ᠪᠦᠬᠦ ᠬᠤᠰᠢᠭᠤᠨ ᠤ ᠨᠠᠶᠢᠳᠡ ᠶᠢᠨ ᠪᠣᠰᠣ ᠦᠮᠴᠢᠯᠡᠯᠳᠣ ᠠᠵᠣ ᠠᠬᠤᠢ ᠶᠢᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2017/6/22
   6 ᠰᠠᠷ᠎ᠠ ᠶᠢᠨ 14 ᠤ ᠡᠳᠣᠷ᠂ ᠬᠤᠰᠢᠭᠤ ᠨᠠᠮ ᠵᠠᠰᠠᠭ ᠤᠨ ᠠᠯᠪᠠᠨ ᠠᠰᠠᠷ ᠲᠤ ᠪᠦᠬᠦ ᠬᠤᠰᠢᠭᠤᠨ ᠤ ᠨᠡᠶᠢᠳᠡ ᠶᠢᠨ ᠪᠣᠰᠣ ᠦᠮᠴᠢᠯᠡᠯᠳᠣ ᠠᠵᠣ ᠠᠬᠤᠢ ᠶᠢᠨ ᠠᠵᠢᠯ ᠤᠨ ᠬᠤᠷᠠᠯ ᠬᠤᠷᠠᠯᠳᠣᠭᠰᠠᠨ ᠪᠠᠶᠢᠨ᠎ᠠ᠃ ᠬᠤᠷᠠᠯ  ᠠᠴᠠ ᠪᠦᠬᠦ ᠬᠤᠰᠢᠭᠤᠨ ᠤ ᠨᠡᠶᠢᠳᠡ ᠶᠢᠨ ᠪᠣᠰᠣ ᠦᠮᠴᠢᠯᠡᠯᠳᠣ ᠠᠵᠣ ᠠᠬᠤᠢ ᠶᠢᠨ ᠠᠵᠢᠯ ᠳᠤ ᠪᠣᠳᠠᠳᠠᠢ ᠪᠠᠶᠢᠷᠢᠯᠠᠭᠤᠯᠣᠯᠳᠠ ᠬᠢᠪᠠ  ᠃     ᠬᠤᠰᠢᠭᠤ ᠣᠳᠣᠷᠢᠳᠣᠯᠭ᠎ᠠ ᠪᠣᠣ ᠯᠢ ᠬᠤᠸᠠ᠂ ᠡᠷᠳᠡᠨᠢᠸ᠋ᠴᠢᠷ᠂ ᠯᠢ ᠶᠦᠩ ᠱᠧᠩ  ᠂ ᠡᠷᠳᠡᠨᠢ᠂ ᠪᠤᠯᠠᠭ᠂ ᠵᠠᠩ ᠶᠦᠸᠧ ᠴᠧᠩ᠂ ᠠᠷᠢᠭᠤᠨ᠎ᠠ᠂ ᠯᠢ ᠲᠢᠶᠠᠨ ᠯᠢᠶᠠᠩ᠂ ᠵᠸᠦ ᠰᠢᠶᠡᠨ ᠵᠢᠶᠦ᠋ᠨ᠂ ᠴᠢᠮᠡᠭ  ᠂ ᠡᠷᠭᠡ ᠨᠠᠷ ᠬᠤᠷᠠᠯ ᠳᠤ ᠣᠷᠣᠯᠴᠠᠵᠦ᠂ ᠯᠢ ᠶᠦᠩ ᠱᠧᠩ ᠬᠤᠷᠠᠯ ᠡᠷᠬᠢᠯᠡᠪᠡ  ᠃     ᠪᠤᠤ ᠯᠢ ᠬᠤᠸᠠ ᠬᠤᠷᠠᠯ ᠳᠡᠭᠡᠷ᠎ᠡ ᠬᠡᠳᠣᠨ ᠳᠠᠯ᠎ᠠ ᠶᠢᠨ ᠰᠠᠨᠠᠭᠤᠯᠭ᠎ᠠ ᠳᠣᠷᠠᠳᠣᠪᠠ᠄ ᠨᠢᠬᠡ᠂ ᠳᠠᠨᠢᠯᠳᠠ ᠪᠠᠨ ᠳᠡᠭᠡᠭᠰᠢᠯᠡᠬᠦᠯᠵᠦ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠬᠦᠭᠵᠢᠯᠳᠡ ᠶᠢᠨ ᠢᠳᠡᠭᠡᠯ ᠢ ᠬᠦᠪᠴᠢᠯᠡᠨ᠎ᠡ᠃ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠴᠢᠬᠤᠯᠠ ᠪᠠᠶᠢᠷᠢ ᠰᠠᠭᠤᠷᠢ᠂ ᠮᠠᠨ ᠤ ᠬᠤᠰᠢᠭᠤᠨ ᠤ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠬᠦᠭᠵᠢᠯᠳᠡ ᠶᠢᠨ ᠣᠳᠣᠬᠢ ᠪᠠᠶᠢᠳᠠᠯ ᠪᠣᠯᠣᠨ ᠣᠷᠣᠰᠢᠵᠦ ᠪᠠᠶᠢᠭ᠎ᠠ ᠠᠰᠠᠭᠤᠳᠠᠯ  ᠵᠢᠴᠢ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠬᠦᠭᠵᠢᠯᠳᠡ ᠶᠢ ᠲᠦᠷᠭᠡᠳᠬᠡᠬᠦ ᠳᠣᠬᠢᠶᠠᠯ ᠪᠣᠯᠣᠨ ᠠᠰᠢᠭᠳᠠᠢ ᠨᠦᠬᠦᠴᠡᠯ ᠢ ᠬᠦᠢᠴᠡᠳ ᠳᠠᠨᠢᠬᠤ ᠬᠡᠷᠡᠭᠳᠡᠢ᠃ ᠬᠤᠶᠠᠷ ᠲᠤ᠂ ᠭᠤᠣᠯᠳᠠᠯᠭ᠎ᠠ ᠶᠢ ᠳᠣᠪᠣᠶᠢᠯᠭᠠᠵᠦ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠣᠯᠠᠮ ᠶᠡᠭᠡ ᠬᠦᠭᠵᠢᠯᠳᠡ ᠶᠢ ᠠᠬᠢᠭᠤᠯᠣᠨ᠎ᠠ᠃ ᠠᠷᠠᠯᠵᠢᠶᠠᠴᠢᠨ ᠣᠷᠢᠵᠦ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠶᠡᠷᠦᠩᠭᠡᠢ ᠬᠢᠷᠢ ᠬᠡᠮᠵᠢᠶ᠎ᠡ ᠶᠢ ᠶᠡᠭᠡᠰᠭᠡᠵᠦ᠂ ᠬᠡᠯᠪᠡᠷᠢ ᠶᠢ ᠦᠬᠡᠷᠡᠴᠢᠯᠡᠨ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠪᠦᠳᠦᠴᠡ ᠶᠢ ᠰᠢᠯᠢᠳᠡᠭᠵᠢᠬᠦᠯᠵᠦ᠂  ᠪᠦᠳᠦᠴᠠ ᠶᠢᠨ ᠬᠢᠵᠠᠭᠠᠷᠯᠠᠯ ᠢ ᠡᠪᠳᠡᠵᠦ᠂ ᠨᠡᠶᠢᠳᠡ ᠶᠢᠨ ᠪᠣᠰᠣ ᠦᠮᠴᠢᠯᠡᠯ ᠤᠨ ᠠᠵᠣ ᠠᠬᠤᠢ ᠶᠢᠨ ᠬᠦᠳᠡᠯᠬᠡᠬᠦ ᠬᠦᠴᠦᠨ ᠢ ᠣᠯᠠᠮ ᠨᠢᠬᠡ ᠠᠯᠬᠤᠮ ᠳᠠᠶᠢᠴᠢᠯᠠᠵᠦ᠂ ᠬᠦᠭᠵᠢᠯᠳᠡ  ᠶᠢᠨ ᠣᠷᠴᠢᠨ ᠳᠣᠭᠤᠷᠢᠨ ᠢ ᠰᠢᠯᠢᠳᠡᠭᠵᠢᠬᠦᠯᠵᠦ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠡᠷᠡᠬᠦᠯ ᠬᠦᠭᠵᠢᠯᠳᠡ ᠶᠢ ᠠᠬᠢᠭᠤᠯᠣᠨ᠂ ᠵᠠᠭᠠᠭ ᠱᠣᠭᠤᠮ ᠢ ᠳᠣᠳᠣᠷᠬᠠᠶᠢᠯᠠᠵᠦ᠂ ᠰᠢᠨ᠎ᠡ ᠬᠡᠯᠪᠡᠷᠢ ᠶᠢᠨ ᠵᠠᠰᠠᠭ ᠪᠠ ᠠᠵᠣ ᠠᠬᠤᠶᠢᠯᠠᠯ ᠤᠨ ᠬᠠᠷᠢᠴᠠᠭ᠎ᠠ ᠶᠢ ᠪᠠᠶᠢᠭᠤᠯᠣᠨ᠎ᠠ᠃ ᠭᠤᠷᠪᠠ ᠳᠤ᠂ ᠣᠳᠣᠷᠢᠳᠣᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠬᠦᠭᠵᠢᠯᠳᠡ ᠳᠤ ᠪᠠᠳᠣᠯᠠᠭ᠎ᠠ ᠬᠠᠩᠭᠠᠬᠤ ᠬᠡᠷᠡᠭᠳᠡᠢ ᠬᠡᠯ᠎ᠡ᠃    ᠯᠢ ᠶᠦᠩ ᠱᠧᠩ  ᠴᠢᠬᠤᠯᠠᠴᠢᠯᠠᠬᠤ ᠳᠤ ᠪᠠᠨ᠄ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠳᠦᠷᠦᠯ ᠵᠦᠢᠯ ᠤᠨ ᠪᠠᠶᠢᠭᠤᠯᠣᠯᠳᠠ ᠶᠢ ᠳᠦᠷᠭᠡᠳᠬᠡᠨ᠎ᠡ᠃ ᠲᠦᠷᠦᠯ ᠵᠦᠢᠯ ᠤᠨ ᠰᠦᠪᠡᠭᠴᠢᠯᠡᠯᠳᠡ ᠶᠢ ᠰᠠᠶᠢᠳᠣᠷ ᠠᠳᠬᠤᠵᠦ᠂ ᠠᠬᠢᠭᠤᠯᠣᠨ ᠨᠡᠶᠢᠳᠠᠪᠣᠷᠢᠵᠢᠭᠤᠯᠬᠤ ᠶᠢ ᠴᠢᠩᠭ᠎ᠠ ᠠᠳᠬᠤᠨ᠂ ᠠᠷᠠᠯᠵᠢᠶᠠᠴᠢᠨ ᠣᠷᠢᠵᠦ ᠪᠡᠯᠡ ᠳᠠᠳᠠᠬᠤ  ᠶᠢ ᠴᠢᠩᠭᠠᠳᠬᠠᠨ᠎ᠠ᠃ ᠦᠢᠯᠡᠳᠪᠦᠷᠢᠯᠡᠯ ᠤᠨ ᠪᠣᠬᠢᠷᠳᠠᠯ ᠦᠬᠡᠢ ᠬᠦᠭᠵᠢᠯᠳᠡ ᠪᠠ ᠡᠷᠬᠢᠯᠳᠠ ᠳᠡᠪᠰᠢᠯᠳᠡ ᠶᠢ ᠶᠡᠭᠡ ᠬᠦᠴᠦᠨ ᠢᠶᠠᠷ ᠠᠬᠢᠭᠤᠯᠣᠨ᠎ᠠ᠃ ᠪᠣᠬᠢᠷᠳᠡᠯ ᠦᠬᠡᠢ ᠰᠢᠯᠢᠳᠡᠭ ᠡᠬᠦᠯᠳᠡᠷ ᠤᠨ ᠮᠢᠬᠠᠨ ᠤ ᠬᠤᠨᠢ ᠦᠬᠡᠷ ᠤᠨ ᠦᠢᠯᠡᠰ᠂ ᠪᠣᠬᠢᠷᠳᠠᠯ ᠦᠬᠡᠢ ᠳᠠᠯ᠎ᠠ ᠨᠣᠳᠤᠭ ᠤᠨ ᠵᠣᠭᠠᠴᠠᠯ ᠤᠨ ᠦᠢᠯᠡᠰ ᠪᠠ ᠣᠯᠠᠮᠵᠢᠯᠠᠯᠳᠣ ᠦᠢᠯᠡᠰ ᠤᠨ ᠰᠢᠯᠢᠳᠡᠭᠵᠢᠬᠦᠯᠬᠦ  ᠶᠢ ᠳᠦᠷᠭᠡᠳᠭᠡᠨ᠎ᠡ᠃ ᠬᠦᠷᠦᠩᠭᠡ ᠶᠢᠨ ᠵᠠᠬ᠎ᠠ ᠳᠡᠯᠬᠡᠬᠦᠷ ᠤᠨ ᠰᠢᠰᠲ᠋ᠧᠮ ᠢ ᠪᠦᠷᠢᠨᠰᠢᠬᠦᠯᠵᠦ᠂ ᠵᠠᠰᠠᠭ ᠤᠨ ᠣᠷᠳᠣᠨ ᠪᠠ ᠮᠦᠩᠭᠦᠨ ᠬᠦᠢᠯᠬᠡᠬᠡ᠂ ᠠᠵᠣ ᠠᠬᠤᠶᠢᠯᠠᠯ   ᠤᠨ ᠬᠠᠷᠢᠯᠴᠠᠬᠤ ᠳᠠᠪᠴᠠᠩ ᠢ ᠢᠳᠡᠪᠬᠢᠳᠡᠢ ᠪᠠᠶᠢᠭᠤᠯᠣᠨ ᠠᠷᠠᠳ  ᠠᠴᠠ ᠡᠷᠬᠢᠯᠡᠭᠰᠡᠨ ᠠᠵᠣ ᠠᠬᠤᠶᠢᠯᠠᠯ ᠨᠢ ᠣᠳᠣᠬᠢᠴᠢᠯᠠᠭᠰᠠᠨ ᠠᠵᠣ ᠠᠬᠤᠶᠢᠯᠠᠯ ᠤᠨ ᠬᠠᠮᠢᠶᠠᠷᠣᠯᠳᠠ ᠶᠢᠨ ᠲᠦᠷᠢᠮ  ᠶᠢ ᠬᠡᠷᠡᠭᠵᠢᠬᠦᠯᠬᠦ ᠶᠢ ᠳᠡᠮᠵᠢᠨ ᠳᠠᠶᠢᠴᠢᠯᠠᠨ᠎ᠠ᠃ ᠨᠡᠶᠢᠳᠡ ᠶᠢᠨ ᠪᠣᠰᠣ ᠦᠮᠴᠢᠯᠡᠯᠳᠦ ᠠᠵᠤ ᠠᠬᠤᠢ ᠶᠢᠨ ᠬᠦᠭᠵᠢᠯᠳᠡ  ᠶᠢᠨ ᠪᠠᠭᠤᠷᠠᠢ ᠣᠷᠴᠢᠨ ᠢ ᠴᠢᠷᠮᠠᠶᠢᠨ ᠰᠢᠯᠢᠳᠡᠭᠵᠢᠬᠦᠯᠵᠦ᠂ ᠡᠷᠭᠡ ᠳᠡᠭᠰᠢ ᠦᠷᠢᠰᠦᠯᠳᠦᠬᠦ ᠵᠠᠬ᠎ᠠ ᠳᠡᠯᠬᠡᠬᠦᠷ ᠤᠨ ᠣᠷᠴᠢᠨ ᠳᠣᠭᠤᠷᠢᠨ ᠢ ᠪᠣᠢ ᠪᠣᠯᠭᠠᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠪᠦᠬᠦ ᠳᠠᠯ᠎ᠠ ᠪᠠᠷ ᠠᠳᠬᠤᠬᠤ ᠬᠡᠷᠡᠭᠳᠡᠢ  ᠬᠡᠯ᠎ᠡ᠃    ᠬᠤᠰᠢᠭᠤ ᠨᠠᠮ ᠤᠨ ᠬᠤᠷᠢᠶᠠᠨ ᠤ ᠡᠯ᠎ᠡ ᠬᠡᠯᠳᠡᠰ᠂ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠵᠢᠴᠢ ᠡᠯ᠎ᠡ ᠰᠣᠮᠣ ᠪᠠᠯᠭᠠᠰᠣ᠂ ᠡᠯ᠎ᠡ ᠮᠦᠩᠭᠦᠨ ᠬᠦᠢᠯᠬᠡᠬᠡᠨ ᠤ ᠪᠠᠶᠢᠭᠤᠯᠣᠮᠵᠢ ᠪᠠ ᠬᠡᠰᠡᠭ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号