2017 ᠣᠨ ᠳᠤ ᠮᠠᠨ ᠤ ᠬᠤᠰᠢᠭᠤ ᠨᠢ ᠳᠡᠵᠢᠬᠡᠨ ᠦᠷᠡᠵᠢᠬᠦᠯᠬᠦ ᠭᠠᠵᠠᠷ᠂ ᠳᠣᠰᠬᠠᠢ ᠬᠤᠷᠰᠢᠶᠠᠵᠢᠯ | ᠂ ᠣᠨᠴᠠᠯᠢᠭᠳᠣ ᠳᠠᠷᠢᠮᠠᠯ ᠵᠡᠷᠭᠡ ᠶᠢ ᠪᠦᠬᠦ ᠬᠦᠴᠦᠨ ᠢᠶᠠᠷ ᠬᠦᠭᠵᠢᠬᠦᠯᠵᠦ᠂ ᠶᠡᠷᠦᠩᠭᠡᠶᠢᠯᠡᠭᠰᠡᠨ ᠠᠰᠢᠭ ᠣᠷᠣᠯᠭ᠎ᠠ | ᠪᠠᠨ ᠨᠡᠮᠡᠭᠳᠡᠬᠦᠯᠬᠦ ᠪᠣᠯᠣᠨ᠎ᠠ᠃ | 2017 ᠣᠨ ᠳᠤ ᠮᠠᠨ ᠤ ᠬᠤᠰᠢᠭᠤ ᠨᠢ ︽ ᠳᠣᠮᠳᠠᠳᠣ ᠣᠯᠣᠰ ᠤᠨ ᠳᠦᠷᠦ ᠶᠢᠨ ᠶᠠᠪᠣᠳᠠᠯ ᠤᠨ | ᠬᠤᠷᠢᠶᠠᠨ ᠤ ᠳᠠᠷᠢᠶᠠᠯᠠᠩ ᠤᠨ ᠦᠢᠯᠡᠰ ᠤᠨ ᠬᠠᠵᠠᠭᠤ ᠶᠢᠨ ᠪᠦᠳᠦᠴᠡᠳᠦ ᠦᠬᠡᠷᠡᠴᠢᠯᠡᠯᠳᠡ ᠳᠤ ᠰᠢᠨ᠎ᠡ ᠡᠨᠧᠷᠬᠢ ᠶᠢ | ᠳᠦᠷᠭᠡᠨ ᠢᠶᠠᠷ ᠬᠠᠩᠭᠠᠬᠤ ᠶᠢ ᠬᠦᠨᠵᠡᠭᠡᠢ ᠠᠬᠢᠭᠤᠯᠬᠤ ᠳᠣᠬᠠᠢ ᠡᠳᠣᠢ ᠳᠡᠳᠣᠢ ᠰᠠᠨᠠᠯ︾ ᠢ ᠦᠨᠡᠨᠬᠦ ᠳᠣᠣᠱᠯᠠᠭᠤᠯᠣᠨ | ᠨᠠᠶᠢᠳᠠᠪᠣᠷᠢᠵᠢᠭᠤᠯᠵᠦ᠂ ᠮᠠᠯᠵᠢᠬᠤ ᠳᠠᠷᠢᠶᠠᠯᠠᠭᠬᠤ ᠦᠢᠯᠡᠰ ᠢᠶᠠᠷ ᠬᠠᠩᠭᠠᠯᠠᠭ᠎ᠠ ᠶᠢᠨ ᠪᠦᠳᠦᠴᠡ ᠶᠢᠨ ᠦᠬᠡᠷᠡᠴᠢᠯᠡᠯᠡᠳᠡ | ᠶᠢ ᠢᠳᠡᠪᠬᠢᠳᠡᠢ ᠠᠬᠢᠭᠤᠯᠵᠦ᠂ ︽ᠬᠤᠶᠠᠷ ᠰᠢᠯᠢᠳᠡᠭ ᠳᠦᠷᠪᠡᠨ ᠰᠢᠯᠢᠳᠡᠭᠵᠢᠬᠦᠯᠦᠯᠳᠡ︾ ᠪᠠᠷ ᠬᠠᠷᠠᠯᠳᠠ ᠪᠣᠯᠭᠠᠵᠦ᠂ | ︽ᠬᠤᠨᠢ ᠶᠢ ᠴᠦᠬᠡᠴᠢᠯᠡᠵᠦ᠂ ᠦᠬᠡᠷ ᠢ ᠨᠡᠮᠡᠭᠳᠡᠬᠦᠯᠬᠦ︾ ᠪᠠᠶᠢᠯᠳᠣᠬᠤ ᠪᠣᠳᠣᠯᠭ᠎ᠠ ᠶᠢ ᠬᠦᠨᠵᠡᠭᠡᠢ ᠬᠡᠷᠡᠭᠵᠢᠬᠦᠯᠦᠨ᠂ | ᠰᠢᠯᠢᠳᠡᠭ ᠡᠬᠦᠯᠳᠡᠷ ᠤᠨ ᠦᠬᠡᠷ ᠤᠨ ᠮᠢᠬᠠᠨ ᠤ ᠦᠢᠯᠡᠰ ᠤᠨ ᠬᠦᠭᠵᠢᠯᠳᠡ ᠶᠢ ᠳᠦᠷᠭᠡᠳᠭᠡᠵᠦ᠂ ᠠᠶᠢᠮᠠᠭ ᠤᠨ ᠨᠠᠮ | ᠤᠨ ᠬᠤᠷᠢᠶ᠎ᠠ ᠵᠠᠬᠢᠷᠭ᠎ᠠ ᠶᠢᠨ ᠪᠠᠭᠤᠯᠭᠠᠭᠰᠠᠨ 2000 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠳᠦᠷᠢᠮᠵᠢᠭᠰᠡᠨ | ᠳᠡᠵᠢᠬᠡᠨ ᠦᠷᠡᠵᠢᠬᠦᠯᠬᠦ ᠳᠠᠯᠠᠪᠣᠷ ᠨᠢᠬᠡ ᠂ 300 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠳᠣᠰᠬᠠᠢ | ᠬᠤᠷᠰᠢᠶᠠᠵᠢᠯ ᠭᠤᠷᠪᠠ᠂ 50 ᠳᠣᠯᠣᠭᠠᠢ ᠠᠴᠠ ᠳᠡᠭᠡᠭᠰᠢ ᠮᠠᠯ ᠳᠡᠵᠢᠬᠡᠬᠦ ᠣᠳᠣᠬᠢᠴᠢᠯᠠᠭᠰᠠᠨ ᠬᠡᠷ ᠪᠦᠯᠢ ᠶᠢᠨ | ᠮᠠᠯᠵᠢᠯ ᠤᠨ ᠳᠠᠯᠠᠪᠣᠷ 100 ᠶᠢ ᠪᠠᠶᠢᠭᠤᠯᠬᠤ ᠬᠠᠷᠠᠯᠳᠠ ᠪᠠᠨ ᠪᠡᠶᠡᠯᠡᠬᠦᠯᠦᠨ᠎ᠡ᠃ ᠳᠦᠬᠦᠷᠵᠢᠭᠰᠡᠨ ᠳᠠᠷᠢᠶᠠᠯᠠᠩ ᠤᠨ | ᠦᠢᠯᠡᠰ᠂ ᠣᠰᠣ ᠶᠢ ᠠᠷᠪᠢᠯᠠᠬᠤ ᠳᠠᠷᠢᠶᠠᠯᠠᠩ ᠦᠢᠯᠡᠰ ᠢ ᠦᠳᠳᠦᠷ ᠬᠦᠭᠵᠢᠬᠦᠯᠦᠨ᠂ ᠢᠳᠡᠰᠢᠨ ᠨᠣᠭᠤᠭ᠎ᠠ ᠭᠤᠸ᠎ᠠ | ᠵᠢᠮᠢᠰ ᠵᠡᠷᠭᠡ ᠣᠨᠴᠠᠯᠢᠭᠳᠣ ᠳᠠᠷᠢᠶᠠᠯᠠᠩ ᠤᠨ ᠪᠦᠳᠦᠭᠡᠭᠳᠡᠬᠦᠨ ᠢ ᠳᠦᠷᠢᠮᠵᠢᠬᠦᠯᠦᠨ ᠳᠠᠷᠢᠵᠦ᠂ ᠬᠦᠳᠡᠭᠡ ᠣᠷᠣᠨ ᠤ | ᠮᠠᠯᠵᠢᠬᠤ ᠦᠢᠯᠡᠰ ᠢ ᠶᠡᠭᠡ ᠬᠦᠴᠦᠨ ᠢᠶᠠᠷ ᠬᠦᠭᠵᠢᠬᠦᠯᠵᠦ᠂ ᠶᠡᠷᠦᠩᠭᠡᠶᠢᠯᠡᠭᠰᠡᠨ ᠠᠰᠢᠭ ᠣᠷᠣᠯᠭ᠎ᠠ ᠶᠢ | ᠨᠡᠮᠡᠭᠳᠡᠬᠦᠯᠦᠨ᠎ᠡ᠃ | |