6.20 ᠤ ᠡᠳᠣᠷ᠂ ᠰᠢᠯᠢ ᠶᠢᠨ ᠭᠤᠣᠯ ᠠᠶᠢᠮᠠᠭ ᠤᠨ ᠨᠠᠰᠣᠳᠠᠶᠢᠴᠣᠳ ᠤᠨ ᠪᠡᠶ᠎ᠡ ᠳᠠᠮᠢᠷ ᠤᠨ ᠨᠡᠶᠢᠬᠡᠮᠯᠢᠭ | ᠠᠴᠠ ᠭᠤᠣᠯᠯᠠᠨ ᠡᠷᠬᠢᠯᠡᠵᠦ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠵᠠᠰᠠᠭ ᠤᠨ ᠣᠷᠳᠣᠨ ᠠᠴᠠ | ᠳᠠᠭᠠᠭᠠᠴᠢᠯᠠᠨ ᠡᠷᠬᠢᠯᠡᠵᠦ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠨᠠᠰᠣᠳᠠᠶᠢᠴᠣᠳ ᠤᠨ ᠨᠡᠶᠢᠬᠡᠮᠯᠢᠭ᠂ | ᠰᠢᠯᠢ ᠶᠢᠨ ᠭᠤᠣᠯ ᠠᠶᠢᠮᠠᠭ ᠤᠨᠨᠠᠰᠣᠳᠠᠶᠢᠴᠣᠳ ᠤᠨ ᠨᠡᠶᠢᠬᠡᠮᠯᠢᠭ ᠤᠨ ᠰᠣᠶᠣᠯ ᠣᠷᠠᠯᠭ ᠪᠡᠶ᠎ᠡ ᠴᠢᠬᠢᠷᠠᠭᠵᠢᠭᠤᠯᠬᠤ | ᠠᠵᠢᠯ ᠤᠨ ᠵᠦᠪᠯᠡᠯ ᠠᠴᠠ ᠬᠠᠪᠰᠣᠷᠣᠨ ᠡᠷᠬᠢᠯᠡᠭᠰᠡᠨ ︽ ᠰᠢᠯᠢ ᠶᠢᠨ ᠭᠤᠣᠯ ᠠᠶᠢᠮᠠᠭ ᠤᠨ ᠬᠤᠶᠠᠳᠣᠭᠠᠷ | ᠬᠤᠭᠤᠴᠠᠭᠠᠨ ᠤ ᠨᠠᠰᠣᠳᠠᠶᠢᠴᠣᠳ ᠤᠨ ᠳᠠᠮᠢᠷ ᠤᠨ ᠰᠣᠯᠢᠯᠴᠠᠭᠠᠨ ᠤ ᠶᠡᠭᠡ ᠬᠤᠷᠠᠯ ᠤᠨ ᠪᠡᠶ᠎ᠡ ᠴᠢᠬᠢᠷᠠᠭᠵᠢᠭᠤᠯᠬᠤ | ᠪᠦᠮᠪᠦᠬᠡᠨ ᠣᠷᠣᠯᠳᠣᠭᠠᠨ︾ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠮᠣᠩᠭᠤᠯ ᠳᠣᠮᠳᠠᠳᠣ ᠰᠣᠷᠭᠠᠭᠤᠯᠢ | ᠶᠢᠨ ᠪᠡᠶ᠎ᠡ ᠳᠠᠮᠢᠷ ᠤᠨ ᠣᠷᠳᠣᠨ ᠳᠤ ᠶᠠᠪᠣᠭᠳᠠᠭᠰᠠᠨ ᠪᠠᠶᠢᠨ᠎ᠠ᠃ | 6.20 ᠤ ᠦᠳᠡ ᠶᠢᠨ ᠡᠮᠦᠨ᠎ᠡ ᠣᠷᠣᠯᠳᠣᠭᠠᠨ ᠤ ᠡᠬᠢᠯᠡᠯᠳᠡ ᠶᠢᠨ ᠶᠣᠰᠣᠯᠠᠯ ᠶᠠᠪᠣᠭᠳᠠᠵᠦ᠂ ᠰᠢᠯᠢ ᠶᠢᠨ | ᠬᠤᠳᠠ᠂ ᠠᠪᠠᠭ᠎ᠠ᠂ ᠵᠡᠬᠦᠨ ᠦᠵᠦᠮᠦᠴᠢᠨ᠂ ᠪᠠᠷᠠᠭᠤᠨ ᠦᠵᠦᠮᠦᠴᠢᠨ᠂ ᠳᠣᠯᠣᠨᠨᠠᠭᠤᠷ ᠰᠢᠶᠠᠨ ᠵᠡᠷᠭᠡ ᠰᠢᠯᠢ ᠶᠢᠨ | ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ 13 ᠳᠦᠯᠦᠭᠡᠯᠡᠭᠴᠢ ᠳᠣᠭᠤᠶᠢᠯᠠᠩ ᠤᠨ ᠨᠡᠶᠢᠳᠡ188 | ᠬᠦᠮᠦᠨ ᠣᠷᠣᠯᠳᠣᠭᠠᠨ ᠳᠤ ᠣᠷᠣᠯᠴᠠᠭᠰᠠᠨ ᠪᠠᠶᠢᠨ᠎ᠠ᠃ | ᠣᠷᠣᠯᠳᠣᠭᠠᠨ ᠨᠢ ᠳᠣᠭᠳᠠᠭᠰᠠᠨ ᠳᠦᠷᠦᠯ ᠵᠦᠢᠯ ᠪᠠ ᠰᠣᠩᠭᠤᠯᠳᠠ ᠲᠠᠢ ᠳᠦᠷᠦᠯ ᠵᠦᠢᠯ ᠬᠡᠬᠦ ᠬᠤᠶᠠᠷ | ᠳᠦᠷᠦᠯ ᠢᠶᠠᠷ ᠶᠠᠪᠣᠭᠳᠠᠨ᠂ ᠬᠤᠶᠠᠷ ᠳᠦᠷᠦᠯ ᠤᠨ ᠣᠷᠣᠯᠳᠣᠭᠠᠨ ᠤ ᠶᠡᠷᠦᠩᠭᠡᠢ ᠬᠤᠪᠢ ᠪᠠᠷ ᠳᠦᠷᠦᠬᠦᠦ ᠭᠤᠷᠪᠠᠨ | ᠨᠡᠷ᠎ᠡ ᠶᠢ ᠰᠢᠯᠭᠠᠷᠠᠭᠤᠯᠵᠠᠢ᠃ ᠳᠦᠷᠪᠡᠨ ᠨᠡᠷ᠎ᠡ ᠣᠯᠣᠰ ᠤᠨ ᠳᠡᠰ ᠤᠨ ᠨᠡᠶᠢᠬᠡᠮ ᠤᠨ ᠪᠡᠶ᠎ᠡ ᠶᠢᠨ ᠳᠠᠮᠢᠷ ᠤᠨ | ᠵᠢᠯᠣᠭᠤᠳᠣᠭᠴᠢ ᠶᠢ ᠣᠷᠢᠨ ᠵᠠᠯᠠᠵᠦ ᠣᠷᠣᠯᠳᠣᠭᠠᠨ ᠢ ᠬᠢᠨᠠᠭᠤᠯᠵᠦ᠂ ᠳᠦᠪ ᠭᠤᠣᠯᠴᠢ᠂ ᠡᠷᠭᠡ ᠳᠡᠭᠰᠢ | ᠦᠷᠢᠰᠦᠯᠳᠦᠬᠡᠨ ᠢᠶᠠᠷ ᠣᠷᠣᠯᠳᠣᠭᠠᠨ ᠨᠢ ᠨᠢᠬᠡ ᠡᠳᠣᠷ ᠤᠨ ᠬᠤᠭᠤᠴᠠᠭ᠎ᠠ ᠲᠠᠢ ᠦᠷᠬᠦᠯᠵᠢᠯᠡᠵᠦ᠂ ᠡᠴᠣᠰ ᠲᠤ | ᠰᠢᠯᠢ ᠶᠢᠨ ᠬᠤᠳᠠ ᠶᠢᠨ ᠳᠦᠯᠦᠭᠡᠯᠡᠭᠴᠢ ᠳᠣᠭᠤᠶᠢᠯᠠᠩ ᠨᠢᠬᠡᠳᠣᠭᠡᠷ ᠨᠡᠷ᠎ᠡ᠂ ᠣᠯᠠᠭᠠᠢ ᠬᠠᠮᠢᠶᠠᠷᠣᠯᠳᠠ ᠶᠢᠨ ᠣᠷᠣᠨ | ᠪᠠ ᠳᠣᠯᠣᠨᠨᠠᠭᠤᠷ ᠰᠢᠶᠠᠨ ᠤ ᠳᠦᠯᠦᠭᠡᠯᠡᠭᠴᠢ ᠳᠣᠭᠤᠶᠢᠯᠠᠩ ᠳᠣᠰ ᠳᠣᠰ ᠬᠤᠶᠠᠷ ᠭᠤᠷᠪᠠᠳᠣᠭᠠᠷ ᠨᠡᠷ᠎ᠡ ᠳᠤ | ᠳᠣᠳᠣᠷᠠᠨ᠂ ᠵᠡᠬᠦᠨ ᠦᠵᠦᠮᠦᠴᠢᠨ ᠪᠠ ᠰᠦᠨᠢᠳ ᠪᠠᠷᠠᠭᠤᠨ ᠬᠤᠰᠢᠭᠤᠨ ᠤ ᠳᠦᠯᠦᠬᠡᠯᠡᠭᠴᠢ ᠳᠣᠭᠤᠶᠢᠯᠠᠩ ᠳᠣᠰ | ᠳᠣᠰ ᠪᠡᠶ᠎ᠡ ᠳᠠᠮᠢᠷ ᠤᠨ ᠶᠣᠰᠣ ᠰᠣᠷᠳᠠᠬᠤᠨ ᠤ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠣᠭᠰᠠᠨ ᠨᠢᠬᠡᠴᠡ ᠶᠢᠨ | ᠱᠠᠩᠨᠠᠯ ᠢ ᠳᠣᠰᠣᠭᠰᠠᠨ ᠪᠠᠶᠢᠨ᠎ᠠ᠃ | ᠳᠣᠰ ᠣᠷᠣᠯᠳᠣᠭᠠᠨ ᠨᠢ᠂ ᠨᠠᠰᠣᠳᠠᠶᠢᠴᠣᠳ ᠤᠨ ᠪᠡᠶ᠎ᠡ ᠳᠠᠮᠢᠷ ᠤᠨ ᠠᠵᠢᠯ ᠤᠨ ᠬᠢᠷᠢ ᠲᠦᠪᠰᠢᠨ ᠢ | ᠳᠡᠭᠡᠭᠰᠢᠯᠡᠬᠦᠯᠵᠦ᠂ ᠨᠠᠰᠣᠳᠠᠶᠢᠴᠣᠳ ᠤᠨ ᠪᠡᠶ᠎ᠡ ᠳᠠᠮᠢᠷ ᠤᠨ ᠦᠢᠯᠡᠰ ᠢ ᠰᠢᠨ᠎ᠡ ᠳᠡᠭᠳᠡᠷ ᠲᠤ ᠭᠠᠷᠭᠠᠨ᠂ ᠪᠡᠶ᠎ᠡ | ᠴᠢᠬᠢᠷᠠᠭᠵᠢᠭᠤᠯᠬᠤ ᠣᠬᠠᠮᠰᠠᠷ ᠢ ᠨᠡᠮᠡᠭᠳᠡᠬᠦᠯᠵᠦ᠂ ᠨᠠᠰᠣᠳᠠᠶᠢᠴᠣᠳ ᠤᠨ ᠠᠮᠢᠳᠣᠷᠠᠯ ᠳᠤ ᠣᠳᠬ᠎ᠠ ᠠᠭᠤᠯᠭ᠎ᠠ | ᠨᠡᠮᠡᠷᠢᠯᠡᠨ᠂ ᠨᠡᠩ ᠣᠯᠠᠨ ᠨᠠᠰᠣᠳᠠᠶᠢᠴᠣᠳ ᠢ ᠳᠠᠶᠢᠴᠢᠯᠠᠨ ᠳᠠᠭᠠᠭᠤᠯᠬᠤ ᠠᠯᠣᠰ ᠬᠡᠳᠦ ᠶᠢᠨ ᠠᠴᠢ ᠬᠤᠯᠪᠣᠭᠳᠠᠯ ᠲᠠᠢ | ᠶᠣᠮ᠃ |