᠦᠪᠤᠷ ᠮᠤᠩᠭᠤᠯ ᠤᠨ ᠲᠧᠯᠧᠢᠰ ᠬᠤᠷᠢᠶᠠᠨ ᠤ ᠳᠤᠮᠤ ᠭᠡᠯᠪᠡᠷᠢ ᠶᠢᠨ ᠤᠷᠠᠯᠢᠭ ᠤᠨ ᠫᠷᠤᠭ᠍ᠷᠠᠮ ᠢ ᠰᠡᠬᠦᠳᠡᠷᠯᠡᠨ ᠰᠢᠩᠭᠡᠭᠡᠭᠦ ᠳᠤᠰᠬᠠᠢ ᠪᠦᠯᠬᠦᠮ ᠶᠢ ᠤᠷᠢᠵᠤ᠂ ᠰᠢᠯᠢ ᠶᠢᠨ ᠭᠤᠤᠯ ᠳᠠᠭᠤᠤ ᠪᠦᠵᠢᠭ ᠤᠨ ᠬᠦᠷᠢᠶᠡᠯᠡᠩ ᠳᠤ ᠰᠡᠬᠦᠳᠡᠷᠯᠡᠨ ᠰᠢᠩᠭᠡᠭᠡᠵᠤ᠂ ᠭᠡᠷᠡᠯᠯᠢᠭ ᠳᠠᠪᠠᠭ ᠪᠤᠯᠭᠠᠨ ᠦᠢᠯᠡᠳᠴᠦ᠂ ᠦᠪᠡᠷᠳᠡᠭᠡᠨ ᠵᠠᠰᠠᠬᠤ ᠤᠷᠤᠨ ᠵᠢᠴᠢ ᠤᠯᠤᠰ ᠤᠨ ︽5.1 ᠢᠠᠵᠧᠨᠧᠷᠢᠩ︾᠎ ᠤᠨ ᠱᠠᠩᠨᠠᠯ ᠢ ᠬᠢᠨᠠᠨ ᠰᠢᠯᠭᠠᠷᠠᠭᠤᠯᠬᠤ ᠳᠤᠭᠤᠶᠢᠯᠠᠩ ᠲᠤ ᠬᠦᠷᠭᠡᠬᠦ ᠪᠠᠷ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠨᠡᠷᠡᠳᠤ ᠭᠡᠷᠡᠯ ᠵᠢᠷᠤᠭᠴᠢᠨ ᠶᠢ ᠤᠷᠢᠵᠤ ᠵᠦᠴᠦᠭᠡ ᠶᠢᠨ ᠵᠢᠷᠤᠭ ᠰᠡᠬᠦᠳᠡᠷ ᠢ ᠠᠪᠬᠠᠭᠤᠯᠪᠠ᠃ ᠭᠤᠷᠪᠠ ᠤᠳᠠᠭᠠᠨ ᠤ ᠵᠠᠰᠠᠨ ᠨᠠᠶᠢᠷᠠᠭᠤᠯᠭ᠎ᠠ ᠶᠢ ᠳᠠᠮᠵᠢᠨ᠂ ᠪᠦᠵᠢᠭᠳᠦ ᠵᠦᠴᠦᠭᠡ ᠶᠢᠨ ᠠᠭᠤᠯᠭ᠎ᠠ ᠪᠠ ᠬᠡᠯᠪᠡᠷᠢ ᠰᠢᠨ᠎ᠡ ᠰᠡᠪᠡᠬᠦᠨ᠂ ᠨᠦᠯᠥᠬᠡᠯᠡᠯ ᠤᠨ ᠬᠦᠴᠥᠨ ᠴᠢᠩᠭ᠎ᠠ ᠰᠤᠶᠤᠯ ᠤᠷᠠᠯᠢᠭ ᠤᠨ ᠰᠤᠳᠤᠨ ᠪᠦᠳᠥᠬᠡᠯ ᠪᠤᠯᠵᠦ ᠴᠢᠳᠠᠵᠠᠢ᠃           ᠤᠳᠤᠬᠠᠨ ᠳᠤ ᠪᠦᠵᠢᠭᠳᠦ ᠵᠦᠴᠦᠭᠡ ︽ᠮᠢᠩᠭᠠᠳᠤ︾ ᠨᠢᠭᠡᠨᠳᠡ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽5.1 ᠢᠠᠵᠧᠨᠧᠷᠢᠩ︾᠎ ᠤᠨ ᠱᠠᠩᠨᠠᠯ ᠢ ᠬᠦᠷᠳᠡᠪᠡ᠂ ᠳᠠᠷᠠᠭ᠎ᠠ ᠠᠯᠬᠤᠮ ᠳᠤ ᠤᠯᠤᠰ ᠤᠨ ︽5.1 ᠢᠠᠵᠧᠨᠧᠷᠢᠩ︾᠎ ᠤᠨ ᠱᠠᠩᠨᠠᠯ ᠢ ᠡᠷᠡᠮᠡᠯᠵᠡᠬᠦ ᠪᠤᠯᠤᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号