ᠰᠢᠯᠣᠭᠤᠨ ᠬᠦᠪᠭᠡᠳᠣ ᠴᠠᠭᠠᠨ ᠬᠤᠰᠢᠭᠤ ᠨᠢ ︽ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ︾ ᠪᠠᠭᠰᠢ ᠨᠠᠷ ᠤᠨ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠤᠨ ᠠᠩᠭᠢ ᠶᠢ ᠡᠷᠬᠢᠯᠡᠭᠰᠡᠨ
ᠨᠡᠶᠢᠲᠡᠯᠡᠭᠰᠡᠨ ᠴᠠᠭ᠄
2017/6/22
     2.24 —27 ᠤ ᠡᠳᠣᠷ᠂ ᠪᠣᠯᠳᠠᠯ᠎ᠠ ᠳᠣᠮᠳᠠᠳᠣ ᠣᠯᠣᠰ ᠤᠨ ᠴᠧᠩ ᠰᠢᠶᠠᠩ ᠮᠸᠢ ᠨᠡᠶᠢᠳᠡ ᠶᠢᠨ ᠦᠢᠯᠡᠴᠢᠯᠡᠬᠡᠨ ᠤ ᠰᠠᠭᠤᠷᠢ ᠮᠦᠩᠭᠦᠨ ᠤ ᠨᠡᠶᠢᠬᠡᠮᠯᠢᠭ  ᠂ ᠡᠶ᠎ᠡ ᠵᠣᠬᠢᠴᠠᠯᠳᠦ ᠵᠢᠯᠣᠭᠤᠳᠣᠭᠴᠢ ᠰᠠᠭᠤᠷᠢ ᠮᠦᠩᠭᠦᠨ ᠤ ᠨᠡᠶᠢᠬᠡᠮᠯᠢᠭ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠳᠣᠪᠴᠢᠶᠡᠨ ᠠᠴᠠ ᠭᠤᠣᠯᠯᠠᠨ ᠡᠷᠬᠢᠯᠡᠵᠦ᠂ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠵᠢᠴᠢ ᠰᠣᠷᠣᠯᠴᠠᠬᠤ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠵᠢᠴᠢ ᠰᠣᠷᠣᠯᠴᠠᠬᠤ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠤᠨ ᠠᠩᠭᠢ ᠨᠢ ᠴᠠᠭᠠᠨᠨᠠᠭᠤᠷ ᠳᠣᠮᠳᠠᠳᠣ ᠰᠣᠷᠭᠠᠭᠤᠯᠢ ᠳᠤ ᠬᠢᠴᠢᠶᠡᠯ ᠡᠬᠢᠯᠡᠵᠦ᠂ ᠪᠦᠬᠦ ᠬᠤᠰᠢᠭᠤᠨ ᠤ ᠡᠯ᠎ᠡ ᠳᠣᠮᠳᠠᠳᠣ ᠪᠠᠭ᠎ᠠ ᠰᠣᠷᠭᠠᠭᠤᠯᠢ ᠶᠢᠨ 81 ᠪᠠᠭᠰᠢ ᠳᠣᠰ ᠣᠳᠠᠭᠠᠨ ᠤ ᠪᠣᠯᠪᠠᠰᠣᠷᠠᠯ ᠳᠤ ᠣᠷᠣᠯᠴᠠᠭᠰᠠᠨ ᠪᠠᠶᠢᠨ᠎ᠠ᠃     ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠨᠢ ᠨᠡᠶᠢᠳᠡ 12 ᠴᠠᠭ ᠪᠠᠶᠢᠵᠦ᠂ ᠭᠤᠷᠪᠠᠨ ᠬᠤᠭᠤᠴᠠᠭ᠎ᠠ ᠬᠤᠪᠢᠶᠠᠨ ᠶᠠᠪᠣᠭᠳᠠᠭᠤᠯᠣᠭᠰᠠᠨ ᠶᠣᠮ᠃ ᠳᠣᠰ ᠣᠳᠠᠭᠠᠨ ᠤ ᠪᠣᠯᠪᠠᠰᠣᠷᠠᠯ ᠨᠢ ᠪᠠᠭᠰᠢ ᠨᠠᠷ  ᠳᠤ ᠳᠦᠷᠭᠡᠨ ᠮᠦᠷᠳᠡᠭᠡᠨ ᠦᠷ᠎ᠡ ᠪᠦᠳᠦᠮᠵᠢᠳᠡᠢ ᠰᠡᠳᠬᠢᠴᠡ ᠶᠢᠨ ᠪᠠᠭᠠᠵᠢ ᠪᠣᠯᠣᠨ ᠠᠭᠤᠵᠢᠭᠤ ᠳᠠᠯᠪᠢᠭᠤ ᠪᠠᠶᠠᠷ ᠪᠠᠶᠠᠰᠬᠤᠯᠠᠩᠳᠠᠢ ᠪᠠᠷ ᠵᠢᠭᠠᠨ ᠰᠣᠷᠭᠠᠬᠤ ᠠᠷᠭ᠎ᠠ ᠶᠢ ᠵᠢᠭᠠᠬᠤ ᠪᠠᠷ ᠳᠠᠮᠵᠢᠨ᠂ ᠪᠠᠭᠰᠢ ᠨᠠᠷ ᠤᠨ ᠰᠡᠳᠬᠢᠴᠡ ᠶᠢᠨ ᠬᠡᠪ ᠪᠣᠯᠪᠠᠰᠣᠷᠠᠯ᠂ ᠦᠵᠡᠯ ᠰᠠᠨᠠᠭ᠎ᠠ ᠵᠢᠴᠢ ᠦᠢᠯᠡ ᠠᠵᠢᠯᠯᠠᠭ᠎ᠠ ᠶᠢᠨ ᠬᠡᠪ ᠳᠣᠭᠳᠠᠯᠴᠠᠭ᠎ᠠ ᠶᠢ ᠳᠡᠭᠡᠭᠰᠢᠯᠡᠬᠦᠯᠦᠨ᠂ ᠨᠡᠩ ᠢᠳᠡᠪᠬᠢᠳᠡᠢ  ᠦᠭᠡᠳᠡᠷᠡᠭ ᠢᠶᠠᠷ ᠠᠵᠢᠯ ᠰᠣᠷᠣᠯᠴᠠᠯᠭ᠎ᠠ ᠳᠤ ᠪᠠᠨ ᠬᠠᠨᠳᠣᠵᠦ᠂ ᠵᠢᠭᠠᠨ ᠰᠣᠷᠭᠠᠬᠤ ᠪᠠ ᠰᠣᠷᠣᠯᠴᠠᠬᠤ ᠦᠷ᠎ᠡ ᠪᠦᠳᠦᠮᠵᠢ ᠶᠢ ᠳᠡᠭᠡᠭᠰᠢᠯᠡᠬᠦᠯᠬᠦ ᠪᠠᠷ ᠳᠠᠮᠵᠢᠨ᠂ ᠰᠣᠷᠣᠭᠴᠢᠳ ᠤᠨ ᠰᠣᠷᠣᠯᠴᠠᠬᠤ ᠣᠷᠮᠠᠰᠢᠯ ᠵᠢᠴᠢ ᠰᠣᠷᠣᠯᠴᠠᠬᠤ ᠴᠢᠳᠠᠪᠬᠢ ᠶᠢ ᠳᠡᠭᠡᠭᠰᠢᠯᠡᠬᠦᠯᠬᠦ ᠪᠠᠷ ᠭᠤᠣᠯᠳᠠᠯᠭ᠎ᠠ ᠪᠠᠨ ᠪᠣᠯᠭᠠᠵᠠᠢ᠃     ᠪᠣᠯᠪᠠᠰᠣᠷᠠᠯ ᠳᠤ᠂ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠤᠨ ᠵᠢᠯᠣᠭᠤᠳᠣᠭᠴᠢ᠂ ᠣᠯᠣᠰ ᠤᠨ ᠬᠤᠶᠠᠳᠣᠭᠠᠷ ᠳᠡᠰ ᠤᠨ ᠰᠡᠳᠬᠢᠴᠠ ᠶᠢᠨ ᠵᠢᠯᠣᠭᠤᠳᠣᠭᠴᠢ᠂ ᠣᠯᠣᠰ ᠤᠨ ᠪᠡᠶ᠎ᠡ ᠰᠡᠳᠬᠢᠴᠡ ᠶᠢᠨ ᠢᠳᠡᠪᠬᠢᠵᠢᠯ ᠢ ᠡᠮᠨᠡᠬᠦ ᠰᠡᠳᠬᠢᠴᠠ ᠶᠢᠨ ᠵᠢᠯᠣᠭᠤᠳᠣᠭᠴᠢ ᠯᠢ ᠯᠢ ᠶᠢᠩ ᠵᠢᠴᠢ ᠠᠭᠤᠵᠢᠭᠤ ᠳᠠᠯᠪᠢᠭᠤ ᠪᠠᠷ ᠵᠢᠭᠠᠨ ᠰᠣᠷᠭᠠᠬᠤ ᠪᠠ ᠰᠣᠷᠣᠯᠴᠠᠬᠤ ᠬᠢᠴᠢᠶᠡᠯ ᠤᠨ ᠵᠢᠯᠣᠭᠤᠳᠣᠭᠴᠢ᠂ ᠦᠪᠦᠷ ᠮᠣᠩᠭᠤᠯ ᠤᠨ ᠪᠠᠭᠰᠢ  ᠶᠢᠨ ᠶᠡᠭᠡ ᠰᠣᠷᠭᠠᠭᠤᠯᠢ ᠶᠢᠨ ᠳᠡᠳ᠋ ᠫᠧᠷᠤᠪᠧᠰᠰᠤᠷ ᠪᠤᠤ ᠼᠠᠢ ᠶᠦᠨ ᠬᠤᠶᠠᠷ ᠪᠠᠭᠰᠢ ᠠᠴᠠ ᠠᠬᠤᠢ ᠳᠠᠯᠠᠪᠣᠷ ᠲᠤ ᠰᠣᠷᠢᠵᠦ ᠳᠣᠷᠰᠢᠬᠤ᠂ ᠳᠣᠭᠤᠶᠢᠯᠠᠩ ᠬᠤᠪᠢᠶᠠᠨ ᠶᠠᠷᠢᠯᠴᠠᠯᠭ᠎ᠠ ᠦᠷᠨᠢᠬᠦᠯᠬᠦ ᠵᠡᠷᠭᠡ ᠬᠡᠯᠪᠡᠷᠢ ᠪᠠᠷ ᠪᠣᠳᠠᠳᠣ ᠵᠢᠱᠢᠶ᠎ᠡ  ᠲᠠᠢ ᠣᠶᠠᠯᠳᠣᠭᠤᠯᠨ᠂ ᠡᠬᠡᠯ ᠪᠣᠷᠣᠭᠵᠢᠭᠤᠨ ᠬᠡᠯᠡ ᠬᠡᠯᠡᠯᠬᠡ ᠪᠠᠷ ᠪᠠᠭᠰᠢ ᠨᠠᠷ ᠲᠤ ᠠᠭᠤᠵᠢᠭᠤ ᠳᠠᠯᠪᠢᠭᠤ ᠪᠠᠶᠠᠷ ᠪᠠᠶᠠᠰᠬᠤᠯᠠᠩᠳᠠᠢ ᠪᠠᠷ ᠬᠢᠴᠢᠶᠡᠯᠯᠡᠬᠦ ᠠᠷᠭ᠎ᠠ ᠳᠣᠷᠰᠢᠯᠭ᠎ᠠ ᠵᠢᠴᠢ ᠰᠢᠨ᠎ᠡ ᠮᠠᠶ᠋ᠢᠭ ᠤᠨ ᠵᠢᠭᠠᠨ ᠰᠣᠷᠭᠠᠯᠳᠠ ᠶᠢᠨ ᠣᠬᠠᠮᠰᠠᠷ ᠢ ᠣᠯᠭᠤᠭᠰᠠᠨ ᠪᠠᠶᠢᠨ᠎ᠠ᠃     ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠬᠦ ᠬᠡᠵᠦ ᠪᠠᠶᠢᠭ᠎ᠠ ᠳᠠᠰᠢᠷᠠᠮ ᠳᠤ ᠡᠨᠡᠬᠦ ᠪᠣᠯᠪᠠᠰᠣᠷᠠᠯ ᠢ ᠳᠣᠬᠢᠷᠠᠭᠤᠯᠣᠭᠰᠠᠨ ᠨᠢ ᠪᠠᠭᠰᠢ ᠨᠠᠷ ᠤᠨ ᠰᠢᠨ᠎ᠡ ᠮᠠᠶ᠋ᠢᠭ ᠤᠨ ᠵᠢᠭᠠᠨ ᠰᠣᠷᠭᠠᠯᠳᠠ ᠶᠢᠨ ᠣᠬᠠᠮᠰᠠᠷ ᠢᠶᠠᠨ ᠨᠡᠮᠡᠭᠳᠡᠬᠦᠯᠬᠦ ᠂ ᠰᠣᠷᠭᠠᠨ ᠬᠦᠮᠦᠵᠢᠬᠦᠯᠬᠦ ᠠᠷᠭ᠎ᠠ ᠬᠡᠯᠪᠡᠷᠢ ᠪᠠᠨ ᠳᠡᠬᠦᠯᠳᠡᠷᠵᠢᠬᠦᠯᠬᠦ᠂ ᠶᠡᠷᠦᠩᠭᠡᠶᠢᠯᠡᠭᠰᠡᠨ ᠬᠡᠪ ᠴᠢᠨᠠᠷ ᠤᠨ ᠳᠡᠭᠡᠭᠰᠢᠯᠡᠯᠳᠡ  ᠵᠡᠷᠭᠡ ᠳᠠᠯ᠎ᠠ ᠳᠤ ᠣᠬᠢ ᠰᠠᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号