2017 ᠣᠨ ᠤ ᠵᠠᠰᠠᠭ ᠤᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/6/22

2017 ᠣᠨ ᠤ ᠵᠠᠰᠠᠭ ᠤᠨ ᠠᠵᠢᠯ ᠤᠨ ᠢᠯᠡᠳᠬᠡᠯ

                             ᠵᠠᠰᠠᠭ ᠤᠨ ᠤᠷᠲᠤᠨ ᠤ ᠬᠤᠰᠢᠭᠤ ᠲᠠᠷᠤᠭ᠎ᠠ     ᠰᠣ᠋ ᠫᠧᠩ

ᠲᠦᠯᠦᠭᠡᠯᠡᠭᠴᠢᠳ ᠡ᠄

              ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ

ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ

ᠬᠤᠷᠠᠯ ᠳᠤ ᠰᠤᠯᠠ ᠤᠷᠤᠯᠴᠠᠭ᠎ᠠ ᠨᠦᠬᠦᠳ ᠴᠦ ᠰᠠᠨᠠᠯ ᠢᠶᠠᠨ ᠲᠤᠷᠠᠳᠬᠤ ᠪᠤᠯᠪᠠᠤ᠃

              ᠨᠢᠭᠡ᠂ 2016 ᠤᠨ ᠤ ᠠᠵᠢᠯ ᠤᠨ ᠡᠷᠬᠢᠴᠡᠬᠦᠯᠦᠯ

ᠦᠩᠭᠡᠷᠡᠭᠰᠡᠨ ᠵᠢᠯ ᠤᠨ ᠳᠣᠷᠰᠢᠳᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ ᠬᠤᠰᠢᠭᠤ

ᠨᠠᠮ ᠤᠨ ᠬᠤᠷᠢᠶᠠᠨ ᠤ ᠪᠠᠳᠣᠳᠠᠢ ᠣᠳᠣᠷᠢᠳᠣᠯᠭ᠎ᠠ ᠳᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ

ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠲᠡᠮᠵᠢᠯᠭᠡ ᠳᠣᠣᠷ᠎ᠠ᠂ ᠬᠤᠰᠢᠭᠤ ᠠᠷᠠᠳ ᠤᠨ ᠵᠠᠰᠠᠭ

 ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂

ᠠᠯᠣᠰ ᠤᠨ ᠬᠠᠷᠠᠯᠳᠠ ᠪᠠᠷ ᠰᠡᠳᠬᠢᠮᠵᠢ ᠪᠠᠨ ᠳᠣᠳᠣᠳᠬᠠᠨ ᠬᠦᠭᠵᠢᠯᠳᠠ ᠪᠠᠨ ᠲᠦᠰᠦᠪᠯᠡᠵᠦ᠂ ᠬᠦᠴᠦ ᠵᠣᠷᠢᠭ

 ᠢᠶᠠᠨ ᠬᠠᠮᠳᠣᠳᠬᠠᠨ ᠲᠦᠷᠦᠯ ᠵᠦᠢᠯ ᠢ ᠠᠳᠬᠤᠨ ᠪᠡᠯᠡ ᠣᠷᠣᠭᠤᠯᠣᠯᠳᠠ ᠶᠢ ᠠᠬᠢᠭᠤᠯᠵᠦ᠂ ᠤᠯᠠᠨ ᠠᠷᠭ᠎ᠠ ᠠᠪᠴᠢᠯ

 ᠢᠶᠠᠷ ᠬᠡᠯᠪᠡᠷᠢ ᠶᠢᠨ ᠬᠤᠪᠢᠷᠠᠭᠠᠯᠳᠠ ᠪᠤᠯᠤᠨ ᠳᠤᠭᠳᠠᠭᠤᠨ ᠦᠰᠥᠯᠳᠠ ᠶᠢ ᠠᠬᠢᠭᠤᠯᠵᠤ᠂ ᠪᠦᠬᠦ ᠬᠦᠴᠤᠨ ᠢᠶᠠᠷ ᠢᠶᠠᠨ

ᠳᠤᠳᠠᠭᠳᠠᠯ ᠢᠶᠠᠨ ᠨᠦᠬᠦᠪᠥᠷᠢᠯᠡᠨ ᠲᠤᠯᠭᠠᠭᠤᠷᠢ ᠬᠦᠴᠤᠨ ᠢᠶᠠᠨ ᠴᠢᠩᠭᠠᠯᠠᠵᠦ᠂ ᠠᠷᠠᠳ ᠤᠨ ᠠᠮᠢᠳᠤᠷᠠᠯ ᠢ ᠪᠠᠳᠤᠯᠠᠨ

ᠰᠠᠶᠢᠵᠢᠷᠠᠭᠤᠯᠬᠤ ᠪᠠᠷ ᠬᠠᠯᠠᠰᠢᠷᠠᠯ ᠦᠭᠡᠢ ᠵᠢᠳᠭᠦᠵᠤ᠂ ᠨᠠᠷᠢᠨ ᠬᠢᠨᠠᠮᠠᠭᠠᠢ ᠪᠠᠷ ᠦᠢᠯᠡᠴᠢᠯᠡᠯᠭᠡ ᠪᠠᠨ

ᠰᠢᠯᠢᠳᠡᠭᠵᠢᠭᠦᠯᠤᠨ ᠬᠢᠨᠠᠨ ᠬᠠᠮᠢᠶᠠᠷᠥᠯᠳᠠ ᠪᠠᠨ ᠴᠢᠩᠭᠠᠳᠬᠠᠬᠤ ᠪᠠᠷ ᠴᠢᠷᠮᠠᠶᠢᠭᠰᠠᠨ ᠢᠶᠠᠷ ᠪᠦᠬᠦ ᠵᠢᠯ ᠤᠨ ᠡᠯ᠎ᠡ

ᠲᠦᠷᠥᠯ ᠤᠨ ᠡᠭᠦᠷᠭᠡ ᠬᠠᠷᠠᠯᠳᠠ ᠪᠠᠨ ᠠᠮᠵᠢᠯᠳᠠ ᠲᠠᠢ ᠪᠡᠶᠡᠯᠡᠭᠦᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠢ

ᠠᠮᠵᠢᠯᠳᠠ ᠲᠠᠢ ᠪᠠᠷ ᠡᠬᠢᠯᠡᠭᠦᠯᠵᠡᠢ᠃

︵ᠨᠢᠭᠡ︶ ᠠᠵᠤ ᠠᠬᠤᠢ ᠶᠢᠨ ᠶᠡᠷᠥᠩᠭᠡᠢ ᠬᠡᠮᠵᠢᠶ᠎ᠡ ᠪᠠᠨ ᠶᠡᠭᠡᠰᠬᠡᠬᠦ ᠶᠢ ᠪᠠᠷᠢᠮᠳᠠᠯᠠᠭᠰᠠᠨ ᠢᠶᠠᠷ ᠬᠦᠭᠵᠢᠯᠳᠠ ᠶᠢᠨ

ᠬᠤᠷᠳᠤᠴᠠ ᠤᠯᠠᠮ ᠲᠦᠷᠭᠡᠰᠴᠠᠢ᠃ ᠠᠵᠤ ᠠᠬᠤᠢ ᠶᠢᠨ ᠡᠷᠬᠢᠯᠳᠠ ᠲᠤᠭᠲᠠᠭᠤᠨ ᠤ ᠳᠣᠮᠳᠠ ᠦᠰᠥᠯᠳᠠ ᠲᠠᠢ᠃

ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 34.1 ᠳ᠋ᠦᠩᠰᠢᠭᠤᠷ

ᠲᠦᠬᠦᠷᠢᠭ ᠢ ᠪᠡᠶᠡᠯᠡᠬᠦᠯᠵᠦ᠂ 8.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠣᠴᠠ ᠪᠠᠷ ᠪᠦᠬᠦ ᠠᠶᠢᠮᠠᠭ ᠲᠤ 4

ᠳ᠋ᠤᠭᠡᠷ ᠲᠤ ᠵᠢᠭᠰᠠᠭᠠᠭᠳᠠᠵᠠᠢ᠃ ᠡᠬᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 5.3

ᠳ᠋ᠦᠩᠰᠢᠭᠤᠷ ᠲᠦᠭᠦᠷᠢᠭ ᠬᠦᠷᠴᠦ᠂ 4.1% ᠪᠠᠷ ᠨᠡᠮᠡᠭᠳᠡᠪᠡ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ

ᠦᠷᠳᠡᠭ 16.8 ᠳ᠋ᠦᠩᠰᠢᠭᠤᠷ ᠲᠦᠭᠦᠷᠢᠭ ᠬᠦᠷᠴᠦ᠂ 10.0% ᠪᠠᠷ ᠨᠡᠮᠡᠭᠳᠡᠪᠡ᠂ ᠭᠤᠷᠪᠠᠳᠤᠭᠠᠷ ᠠᠵᠤ ᠦᠢᠯᠡᠰ

 ᠤᠨ ᠨᠡᠮᠡᠭᠳᠡᠯ ᠦᠷᠳᠡᠭ 12.0 ᠳ᠋ᠦᠩᠰᠢᠭᠤᠷ ᠲᠦᠭᠦᠷᠢᠭ ᠬᠦᠷᠴᠦ᠂ 9.4% ᠪᠠᠷ ᠨᠡᠮᠡᠭᠳᠡᠪᠡ᠃ ᠤᠯᠠᠨ ᠨᠡᠶᠢᠳᠠ

 ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 1.36 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ 11.

3% ᠪᠠᠷ ᠨᠡᠮᠡᠭᠳᠡᠵᠤ᠂ ᠨᠡᠮᠡᠭᠳᠡᠯ ᠤᠨ ᠬᠤᠷᠳᠣᠴᠠ ᠨᠢ ᠪᠦᠬᠦ ᠠᠶᠢᠮᠠᠭ ᠲᠤ 6 ᠳ᠋ᠤᠭᠠᠷ ᠲᠤ ᠵᠢᠭᠰᠠᠭᠠᠭᠳᠠᠵᠠᠢ᠃

ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 11.2 ᠳ᠋ᠦᠩᠰᠢᠭᠤᠷ ᠲᠦᠭᠦᠷᠢᠭ ᠢ

ᠪᠡᠶᠡᠯᠡᠭᠦᠯᠵᠤ᠂ 5.6% ᠪᠠᠷ ᠨᠡᠮᠡᠭᠳᠡᠪᠡ᠃ ᠬᠤᠳᠠ ᠬᠦᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ

ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠳᠣᠰᠪᠦᠷᠢ 29772 ᠲᠦᠭᠦᠷᠢᠭ ᠪᠠ 8912 ᠲᠦᠭᠦᠷᠢᠭ

 ᠢ ᠪᠡᠶᠡᠯᠡᠬᠦᠯᠵᠦ᠂ ᠳᠣᠰᠪᠦᠷᠢ 8.8% ᠪᠡ 8.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠣᠴᠠ ᠪᠠᠷ ᠪᠦᠬᠦ

ᠠᠶᠢᠮᠠᠭ ᠲᠤ 1 ᠳ᠋ᠣᠭᠡᠷ ᠪᠣᠯᠣᠨ 4 ᠳ᠋ᠣᠭᠡᠷ ᠲᠤ ᠵᠢᠭᠰᠠᠭᠠᠭᠳᠠᠵᠠᠢ᠃ ᠨᠠᠶᠢᠭᠡᠮ ᠤᠨ ᠬᠡᠷᠡᠭᠯᠡᠯᠭᠡᠨ ᠤ ᠵᠦᠢᠯᠡᠰ ᠤᠨ

ᠵᠢᠵᠢᠭᠯᠡᠨ ᠪᠤᠷᠤᠯᠠᠭᠤᠯᠬᠤ ᠶᠡᠷᠥᠩᠬᠡᠢ ᠦᠷᠳᠡᠭ 8.3 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 9.4% ᠪᠠᠷ

ᠨᠡᠮᠡᠭᠳᠡᠪᠡ᠃ ᠠᠵᠦ ᠠᠬᠤᠢ ᠶᠢᠨ ᠭᠤᠤᠯ ᠵᠢᠭᠠᠯᠳᠠ ᠲᠤᠭᠠᠨ ᠤ ᠨᠡᠮᠡᠭᠳᠡᠯ ᠤᠨ ᠬᠤᠷᠳᠤᠴᠠ ᠨᠢ ᠴᠦᠮ ᠪᠦᠬᠦ ᠠᠶᠢᠮᠠᠭ

 ᠤᠨ ᠲᠤᠮᠳᠠᠴᠢ ᠲᠦᠪᠰᠢᠨ ᠠᠴᠠ ᠳᠠᠪᠠᠵᠠᠢ᠃ ᠲᠦᠷᠥᠯ ᠵᠦᠢᠯ ᠤᠨ ᠪᠦᠳᠥᠭᠡᠨ ᠪᠠᠶᠢᠭᠤᠯᠤᠯᠳᠠ ᠶᠢᠨ ᠦᠷ᠎ᠡ ᠠᠰᠢᠭ

ᠢᠯᠡᠷᠭᠡᠢ᠃ ᠪᠦᠬᠦ ᠵᠢᠯ ᠳᠤ 57 ᠭᠤᠤᠯᠳᠠᠯᠭ᠎ᠠ ᠲᠠᠢ ᠲᠦᠷᠥᠯ ᠵᠤᠶᠢᠯ ᠢ ᠬᠡᠷᠡᠭᠵᠢᠭᠦᠯᠵᠤ᠂ ᠠᠵᠢᠯ ᠡᠬᠢᠯᠡᠯᠳᠠ ᠪᠠ

ᠰᠡᠷᠬᠦᠬᠡᠯᠳᠠ ᠶᠢᠨ ᠨᠤᠷᠮ᠎ᠠ ᠨᠢ 100% ᠬᠦᠷᠴᠤ᠂ 28.23 ᠳ᠋ᠦᠩᠰᠢᠭᠤᠷ ᠲᠦᠭᠦᠷᠢᠭ ᠤᠨ ᠪᠡᠯᠡ

ᠤᠷᠤᠭᠤᠯᠤᠯᠳᠠ ᠶᠢ ᠪᠡᠶᠡᠯᠡᠬᠦᠯᠵᠦ  ᠂ 20.5% ᠪᠠᠷ ᠨᠡᠮᠡᠭᠳᠡᠵᠦ᠂ ᠪᠦᠬᠦ ᠵᠢᠯ ᠤᠨ ᠡᠭᠦᠷᠭᠡ ᠬᠠᠷᠠᠯᠳᠠ ᠪᠠᠨ 100.

1% ᠪᠠᠷ ᠪᠡᠶᠡᠯᠡᠭᠦᠯᠵᠠᠢ᠃ ᠡᠭᠦᠨ ᠳᠤ ᠠᠶᠢᠮᠠᠭ ᠤᠨ ᠲᠡᠰ ᠤᠨ 5 ᠭᠤᠤᠯᠳᠠᠯᠭ᠎ᠠ ᠲᠠᠢ ᠲᠦᠷᠦᠯ ᠵᠤᠶᠢᠯ ᠤᠨ ᠠᠵᠢᠯ

ᠡᠬᠢᠯᠡᠯᠳᠠ ᠪᠠ ᠰᠡᠷᠬᠦᠬᠡᠯᠳᠠ ᠶᠢᠨ ᠨᠤᠷᠮ᠎ᠠ 100% ᠬᠦᠷᠴᠤ᠂ ᠭᠠᠷᠳᠠᠮ ᠬᠦᠢᠴᠡᠳᠭᠡᠭᠰᠡᠨ ᠨᠤᠷᠮ᠎ᠠ 100%

ᠬᠦᠷᠴᠤ᠂ ᠪᠡᠯᠡ ᠣᠷᠣᠭᠤᠯᠣᠯᠳᠠ ᠶᠢ ᠪᠡᠶᠡᠯᠡᠬᠦᠯᠦᠭᠰᠡᠨ ᠨᠤᠷᠮ᠎ᠠ ᠨᠢ 129% ᠬᠦᠷᠴᠤ᠂ ᠴᠦᠮ ᠪᠦᠬᠦ ᠠᠶᠢᠮᠠᠭ

 ᠤᠨ ᠲᠡᠷᠢᠭᠦᠨ ᠳᠤ ᠪᠠᠶᠢᠷᠢᠯᠠᠭᠰᠠᠨ ᠪᠠᠶᠢᠨ᠎ᠠ᠃ ᠶᠢᠨ ᠹᠧᠩ ᠰᠢᠨᠵᠢᠯᠡᠭᠡ ᠲᠧᠭᠨᠢᠭ ᠤᠨ ᠰᠠᠯᠬᠢᠨ ᠮᠠᠰᠢᠨ

ᠦᠢᠯᠡᠳᠪᠥᠷᠢᠯᠡᠬᠦ ᠲᠦᠷᠥᠯ ᠵᠦᠢᠯ ᠨᠢ ᠤᠷᠤᠭᠰᠢᠳᠠᠢ ᠡᠬᠢᠯᠡᠵᠤ᠂ ᠲᠧ ᠪᠢᠶᠠᠨ ᠳ᠋ᠢᠶᠠᠨ ᠭᠥᠩ ᠳᠣᠨᠤᠭ

ᠲᠦᠭᠦᠭᠡᠷᠥᠮᠵᠢ ᠦᠢᠯᠡᠳᠪᠥᠷᠢᠯᠡᠬᠦ᠂ ᠵᠢᠶᠠᠨ ᠠᠨ ᠴᠧᠩ ᠰᠠᠯᠬᠢᠨ ᠬᠦᠴᠦᠨ ᠤ ᠮᠠᠰᠢᠨ ᠤ ᠰᠠᠭᠤᠷᠢ ᠵᠢᠴᠢ ᠡᠰᠢ

ᠣᠶᠢᠯᠡᠳᠪᠦᠷᠢᠯᠡᠬᠦ᠂ ᠴᠢᠶᠠᠨ ᠶᠢᠨ ᠳ᠋ᠠ ᠦᠩᠭᠡᠳᠦ ᠳᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠯᠡᠬᠦ ᠵᠡᠷᠭᠡ ᠲᠦᠷᠦᠯ

ᠵᠦᠢᠯ ᠤᠳ ᠢ ᠯᠠᠪᠳᠠᠭᠤᠨ ᠢᠶᠠᠷ ᠠᠬᠢᠭᠤᠯᠵᠦ᠂ ᠡᠷᠢᠶᠡᠨ ᠬᠤᠳᠠ ᠶᠢᠨ ᠪᠢᠴᠢᠯ ᠴᠠᠬᠢᠯᠭᠠᠨ ᠳᠣᠣᠷ ᠤᠨ ᠰᠢᠯᠣᠭᠤᠨ

ᠬᠦᠪᠡᠭᠡᠳᠦ ᠴᠠᠭᠠᠨ ᠬᠤᠰᠢᠭᠤᠨ ᠳᠠᠬᠢ ᠲᠦᠷᠦᠯ ᠵᠦᠢᠯ ᠨᠢ ᠵᠦᠪᠰᠢᠶᠡᠷᠡᠭᠳᠡᠨ ᠡᠬᠢᠨ ᠤ ᠬᠤᠭᠤᠴᠠᠭᠠᠨ ᠤ ᠠᠵᠢᠯ

 ᠢᠶᠠᠨ ᠡᠬᠢᠯᠡᠬᠦᠯᠪᠠ᠃ ᠠᠷᠠᠯᠵᠢᠶᠠᠴᠢᠨ ᠣᠷᠢᠵᠦ ᠪᠠᠯᠠ ᠣᠷᠣᠭᠤᠯᠣᠭᠰᠠᠨ ᠦᠷ᠎ᠡ ᠪᠦᠳᠦᠭᠡᠯ ᠪᠠᠶᠠᠯᠢᠭ᠃ ᠪᠡᠭᠡᠵᠢᠩ

ᠲᠢᠶᠠᠨᠵᠢᠨ ᠾᠧᠪᠸᠢ ᠵᠡᠷᠭᠡ ᠭᠠᠵᠠᠷ ᠲᠤ ᠠᠷᠠᠯᠵᠢᠶᠠᠴᠢᠨ ᠣᠷᠢᠵᠦ ᠵᠦᠪᠳᠡᠯᠴᠡᠬᠦ ᠠᠵᠢᠯᠯᠠᠭ᠎ᠠ ᠶᠢ ᠭᠤᠣᠯᠳᠠᠯᠭ᠎ᠠ ᠲᠠᠢ

ᠦᠷᠨᠢᠬᠦᠯᠵᠦ᠂ ︽ᠡᠷᠢᠶᠡᠨ ᠬᠤᠳᠠ ᠶᠢᠨ ᠳᠣᠮᠳᠠᠳᠣ ᠮᠣᠩᠭᠤᠯ ᠣᠷᠣᠰ ᠤᠨ ᠠᠵᠦ ᠠᠬᠤᠢ ᠠᠷᠠᠯᠵᠢᠶᠠᠨ ᠤ ᠬᠤᠷᠰᠢᠨ

ᠵᠦᠪᠳᠡᠯᠴᠡᠬᠦ ᠬᠤᠷᠠᠯ︾ ᠵᠡᠷᠭᠡ ᠠᠵᠢᠯᠯᠠᠭ᠎ᠠ ᠳᠤ ᠢᠳᠡᠪᠬᠢᠳᠠᠢ ᠣᠷᠣᠯᠴᠠᠵᠦ᠂ ᠲᠦᠷᠤᠯ ᠵᠤᠶᠢᠯ ᠪᠠ ᠠᠷᠠᠯᠵᠢᠶᠠᠴᠢᠨ

ᠣᠷᠢᠬᠤ ᠶᠢ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠠᠢ᠃ ᠪᠦᠬᠦ ᠵᠢᠯ ᠳᠡᠭᠡᠨ ᠨᠡᠶᠢᠳᠠ 33

ᠣᠳᠠᠭᠠᠨ ᠤ ᠳᠣᠰᠬᠠᠢ ᠲᠦᠷᠦᠯ ᠤᠨ ᠠᠷᠠᠯᠵᠢᠶᠠᠴᠢᠨ ᠣᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ 24 ᠵᠦᠢᠯ

 ᠤᠨ ᠲᠦᠷᠦᠯ ᠵᠦᠢᠯ ᠢ ᠳᠠᠳᠠᠨ ᠣᠷᠣᠭᠤᠯᠵᠦ᠂ 19.3 ᠳ᠋ᠦᠩᠰᠢᠭᠤᠷ ᠳᠦᠭᠦᠷᠢᠭ ᠤᠨ ᠪᠡᠯᠡ ᠮᠦᠩᠬᠦ ᠶᠢ ᠣᠷᠣᠨ

ᠪᠠᠶᠢᠷᠢᠨ ᠳᠤᠨᠢ ᠬᠦᠷᠭᠡᠵᠦ᠂ ᠪᠦᠬᠦ ᠵᠢᠯ ᠤᠨ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠡᠭᠦᠷᠭᠡ ᠶᠢᠨ ᠢᠶᠠᠨ

117% ᠶᠢ ᠪᠡᠶᠡᠯᠡᠬᠦᠯᠵᠦ᠂ 28.7% ᠪᠠᠷ  ᠨᠡᠮᠡᠭᠳᠡᠨ ᠨᠡᠮᠡᠭᠳᠡᠯ ᠤᠨ ᠬᠤᠷᠳᠣᠴᠠ ᠪᠠᠷ ᠢᠶᠠᠨ ᠪᠦᠬᠦ ᠠᠶᠢᠮᠠᠭ ᠲᠤ

2 ᠳ᠋ᠣᠭᠠᠷ ᠲᠤ ᠵᠢᠭᠰᠠᠭᠠᠭᠳᠠᠵᠠᠢ᠃

︵ᠬᠤᠶᠠᠷ︶ ᠠᠵᠦ ᠣᠶᠢᠯᠠᠰ ᠤᠨ ᠪᠦᠳᠦᠴᠡ ᠶᠢ ᠳᠣᠬᠢᠷᠠᠭᠤᠯᠣᠨ ᠰᠢᠯᠢᠳᠡᠭᠵᠢᠬᠦᠯᠬᠦ ᠶᠢ ᠪᠠᠷᠢᠮᠳᠠᠯᠠᠭᠰᠠᠨ ᠢᠶᠠᠷ

ᠬᠦᠭᠵᠢᠯᠳᠠ ᠶᠢᠨ ᠴᠢᠨᠠᠷ ᠴᠢᠨᠰᠠᠭ᠎ᠠ ᠣᠯᠠᠮ ᠰᠠᠶᠢᠵᠢᠷᠠᠵᠠᠢ᠃ ᠳᠠᠷᠢᠶᠠᠯᠠᠩ ᠮᠠᠯ ᠠᠵᠦ ᠠᠬᠤᠶᠢᠯᠠᠯ ᠤᠨ ᠪᠦᠳᠦᠴᠠ ᠶᠢ

ᠦᠷᠬᠦᠯᠵᠢᠯᠠᠨ ᠰᠢᠯᠢᠳᠡᠭᠵᠢᠭᠦᠯᠪᠡ᠃ ᠳᠠᠷᠢᠶᠠᠯᠠᠩ ᠮᠠᠯ ᠠᠵᠦ ᠠᠬᠤᠢ ᠨᠢ ᠭᠠᠩ ᠬᠠᠭᠰᠠᠷᠠᠭᠠᠨ᠂ ᠬᠤᠨᠢᠨ ᠮᠢᠬᠠᠨ ᠤ

ᠦᠨ᠎ᠠ ᠬᠠᠩᠰᠢ ᠳᠣᠭᠳᠠᠪᠦᠷᠢ ᠦᠬᠡᠢ ᠪᠠᠶᠢᠳᠠᠯ ᠢ ᠢᠯᠠᠨ ᠳᠠᠪᠠᠨ ᠳᠣᠭᠳᠠᠭᠤᠨ ᠢᠶᠠᠷ ᠬᠦᠭᠵᠢᠵᠦ᠂ ᠳᠠᠷᠢᠮᠠᠯ ᠤᠨ

ᠵᠦᠢᠯ ᠤᠨ ᠳᠠᠯᠠᠪᠠᠢ 25.8 ᠲᠦᠮᠡᠨ ᠮᠣ᠋᠂ ᠠᠮᠣ ᠪᠣᠳᠠᠭᠠᠨ ᠤ ᠭᠠᠷᠣᠯᠳᠠ ᠨᠢ 1.18 ᠲᠦᠮᠡᠨ ᠲᠣᠨ ᠬᠦᠷᠴᠦ᠂

ᠨᠣᠭᠤᠭ᠎ᠠ ᠵᠢᠮᠢᠰ ᠤᠨ ᠭᠠᠷᠣᠯᠳᠠ ᠨᠢ 8.61 ᠲᠦᠮᠡᠨ ᠲᠤᠨ ᠬᠦᠷᠴᠦ᠂ ᠤᠨᠲᠤᠷᠤᠭᠤᠯᠬᠤ ᠮᠠᠯ ᠤᠨ ᠲᠤᠭ᠎ᠠ 55.

68 ᠲᠦᠮᠡᠨ ᠳᠣᠯᠣᠭᠠᠢ ᠳᠤ ᠭᠦᠷᠴᠦ᠂ ᠮᠠᠯ ᠤᠨ ᠭᠠᠷᠭᠠᠯᠳᠠ ᠨᠢ 39.1 ᠲᠦᠮᠡᠨ ᠳᠣᠯᠣᠭᠠᠢ ᠳᠤ ᠬᠦᠷᠪᠡ᠃ ︽

ᠬᠤᠨᠢ ᠶᠢ ᠴᠦᠭᠡᠳᠬᠡᠵᠦ᠂ ᠦᠬᠡᠷ ᠢ ᠤᠯᠠᠰᠢᠷᠠᠭᠤᠯᠬᠤ︾ ᠪᠠᠶᠢᠯᠳᠣᠬᠤ ᠪᠣᠳᠣᠯᠭ᠎ᠠ ᠶᠢ ᠶᠡᠬᠡᠪᠡᠷ ᠬᠡᠷᠡᠭᠵᠢᠬᠦᠯᠵᠦ᠂ ᠮᠠᠯ

ᠠᠵᠣ ᠠᠬᠤᠢ ᠶᠢᠨ ᠰᠠᠭᠤᠷᠢ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠪᠣᠯᠣᠨ ᠰᠢᠨ᠎ᠠ ᠡᠭᠡᠯᠵᠢ ᠶᠢᠨ ᠳᠠᠯ᠎ᠠ

ᠨᠣᠳᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ

 ᠲᠠᠢ ᠣᠶᠠᠯᠳᠣᠭᠤᠯᠣᠨ ᠲᠦᠷᠦ ᠶᠢᠨ ᠪᠣᠳᠣᠯᠭ᠎ᠠ ᠪᠠᠷ ᠳᠠᠭᠠᠭᠤᠯᠬᠤ ᠳᠣᠭᠳᠠᠴᠠ ᠶᠢ ᠬᠦᠴᠦᠯᠡᠨ ᠪᠠᠶᠢᠭᠤᠯᠵᠦ᠂ ᠰᠢᠨ᠎ᠠ

 ᠪᠠᠷ 22.8 ᠲᠦᠮᠡᠨ ᠺᠦᠸᠠᠲ ᠮᠧᠲᠷ ᠤᠨ ᠮᠠᠯ ᠤᠨ ᠲᠤᠯᠠᠭᠠᠨ ᠫᠧᠩ᠂ 3000 ᠺᠦᠸᠠᠲ ᠮᠧᠲᠷ ᠤᠨ ᠡᠪᠡᠰᠦ

ᠨᠦᠭᠡᠴᠡᠯᠡᠬᠦ ᠫᠧᠩ ᠪᠠᠷᠢᠵᠦ᠂ ᠦᠬᠡᠷ ᠬᠤᠨᠢ ᠪᠣᠷᠳᠣᠨ ᠳᠠᠷᠭᠤᠯᠠᠭᠤᠯᠬᠤ 5 ᠰᠠᠭᠤᠷᠢᠨ ᠭᠠᠵᠠᠷ ᠢ ᠰᠢᠨ᠎ᠡ ᠪᠠᠷ

ᠪᠠᠶᠢᠭᠤᠯᠵᠦ᠂ ᠣᠰᠣ ᠠᠷᠪᠢᠯᠠᠨ ᠣᠰᠣᠯᠠᠬᠤ ᠡᠪᠡᠰᠦ ᠪᠣᠷᠳᠣᠭᠠᠨ ᠭᠠᠵᠠᠷ ᠢ 1.4 ᠲᠦᠮᠡᠨ ᠮᠤ᠋ ᠦᠭᠡᠷᠡᠴᠢᠯᠡᠵᠦ᠂

ᠴᠠᠬᠠᠷ ᠬᠤᠨᠢᠨ ᠤ 7 ᠭᠤᠣᠯ ᠰᠦᠷᠦᠭ᠂ ᠰᠢᠮᠧᠨ᠋ᠲ᠋ᠧᠷ ᠦᠬᠡᠷ ᠤᠨ 3 ᠭᠤᠣᠯ ᠰᠠᠭᠤᠷᠢᠨ ᠭᠠᠵᠠᠷ ᠪᠠᠶᠢᠭᠤᠯᠵᠦ᠂ 6

ᠲᠦᠮᠡᠨ ᠦᠭᠡᠷ᠂ 17.7 ᠲᠦᠮᠡᠨ ᠬᠤᠨᠢ ᠶᠢ ᠡᠭᠦᠯᠲᠡᠷ ᠰᠠᠶᠢᠵᠢᠷᠠᠭᠤᠯᠵᠤ᠂ 3350 ᠳᠣᠯᠣᠭᠠᠢ ᠮᠢᠬᠠᠨ ᠤ

ᠰᠢᠯᠢᠳᠡᠭ ᠡᠬᠦᠯᠳᠡᠷ ᠤᠨ ᠦᠬᠡᠷ ᠣᠷᠣᠭᠤᠯᠵᠦ᠂ ᠪᠦᠬᠦ ᠬᠤᠰᠢᠭᠤᠨ ᠤ ᠮᠠᠯ ᠤᠨ ᠡᠭᠦᠯᠳᠡᠷ ᠰᠠᠶᠢᠵᠢᠷᠠᠭᠤᠯᠤᠭᠰᠠᠨ

ᠬᠠᠷᠢᠴᠠᠯ ᠨᠢ 99.8% ᠳᠤ ᠬᠦᠷᠪᠡ᠃ ᠳᠠᠷᠢᠶᠠᠯᠠᠩ ᠮᠠᠯ ᠠᠵᠦ ᠠᠬᠤᠢ ᠶᠢᠨ ᠠᠵᠦ ᠣᠶᠢᠯᠡᠰᠵᠢᠬᠦᠯᠦᠯᠳᠠ ᠶᠢ

ᠦᠷᠬᠦᠯᠵᠢᠯᠠᠨ ᠠᠬᠢᠭᠤᠯᠵᠦ᠂ ᠲᠠᠷᠢᠶᠠᠯᠠᠩ ᠮᠠᠯ ᠠᠵᠦ ᠠᠬᠤᠢ ᠲᠠᠢ ᠬᠤᠯᠪᠣᠭᠳᠠᠭᠰᠠᠨ ᠠᠵᠦ ᠠᠬᠤᠶᠢᠯᠠᠯ 30 ᠡᠷᠦᠬᠡ

ᠬᠦᠷᠪᠡ᠂ ᠮᠠᠯᠴᠢᠨ ᠳᠠᠷᠢᠶᠠᠴᠢᠨ ᠤ ᠳᠣᠰᠬᠠᠶᠢᠵᠢᠭᠰᠠᠨ ᠬᠤᠷᠰᠢᠶᠠᠵᠢᠯ ᠤᠨ ᠳᠤᠭ᠎ᠠ ᠨᠢ 481 ᠡᠷᠦᠬᠡ ᠬᠦᠷᠴᠦ᠂ 6.

6 ᠲᠦᠮᠡᠨ ᠳᠣᠯᠣᠭᠠᠢ ᠴᠠᠬᠠᠷ ᠬᠤᠨᠢᠨ ᠳᠤ ᠮᠦᠷᠳᠡᠨ ᠪᠠᠶᠢᠴᠠᠭᠠᠵᠦ ᠳᠡᠶᠢᠯᠬᠦ ᠳᠣᠭᠠᠴᠢᠯᠠᠭᠰᠠᠨ ᠳᠠᠩᠰᠠ ᠶᠢ

ᠪᠠᠶᠢᠭᠤᠯᠵᠦ᠂ ᠣᠶᠢᠯᠡᠳᠬᠦᠨ ᠤ ᠳᠠᠸᠠᠷ ᠳᠡᠮᠳᠡᠭ ᠢ ᠳᠠᠩᠰᠠᠯᠠᠬᠤ ᠬᠦᠴᠦᠯᠡᠴᠡ ᠪᠠᠨ ᠨᠡᠮᠡᠭᠳᠡᠬᠦᠯᠵᠦ᠂ 3ᠳᠠᠸᠠᠷ ᠤᠨ

ᠳᠡᠮᠳᠡᠭ ᠢ ᠡᠷᠡᠮᠡᠯᠵᠡᠯᠡᠪᠡ᠃ ᠮᠠᠯ ᠤᠨ ᠬᠦᠨᠳᠦ ᠬᠡᠮ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠢ ᠬᠢᠵᠦ

᠂ ᠠᠯᠪᠠᠳᠠᠯᠭ᠎ᠠ ᠶᠢᠨ ᠴᠢᠨᠠᠷᠳᠠᠢ ᠦᠯᠦ ᠬᠠᠯᠳᠠᠭᠠᠬᠤ ᠳᠠᠷᠢᠯᠭ᠎ᠠ ᠶᠢᠨ ᠨᠢᠭᠳᠠᠴᠠ ᠨᠢ 100% ᠬᠦᠷᠪᠡ᠃ ᠰᠢᠯᠢᠳᠡᠭ

ᠳᠠᠷᠢᠮᠠᠯ ᠤᠨ ᠨᠦᠬᠦᠪᠦᠷᠢ ᠶᠢ 120 ᠲᠦᠮᠡᠨ ᠲᠦᠬᠦᠷᠢᠭ ᠳᠠᠷᠬᠠᠭᠠᠵᠠᠢ᠃ ᠭᠠᠩ ᠭᠠᠮᠰᠢᠭ ᠤᠨ ᠪᠠᠶᠢᠳᠠᠯ ᠢ

ᠢᠳᠡᠪᠬᠢᠳᠠᠢ ᠠᠷᠭᠠᠴᠠᠭᠠᠵᠦ᠂ ᠪᠦᠬᠦ ᠬᠦᠴᠦᠨ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠣᠷᠠᠬᠤ

ᠣᠷᠣᠭᠤᠯᠣᠯᠳᠠ ᠶᠢ ᠨᠠᠶᠢᠲᠠᠪᠤᠷᠢᠵᠢᠭᠤᠯᠵᠦ᠂ 1.37 ᠳ᠋ᠦᠩᠰᠢᠭᠤᠷ ᠺᠢᠯᠤᠭ᠍ᠷᠠᠮ ᠡᠪᠡᠰᠤ ᠶᠢ ᠬᠠᠳᠤᠵᠤ ᠨᠦᠭᠡᠴᠢᠯᠡᠵᠠᠢ᠃

ᠠᠵᠤ ᠦᠢᠯᠡᠳᠪᠤᠷᠢ ᠶᠢᠨ ᠠᠵᠤ ᠠᠬᠤᠢ ᠨᠢ ᠲᠤᠨᠲᠠᠭᠤᠨ ᠤ ᠳᠣᠮᠳᠠ ᠰᠠᠶᠢᠨ ᠳᠡᠰᠢ ᠠᠬᠢᠪᠠ᠃ ᠠᠵᠦ

ᠦᠢᠯᠡᠳᠪᠤᠷᠢ ᠶᠢᠨ ᠠᠵᠦ ᠠᠬᠤᠶᠢᠯᠠᠯ ᠤᠨ ᠣᠶᠢᠯᠡᠳᠪᠦᠷᠢᠯᠡᠯ ᠤᠨ ᠲᠤᠬᠢᠷᠠᠭᠤᠯᠭ᠎ᠠ ᠶᠢ ᠰᠠᠶᠢᠲᠤᠷ ᠠᠳᠬᠤᠵᠦ᠂

ᠳᠣᠮᠳᠠ ᠪᠠᠭ᠎ᠠ ᠠᠵᠦ ᠠᠬᠤᠶᠢᠯᠠᠯ ᠤᠨ ᠬᠦᠭᠵᠢᠯᠳᠠ ᠳᠤ ᠬᠦᠣ ᠮᠦᠩᠬᠦᠨ ᠤ ᠳᠡᠮᠵᠢᠯᠭᠡ ᠦᠵᠡᠬᠦᠯᠬᠦ ᠪᠣᠯᠣᠨ

ᠪᠣᠷᠣᠯᠠᠭᠤᠯᠭ᠎ᠠ ᠶᠢᠨ ᠬᠡᠮᠵᠢᠶ᠎ᠠ ᠨᠢ ᠬᠢᠵᠠᠭᠠᠷ ᠪᠠᠷᠢᠮᠵᠢᠶ᠎ᠠ ᠠᠴᠠ ᠳᠠᠪᠠᠭᠰᠠᠨ ᠠᠵᠦ ᠠᠬᠤᠶᠢᠯᠠᠯ ᠢ ᠱᠠᠩᠨᠠᠨ ᠬᠦᠬᠢᠬᠦᠯᠬᠦ

ᠵᠡᠷᠭᠡ ᠰᠢᠷᠢᠰ ᠠᠷᠭ᠎ᠠ ᠬᠡᠮᠵᠢᠶ᠎ᠠ ᠶᠢ ᠠᠪᠤᠭᠰᠠᠨ ᠢᠶᠠᠷ ᠪᠦᠬᠦ ᠬᠤᠰᠢᠭᠤᠨ ᠤ ᠳᠣᠰᠠᠭᠠᠷ ᠳᠣᠭᠠᠴᠠᠭ᠎ᠠ ᠬᠢᠬᠦ ᠠᠵᠦ

ᠣᠶᠢᠯᠡᠳᠪᠦᠷᠢ ᠶᠢᠨ ᠠᠵᠦ ᠠᠬᠤᠶᠢᠯᠠᠯ ᠨᠢ 66 ᠡᠷᠦᠬᠡ ᠳᠤ ᠬᠦᠷᠴᠦ᠂ ᠬᠡᠪᠴᠢᠶᠡᠨ ᠠᠴᠠ ᠳᠡᠭᠡᠭᠰᠢᠬᠢ ᠠᠵᠦ

ᠣᠶᠢᠯᠡᠳᠪᠦᠷᠢ ᠶᠢᠨ ᠠᠵᠦ ᠠᠬᠤᠶᠢᠯᠠᠯ ᠰᠢᠨ᠎ᠠ ᠪᠠᠷ 3 ᠨᠡᠮᠡᠭᠳᠡᠵᠦ᠂ ᠨᠡᠶᠢᠳᠠ 23 ᠡᠷᠦᠬᠡ ᠪᠣᠯᠪᠠ᠃ ᠪᠦᠬᠦ ᠵᠢᠯ ᠤᠨ

ᠠᠵᠦ ᠣᠶᠢᠯᠡᠳᠪᠦᠷᠢ ᠶᠢᠨ ᠨᠡᠮᠡᠭᠳᠡᠯ ᠦᠷᠳᠡᠭ 14.1 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ 10.8% ᠪᠠᠷ

ᠨᠡᠮᠡᠭᠳᠡᠵᠦ᠂ ᠨᠡᠮᠡᠭᠳᠡᠯ ᠤᠨ ᠬᠤᠷᠳᠣᠴᠠ ᠪᠠᠷ ᠪᠦᠬᠦ ᠠᠶᠢᠮᠠᠭ ᠲᠤ 3 ᠳ᠋ᠤᠭᠠᠷ ᠲᠤ ᠵᠢᠭᠰᠠᠭᠠᠭᠳᠠᠵᠠᠢ᠃ ᠬᠡᠪᠴᠢᠶᠡᠵᠢᠯ

 ᠠᠴᠠ ᠳᠡᠭᠡᠭᠰᠢᠬᠢ ᠠᠵᠦ ᠣᠶᠢᠯᠡᠳᠪᠦᠷᠢ   ᠶᠢᠨ ᠣᠶᠢᠯᠡᠳᠪᠦᠷᠢᠯᠡᠯ ᠤᠨ ᠦᠷᠳᠡᠭ 23.25 ᠳ᠋ᠦᠩᠰᠢᠭᠤᠷ ᠲᠦᠭᠦᠷᠢᠭ

 ᠢ ᠪᠡᠶᠡᠯᠡᠬᠦᠯᠵᠦ᠂ 18.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠣᠴᠠ ᠪᠠᠷ ᠪᠦᠬᠦ ᠠᠶᠢᠮᠠᠭ ᠲᠤ 1 ᠳ᠋ᠤᠭᠡᠷ ᠲᠤ

ᠵᠢᠭᠰᠠᠭᠠᠭᠳᠠᠵᠠᠢ᠃ ᠨᠡᠮᠡᠭᠳᠡᠯ ᠦᠷᠳᠡᠭ ᠤᠨ ᠦᠰᠦᠯᠳᠠ ᠨᠢ 9.02 ᠳ᠋ᠦᠩᠰᠢᠭᠤᠷ ᠳᠦᠬᠦᠷᠢᠭ ᠢ ᠪᠡᠶᠡᠯᠡᠬᠦᠯᠵᠦ᠂

13.7% ᠪᠠᠷ ᠨᠡᠮᠡᠭᠳᠡᠵᠦ᠂ ᠪᠦᠬᠦ ᠠᠶᠢᠮᠠᠭ ᠲᠤ 2 ᠳ᠋ᠤᠭᠠᠷ ᠲᠤ ᠵᠢᠭᠰᠠᠭᠠᠭᠳᠠᠵᠠᠢ᠃ ᠠᠵᠦ ᠣᠶᠢᠯᠡᠳᠪᠦᠷᠢᠯᠡᠯ ᠤᠨ

ᠳᠣᠭᠤᠷᠢᠭ ᠢ ᠪᠦᠳᠦᠭᠡᠨ ᠪᠠᠶᠢᠭᠤᠯᠬᠤ ᠬᠦᠴᠦᠯᠡᠴᠡ ᠪᠠᠨ ᠳᠠᠰᠣᠷᠠᠯᠳᠠ ᠦᠬᠡᠢ ᠨᠡᠮᠡᠭᠳᠡᠬᠦᠯᠵᠦ᠂ ᠪᠡᠯᠡ ᠨᠢᠭᠡᠳᠬᠡᠨ

ᠣᠰᠣ᠂ ᠴᠠᠬᠢᠯᠭᠠᠨ᠂ ᠵᠠᠮ᠂ ᠴᠢᠮᠡᠭᠡ ᠨᠡᠪᠳᠡᠷᠡᠬᠦᠯᠭᠡ ᠵᠢᠴᠢ ᠨᠤᠭᠤᠭᠠᠷᠠᠭᠤᠯᠣᠯᠳᠠ᠂ ᠭᠡᠷᠡᠯᠳᠥᠭᠦᠯᠭᠡ ᠵᠡᠷᠭᠡ

ᠢᠨᠵᠧᠨᠧᠷᠢᠩ ᠢ ᠶᠠᠪᠣᠭᠳᠠᠭᠤᠯᠵᠣ᠂ ᠠᠵᠦ ᠣᠶᠢᠯᠡᠳᠪᠦᠷᠢᠯᠡᠯ ᠤᠨ ᠳᠣᠭᠤᠷᠢᠭ ᠤᠨ ᠠᠴᠢᠶᠠᠯᠠᠬᠤ ᠴᠢᠳᠠᠪᠦᠷᠢ ᠶᠢ

ᠣᠯᠠᠮ ᠨᠡᠮᠡᠭᠳᠡᠬᠦᠯᠵᠠᠢ᠃ ᠭᠤᠷᠪᠠᠳᠣᠭᠠᠷ ᠠᠵᠦ ᠣᠶᠢᠯᠡᠰ ᠤᠨ ᠬᠦᠭᠵᠢᠯᠳᠠ ᠳᠦᠷᠭᠡᠰᠵᠠᠢ᠃ ᠪᠦᠬᠦ ᠣᠷᠣᠨ ᠪᠦᠰᠠ

 ᠶᠢᠨ ᠵᠤᠭᠠᠴᠠᠯ ᠤᠨ ᠭᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠡᠬᠢᠯᠡᠬᠦᠯᠵᠦ᠂ ︽ᠬᠤᠯᠠᠨ

ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠳᠠᠯ᠎ᠠ ᠨᠣᠳᠤᠭ ᠤᠨ ᠵᠢᠭᠤᠯᠴᠢᠯᠠᠯ ᠤᠨ ᠲᠦᠯᠦᠪᠵᠢᠬᠦᠯᠬᠡ︾ ᠶᠢ

ᠨᠤᠤᠷᠠᠭᠯᠠᠵᠦ᠂ ᠭᠤᠣᠯᠳᠠᠯᠭ᠎ᠠ ᠲᠠᠢ ᠪᠠᠷ ︽ᠨᠢᠭᠡ ᠬᠦᠨᠲᠡᠯᠡᠨ ᠬᠤᠶᠡᠷ ᠭᠤᠯᠲᠦ︾ ᠬᠡᠬᠦ ᠵᠢᠭᠤᠯᠴᠢᠯᠠᠯ ᠤᠨ ᠰᠢᠯᠢᠲᠡᠭ

ᠵᠠᠮ ᠱᠤᠭᠤᠮ ᠪᠤᠯᠤᠨ ᠲᠦᠷᠦᠯ ᠵᠤᠶᠢᠯ ᠢ ᠪᠦᠲᠦᠭᠡᠨ ᠪᠠᠶᠢᠭᠤᠯᠵᠦ᠂ ᠰᠢᠷᠭ᠎ᠠ ᠶᠢᠨ ᠨᠠᠭᠤᠷ᠂ ᠬᠤᠨᠳᠤ ᠨᠠᠭᠤᠷ ᠤᠨ

ᠴᠢᠬᠢᠭᠯᠢᠭ ᠭᠠᠵᠠᠷ ᠵᠡᠷᠭᠡ ᠶᠢ ᠣᠯᠣᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠨ

ᠪᠠᠶᠢᠭᠤᠯᠬᠤ ᠲᠦᠷᠥᠯ ᠢ ᠢᠳᠡᠪᠬᠢᠳᠠᠢ ᠡᠷᠡᠮᠡᠯᠵᠡᠯᠠᠪᠠ᠃ ᠪᠦᠬᠦ ᠵᠢᠯ ᠳᠡᠭᠡᠨ 20 ᠲᠦᠮᠡᠨ ᠭᠦᠮᠤᠨ ᠢ ᠬᠦᠯᠢᠶᠡᠨ

ᠵᠤᠴᠢᠯᠠᠵᠦ᠂ ᠡᠯᠧᠺᠲᠷᠤᠨ ᠬᠤᠳᠠᠯᠳᠤᠭᠠᠨ ᠤ ᠦᠢᠯᠡᠰ ᠨᠢ ᠰᠢᠪᠲᠦᠯᠣᠯᠲᠠ ᠲᠠᠢ ᠪᠤᠯᠵᠦ᠂ ︽ᠯᠧ ᠼᠦᠨ ᠲᠣᠣ︾

ᠬᠦᠲᠡᠭᠡ ᠲᠤᠰᠬᠤᠨ ᠤ ᠡᠯᠧᠺᠲᠷᠤᠨ ᠠᠷᠠᠯᠵᠢᠶᠡᠨ ᠤ ᠲᠠᠪᠴᠠᠩ᠂ ᠴᠠᠬᠠᠷ ᠪᠢᠴᠢᠯ ᠡᠯᠧᠺᠲᠷᠤᠨ ᠬᠤᠲᠠᠯᠲᠤᠭ᠎ᠠ

ᠠᠷᠠᠯᠵᠢᠶᠡᠨ ᠤ ᠦᠢᠯᠡᠴᠢᠯᠡᠯᠭᠡᠨ ᠤ ᠲᠠᠪᠴᠠᠩ ᠢ ᠪᠠᠶᠢᠭᠤᠯᠵᠠᠢ᠃ ᠲᠦᠷᠭᠡᠨ ᠭᠤᠪᠢᠭᠤᠯᠭ᠎ᠠ ᠪᠠᠷ ᠭᠤᠤᠯ ᠪᠤᠯᠭᠠᠨᠰᠠᠨ

ᠡᠳ᠋ ᠪᠠᠷᠠᠭᠠᠨ ᠤ ᠭᠦᠢᠯᠭᠡᠭᠡᠨ ᠤ ᠦᠢᠯᠡᠰ ᠳᠦᠷᠭᠡᠨ ᠭᠦᠭᠵᠢᠵᠦ᠂ ᠲᠦᠷᠭᠡᠨ ᠭᠤᠪᠢᠭᠤᠯᠭ᠎ᠠ ᠤᠨ ᠠᠵᠦ ᠠᠬᠤᠶᠢᠯᠡᠯ

7 ᠪᠤᠯᠤᠨ ᠭᠦᠭᠵᠢᠵᠠᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠥᠯ ᠤᠨ ᠬᠠᠳᠠᠭᠠᠯᠠᠮᠵᠢ ᠪᠠ

ᠵᠢᠭᠡᠯᠡᠯᠭᠡ ᠶᠢᠨ ᠬᠡᠮᠵᠢᠶ᠎ᠡ ᠨᠢ ᠳᠣᠰᠪᠦᠷᠢ 22.4 ᠳ᠋ᠦᠩᠰᠢᠭᠤᠷ ᠲᠦᠭᠦᠷᠢᠭ ᠪᠠ 12.4 ᠳ᠋ᠦᠩᠰᠢᠭᠤᠷ ᠲᠦᠭᠦᠷᠢᠭ ᠢ

ᠪᠡᠶ᠋ᠯᠡᠭᠦᠯᠵᠤ᠂ ᠳᠣᠰᠪᠦᠷᠢ 23.1% ᠪᠤᠯᠤᠨ 6.2% ᠪᠠᠷ ᠨᠠᠮᠡᠭᠳᠡᠵᠠᠢ᠃ ᠳᠠᠭᠠᠳᠬᠠᠯ ᠤᠨ ᠦᠢᠯᠡᠰ ᠤᠨ

ᠶᠡᠷᠥᠩᠭᠡᠢ ᠤᠷᠤᠯᠭ᠎ᠠ ᠨᠢ 2877 ᠲᠦᠮᠡᠨ ᠲᠦᠭᠦᠷᠢᠭ ᠢ ᠪᠡᠶᠡᠯᠡᠭᠦᠯᠵᠤ᠂ 5.7% ᠪᠠᠷ ᠨᠠᠮᠡᠭᠳᠡᠵᠡᠢ᠃

ᠪᠤᠷᠤᠯᠠᠭᠤᠯᠭ᠎ᠠ ᠶᠢᠨ ᠬᠢᠵᠠᠭᠠᠷᠯᠠᠯ ᠠᠴᠠ ᠳᠡᠭᠡᠭᠰᠢᠬᠢ ᠦᠢᠯᠡᠴᠢᠯᠡᠯᠭᠡᠨ ᠤ ᠠᠵᠤ ᠠᠬᠤᠶᠢᠯᠠᠯ ᠨᠢ ᠰᠢᠨ᠎ᠠ ᠪᠠᠷ 4

ᠨᠡᠮᠡᠭᠳᠡᠵᠤ᠂ ᠤᠳᠤ ᠨᠠᠶᠢᠳᠡ 6 ᠪᠣᠯᠪᠠ᠃

︵ᠭᠤᠷᠪᠠ︶ ᠬᠦᠭᠵᠢᠯᠳᠠ ᠶᠢᠨ ᠲᠤᠮᠳᠠ ᠲᠤᠳᠠᠭᠳᠠᠯ ᠢᠶᠠᠨ ᠨᠦᠬᠦᠪᠦᠷᠢᠯᠡᠬᠦ ᠶᠢ ᠪᠠᠷᠢᠮᠲᠠᠯᠠᠭᠰᠠᠨ ᠢᠶᠠᠷ ᠬᠦᠭᠵᠢᠯᠳᠠ

 ᠶᠢᠨ ᠰᠠᠭᠤᠷᠢ ᠣᠯᠠᠮ ᠪᠠᠬᠢᠵᠢᠪᠠ᠃ ᠠᠮᠢ ᠠᠬᠤᠢ ᠶᠢᠨ ᠣᠷᠴᠢᠨ ᠳᠣᠭᠤᠷᠢᠨ ᠳᠠᠰᠣᠷᠠᠯᠳᠠ ᠦᠬᠡᠢ ᠰᠠᠶᠢᠵᠢᠷᠠᠵᠠᠢ᠃

ᠪᠡᠭᠡᠵᠢᠩ ᠲᠢᠶᠠᠨᠵᠢᠨ ᠤᠨ ᠡᠯᠡᠰᠦᠨ ᠤ ᠡᠬᠢ ᠶᠢ 5.7 ᠲᠦᠮᠡᠨ ᠮᠤ᠋ ᠵᠠᠰᠠᠵᠦ᠂ ᠭᠤᠤᠯᠳᠠᠯᠭ᠎ᠠ ᠲᠠᠢ ᠬᠦᠷᠢᠶ᠎ᠡ ᠴᠠᠷ᠎ᠠ

 ᠶᠢᠨ ᠭᠠᠵᠠᠷ ᠲᠤ 1800 ᠮᠣ᠋ ᠨᠤᠭᠤᠭᠠᠷᠠᠭᠤᠯᠵᠠᠢ᠃ ︽ᠭᠤᠷᠪᠠᠨ ᠣᠷᠣᠨ ᠬᠤᠶᠠᠷ ᠱᠣᠭᠤᠮ︾ ᠤᠨ ᠬᠦᠷᠦᠰᠦ

ᠰᠢᠷᠥᠢ ᠶᠢ ᠵᠠᠰᠠᠨ ᠰᠡᠷᠭᠦᠭᠡᠭᠰᠡᠨ ᠨᠢ 45.25 ᠾᠧᠺᠲ᠋ᠠᠷ᠂ ᠭᠠᠵᠠᠷ ᠰᠢᠷᠣᠢ ᠶᠢᠨ ᠵᠠᠰᠠᠯᠳᠠ 498.12 ᠾᠧᠺᠲ᠋ᠠᠷ

ᠬᠦᠷᠴᠤ᠂ ︽ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠭᠠᠮᠨᠠᠭᠰᠠᠨ ᠵᠢᠱᠢᠶᠠᠴᠢ ᠰᠢᠶᠠᠨ︾ ᠢᠶᠠᠷ

ᠬᠦᠬᠢᠬᠦᠯᠦᠭᠳᠡᠪᠡ᠃ ᠰᠢᠨ᠎ᠠ ᠡᠬᠡᠯᠵᠢ ᠶᠢᠨ ᠨᠣᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠶᠢᠨ ᠲᠦᠷᠦ ᠶᠢᠨ

ᠪᠣᠳᠣᠯᠭ᠎ᠠ ᠶᠢ ᠨᠡᠩ ᠴᠢᠩᠭ᠎ᠠ ᠪᠠᠷᠢᠮᠵᠢᠶ᠎ᠠ ᠪᠠᠷ ᠨᠡᠶᠢᠳᠠᠪᠦᠷᠢᠵᠢᠭᠤᠯᠬᠤ ᠶᠢ ᠠᠬᠢᠭᠤᠯᠵᠦ᠂ ︽ᠰᠢᠯᠤᠭᠤᠨ ᠬᠦᠪᠡᠭᠡᠲᠦ

ᠴᠠᠭᠠᠨ ᠬᠤᠰᠢᠭᠤᠨ ᠤ ᠪᠡᠯᠴᠢᠬᠡᠷᠯᠡᠭᠦᠯᠬᠦ ᠶᠢ ᠵᠤᠭᠰᠦᠭᠠᠬᠤ ᠬᠠᠮᠢᠶᠡᠷᠥᠯᠲᠠ ᠶᠢᠨ ᠲᠦᠷ ᠬᠡᠷᠡᠭᠵᠢᠬᠦᠯᠬᠦ ᠠᠷᠭ᠎ᠠ︾ ᠶᠢ

ᠲᠤᠭᠲᠠᠭᠠᠵᠤ᠂ ᠤᠬᠠᠭᠤᠯᠭ᠎ᠠ ᠬᠦᠮᠦᠵᠢᠯ ᠪᠠ ᠲᠤᠭᠤᠷᠢᠨ ᠪᠠᠶᠢᠴᠠᠭᠠᠨ ᠬᠢᠨᠠᠯᠲᠠ ᠲᠠᠯᠪᠢᠬᠤ ᠬᠦᠴᠦᠯᠡᠴᠡ ᠪᠠᠨ ᠤᠯᠠᠮ

ᠶᠡᠬᠡᠰᠬᠡᠵᠦ᠂ ᠠᠮᠢ ᠠᠬᠤᠢ ᠶᠢᠨ ᠪᠦᠲᠦᠭᠡᠨ ᠪᠠᠶᠢᠭᠤᠯᠥᠯᠲᠠ ᠶᠢᠨ ᠦᠷ᠎ᠡ ᠪᠦᠲᠦᠮᠵᠢ ᠪᠠᠨ ᠪᠠᠲᠦᠯᠠᠵᠠᠢ᠃ ᠤᠷᠴᠢᠨ

ᠲᠤᠭᠤᠷᠢᠨ ᠤ ᠨᠢᠭᠤᠭᠳᠠᠮᠠᠯ ᠠᠰᠠᠭᠤᠳᠠᠯ ᠢ ᠪᠠᠶᠢᠴᠠᠭᠠᠨ ᠴᠡᠭᠴᠡᠯᠡᠬᠦ ᠪᠠ ᠤᠷᠴᠢᠨ ᠲᠤᠭᠤᠷᠢᠨ ᠢ ᠬᠢᠨᠠᠨ ᠬᠠᠮᠢᠶᠠᠷᠬᠤ

ᠠᠵᠢᠯ ᠢ ᠴᠢᠩᠭ᠎ᠠ ᠨᠠᠶᠢᠲᠠᠪᠤᠷᠢᠵᠢᠭᠤᠯᠵᠤ᠂ ᠦᠢᠯᠡᠳᠪᠦᠷᠢᠯᠡᠯ ᠤᠨ ᠶᠡᠷᠤᠩᠬᠡᠢ ᠦᠷᠲᠡᠭ ᠤᠨ ᠨᠢᠭᠡᠴᠢ ᠪᠦᠷᠢ ᠳᠠᠬᠢ

ᠡᠨᠧᠷᠬᠢ ᠶᠢᠨ ᠵᠠᠷᠦᠴᠠᠭᠤᠯᠭ᠎ᠠ᠂ ᠭᠤᠤᠯ ᠪᠤᠯᠬᠤ ᠪᠤᠬᠢᠷᠲᠤᠯ ᠡᠳ᠋ ᠢ ᠭᠠᠲᠠᠭᠰᠢᠯᠠᠭᠤᠯᠬᠤ ᠬᠡᠮᠵᠢᠶ᠎ᠡ ᠵᠡᠷᠭᠡ

ᠬᠢᠵᠠᠭᠠᠷᠯᠠᠬᠤ ᠵᠢᠭᠠᠯᠲᠠ ᠲᠤᠭ᠎ᠠ ᠨᠤᠭᠤᠳ ᠨᠢ ᠴᠦᠮ ᠵᠤᠬᠢᠬᠤ ᠬᠡᠮᠵᠢᠶ᠎ᠡ ᠪᠠᠷ ᠪᠠᠭᠤᠷᠠᠪᠠ᠃ ᠰᠠᠭᠤᠷᠢ

ᠳᠦᠬᠦᠭᠡᠷᠦᠮᠵᠢ ᠡᠲᠤᠷ ᠢᠷᠡᠬᠦᠶ᠎ᠡ ᠪᠦᠷᠢᠨᠰᠢᠵᠠᠢ᠃ ᠮᠠᠨ ᠤ ᠬᠤᠰᠢᠭᠤᠨ ᠤ ᠬᠢᠵᠠᠭᠠᠷ ᠲᠠᠬᠢ ᠵᠢᠢ ᠲᠥᠩ ᠲᠡᠮᠦᠷ ᠵᠠᠮ

 ᠤᠨ ᠴᠢᠳᠠᠮᠵᠢ ᠪᠠᠨ ᠦᠷᠭᠡᠳᠬᠡᠨ ᠦᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠵᠠᠮ ᠱᠣᠭᠤᠮ ᠨᠢ ᠪᠦᠬᠦᠨ ᠢᠶᠠᠷ

 ᠢᠶᠠᠨ ᠨᠡᠪᠳᠡᠷᠡᠵᠦ᠂ ᠮᠢᠩᠭᠠᠲᠦ ᠪᠠᠯᠭᠠᠰᠣ ᠠᠴᠠ ᠰᠢᠩ ᠶᠣᠣ ᠪᠠᠯᠭᠠᠰᠣ ᠬᠦᠷᠬᠦ ᠵᠠᠰᠠᠮᠠᠯ ᠵᠠᠮ ᠤᠨ ᠶᠡᠭᠡ ᠵᠠᠰᠠᠯᠳᠠ ᠶᠢᠨ

ᠢᠨᠵᠧᠨᠧᠷᠢᠩ ᠨᠢ ᠠᠵᠢᠯ ᠲᠠᠭᠤᠰᠤᠨ ᠠᠰᠢᠭᠯᠠᠯᠲᠠ ᠳᠤ ᠤᠷᠤᠪᠠ᠂ ᠭᠠᠴᠠᠭᠠᠨ ᠳᠤ ᠨᠡᠪᠲᠡᠷᠡᠬᠦ ᠴᠠᠷᠳᠠᠮᠠᠯ ᠵᠠᠮ ᠪᠠ

ᠬᠠᠶᠢᠷ ᠴᠢᠯᠠᠭᠤᠨ ᠵᠠᠮ ᠢ 381 ᠺᠢᠯᠤᠮᠧᠲᠷ ᠵᠠᠰᠠᠵᠤ᠂ ᠮᠠᠯᠴᠢᠨ ᠲᠠᠷᠢᠶᠡᠴᠢᠨ ᠤ ᠶᠠᠪᠦᠵᠦ ᠰᠠᠭᠤᠬᠤ ᠨᠦᠬᠦᠴᠡᠯ ᠢ

ᠮᠡᠳᠡᠭᠳᠡᠮ᠎ᠠ ᠰᠠᠶᠢᠵᠢᠷᠠᠭᠤᠯᠵᠠᠢ᠃ ᠤᠯᠤᠰ ᠤᠨ ᠳᠡᠰ ᠤᠨ ᠵᠠᠮ 510 ᠱᠣᠭᠤᠮ ᠢ ᠲᠡᠰ ᠲᠡᠪᠰᠢᠭᠦᠯᠦᠨ ᠦᠭᠡᠷᠡᠴᠢᠯᠡᠨ

ᠪᠠᠶᠢᠭᠤᠯᠬᠤ ᠢᠨᠵᠧᠨᠧᠷᠢᠩ ᠨᠢ ᠪᠦᠬᠦ ᠱᠤᠭᠤᠮ ᠢᠶᠠᠷ ᠢᠶᠠᠨ ᠠᠵᠢᠯ ᠡᠬᠢᠯᠡᠵᠦ᠂ ᠮᠤᠵᠢ ᠶᠢᠨ ᠳᠡᠰ ᠤᠨ ᠵᠠᠮ 222

ᠱᠤᠭᠤᠮ᠂ 313 ᠱᠤᠭᠤᠮ᠂ 105 ᠱᠣᠭᠤᠮ ᠢ ᠦᠭᠡᠷᠡᠴᠢᠯᠡᠨ ᠵᠠᠰᠠᠬᠤ ᠢᠨᠵᠧᠨᠧᠷᠢᠩ ᠤᠨ ᠡᠬᠢᠨ ᠤ

ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠵᠡᠢ᠃ ᠬᠠᠨ ᠬᠠᠢ ᠱᠣᠭᠤᠮ ᠤᠨ 500 ᠺᠢᠯᠤᠸᠠᠲ ᠤᠨ

ᠬᠤᠣᠰ ᠱᠣᠭᠤᠮ ᠢᠶᠠᠷ ᠴᠡᠬᠢᠯᠭᠠᠨ ᠬᠦᠷᠭᠡᠬᠦ ᠢᠨᠵᠧᠨᠧᠷᠢᠩ᠂ ᠮᠢᠩᠭᠠᠳᠦ ᠠᠴᠠ ᠲᠤᠱᠢ ᠬᠦᠷᠬᠦ 110 ᠺᠢᠯᠤᠸᠠᠲ ᠤᠨ

ᠬᠤᠤᠰ ᠱᠣᠭᠤᠮ ᠤᠨ ᠴᠡᠬᠢᠯᠭᠠᠨ ᠬᠦᠷᠭᠡᠬᠦ ᠢᠨᠵᠧᠨᠧᠷᠢᠩ ᠪᠠᠶᠢᠭᠤᠯᠣᠭᠳᠠᠨ ᠠᠰᠢᠭᠯᠠᠯᠳᠠ ᠳᠤ ᠤᠷᠤᠵᠦ᠂

ᠴᠤᠬᠤᠢᠨᠳᠦᠷ ᠤᠨ 110 ᠺᠢᠯᠤᠸᠠᠲ ᠤᠨ ᠴᠡᠬᠢᠯᠭᠠᠨ ᠬᠦᠴᠦᠳᠡᠯ ᠬᠤᠪᠢᠷᠠᠭᠠᠬᠤ ᠦᠷᠳᠡᠭᠡᠨ ᠤ ᠪᠠᠭᠳᠠᠭᠠᠮᠵᠢ ᠶᠢ

ᠨᠡᠮᠡᠭᠳᠡᠭᠦᠯᠦᠨ ᠦᠭᠡᠷᠡᠴᠢᠯᠡᠬᠦ ᠪᠤᠯᠤᠨ ᠬᠦᠳᠡᠭᠡ ᠲᠤᠰᠬᠤᠨ ᠤ ᠴᠡᠬᠢᠯᠭᠠᠨ ᠲᠤᠤᠷ ᠢ ᠲᠡᠰ ᠲᠡᠪᠰᠢᠭᠦᠯᠦᠨ

ᠦᠭᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠪᠡ᠃ ᠮᠢᠩᠭᠠᠳᠦ ᠪᠠᠯᠭᠠᠰᠣᠨ ᠳᠤ ᠤᠰᠤ ᠲᠠᠳᠠᠬᠤ ᠢᠨᠵᠧᠨᠧᠷᠢᠩ

ᠵᠢᠴᠢ ᠤᠰᠦ ᠬᠠᠩᠭᠠᠬᠤ ᠦᠢᠯᠡᠳᠪᠤᠷᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠤᠯᠪᠤᠭᠠᠯᠠᠨ

ᠬᠡᠷᠡᠭᠯᠡᠬᠦ ᠲᠤᠷᠰᠢᠯᠳᠠ ᠨᠢ ᠠᠮᠵᠢᠯᠳᠠ ᠤᠯᠵᠦ᠂ ᠮᠢᠩᠭᠠᠳᠦ ᠪᠠᠯᠭᠠᠰᠦᠨ ᠤ ᠤᠰᠦᠨ ᠤ ᠬᠠᠩᠭᠠᠯᠭ᠎ᠠ ᠬᠦᠷᠦᠯᠴᠡᠭᠡ

ᠦᠭᠡᠢ᠂ ᠤᠰᠦᠨ ᠤ ᠴᠢᠨᠠᠷ ᠠᠨᠠᠢ ᠠᠰᠠᠭᠤᠳᠡᠯ ᠦᠨᠳᠦᠰᠦᠨ ᠠᠴᠠ ᠢᠶᠠᠨ ᠰᠢᠢᠳᠪᠦᠷᠢᠯᠡᠭᠲᠡᠪᠡ᠃ ᠦᠵᠡᠰᠬᠦᠯᠡᠩᠳᠦ

ᠬᠦᠳᠡᠭᠡ ᠨᠤᠳᠤᠭ ᠤᠨ ᠪᠦᠳᠦᠬᠡᠨ ᠪᠠᠶᠢᠭᠤᠯᠣᠯᠳᠠ ᠶᠢ ᠲᠦᠷᠭᠡᠰᠭᠡᠵᠠᠢ᠃ ︽ᠠᠷᠪᠠ ᠶᠢ ᠨᠡᠶᠢᠳᠡᠮ ᠪᠦᠷᠭᠦᠭᠦᠯᠬᠦ︾

ᠢᠨᠵᠧᠨᠧᠷᠢᠩ ᠢᠶᠠᠷ ᠠᠴᠢᠶᠠᠯᠠᠪᠦᠷᠢ ᠪᠣᠯᠭᠠᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠡᠨ ᠲᠦᠮᠡᠨ

ᠨᠢᠭᠡ ᠰᠡᠳᠭᠢᠯ ᠨᠢᠭᠡ ᠵᠤᠷᠢᠭ ᠢᠶᠠᠷ ᠬᠦᠴᠢᠷ ᠪᠡᠷᠬᠡ ᠶᠢ ᠢᠯᠠᠨ ᠲᠠᠪᠠᠵᠦ᠂ 8.04 ᠳ᠋ᠦᠩᠰᠢᠭᠤᠷ ᠲᠦᠭᠦᠷᠢᠭ ᠤᠨ

ᠪᠡᠯᠨ ᠤᠷᠤᠭᠤᠯᠤᠯᠳᠠ ᠪᠠᠷ ᠮᠠᠯᠵᠢᠬᠤ ᠲᠠᠷᠢᠶᠡᠯᠠᠬᠤ ᠤᠷᠤᠨ ᠤ ᠰᠠᠭᠤᠷᠢ ᠳᠦᠬᠦᠭᠡᠷᠦᠮᠵᠢ ᠶᠢᠨ ᠨᠦᠬᠦᠴᠡᠯ ᠢ

ᠬᠦᠴᠦᠯᠡᠨ ᠰᠠᠶᠢᠵᠢᠷᠠᠭᠤᠯᠵᠦ᠂ ᠨᠡᠶᠢᠳᠠ ᠶᠢᠨ ᠣᠶᠢᠯᠡᠴᠢᠯᠡᠯᠭᠡᠨ ᠤ ᠬᠢᠷᠢ ᠳᠦᠪᠰᠢᠨ ᠢ ᠳᠡᠭᠡᠭᠰᠢᠯᠡᠬᠦᠯᠪᠠ᠃ ᠰᠢᠨ᠎ᠠ

 ᠪᠠᠷ 4615 ᠭᠡᠷ ᠪᠠᠶᠢᠰᠢᠩ ᠪᠠᠷᠢᠵᠦ᠂ 9569 ᠭᠡᠷ ᠪᠠᠶᠢᠰᠢᠩ ᠢ ᠵᠠᠰᠠᠨ ᠰᠡᠯᠪᠢᠵᠦ᠂ 52.58 ᠲᠦᠮᠡᠨ ᠮᠧᠲᠷ

ᠬᠦᠷᠢᠶ᠎ᠠ ᠬᠠᠰᠢᠶ᠎ᠠ ᠶᠢ ᠦᠭᠡᠷᠡᠴᠢᠯᠡᠨ ᠪᠠᠶᠢᠭᠤᠯᠪᠠ᠂ 306 ᠬᠤᠳᠳᠤᠭ ᠢ ᠮᠠᠯᠳᠠᠵᠦ᠂ 68 ᠡᠷᠦᠬᠡ ᠶᠢᠨ ᠰᠠᠯᠬᠢᠨ

ᠨᠠᠷᠠᠨ ᠤ ᠬᠤᠤᠰ ᠡᠨᠧᠷᠭᠢ ᠪᠠᠷ ᠴᠠᠬᠢᠯᠭᠠᠨ ᠭᠠᠷᠭᠠᠳᠠᠭ ᠪᠠᠶᠢᠳᠠᠯ ᠢ ᠦᠬᠡᠷᠡᠴᠢᠯᠡᠨ ᠳᠣᠣᠷᠵᠢᠯ ᠤᠨ ᠴᠠᠬᠢᠯᠭᠠᠨ

ᠨᠡᠪᠳᠡᠷᠡᠬᠦᠯᠪᠠ᠂ 330 ᠺᠢᠯᠤᠮᠧᠲᠷ ᠵᠡᠭᠡᠯᠢ ᠭᠤᠳᠦᠮᠵᠢ ᠶᠢ ᠬᠠᠳᠠᠭᠤᠷᠠᠭᠤᠯᠵᠦ᠂ ᠷᠠᠳᠢᠤ᠋ ᠲᠧᠯᠸᠢᠰ ᠢ ︽ᠡᠷᠦᠬᠡ

ᠪᠦᠷᠢ ᠳᠤ ᠨᠡᠪᠲᠡᠷᠡᠭᠦᠯᠬᠦ︾ ᠳᠦᠬᠦᠭᠡᠷᠦᠮᠵᠢ 1000 ᠶᠢ ᠤᠭᠰᠠᠷᠠᠪᠠ᠂ ᠠᠷᠠᠳ ᠲᠤ ᠳᠦᠬᠦᠮ ᠦᠵᠡᠬᠦᠯᠬᠦ ᠬᠡᠳᠦ

ᠳᠡᠯᠬᠡᠬᠦᠷ ᠰᠢᠨ᠎ᠡ ᠪᠠᠷ 22 ᠢ ᠪᠠᠶᠢᠭᠤᠯᠵᠦ᠂ ᠭᠠᠴᠠᠭ᠎ᠠ ᠳᠣᠰᠬᠤᠨ ᠤ ᠡᠷᠡᠬᠦᠯ ᠬᠠᠮᠠᠭᠠᠯᠠᠯ ᠤᠨ ᠳᠠᠰᠤᠭ 9 ᠶᠢ

ᠪᠠᠶᠢᠭᠤᠯᠵᠦ᠂ ᠰᠢᠨ᠎ᠠ ᠪᠠᠷ 17 ᠰᠣᠶᠣᠯ ᠣᠷᠠᠯᠢᠭ ᠤᠨ ᠠᠭᠤᠳᠠᠮ ᠳᠠᠯᠠᠪᠠᠢ᠂ ᠰᠣᠶᠣᠯ ᠤᠨ ᠬᠠᠨ᠎ᠠ ᠶᠢ 8.73

ᠲᠦᠮᠡᠨ ᠺᠦᠸᠠᠲ ᠮᠧᠲᠷ ᠪᠠᠶᠢᠭᠤᠯᠵᠦ᠂ 20 ᠭᠠᠴᠠᠭ᠎ᠠ ᠳᠣᠰᠬᠤᠨ ᠤ ᠰᠣᠶᠣᠯ ᠤᠨ ᠬᠦᠳᠡᠯᠭᠡᠭᠡᠨ ᠤ ᠳᠠᠰᠤᠭ ᠲᠤ

ᠳᠦᠬᠦᠭᠡᠷᠣᠮᠵᠢ ᠳᠣᠬᠢᠷᠠᠭᠤᠯᠵᠦ᠂ ᠰᠣᠷᠭᠠᠭᠤᠯᠢ ᠶᠢᠨ ᠠᠮᠣᠷ ᠳᠦᠪᠰᠢᠨ ᠤ ᠢᠨᠵᠧᠨᠧᠷᠢᠩ ᠢ ᠠᠰᠢᠭᠯᠠᠨ

ᠪᠣᠯᠭᠠᠨᠳᠣᠬᠤᠢ ᠰᠣᠮᠣᠨ ᠤ ᠬᠡᠦᠬᠡᠳ ᠤᠨ ᠴᠠᠴᠡᠷᠯᠢᠭ ᠤᠨ ᠪᠠᠶᠢᠭᠤᠯᠣᠯᠳᠠ ᠶᠢᠨ ᠲᠦᠷᠦᠯ ᠵᠦᠢᠯ ᠢ ᠪᠡᠶᠡᠯᠡᠬᠦᠯᠪᠠ᠃

ᠠᠶᠢᠯ ᠳᠣᠰᠬᠤᠨ ᠤ ᠨᠣᠭᠤᠭᠠᠷᠠᠭᠤᠯᠣᠯᠳᠠ 1000 ᠮᠤ᠋ ᠬᠡᠷᠡᠭᠵᠢᠬᠦᠯᠵᠦ᠂ 234 ᠬᠤᠭ ᠨᠣᠪᠰᠢ ᠶᠢᠨ ᠬᠠᠶᠠᠬᠤ

ᠴᠢᠭ᠂ 398 ᠵᠣᠷᠯᠣᠩ ᠢ ᠪᠠᠶᠢᠭᠤᠯᠵᠦ᠂ ᠬᠤᠭ ᠨᠤᠪᠰᠢ ᠶᠢ 2580 ᠺᠦᠪ ᠮᠧᠲᠷ ᠴᠡᠪᠡᠷᠯᠡᠨ ᠰᠢᠢᠳᠪᠦᠷᠢᠯᠡᠵᠠᠢ᠃

ᠬᠤᠳᠡ ᠪᠠᠯᠭᠠᠰᠦᠨ ᠤ ᠪᠦᠳᠦᠭᠡᠨ ᠪᠠᠶᠢᠭᠤᠯᠤᠯᠳᠠ ᠢ ᠲᠠᠰᠤᠷᠠᠯᠳᠡ ᠦᠭᠡᠢ ᠠᠬᠢᠭᠤᠯᠵᠠᠢ᠃ ︽ᠰᠢᠯᠤᠭᠤᠨ ᠬᠦᠪᠡᠭᠡᠳᠦ

ᠴᠠᠭᠠᠨ ᠬᠤᠰᠢᠭᠤᠨ ᠤ ᠮᠢᠩᠭᠠᠳᠦ ᠪᠠᠯᠭᠠᠰᠦᠨ ᠤ ᠬᠤᠳᠡ ᠪᠠᠯᠭᠠᠰᠦ ᠶᠢᠨ ᠶᠠᠷᠤᠩᠬᠡᠢ ᠲᠦᠯᠦᠪᠵᠢᠭᠦᠯᠭᠡ ︵2016

— 2030︶︾ ᠶᠢ ᠲᠤᠭᠤᠷᠪᠢᠯᠡᠵᠡᠢ᠃ 6.08 ᠳ᠋ᠦᠡᠭᠰᠢᠭᠤᠷ ᠲᠦᠭᠦᠷᠢᠭ ᠤᠨ ᠪᠡᠯᠨ ᠤᠷᠤᠭᠤᠯᠵᠦ᠂ ᠬᠤᠳᠡ

ᠪᠠᠯᠭᠠᠰᠦᠨ ᠤ ᠤᠷᠤᠨ ᠪᠦᠰᠨ ᠶᠢᠨ ᠨᠤᠭᠤᠭᠠᠷᠠᠭᠤᠯᠤᠯᠳᠠ᠂ ᠲᠦᠪᠯᠡᠷᠡᠭᠰᠡᠨ ᠢᠯᠴᠢ ᠳᠣᠯᠠᠭᠠᠯᠠᠭ᠎ᠠ ᠶᠢᠨ

ᠦᠭᠡᠷᠡᠴᠢᠯᠡᠯᠳᠡ᠂ ᠪᠤᠵᠡᠷ ᠤᠰᠦᠨ ᠤ ᠭᠤᠤᠷᠰᠦ ᠶᠢᠨ ᠦᠭᠡᠷᠡᠴᠢᠯᠡᠯᠳᠡ᠂ ᠴᠢᠳᠠᠪᠤᠷᠢᠳᠠᠨ ᠢ ᠬᠦᠮᠦᠵᠢᠭᠦᠯᠬᠦ ᠵᠠᠮ ᠤᠨ

ᠬᠦᠬᠦᠷᠭᠡ ᠶᠢᠨ ᠪᠠᠶᠢᠭᠤᠯᠤᠯᠳᠠ᠂ ᠨᠢᠭᠡᠨᠳᠡ ᠪᠠᠶᠢᠭ᠎ᠠ ᠤᠷᠤᠨ ᠰᠠᠭᠤᠴᠨ ᠶᠢᠨ ᠪᠠᠷᠢᠯᠭ᠎ᠠ ᠶᠢᠨ ᠡᠨᠧᠷᠬᠢ ᠠᠷᠪᠢᠯᠠᠬᠤ

ᠦᠭᠡᠷᠡᠴᠢᠯᠡᠯᠳᠡ ᠶᠢᠨ ᠢᠨᠵᠧᠨᠧᠷᠢᠩ ᠪᠤᠯᠤᠨ ᠬᠠᠭᠤᠴᠢᠨ ᠬᠤᠷᠤᠭᠠᠯᠠᠯ ᠢ ᠦᠭᠡᠷᠡᠴᠢᠯᠡᠨ ᠵᠠᠰᠠᠬᠤ ᠢᠨᠵᠧᠨᠧᠷᠢᠩ ᠢ

ᠶᠠᠪᠤᠭᠳᠠᠭᠤᠯᠵᠦ᠂ 1350 ᠨᠤᠤᠷᠬᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ 260 ᠡᠷᠦᠬᠡ ᠪᠤᠴᠠᠭᠠᠨ

ᠨᠡᠭᠦᠯᠭᠡᠬᠦ ᠠᠰᠠᠷ ᠤᠨ ᠪᠠᠶᠢᠭᠤᠯᠤᠯᠳᠠ ᠶᠢ ᠡᠭᠢᠯᠡᠭᠦᠯᠵᠦ᠂ 9.4 ᠲᠦᠮᠡᠨ ᠺᠦᠸᠠᠲ ᠮᠧᠲᠷ ᠤᠨ ᠶᠠᠪᠠᠭᠠᠨ ᠵᠠᠮ ᠤᠨ

ᠬᠠᠳᠠᠭᠤᠷᠠᠭᠤᠯᠤᠯᠳᠠ᠂ 11.5 ᠲᠦᠮᠡᠨ ᠺᠦᠸᠠᠲ ᠮᠧᠲᠷ ᠤᠨ ᠨᠤᠭᠤᠭᠠᠷᠠᠭᠤᠯᠤᠯᠳᠠ ᠶᠢ ᠪᠡᠶᠡᠯᠡᠭᠦᠯᠵᠦ᠂ ᠢᠯᠴᠢ

ᠲᠤᠯᠠᠭᠠᠯᠠᠭ᠎ᠠ ᠶᠢᠨ ᠭᠤᠤᠷᠰᠦ ᠶᠢ 11.22 ᠺᠢᠯᠤᠮᠧᠲᠷ᠂ ᠪᠤᠵᠡᠷ ᠤᠰᠦᠨ ᠤ ᠭᠤᠤᠷᠰᠦ ᠶᠢ 3.6 ᠺᠢᠯᠤᠮᠧᠲᠷ

ᠦᠭᠡᠷᠡᠴᠢᠯᠡᠵᠡᠢ᠃

︵ᠲᠦᠷᠪᠡ︶ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠰᠢᠨ᠎ᠡ ᠶᠢ ᠡᠭᠦᠳᠬᠦ ᠶᠢ ᠪᠠᠷᠢᠮᠳᠠᠯᠠᠭᠰᠠᠨ ᠢᠶᠠᠷ ᠬᠦᠭᠵᠢᠯᠳᠡ

 ᠶᠢᠨ ᠬᠦᠴᠦᠨ ᠤᠯᠡᠮ ᠨᠡᠮᠡᠭᠳᠡᠵᠠᠢ᠃ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠦᠬᠦᠴᠡᠯ ᠢ ᠪᠦᠬᠦ ᠲᠠᠯ᠎ᠡ

 ᠪᠠᠷ ᠰᠣᠯᠠᠷᠠᠭᠤᠯᠵᠦ᠂ ︽ᠲᠠᠪᠤᠨ ᠦᠨᠡᠮᠯᠡᠯ ᠢ ᠨᠢᠭᠡᠳᠭᠡᠵᠦ᠂ ᠨᠢᠭᠡ ᠦᠨᠡᠮᠯᠡᠯ ᠨᠢᠭᠡ ᠺᠤᠳ᠋︾ ᠲᠠᠩᠰᠠᠯᠠᠬᠤ ᠲᠦᠷᠢᠮ

 ᠢ ᠪᠦᠬᠦ ᠠᠶᠢᠮᠠᠭ ᠲᠠᠢ ᠵᠡᠷᠭᠡᠳᠡ ᠬᠡᠷᠡᠭᠵᠢᠭᠦᠯᠵᠦ᠂ ᠦᠢᠯᠡᠰ ᠪᠤᠰᠬᠠᠬᠤ ᠶᠢ ᠵᠦᠪᠰᠢᠶᠡᠷᠡᠭᠦ ᠶᠠᠪᠤᠴᠠ ᠳᠠᠬᠢ ᠲᠦᠷᠢᠮᠵᠢᠯ

 ᠤᠨ ᠴᠢᠨᠠᠷᠳᠡᠢ ᠦᠷᠳᠡᠭ ᠢ ᠤᠯᠡᠮ ᠪᠠᠭᠠᠰᠬᠠᠵᠦ᠂ ᠰᠢᠨ᠎ᠡ ᠪᠠᠷ ᠵᠠᠬ᠎ᠠ ᠲᠠᠯᠭᠡᠭᠦᠷ ᠤᠨ ᠭᠤᠤᠯ ᠴᠤᠭᠴᠨ 270

ᠡᠷᠤᠭᠡ ᠨᠡᠮᠡᠭᠳᠡᠵᠦ᠂ ᠲᠡᠳᠡᠭᠡᠷ ᠨᠢ ᠨᠡᠶᠢᠳᠠ 4990 ᠡᠷᠤᠭᠡ ᠪᠣᠯᠣᠨ ᠦᠷᠭᠡᠵᠢᠪᠡ᠃ ᠵᠠᠰᠠᠭ ᠵᠠᠬᠢᠷᠭᠠᠨ ᠤ ᠬᠢᠨᠠᠨ

ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠠᠭᠦᠯᠵᠦ᠂ ᠤᠯᠡᠨ ᠨᠡᠶᠢᠳᠡ ᠶᠢᠨ ᠡᠬᠢ ᠪᠡᠶᠠᠯᠢᠭ ᠤᠨ

ᠰᠤᠯᠢᠯᠴᠠᠭᠠᠨ ᠤ ᠲᠦᠪ ᠤᠨ ᠪᠠᠶᠢᠭᠤᠯᠣᠯᠳᠠ ᠶᠢ ᠢᠳᠡᠪᠬᠢᠳᠠᠢ ᠪᠡᠯᠡᠳᠬᠡᠪᠡ᠃ ᠦᠯᠦ ᠬᠦᠳᠡᠯᠬᠦ ᠬᠦᠷᠦᠩᠭᠡ ᠶᠢᠨ

ᠲᠡᠩᠰᠡᠯᠡᠯᠳᠡ ᠶᠢᠨ ᠠᠵᠢᠯ ᠢ ᠯᠠᠪᠳᠠᠭᠤᠨ ᠠᠬᠢᠭᠤᠯᠵᠦ᠂ ᠦᠯᠤ ᠬᠦᠳᠡᠯᠬᠦ ᠬᠦᠷᠦᠩᠭᠡ ᠶᠢ ᠲᠠᠩᠰᠠᠯᠠᠭᠰᠠᠨ ᠦᠨᠡᠮᠯᠡᠯ ᠢ

ᠨᠢᠭᠡᠳᠦᠯᠳᠡᠢ ᠳᠠᠷᠬᠠᠭᠠᠬᠤ ᠶᠢ ᠪᠡᠶᠡᠯᠡᠬᠦᠯᠵᠠᠢ᠃ ᠮᠠᠯᠵᠢᠬᠤ ᠲᠠᠷᠢᠶᠠᠯᠠᠬᠤ ᠤᠷᠤᠨ ᠤ ᠶᠡᠷᠤᠩᠬᠡᠶᠢᠯᠡᠭᠰᠡᠨ

ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠬᠠᠮᠲᠦ ᠶᠢᠨ ᠭᠠᠵᠠᠷ ᠰᠢᠷᠦᠢ ᠶᠢ

ᠳᠠᠭᠠᠭᠠᠴᠢᠯᠠᠨ ᠡᠵᠡᠩᠨᠡᠬᠦ ᠡᠷᠭᠡ ᠶᠢ ᠨᠣᠳᠠᠯᠠᠨ ᠳᠠᠩᠰᠠᠯᠠᠵᠦ ᠦᠨᠡᠮᠯᠡᠯ ᠲᠠᠷᠬᠠᠭᠠᠬᠤ᠂ ᠨᠤᠳᠤᠭ ᠪᠡᠯᠴᠢᠭᠡᠷ ᠢ

ᠳᠠᠭᠠᠭᠠᠴᠢᠯᠠᠨ ᠡᠵᠡᠩᠨᠡᠬᠦ ᠡᠷᠭᠡ ᠶᠢ ᠨᠣᠳᠠᠯᠠᠨ ᠳᠠᠩᠰᠠᠯᠠᠵᠦ ᠦᠨᠡᠮᠯᠡᠯ ᠳᠠᠷᠬᠠᠭᠠᠬᠤ ᠠᠵᠢᠯ ᠢ ᠪᠦᠬᠦ ᠲᠠᠯ᠎ᠠ ᠪᠠᠷ

ᠦᠷᠨᠢᠭᠦᠯᠪᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠠᠷ ᠦᠭᠡᠷᠡᠴᠢᠯᠡᠬᠦ︾ ᠭᠠᠶᠢᠯᠢ

 ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠦ᠂ ppp ᠪᠡᠯᠨ ᠨᠡᠶᠢᠯᠡᠭᠦᠯᠬᠦ

ᠬᠡᠯᠪᠡᠷᠢ ᠶᠢ ᠬᠡᠷᠡᠭᠵᠢᠭᠦᠯᠬᠦ ᠶᠢ ᠠᠬᠢᠭᠤᠯᠵᠦ᠂ 10 ᠲᠦᠷᠦᠯ ᠵᠦᠢᠯ ᠢ ᠨᠦᠭᠡᠴᠡᠯᠡᠪᠡ᠃ ᠪᠡᠯᠨ ᠬᠤᠷᠠᠮᠳᠤᠭᠤᠯᠬᠤ

ᠲᠡᠪᠴᠡᠩ ᠢ ᠬᠦᠢᠴᠡᠳ ᠠᠰᠢᠭᠯᠠᠵᠦ᠂ 7.09 ᠳ᠋ᠦᠡᠭᠰᠢᠭᠤᠷ ᠲᠦᠭᠦᠷᠢᠭ ᠤᠨ ᠪᠡᠯᠨ ᠮᠦᠩᠭᠦ ᠬᠤᠷᠠᠮᠳᠤᠭᠤᠯᠪᠠ᠃

ᠤᠷᠤᠨ ᠨᠤᠳᠤᠭ ᠤᠨ ᠵᠠᠰᠠᠭ ᠤᠨ ᠤᠷᠳᠦᠨ ᠤ ᠴᠢᠨᠠᠷᠳᠡᠢ ᠦᠷᠢ ᠦᠭᠴᠡᠭᠡᠨ ᠤ ᠬᠠᠮᠢᠶᠠᠷᠤᠯᠳᠠ ᠶᠢ ᠴᠢᠩᠭᠠᠳᠬᠠᠵᠦ᠂

ᠵᠠᠰᠠᠭ ᠤᠨ ᠤᠷᠳᠦᠨ ᠤ ᠴᠢᠨᠠᠷᠳᠠᠢ ᠦᠷᠢ ᠦᠭᠴᠡᠭᠡᠨ ᠤ ᠵᠢᠭᠡᠯᠡᠯᠭᠡ᠂ ᠬᠡᠷᠡᠭᠯᠡᠯᠳᠡ᠂ ᠪᠤᠴᠠᠭᠠᠬᠤ ᠪᠤᠯᠤᠨ ᠪᠠᠳᠤᠯᠠᠭᠠᠨ

 ᠤ ᠠᠵᠢᠯᠯᠠᠭ᠎ᠠ ᠶᠢ ᠣᠯᠠᠮ ᠲᠦᠷᠢᠮᠵᠢᠭᠦᠯᠪᠡ᠃ ᠨᠠᠮ ᠵᠠᠰᠠᠭ ᠤᠨ ᠪᠠᠶᠢᠭᠤᠯᠤᠮᠵᠢ ᠶᠢᠨ ᠠᠯᠪᠡᠨ ᠤ ᠲᠡᠷᠭᠡ ᠶᠢ ᠬᠡᠷᠡᠭᠯᠡᠬᠦ

ᠲᠦᠷᠢᠮ ᠤᠨ ᠦᠭᠡᠷᠡᠴᠢᠯᠡᠯᠳᠡ ᠶᠢ ᠨᠢᠮᠪᠠᠢ ᠦᠷᠨᠢᠭᠦᠯᠵᠦ᠂ ᠠᠯᠪᠡᠨ ᠤ ᠲᠡᠷᠭᠡ ᠶᠢ ᠪᠢᠳᠡᠭᠦᠮᠵᠢᠯᠡᠬᠦ ᠪᠡ ᠰᠢᠯᠭᠠᠨ

ᠬᠤᠷᠢᠶᠠᠬᠤ ᠠᠵᠢᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠴᠠ ᠶᠢᠨ ᠵᠠᠮ ᠬᠠᠷᠢᠯᠴᠠᠭᠠᠨ ᠤ

ᠨᠦᠬᠦᠪᠤᠷᠢ ᠶᠢ ᠨᠡᠶᠢᠳᠡᠪᠤᠷᠢᠵᠢᠭᠤᠯᠵᠡᠢ᠃

︵ᠲᠠᠪᠤ︶ ᠠᠷᠠᠳ ᠤᠨ ᠠᠮᠢᠳᠦᠷᠡᠯ ᠢ ᠰᠡᠶᠢᠵᠢᠷᠠᠭᠤᠯᠬᠤ ᠶᠢ ᠪᠠᠷᠢᠮᠳᠠᠯᠠᠭᠰᠠᠨ ᠢᠶᠠᠷ ᠬᠦᠭᠵᠢᠯᠳᠡ ᠶᠢᠨ ᠦᠷ᠎ᠡ

ᠪᠦᠳᠦᠭᠡᠯ ᠢ ᠬᠠᠮᠳᠤᠪᠡᠷ ᠡᠳ᠋ᠯᠡᠵᠠᠢ᠃ ᠶᠠᠳᠠᠭᠤ ᠠᠴᠠ ᠠᠩᠬᠢᠵᠢᠷᠠᠭᠤᠯᠬᠤ ᠰᠢᠪᠲᠦᠯᠦᠯᠳᠠ ᠣᠯᠠᠮ ᠯᠠᠪᠳᠠᠭᠤᠨ

ᠶᠠᠪᠣᠭᠳᠠᠪᠠ᠃ ︽ᠲᠠᠪᠤᠨ ᠪᠦᠯᠦᠭ ᠢᠶᠠᠷ ᠶᠠᠳᠠᠭᠤ ᠠᠴᠠ ᠠᠩᠬᠢᠵᠢᠷᠠᠭᠤᠯᠬᠤ︾᠂ ︽ᠵᠢᠷᠭᠤᠭᠠᠨ ᠨᠠᠷᠢᠯᠢᠭ

ᠤᠨᠤᠪᠴᠢᠳᠠᠢ︾ ᠭᠡᠬᠦ ᠵᠡᠷᠭᠡ ᠶᠠᠳᠠᠭᠤ ᠶᠢ ᠳᠡᠳᠬᠦᠬᠦ ᠠᠷᠭ᠎ᠠ ᠪᠠᠷᠢᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ︽

ᠰᠢᠯᠥᠭᠤᠨ ᠬᠦᠪᠡᠭᠡᠲᠦ ᠴᠠᠭᠠᠨ ᠬᠤᠰᠢᠭᠤᠨ ᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠶᠠᠳᠠᠭᠤ ᠠᠴᠠ

ᠠᠩᠬᠢᠵᠢᠷᠠᠭᠤᠯᠬᠤ ᠰᠢᠪᠲᠦᠯᠦᠯᠳᠠ ᠶᠢᠨ ᠲᠦᠯᠦᠪᠵᠢᠭᠦᠯᠭᠡ︾ ᠪᠤᠯᠤᠨ ︽ᠰᠢᠯᠥᠭᠤᠨ ᠬᠦᠪᠡᠭᠡᠲᠦ ᠴᠠᠭᠠᠨ ᠬᠤᠰᠢᠭᠤᠨ

 ᠤ ᠶᠠᠳᠠᠭᠤ ᠠᠴᠠ ᠠᠩᠬᠢᠵᠢᠷᠠᠭᠤᠯᠬᠤ ᠰᠢᠪᠲᠦᠯᠦᠯᠳᠠ ᠶᠢ ᠬᠡᠷᠡᠭᠵᠢᠭᠦᠯᠬᠦ ᠳᠦᠰᠦᠯ︾ ᠢ ᠳᠤᠭᠤᠷᠪᠢᠵᠤ᠂ ᠪᠦᠬᠦ

ᠬᠤᠰᠢᠭᠤᠨ ᠤ 359 ᠨᠡᠷᠡᠰ ᠳᠡᠳ᠋ ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠤᠯᠤᠨ 1841

ᠬᠦᠴᠢᠷᠳᠡᠯᠳᠠᠢ ᠡᠷᠦᠬᠡ ᠶᠢᠨ ᠬᠤᠭᠤᠷᠤᠨᠳᠤᠬᠢ ᠬᠠᠪᠰᠦᠷᠦᠨ ᠳᠡᠳᠬᠦᠬᠦ ᠬᠤᠯᠪᠤᠭᠠᠰᠤ ᠶᠢ ᠵᠠᠩᠭᠢᠳᠵᠦ᠂ ᠬᠠᠪᠰᠦᠷᠦᠨ

ᠳᠡᠳᠬᠦᠬᠦ ᠪᠠᠶᠢᠭᠤᠯᠭ᠎ᠠ ᠵᠢᠴᠢ ︽ᠨᠢᠭᠡᠳᠦᠭᠡᠷ ᠱᠦᠵᠢ︾᠂ ᠭᠠᠴᠠᠭᠠᠨ ᠳᠤ ᠰᠠᠭᠤᠭ᠎ᠠ ᠺᠠᠳ᠋ᠷ ᠵᠡᠷᠭᠡ 468 ᠬᠦᠮᠥᠨ

ᠦᠨᠳᠦᠰᠦᠨ ᠱᠠᠳᠦᠨ ᠳᠤ ᠪᠠᠭᠤᠨ ᠶᠠᠳᠠᠭᠤ ᠶᠢ ᠳᠡᠳᠬᠦᠬᠦ ᠰᠢᠪᠳᠦᠯᠦᠯᠳᠠ ᠬᠢᠪᠠ᠃ ᠮᠦᠩᠭᠦᠨ ᠬᠦᠢᠯᠭᠡᠭᠡ ᠪᠠᠷ

ᠶᠠᠳᠠᠭᠤ ᠶᠢ ᠲᠡᠳᠭᠦᠨ ᠠᠷᠠᠳ ᠢ ᠪᠠᠶᠠᠵᠢᠭᠤᠯᠬᠤ ᠵᠢᠭᠡᠯᠡᠯᠭᠡ ᠶᠢ 2.2 ᠳ᠋ᠦᠡᠭᠰᠢᠭᠤᠷ ᠲᠦᠭᠦᠷᠢᠭ ᠲᠠᠷᠬᠠᠭᠠᠵᠦ᠂

1963 ᠲᠦᠮᠡᠨ ᠲᠦᠭᠦᠷᠢᠭ ᠵᠠᠷᠤᠴᠠᠭᠤᠯᠤᠨ ︽ᠭᠤᠷᠪᠡ ᠶᠢ ᠬᠦᠳᠡᠭᠡ ᠬᠦᠷᠭᠡᠵᠦ ᠭᠤᠷᠪᠡ ᠶᠢ ᠡᠷᠤᠭᠡ ᠳᠤ ᠬᠦᠷᠭᠡᠬᠦ

︾ ᠨᠠᠷᠢᠯᠢᠭ ᠤᠨᠤᠪᠴᠢᠳᠡᠢ ᠶᠠᠳᠠᠭᠤ ᠶᠢ ᠲᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ 200 ᠬᠦᠮᠦᠨ ᠢ ᠶᠠᠳᠠᠭᠤ

 ᠠᠴᠠ ᠠᠩᠬᠢᠵᠢᠷᠠᠭᠤᠯᠬᠤ ᠪᠠᠷ ᠨᠡᠭᠦᠯᠭᠡᠨ ᠰᠢᠯᠵᠢᠭᠦᠯᠵᠦ᠂ ᠶᠡᠷᠦᠳᠡ ᠶᠢᠨ ᠬᠡᠷᠡᠭᠯᠡᠯᠬᠡᠨ ᠤ ᠪᠤᠯᠪᠠᠰᠤᠷᠠᠯ ᠳᠤ 819

ᠬᠦᠮᠥᠨ ᠢ ᠤᠷᠤᠯᠴᠠᠭᠤᠯᠤᠨ᠂ ᠡᠯ᠎ᠡ ᠲᠦᠷᠦᠯ ᠤᠨ ᠬᠠᠪᠰᠦᠷᠦᠨ ᠲᠡᠮᠵᠢᠬᠦ ᠪᠡᠯᠨ ᠮᠦᠩᠭᠦ 1.42 ᠳ᠋ᠦᠡᠭᠰᠢᠭᠤᠷ

ᠲᠦᠭᠦᠷᠢᠭ ᠡᠷᠡᠮᠡᠯᠵᠡᠯᠡᠨ ᠤᠯᠵᠦ᠂ 3506 ᠬᠦᠮᠦᠨ ᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ

ᠪᠡᠶᠡᠯᠡᠭᠦᠯᠵᠡᠢ᠃ ᠠᠷᠠᠳ ᠤᠨ ᠠᠮᠢᠳᠤᠷᠠᠯ ᠤᠨ ᠪᠠᠲᠤᠯᠠᠭᠠᠨ ᠳᠤ ᠤᠯᠠᠮ ᠬᠦᠴᠦᠯᠡᠪᠠ᠃ ᠪᠦᠬᠦ ᠵᠢᠯ ᠤᠨ ᠠᠷᠠᠳ ᠤᠨ

ᠠᠮᠢᠳᠦᠷᠡᠯ ᠳᠠᠬᠢ ᠵᠠᠷᠣᠴᠠᠭᠤᠯᠭ᠎ᠠ ᠨᠢ 9.7 ᠳ᠋ᠦᠡᠭᠰᠢᠭᠤᠷ ᠲᠦᠭᠦᠷᠢᠭ ᠬᠦᠷᠴᠦ᠂ ᠡᠨᠡ ᠨᠢ ᠪᠦᠬᠦ ᠬᠤᠰᠢᠭᠤᠨ ᠤ

ᠤᠯᠡᠨ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 86.6% ᠶᠢ ᠡᠵᠡᠯᠡᠵᠦ᠂ 6.1% ᠪᠠᠷ ᠨᠡᠮᠡᠭᠳᠡᠪᠡ᠃

ᠰᠢᠨ᠎ᠡ ᠪᠠᠷ ᠬᠤᠳᠡ ᠪᠠᠯᠭᠠᠰᠦᠨ ᠤ 1230 ᠬᠦᠮᠦᠨ ᠳᠤ ᠠᠵᠢᠯ ᠤᠯᠭᠤᠵᠦ᠂ 1843 ᠬᠦᠮᠦᠨ ᠳᠤ ᠡᠯ᠎ᠡ

ᠲᠦᠷᠦᠯ ᠤᠨ ᠠᠵᠢᠯ ᠤᠯᠭᠤᠯᠳᠠ ᠶᠢᠨ ᠪᠤᠯᠪᠠᠰᠤᠷᠠᠯ ᠬᠢᠵᠦ᠂ ᠨᠡᠶᠢᠳᠡ 158 ᠬᠦᠮᠦᠨ ᠢ ᠨᠡᠶᠢᠳᠡ ᠶᠢᠨ

ᠦᠢᠯᠡᠴᠢᠯᠡᠯᠭᠡᠨ ᠤ ᠠᠵᠢᠯ ᠤᠨ ᠪᠠᠶᠢᠷᠢᠨ ᠳᠤ ᠲᠤᠬᠢᠷᠠᠭᠤᠯᠵᠦ᠂ 2238 ᠲᠦᠮᠡᠨ ᠲᠦᠭᠦᠷᠢᠭ ᠤᠨ ᠦᠢᠯᠡᠰ

ᠪᠤᠰᠬᠠᠬᠤ ᠪᠠᠳᠤᠯᠠᠭᠠᠳᠦ ᠵᠢᠭᠡᠯᠡᠯᠭᠡ ᠶᠢ ᠲᠠᠷᠬᠠᠭᠠᠵᠦ᠂ ᠬᠤᠳᠡ ᠪᠠᠯᠭᠠᠰᠦᠨ ᠤ ᠠᠵᠢᠯ ᠠᠯᠳᠠᠭᠰᠠᠨ ᠲᠠᠩᠰᠡᠯᠡᠯᠳᠡ ᠶᠢᠨ

ᠨᠤᠷᠮ᠎ᠡ ᠶᠢ 3.6% ᠶᠢᠨ ᠲᠤᠳᠤᠷ᠎ᠡ ᠡᠵᠡᠮᠳᠡᠪᠡ᠃ ᠡᠯ᠎ᠠ ᠲᠦᠷᠦᠯ ᠤᠨ ᠨᠦᠬᠦᠪᠦᠷᠢ ᠮᠦᠩᠬᠦ ᠶᠢᠨ ᠠᠶᠠᠨᠳᠠᠭᠠᠨ

ᠨᠡᠮᠡᠭᠳᠡᠯ ᠤᠨ ᠲᠦᠷᠢᠮ ᠢ ᠪᠦᠬᠦ ᠳᠠᠯ᠎ᠠ ᠪᠠᠷ ᠨᠡᠶᠢᠳᠠᠪᠦᠷᠢᠵᠢᠭᠤᠯᠵᠦ᠂ ᠬᠤᠳᠠ ᠬᠦᠳᠡᠭᠡᠨ ᠤ ᠠᠮᠢᠳᠤᠷᠠᠯ ᠤᠨ ᠨᠠᠭᠠᠳᠤ

ᠵᠠᠬ᠎ᠠ ᠶᠢᠨ ᠪᠠᠳᠤᠯᠭᠠᠨ ᠤ ᠪᠠᠷᠢᠮᠵᠢᠶ᠎ᠠ ᠶᠢ ᠳᠣᠰᠪᠦᠷᠢ 4% ᠪᠣᠯᠣᠨ 17% ᠪᠠᠷ ᠨᠡᠮᠡᠭᠳᠡᠬᠦᠯᠵᠦ᠂ ᠬᠦᠳᠡᠭᠡ

ᠳᠣᠰᠬᠤᠨ ᠤ ᠳᠠᠪᠣᠨ ᠪᠠᠳᠣᠯᠠᠭ᠎ᠠ ᠶᠢᠨ ᠡᠳᠡᠭᠡᠳ ᠢ ᠲᠦᠪᠯᠡᠷᠡᠩᠬᠦᠢ ᠪᠠ ᠳᠠᠷᠬᠠᠢ ᠪᠠᠷ ᠠᠰᠠᠷᠠᠨ ᠳᠡᠵᠢᠬᠡᠬᠦ ᠪᠠᠷᠢᠮᠵᠢᠶ᠎ᠠ

 ᠶᠢ ᠳᠣᠰᠪᠦᠷᠢ 7% ᠪᠠ 9% ᠪᠠᠷ ᠳᠡᠭᠡᠭᠰᠢᠯᠡᠬᠦᠯᠦᠪᠠ᠃ ᠬᠤᠳᠡ ᠬᠦᠳᠡᠭᠡᠨ ᠤ ᠨᠠᠭᠠᠳᠤ ᠵᠠᠬ᠎ᠠ ᠶᠢᠨ ᠪᠠᠳᠤᠯᠠᠭ᠎ᠠ

 ᠶᠢ ᠲᠤᠰᠬᠠᠢ ᠴᠡᠪᠡᠷᠯᠡᠨ ᠴᠡᠭᠴᠡᠯᠡᠬᠦ᠂ ᠬᠦᠴᠢᠷᠳᠡᠯᠳᠡᠢ ᠤᠯᠡᠨ ᠲᠦᠮᠡᠨ ᠢ ᠪᠤᠯᠭᠤᠭᠠᠨ ᠲᠤᠬᠢᠨᠠᠭᠤᠯᠬᠤ ᠵᠡᠷᠭᠡ ᠠᠵᠢᠯ ᠢ

ᠦᠷᠨᠢᠭᠦᠯᠵᠦ᠂ ᠬᠤᠳᠡ ᠬᠦᠳᠡᠭᠡ ᠶᠢᠨ ᠨᠠᠭᠠᠳᠤ ᠵᠠᠬ᠎ᠠ ᠶᠢᠨ  ᠪᠠᠳᠤᠯᠠᠭ᠎ᠠ᠂ ᠳᠠᠪᠣᠨ ᠪᠠᠳᠣᠯᠠᠭ᠎ᠠ ᠵᠢᠴᠢ ᠡᠯ᠎ᠡ ᠲᠦᠷᠦᠯ

 ᠤᠨ ᠲᠤᠰᠠᠯᠠᠮᠵᠢ ᠶᠢᠨ ᠪᠡᠯᠨ ᠮᠦᠩᠬᠦ ᠶᠢ ᠨᠡᠶᠢᠳᠡ 8033 ᠲᠦᠮᠡᠨ ᠲᠦᠭᠦᠷᠢᠭ ᠲᠠᠷᠬᠠᠭᠠᠵᠦ᠂ 1.9 ᠲᠦᠮᠡᠨ

ᠬᠦᠮᠦᠨ ᠤᠳᠠᠭ᠎ᠠ ᠳᠤ ᠠᠰᠢᠭ ᠬᠦᠷᠲᠡᠭᠡᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ

ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ 81% ᠬᠦᠷᠴᠦ᠂ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ

ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠨᠤᠷᠮ᠎ᠠ ᠨᠢ 98.54% ᠬᠦᠷᠴᠦ᠂ ᠨᠡᠶᠢᠳᠡ 1.2

ᠲᠦᠮᠡᠨ ᠡᠪᠡᠳᠴᠢᠳᠡᠳ ᠤᠨ 2590 ᠲᠦᠮᠡᠨ ᠲᠦᠭᠦᠷᠢᠭ ᠤᠨ ᠡᠮᠨᠡᠯᠭᠡ ᠶᠢᠨ ᠰᠦᠢᠳᠬᠡᠯ ᠢ ᠳᠠᠩᠰᠠᠨ ᠠᠴᠠ

ᠴᠠᠶᠢᠷᠠᠭᠤᠯᠪᠠ᠃ 2454 ᠨᠡᠷ᠎ᠡ ᠬᠤᠳᠠ ᠪᠠᠯᠭᠠᠰᠣᠨ ᠤ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ

ᠡᠪᠡᠳᠴᠢᠳᠡᠨ ᠳᠤ 2312 ᠲᠦᠮᠡᠨ ᠲᠦᠭᠦᠷᠢᠭ ᠤᠨ ᠡᠮ ᠡᠮᠨᠡᠯᠭᠡ ᠶᠢᠨ ᠰᠣᠶᠢᠳᠬᠡᠯ ᠢ ᠴᠠᠶᠢᠷᠠᠭᠤᠯᠪᠠ᠃ ᠦᠨᠳᠦᠷ

ᠨᠠᠰᠣᠵᠢᠯ ᠤᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠨᠡᠶᠢᠳᠠᠪᠦᠷᠢᠵᠢᠭᠤᠯᠵᠦ᠂ 60 ᠨᠠᠰᠣᠨ ᠠᠴᠠ

ᠳᠡᠭᠡᠭᠰᠢᠬᠢ ᠬᠤᠳᠠ ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠨᠠᠰᠣᠵᠢᠯ ᠤᠨ ᠳᠠᠭᠠᠳᠬᠠᠯ ᠤᠨ

ᠮᠦᠩᠬᠦ ᠶᠢ ᠰᠠᠷ᠎ᠠ ᠪᠦᠷᠢ 110 ᠲᠦᠭᠦᠷᠢᠭ ᠲᠤ ᠬᠦᠷᠭᠡᠪᠡ᠃ ᠲᠠᠷᠢᠶᠠᠯᠠᠬᠤ ᠤᠷᠤᠨ ᠳᠤ 11 ᠨᠠᠰᠦᠳᠡᠶᠢᠴᠦᠤᠯ ᠤᠨ

ᠠᠰᠠᠷᠠᠮᠵᠢ ᠶᠢᠨ ᠬᠦᠷᠢᠶ᠋ᠯᠬᠠᠭ᠌᠂ ᠮᠠᠯᠵᠢᠬᠤ ᠤᠷᠤᠨ ᠳᠤ 120 ᠨᠠᠰᠦᠳᠡᠶᠢᠴᠦᠤᠯ ᠤᠨ ᠶᠡᠷᠤᠩᠬᠡᠶᠢᠯᠡᠭᠰᠡᠨ ᠠᠰᠠᠷᠠᠮᠵᠢ

 ᠶᠢᠨ ᠪᠠᠶᠢᠷᠢ ᠪᠠᠶᠢᠭᠤᠯᠵᠦ᠂ ᠮᠠᠯᠵᠢᠬᠤ ᠣᠷᠣᠨ ᠤ ᠭᠠᠵᠠᠷ ᠣᠷᠣᠨ ᠤ ᠴᠢᠨᠠᠷᠳᠠᠢ ᠨᠠᠰᠣᠳᠠᠶᠢᠴᠣᠣᠯ ᠤᠨ

ᠶᠡᠷᠦᠩᠬᠡᠶᠢᠯᠡᠭᠰᠡᠨ ᠪᠠᠶᠢᠷᠢ 1 ᠰᠠᠭᠤᠷᠢ ᠶᠢ ᠡᠬᠢᠯᠡᠨ ᠪᠠᠶᠢᠭᠤᠯᠵᠦ᠂ ᠠᠮᠢ ᠠᠬᠤᠶᠢᠴᠢ ᠨᠡᠶᠢᠳᠡ ᠶᠢᠨ ᠤᠩᠭᠤᠨ ᠤ

ᠲᠤᠭᠤᠷᠢᠭ ᠪᠠ ᠤᠷᠤᠰᠢᠭᠤᠯᠭ᠎ᠠ ᠶᠢᠨ ᠭᠠᠵᠠᠷ ᠤᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠭᠦᠯᠵᠡᠢ᠃ ᠨᠡᠶᠢᠭᠡᠮ

 ᠤᠨ ᠠᠵᠢᠯ ᠦᠢᠯᠡᠰ ᠤᠯᠡᠮ ᠦᠷᠨᠢᠩᠭᠦᠢ ᠬᠦᠭᠵᠢᠪᠡ᠃ ︽ᠪᠦᠬᠦ ᠤᠯᠤᠰ ᠤᠨ ᠠᠯᠪᠡᠨ ᠵᠢᠷᠦᠮ ᠤᠨ ᠰᠤᠷᠭᠠᠨ

ᠬᠦᠮᠦᠵᠢᠯ ᠤᠨ ᠬᠦᠭᠵᠢᠯᠳᠡ ᠨᠢ ᠦᠨᠳᠦᠰᠦᠨ ᠳᠡᠭᠡᠨ ᠲᠡᠩᠴᠡᠭᠦᠷᠢᠳᠡᠢ ᠬᠤᠰᠢᠭᠤ︾ ᠶᠢᠨ ᠳᠣᠭᠳᠠᠭᠠᠯᠳᠠ ᠶᠢ

ᠢᠯᠭᠤᠮ ᠦᠩᠭᠡᠷᠡᠪᠡ᠃ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠭᠠᠳᠠᠨ᠎ᠠ ᠠᠴᠠ

ᠳᠣᠰᠬᠠᠢ ᠮᠡᠷᠭᠡᠵᠢᠯ ᠤᠨ ᠪᠠᠭᠰᠢ ᠵᠠᠯᠠᠬᠤ ᠪᠠ ᠰᠢᠯᠢᠳᠡᠭ ᠪᠠᠭᠰᠢ ᠠᠵᠢᠯᠳᠠᠨ ᠤ ᠪᠣᠯᠪᠠᠰᠣᠷᠠᠯ᠂ ᠰᠢᠯᠢᠳᠡᠭ ᠪᠠᠭᠰᠢ

ᠠᠵᠢᠯᠳᠠᠨ ᠢ ᠱᠠᠩᠨᠠᠨ ᠬᠦᠬᠢᠭᠦᠯᠬᠦ ᠳᠠᠯ᠎ᠠ ᠪᠠᠷ 120 ᠲᠦᠮᠡᠨ ᠲᠦᠭᠦᠷᠢᠭ ᠵᠠᠷᠣᠴᠠᠭᠤᠯᠵᠦ᠂ 1100 ᠭᠠᠷᠦᠢ

ᠬᠦᠮᠦᠨ ᠤᠳᠠᠭ᠎ᠠ ᠪᠠᠷ ᠪᠠᠭᠰᠢ ᠶᠢ ᠵᠤᠬᠢᠶᠠᠨ ᠪᠠᠶᠢᠭᠤᠯᠤᠨ ᠭᠠᠳᠠᠭᠰᠢ ᠭᠠᠷᠴᠦ ᠰᠤᠷᠤᠯᠴᠠᠨ ᠪᠤᠯᠪᠠᠰᠤᠷᠠᠭᠤᠯᠵᠦ᠂

ᠲᠤᠮᠳᠠᠳᠦ ᠪᠠᠭ᠎ᠠ ᠰᠤᠷᠭᠠᠭᠤᠯᠢ ᠳᠤ 17 ᠪᠠᠭᠰᠢ ᠡᠯᠰᠡᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠶᠡᠭᠡ

ᠰᠤᠷᠭᠠᠭᠤᠯᠢ ᠶᠢᠨ ᠵᠢᠩᠬᠢᠨᠢ ᠠᠩᠬᠢ ᠶᠢᠨ ᠡᠯᠰᠡᠯᠳᠡ ᠶᠢᠨ ᠬᠤᠪᠢ ᠳᠤ ᠬᠦᠷᠬᠦ ᠨᠤᠷᠮ᠎ᠡ ᠨᠢ 5.9% ᠪᠠᠷ

ᠲᠡᠭᠡᠭᠰᠢᠯᠡᠵᠡᠢ᠃ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠲᠠᠮᠢᠷ ᠤᠷᠠᠯᠢᠭ ᠤᠨ ᠬᠦᠳᠡᠯᠭᠡᠭᠡᠨ ᠤ

ᠳᠠᠰᠤᠭ᠂ ᠮᠤᠩᠭᠤᠯ ᠳᠤᠮᠳᠠᠲᠦ ᠰᠤᠷᠭᠠᠭᠤᠯᠢ ᠶᠢᠨ ᠲᠠᠮᠢᠷ ᠤᠨ ᠤᠷᠳᠦᠨ᠂ ᠨᠢᠭᠡᠳᠦᠭᠡᠷ ᠪᠠᠭ᠎ᠠ ᠰᠤᠷᠭᠠᠭᠤᠯᠢ ᠶᠢᠨ

ᠬᠦᠳᠡᠯᠭᠡᠭᠡᠨ ᠤ ᠳᠠᠰᠤᠭ ᠪᠠ ᠲᠤᠷᠰᠢᠯᠳᠠ ᠶᠢᠨ ᠠᠰᠠᠷ ᠵᠢᠴᠢ 3 ᠳᠤᠮᠳᠠᠲᠦ ᠪᠠᠭ᠎ᠠ ᠰᠤᠷᠭᠠᠭᠤᠯᠢ ᠳᠤ ᠤᠰᠤ ᠪᠠᠷ

ᠵᠠᠶᠢᠯᠠᠬᠤ ᠵᠤᠷᠯᠤᠩ ᠢ ᠪᠠᠶᠢᠭᠤᠯᠵᠦ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠡᠯᠭᠡᠭᠡᠨ ᠤ ᠳᠠᠰᠤᠭ ᠢ ᠡᠬᠢᠯᠡᠵᠦ

ᠪᠠᠶᠢᠭᠤᠯᠪᠠ᠃ ᠨᠡᠶᠢᠳᠡ ᠶᠢᠨ ᠡᠮᠨᠡᠯᠭᠡ ᠶᠢᠨ ᠬᠤᠷᠢᠶᠠᠨ ᠤ ᠶᠡᠷᠤᠩᠬᠡᠶᠢᠯᠡᠭᠰᠡᠨ ᠦᠭᠡᠷᠡᠴᠢᠯᠡᠯᠳᠡ ᠶᠢ ᠪᠦᠬᠦ ᠲᠠᠯ᠎ᠠ ᠪᠠᠷ

ᠶᠠᠪᠤᠭᠳᠠᠭᠤᠯᠵᠦ᠂ ᠬᠤᠰᠢᠭᠤ ᠡᠮᠨᠡᠯᠭᠡ ᠶᠢᠨ ᠬᠤᠷᠢᠶ᠎ᠠ ᠨᠢ ᠤᠯᠤᠰ ᠤᠨ ᠬᠤᠶᠠᠳᠤᠭᠠᠷ ᠲᠡᠰ ᠤᠨ ᠶᠡᠷᠤᠩᠬᠡᠶᠢᠯᠡᠭᠰᠡᠨ

ᠡᠮᠨᠡᠯᠭᠡ ᠶᠢᠨ ᠬᠤᠷᠢᠶᠠᠨ ᠤ ᠬᠢᠷᠢ ᠳᠦᠪᠰᠢᠨ ᠤ ᠬᠢᠨᠡᠯᠳᠡ ᠶᠢ ᠦᠩᠭᠡᠷᠡᠭᠦᠯᠵᠦ᠂ ᠮᠤᠩᠭᠤᠯ ᠡᠮᠨᠡᠯᠭᠡ ᠶᠢᠨ ᠬᠤᠷᠢᠶ᠎ᠠ

 ᠨᠢ ᠤᠯᠤᠰ ᠤᠨ ᠬᠤᠶᠠᠳᠤᠭᠠᠷ ᠲᠡᠰ ᠤᠨ ᠮᠤᠩᠭᠤᠯ ᠡᠮᠨᠡᠯᠭᠡ ᠶᠢᠨ ᠬᠤᠷᠢᠶᠠᠨ ᠤ ᠦᠨᠡᠯᠡᠨ ᠲᠤᠭᠳᠠᠭᠠᠯᠳᠠ ᠶᠢ

ᠦᠩᠭᠡᠷᠡᠭᠡᠵᠡᠢ᠃ ᠡᠮ ᠡᠮᠴᠢᠯᠡᠭᠡᠨ ᠤ ᠦᠢᠯᠡᠴᠢᠯᠡᠯᠭᠡ ᠶᠢᠨ ᠴᠢᠨᠰᠠᠭ᠎ᠠ ᠶᠢ ᠲᠡᠭᠡᠭᠰᠢᠯᠡᠭᠦᠯᠵᠦ᠂ 28 ᠨᠡᠷ᠎ᠡ ᠲᠤᠰᠬᠠᠢ

ᠮᠡᠷᠭᠡᠵᠢᠯ ᠤᠨ ᠠᠵᠢᠯᠳᠡᠨ ᠡᠯᠰᠡᠵᠦ᠂ 810 ᠭᠠᠷᠤᠢ ᠬᠦᠮᠦᠨ ᠤᠳᠠᠭ᠎ᠠ ᠶᠢᠨ ᠪᠤᠯᠪᠠᠰᠤᠷᠠᠯ ᠬᠢᠪᠡ᠃ ᠮᠤᠩᠭᠤᠯ

ᠡᠮᠨᠡᠯᠭᠡ ᠶᠢᠨ ᠬᠤᠷᠢᠶᠠᠨ ᠤ ᠡᠪᠡᠳᠴᠢᠳᠡᠨ ᠤ ᠠᠰᠠᠷ ᠤᠨ ᠪᠠᠷᠢᠯᠭ᠎ᠠ ᠶᠢ ᠡᠬᠢᠯᠡᠭᠦᠯᠵᠦ᠂ 3 ᠰᠤᠮᠤ ᠪᠠᠯᠭᠠᠰᠦᠨ ᠤ

ᠡᠷᠡᠭᠦᠯ ᠬᠠᠮᠠᠭᠠᠯᠠᠯ ᠤᠨ ᠬᠤᠷᠢᠶ᠎ᠠ᠂  ᠠᠵᠢᠯᠳᠡ ᠤ ᠲᠦᠷ ᠰᠠᠭᠤᠬᠤ ᠪᠡᠶᠢᠷᠢ ᠶᠢ 2 ᠰᠠᠭᠤᠷᠢ ᠪᠠᠶᠢᠭᠤᠯᠵᠡᠢ᠃

ᠬᠦᠳᠡᠭᠡ ᠳᠣᠰᠬᠤᠨ ᠤ ᠪᠠᠶᠢᠴᠠᠭᠠᠯᠭᠠᠬᠤ ᠨᠠᠰᠣᠨ ᠳᠤ ᠳᠣᠬᠢᠷᠠᠭᠰᠠᠨ 2679 ᠨᠡᠷ᠎ᠡ ᠪᠠᠶᠢᠩᠭᠤ ᠰᠠᠭᠤᠭ᠎ᠠ ᠬᠦᠮᠦᠰ

 ᠲᠤ ᠲᠦᠯᠦᠪᠤᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠦ᠂  4660 ᠡᠮ ᠤᠨ ᠬᠠᠶᠢᠷᠴᠠᠭ ᠲᠠᠷᠬᠠᠭᠠᠵᠡᠢ᠃

ᠰᠤᠶᠤᠯ ᠤᠨ ᠠᠵᠢᠯ ᠤᠨ ᠬᠢᠯᠡᠰ ᠴᠢᠭ ᠤᠯᠡᠨ᠂ ᠰᠤᠶᠤᠯ ᠤᠷᠠᠯᠢᠭ ᠤᠨ ᠲᠤᠭᠯᠠᠯᠳᠠ 111 ᠲᠠᠯᠠᠪᠠᠢ ᠤᠳᠠᠭ᠎ᠠ

ᠵᠣᠬᠢᠶᠠᠨ ᠪᠠᠶᠢᠭᠤᠯᠵᠦ᠂ ᠬᠤᠰᠢᠭᠤ ᠤᠯᠠᠭᠠᠨᠮᠤᠴᠢᠷ ᠤᠨ ᠪᠦᠳᠥᠭᠡᠯ ᠪᠤᠯᠬᠤ ᠬᠤᠱᠤᠩ ᠵᠦᠴᠦᠭᠡ ︽ᠵᠠᠮ︾ ᠨᠢ

ᠠᠷᠪᠡᠨ ᠭᠤᠷᠪᠠᠳᠤᠭᠠᠷ ᠬᠤᠭᠤᠴᠠᠭᠠᠨ ᠤ ︽ᠲᠤᠮᠳᠠᠳᠦ ᠤᠯᠤᠰ᠂ ᠦᠪᠤᠷ ᠮᠤᠩᠭᠤᠯ ᠤᠨ ᠲᠠᠯ᠎ᠠ ᠨᠤᠳᠤᠭ ᠤᠨ

ᠰᠤᠶᠤᠯ ᠤᠨ ᠨᠠᠶᠢᠷ︾ ᠤᠨ ᠰᠢᠯᠢᠳᠡᠭ ᠵᠦᠴᠦᠭᠡ ᠶᠢᠨ ᠱᠠᠩᠨᠡᠯ᠂ ᠲᠤᠭᠯᠠᠯᠳᠠ ᠶᠢᠨ ᠱᠠᠩᠨᠡᠯ ᠵᠢᠴᠢ ᠤᠳᠦᠷᠢᠳᠤᠭᠠᠴᠢ

 ᠶᠢᠨ ᠱᠠᠩᠨᠡᠯ ᠬᠦᠷᠳᠡᠪᠡ᠃ ᠪᠤᠳᠡᠰ ᠤᠨ ᠪᠤᠰᠦ ᠰᠤᠶᠤᠯ ᠤᠨ ᠦᠪ ᠤᠨ ᠲᠦᠷᠦᠯ ᠵᠦᠢᠯ ᠢ ᠡᠷᠡᠮᠡᠯᠵᠡᠯᠡᠨ ᠮᠡᠳᠡᠭᠦᠯᠬᠦ

ᠠᠵᠢᠯ ᠢ ᠪᠠᠳᠤᠳᠡᠢ ᠠᠬᠢᠭᠤᠯᠵᠦ᠂ ᠮᠤᠩᠭᠤᠯ ᠦᠨᠳᠦᠰᠦᠳᠡᠨ ᠤ ︽ᠰᠤᠷ ᠡᠳ᠋ᠰᠢᠭᠦᠯᠦᠨ ᠬᠢᠬᠦ ᠮᠡᠷᠭᠡᠵᠢᠯ︾ ᠤᠨ

ᠤᠷᠤᠨ ᠤ ᠲᠡᠰ ᠤᠨ ᠪᠤᠳᠡᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠡᠢ ᠵᠠᠯᠭᠠᠮᠵᠢᠯᠠᠭᠴᠢ ᠪᠠᠷ ᠨᠢᠭᠡ

ᠬᠦᠮᠦᠨ ᠢ ᠠᠮᠵᠢᠯᠳᠡ ᠲᠠᠢ ᠡᠷᠡᠮᠡᠯᠵᠡᠯᠡᠨ ᠮᠡᠳᠡᠭᠦᠯᠪᠡ᠃ ᠶᠠᠷᠤᠩᠬᠡᠶᠢᠯᠡᠭᠰᠡᠨ ᠲᠠᠩᠰᠡ ᠡᠪᠭᠡᠮᠡᠯ ᠤᠨ ᠤᠷᠳᠦᠨ᠂ ᠪᠦᠭᠡ

 ᠶᠢᠨ ᠰᠤᠷᠢᠭᠠᠨ ᠤ ᠤᠷᠳᠦᠨ᠂ ᠣᠯᠠᠭᠠᠨᠮᠦ᠋ᠴᠢᠷ ᠤᠨ ᠪᠤᠯᠪᠠᠰᠤᠷᠠᠯ ᠤᠨ ᠤᠷᠳᠦᠨ ᠤ ᠪᠠᠶᠢᠭᠤᠯᠤᠯᠳᠠ ᠶᠢ ᠡᠬᠢᠯᠡᠭᠦᠯᠵᠡᠢ

᠃ ᠰᠢᠯᠵᠢᠭᠦᠯᠵᠦ ᠪᠤᠯᠬᠤᠶᠢᠴᠨ ᠬᠠᠭᠤᠴᠢᠰ ᠤᠨ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠡ ᠶᠢ ᠬᠤᠷᠢᠶᠠᠨ

ᠴᠤᠭᠯᠠᠭᠤᠯᠬᠤ᠂ ᠦᠨᠡᠯᠡᠨ ᠲᠤᠭᠳᠠᠭᠠᠬᠤ ᠠᠵᠢᠯ ᠪᠠ ᠪᠦᠷᠢᠳᠦ ᠶᠢᠨ ᠰᠦᠮ᠎ᠡ ᠶᠢ ᠵᠠᠰᠠᠨ ᠰᠡᠯᠪᠢᠬᠦ ᠢᠨᠵᠧᠨᠧᠷᠢᠩ ᠢ

ᠪᠡᠶᠡᠯᠡᠭᠦᠯᠪᠡ᠃ ᠪᠦᠬᠦ ᠣᠯᠣᠰ ᠤᠨ ᠬᠤᠶᠠᠳᠣᠭᠠᠷ ᠣᠳᠠᠭᠠᠨ ᠤ ᠭᠠᠵᠠᠷ ᠤᠨ ᠨᠡᠷᠡᠰ ᠤᠨ ᠨᠡᠶᠢᠳᠠᠮ ᠪᠠᠶᠢᠴᠠᠭᠠᠯᠳᠠ

 ᠶᠢᠨ ᠬᠡᠬᠡᠷ᠎ᠡ ᠭᠠᠳᠠᠨᠠᠬᠢ ᠪᠠᠶᠢᠴᠠᠭᠠᠯᠳᠠ ᠶᠢᠨ ᠡᠯ᠎ᠠ ᠲᠦᠷᠦᠯ ᠤᠨ ᠠᠵᠢᠯ ᠢ ᠪᠡᠶᠡᠯᠡᠬᠦᠯᠵᠦ᠂ 1610 ᠬᠤᠪᠢ ᠭᠠᠵᠠᠷ

 ᠤᠨ ᠨᠡᠷ᠎ᠡ ᠶᠢ ᠡᠯᠧᠺᠲᠷᠣᠨ ᠬᠦᠮᠦᠷᠭᠡᠨ ᠳᠤ ᠳᠠᠩᠰᠠᠯᠠᠪᠠ᠃ ᠨᠠᠨ ᠱᠠᠨ ᠳᠣᠭᠤᠷᠢᠭ ᠤᠨ ᠶᠡᠷᠦᠩᠬᠡᠶᠢᠯᠡᠭᠰᠡᠨ

ᠣᠶᠢᠯᠡᠴᠢᠯᠡᠯᠭᠡᠨ ᠤ ᠲᠦᠪ ᠤᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠤᠨ ᠡᠬᠢᠨ ᠤ ᠬᠤᠭᠤᠴᠠᠭᠠᠨ ᠤ

ᠠᠵᠢᠯ ᠢ ᠡᠬᠢᠯᠡᠭᠦᠯᠪᠠ᠃

︵ᠵᠢᠷᠭᠤᠭ᠎ᠠ︶ ᠭᠡᠪ ᠰᠤᠷᠳᠡᠯ ᠢᠶᠠᠨ ᠦᠭᠡᠷᠡᠴᠢᠯᠡᠨ ᠡᠶ᠎ᠡ ᠵᠤᠬᠢᠴᠡᠯ ᠢ ᠠᠬᠢᠭᠤᠯᠬᠤ ᠶᠢ ᠪᠠᠷᠢᠮᠳᠡᠯᠠᠭᠰᠠᠨ ᠢᠶᠠᠷ

ᠬᠦᠭᠵᠢᠯᠳᠡ ᠶᠢᠨ ᠤᠷᠴᠢᠨ ᠣᠯᠠᠮ ᠰᠢᠯᠢᠳᠡᠭᠵᠢᠪᠠ᠃ ︽ᠬᠤᠶᠠᠷ ᠢ ᠰᠤᠷᠤᠯᠴᠠᠵᠦ ᠨᠢᠭᠡ ᠪᠤᠯᠬᠤ︾ ᠰᠤᠷᠤᠯᠴᠠᠯᠭ᠎ᠠ

ᠬᠦᠮᠦᠵᠢᠯ ᠢ ᠬᠦᠨᠵᠡᠭᠡᠢ ᠦᠷᠨᠢᠭᠦᠯᠵᠦ᠂ ᠲᠦᠪ ᠤᠨ ᠨᠠᠢᠮᠠᠨ ᠵᠤᠷᠪᠤᠰ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ︽

ᠲᠦᠷᠪᠡᠨ ᠰᠤᠷᠳᠡᠯ︾ ᠢ ᠲᠠᠰᠤᠷᠠᠯᠳᠡ ᠦᠭᠡᠢ ᠵᠠᠯᠠᠷᠠᠭᠤᠯᠬᠤ ᠶᠢ ᠪᠠᠷᠢᠮᠳᠠᠯᠠᠵᠠᠢ᠃ ᠬᠠᠤᠯᠢ ᠪᠠᠷ ᠵᠠᠰᠠᠭ ᠶᠠᠪᠤᠭᠤᠯᠬᠤ

ᠪᠠ ᠰᠢᠨᠵᠢᠯᠡᠬᠦ ᠤᠬᠠᠭᠠᠨᠴᠢ ᠠᠷᠠᠳᠴᠢᠯᠡᠯ ᠢᠶᠠᠷ ᠰᠶᠢᠳᠪᠤᠷᠢ ᠲᠤᠭᠳᠠᠭᠠᠬᠤ ᠶᠢ ᠪᠠᠳᠤᠳᠡᠢ ᠠᠬᠢᠭᠤᠯᠵᠦ᠂ ᠵᠠᠰᠠᠭ

ᠵᠠᠬᠢᠷᠭᠠᠨ ᠤ ᠬᠠᠤᠯᠢ ᠬᠡᠷᠡᠭᠵᠢᠭᠦᠯᠤᠭ᠍ᠴᠢ ᠶᠢᠨ ᠪᠤᠯᠪᠠᠰᠤᠷᠠᠯ᠂ ᠰᠢᠯᠭᠠᠯᠳᠠ᠂ ᠦᠨᠡᠮᠯᠡᠯ ᠰᠤᠯᠢᠬᠤ ᠠᠵᠢᠯ ᠢ

ᠪᠡᠶᠡᠯᠡᠭᠦᠯᠵᠡᠢ᠂ ᠠᠷᠠᠳ ᠲᠤ ᠲᠦᠭᠦᠮ ᠦᠵᠡᠭᠦᠯᠬᠦ ᠤᠳᠠᠰᠦ᠂ ᠪᠠᠴᠢᠮ ᠪᠠᠶᠢᠳᠡᠯ ᠢ ᠠᠷᠭᠠᠴᠠᠭᠠᠬᠤ ᠠᠵᠢᠯ ᠤᠨ

ᠵᠢᠵᠢᠭᠦᠷ ᠵᠡᠷᠭᠡ ᠲᠦᠷᠢᠮ ᠢ ᠪᠦᠷᠢᠨᠰᠢᠭᠦᠯᠵᠦ᠂ ᠲᠧᠯᠸᠢᠰ᠂ ᠰᠦᠯᠵᠢᠶ᠎ᠡ ᠵᠡᠷᠭᠡ ᠲᠡᠪᠴᠡᠩ ᠢᠶᠠᠷ ᠲᠡᠮᠵᠢᠨ ᠤᠯᠡᠨ

ᠲᠦᠮᠡᠨ ᠤ ᠲᠦᠪᠯᠡᠷᠡᠩᠭᠦᠢ ᠠᠩᠬᠠᠷᠴᠦ ᠪᠠᠶᠢᠭ᠎ᠠ ᠠᠰᠠᠭᠤᠳᠡᠯ ᠳᠤ ᠴᠠᠭ ᠲᠤᠬᠠᠢ ᠳᠤᠨᠢ ᠬᠠᠷᠢᠭᠤ ᠦᠭᠴᠦ᠂ ᠤᠯᠡᠨ

ᠲᠦᠮᠡᠨ ᠲᠠᠢ ᠬᠠᠷᠢᠯᠴᠠᠬᠤ ᠠᠷᠭ᠎ᠠ ᠵᠡᠮ ᠢ ᠰᠠᠭᠠᠳ ᠦᠭᠡᠢ ᠨᠡᠪᠳᠡᠷᠡᠭᠦᠯᠪᠡ᠂ ᠠᠷᠠᠳ ᠤᠨ ᠲᠦᠯᠦᠭᠡᠯᠡᠭᠴᠢᠳ ᠤᠨ

ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂

ᠠᠷᠠᠳ ᠤᠨ ᠲᠦᠯᠦᠭᠡᠯᠡᠭᠴᠢ ᠪᠣᠯᠣᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠨᠡᠶᠢᠭᠡᠮ ᠤᠨ ᠬᠠᠯᠠᠮᠰᠢᠯ

ᠠᠰᠠᠭᠤᠳᠡᠯ ᠳᠠᠬᠢ ᠰᠠᠨᠠᠭᠠᠰᠢᠷᠡᠯ ᠳᠤ ᠢᠳᠡᠪᠬᠢᠳᠡᠢ ᠬᠠᠷᠢᠭᠤᠯᠳᠠ ᠦᠭᠴᠦ᠂ ᠠᠷᠠᠳ ᠤᠨ ᠲᠦᠯᠦᠭᠡᠯᠡᠭᠴᠢᠳ ᠤᠨ

65 ᠬᠤᠪᠢ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤᠨ ᠭᠡᠰᠢᠭᠦᠳ ᠤᠨ 43 ᠬᠤᠪᠢ ᠰᠠᠨᠠᠯ

ᠲᠤᠷᠠᠳᠤᠯᠭ᠎ᠠ ᠶᠢ ᠬᠦᠯᠢᠶᠡᠨ ᠰᠶᠢᠳᠪᠤᠷᠢᠯᠡᠵᠦ᠂ ᠰᠶᠢᠳᠪᠤᠷᠢᠯᠡᠨ ᠬᠠᠷᠢᠭᠤᠯᠳᠠ ᠦᠭᠭᠦᠭᠰᠡᠨ ᠨᠤᠷᠮ᠎ᠡ ᠨᠢ ᠴᠦᠮ

100% ᠳᠤ ᠬᠦᠷᠪᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ ᠪᠤᠳᠤᠯᠳᠠ ᠪᠠᠷ ᠬᠢᠨᠠᠯᠳᠠ

ᠲᠠᠯᠪᠢᠬᠤ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠳᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ

 ᠢ ᠴᠢᠩᠭ᠎ᠠ ᠵᠠᠯᠠᠷᠠᠭᠤᠯᠵᠠᠢ᠃ ᠪᠦᠬᠦ ᠨᠡᠶᠢᠭᠡᠮ ᠤᠨ ᠦᠨᠳᠦᠰᠦᠳᠡᠨ ᠤ ᠪᠦᠯᠬᠦᠮᠳᠡᠨ ᠳᠠᠪᠰᠢᠬᠤ ᠬᠦᠮᠦᠵᠢᠯ ᠢ

ᠴᠢᠩᠭᠠᠳᠬᠠᠵᠦ᠂ ᠦᠨᠳᠦᠰᠦᠳᠡᠨ ᠤ ᠣᠨᠣᠯ᠂ ᠲᠦᠷᠦ ᠶᠢᠨ ᠪᠣᠳᠣᠯᠭ᠎ᠠ᠂ ᠬᠠᠣᠯᠢ ᠲᠦᠷᠢᠮ ᠪᠣᠯᠣᠨ ᠦᠨᠳᠦᠰᠦᠳᠡᠨ

 ᠤ ᠶᠡᠷᠦ ᠶᠢᠨ ᠮᠡᠳᠡᠯᠭᠡ ᠶᠢᠨ ᠣᠬᠠᠭᠤᠯᠣᠨ ᠬᠦᠮᠦᠵᠢᠬᠦᠯᠬᠦ ᠬᠦᠳᠡᠯᠭᠡᠭᠡᠨ ᠢ ᠦᠷᠨᠢᠭᠦᠯᠪᠠ᠃ ᠠᠶᠤᠯᠭᠦᠢ

ᠦᠢᠯᠡᠳᠪᠥᠷᠢᠯᠡᠯ ᠤᠨ ᠠᠵᠢᠯ ᠢ ᠤᠨᠴᠠᠯᠠᠨ ᠴᠢᠬᠤᠯᠠᠴᠢᠯᠠᠵᠦ᠂ ᠴᠠᠭ ᠤᠨ ᠪᠠᠶᠢᠳᠠᠯ ᠲᠠᠢ ᠲᠤᠬᠢᠷᠠᠭᠤᠯᠤᠨ

ᠪᠠᠶᠢᠷᠢᠯᠠᠭᠤᠯᠵᠤ᠂ ᠠᠶᠣᠯᠭᠦᠢ ᠣᠶᠢᠯᠡᠳᠪᠦᠷᠢᠯᠡᠯ ᠤᠨ ᠬᠠᠷᠢᠭᠤᠴᠠᠯᠭᠠᠳᠣ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂

ᠠᠶᠣᠯᠬᠦᠢ ᠣᠶᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠬᠦᠨᠵᠡᠭᠡᠢ ᠦᠷᠨᠢᠬᠦᠯᠵᠦ᠂ ᠪᠦᠬᠦ ᠬᠤᠰᠢᠭᠤᠨ ᠤ

ᠠᠶᠤᠯᠭᠦᠢ ᠦᠢᠯᠡᠳᠪᠥᠷᠢᠯᠡᠯ ᠤᠨ ᠳᠣᠭᠳᠠᠭᠤᠨ ᠢ ᠪᠠᠳᠤᠯᠠᠵᠠᠢ᠃ ᠢᠳᠡᠭᠡᠨ ᠤ ᠵᠦᠢᠯ ᠡᠮ ᠤᠨ ᠵᠦᠢᠯᠡᠰ ᠢ ᠬᠢᠨᠠᠨ

ᠬᠠᠮᠢᠶᠠᠷᠴᠦ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠦ᠂ ᠣᠯᠠᠨ ᠲᠦᠮᠡᠨ ᠤ ᠢᠳᠡᠭᠡᠨ ᠣᠮᠳᠠᠭᠠᠨ ᠡᠮ ᠤᠨ

ᠬᠡᠷᠡᠭᠯᠡᠬᠡᠨ ᠤ ᠠᠮᠣᠷ ᠲᠦᠪᠰᠢᠨ ᠢ ᠪᠠᠳᠣᠯᠠᠪᠠ᠃ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠥᠷᠢᠯᠠᠬᠦ ᠶᠢ

ᠢᠳᠡᠪᠬᠢᠳᠡᠢ ᠦᠷᠨᠢᠭᠦᠯᠵᠤ᠂ ᠨᠡᠶᠢᠭᠡᠮ ᠤᠨ ᠡᠯ᠎ᠡ ᠲᠦᠷᠥᠯ ᠤᠨ ᠵᠦᠷᠢᠴᠡᠯ ᠵᠢᠭᠤᠷᠠᠯᠳᠤᠭᠠᠨ ᠤ ᠠᠰᠠᠭᠤᠳᠠᠯ 214 ᠶᠢ

ᠪᠠᠶᠢᠴᠠᠭᠠᠨ ᠳᠣᠳᠣᠯᠠᠵᠦ᠂ 205 ᠶᠢ ᠨᠢ ᠰᠢᠢᠳᠪᠥᠷᠢᠯᠡᠭᠰᠡᠨ ᠪᠠᠶᠢᠨ᠎ᠠ᠂ ︽ᠨᠠᠶᠢᠭᠡᠮ ᠤᠨ ᠠᠮᠥᠷ ᠳᠣᠭᠳᠠᠭᠤᠨ ᠢ

ᠨᠦᠯᠥᠭᠡᠯᠡᠬᠦ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ᠶᠢ ᠪᠦᠷᠢᠨᠰᠢᠭᠦᠯᠵᠤ᠂ 14 ᠲᠤᠮᠦ

ᠴᠢᠬᠤᠯᠠ ᠲᠦᠷᠥᠯ ᠵᠤᠶᠢᠯ ᠳᠤ ᠨᠡᠶᠢᠭᠡᠮ ᠤᠨ ᠠᠮᠥᠷ ᠳᠤᠭᠳᠠᠭᠤᠨ ᠢ ᠨᠦᠯᠥᠭᠡᠯᠡᠬᠦ ᠲᠦᠭᠰᠢᠭᠦᠷᠢ ᠶᠢᠨ ᠦᠨᠡᠯᠡᠯᠳᠠ

ᠬᠢᠵᠤ᠂ ᠨᠡᠶᠢᠭᠡᠮ ᠤᠨ ᠠᠮᠥᠷ ᠳᠤᠭᠳᠠᠭᠤᠨ ᠢ ᠨᠦᠯᠥᠭᠡᠯᠡᠬᠦ ᠨᠢᠭᠤᠭᠳᠠᠮᠠᠯ ᠲᠦᠭᠰᠢᠭᠦᠷᠢ ᠶᠢᠨ ᠡᠯᠧᠮᠧᠨ᠋ᠲ ᠶᠢ

ᠪᠦᠳᠥᠮᠵᠢᠳᠡᠢ ᠪᠠᠷ ᠤᠷᠢᠳᠴᠢᠯᠠᠨ ᠵᠠᠶᠢᠯᠠᠭᠤᠯᠤᠨ ᠰᠡᠷᠭᠡᠶᠢᠯᠡᠵᠦ ᠴᠢᠳᠠᠭᠰᠠᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢ

ᠤᠯᠠᠮ ᠰᠠᠭᠠᠳ ᠦᠭᠡᠢ ᠪᠤᠯᠭᠠᠵᠤ᠂ 210 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠯᠢᠶᠡᠨ ᠲᠤᠰᠴᠤ᠂ 190

 ᠶᠢ ᠨᠢ ᠲᠠᠰᠤᠯᠤᠨ ᠭᠦᠢᠴᠡᠳᠭᠡᠵᠤ᠂ ᠨᠢᠭᠡ ᠪᠦᠯᠥᠭ ᠵᠠᠭᠢᠳᠡᠯ ᠰᠤᠷᠪᠤᠯᠵᠢᠯᠠᠭ᠎ᠠ ᠶᠢᠨ ᠬᠡᠷᠡᠭ ᠢ ᠵᠤᠬᠢᠰᠳᠡᠢ

ᠰᠢᠢᠳᠪᠥᠷᠢᠯᠡᠭᠰᠡᠨ ᠢᠶᠠᠷ ᠨᠡᠶᠢᠭᠡᠮ ᠤᠨ ᠡᠶ᠎ᠡ ᠵᠤᠬᠢᠴᠡᠯ ᠠᠮᠥᠷ ᠳᠤᠭᠳᠠᠭᠤᠨ ᠢ ᠬᠦᠴᠦᠳᠠᠢ ᠬᠠᠮᠠᠭᠠᠯᠠᠭᠰᠠᠨ ᠪᠠᠶᠢᠨ᠎ᠠ᠃

ᠬᠦᠯᠥᠰᠥᠨ ᠠᠵᠢᠯᠴᠢᠨ ᠤ ᠴᠠᠯᠢᠩ ᠬᠦᠯᠥᠰᠤ ᠶᠢᠨ ᠪᠠᠳᠣᠯᠠᠭᠠᠳᠣ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠵᠤ᠂

328 ᠲᠦᠮᠡᠨ ᠲᠦᠭᠦᠷᠢᠭ ᠤᠨ ᠴᠠᠯᠢᠩ ᠬᠦᠯᠥᠰᠤ ᠶᠢ ᠨᠡᠬᠡᠮᠵᠢᠯᠡᠨ ᠤᠯᠭᠤᠵᠤ᠂ ᠮᠠᠯᠴᠢᠨ ᠳᠠᠷᠢᠶᠠᠴᠢᠨ ᠤ ᠬᠠᠤᠯᠢ

ᠶᠤᠰᠤᠨ ᠤ ᠡᠷᠬᠡ ᠠᠰᠢᠭ ᠢ ᠪᠦᠳᠤᠮᠵᠢᠳᠡᠢ ᠬᠠᠮᠠᠭᠠᠯᠠᠵᠤ ᠴᠢᠳᠡᠵᠠᠢ᠃ ᠡᠷᠡᠬᠦᠤ ᠶᠢᠨ ᠬᠠᠤᠯᠢ ᠶᠢ ᠵᠦᠷᠢᠴᠡᠭᠰᠡᠳ ᠲᠤ

ᠴᠢᠩᠭ᠎ᠠ ᠴᠤᠬᠢᠯᠳᠠ ᠦᠭᠭᠦ ᠲᠤᠰᠬᠠᠢ ᠬᠦᠳᠡᠯᠭᠡᠭᠡᠨ ᠢ ᠢᠳᠡᠪᠬᠢᠳᠠᠢ ᠦᠷᠨᠢᠭᠦᠯᠵᠤ᠂ ᠡᠷᠡᠭᠦᠣ ᠶᠢᠨ ᠬᠡᠷᠡᠭ ᠢ

ᠳᠠᠩᠰᠠᠯᠠᠭᠰᠠᠨ ᠲᠤᠭ᠎ᠠ ᠪᠤᠯᠤᠨ ᠠᠮᠥᠷ ᠢ ᠬᠠᠮᠠᠭᠠᠯᠠᠬᠤ ᠬᠡᠷᠡᠭ ᠢ ᠬᠦᠯᠢᠶᠡᠨ ᠠᠪᠤᠭᠰᠠᠨ ᠨᠤᠷᠮ᠎ᠠ ᠨᠢ ᠲᠤᠰᠪᠤᠷᠢ 0.8

% ᠪᠤᠯᠤᠨ 2 % ᠢᠶᠠᠷ ᠪᠠᠭᠤᠷᠡᠵᠠᠢ᠃ ᠭᠤᠷᠪᠠᠳᠤᠭᠠᠷ ᠤᠳᠠᠭᠠᠨ ᠤ ᠲᠠᠷᠢᠶᠠᠯᠠᠩ ᠠᠵᠤ ᠠᠬᠤᠢ ᠶᠢᠨ ᠨᠡᠶᠢᠳᠡᠮ

ᠪᠠᠶᠢᠴᠠᠭᠠᠯᠳᠠ ᠶᠢᠨ ᠠᠵᠢᠯ ᠡᠷᠴᠢᠮᠳᠡᠢ ᠶᠠᠪᠤᠭᠳᠠᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ

ᠲᠦᠭᠡᠮᠡᠯᠵᠢᠯᠡᠭᠦᠯᠬᠦ ᠠᠵᠢᠯ ᠢ ᠤᠷᠤᠭᠰᠢᠳᠡᠢ ᠡᠬᠢᠯᠡᠭᠦᠯᠪᠠ᠃ ᠪᠠᠲᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂

ᠳᠤᠳᠤᠭᠠᠳᠤ ᠶᠢ ᠬᠠᠮᠠᠭᠠᠯᠠᠬᠤ ᠭᠠᠯ ᠢ ᠰᠡᠷᠭᠡᠶᠢᠯᠡᠬᠦ ᠪᠤᠯᠤᠨ ᠡᠷᠥᠬᠡ ᠶᠢᠨ ᠴᠡᠷᠢᠭ ᠤᠨ ᠪᠡᠯᠡᠳᠭᠡᠯ ᠠᠯᠪᠠ ᠶᠢᠨ

ᠪᠦᠳᠤᠭᠡᠨ ᠪᠠᠶᠢᠭᠤᠯᠤᠯᠳᠠ ᠵᠡᠷᠭᠡ ᠠᠵᠢᠯ ᠰᠢᠨ᠎ᠡ ᠪᠦᠳᠤᠮᠵᠢ ᠶᠢ ᠡᠭᠦᠳᠴᠡᠢ᠂ ᠠᠵᠢᠯᠴᠢᠨ ᠤ ᠡᠪᠯᠡᠯ᠂ ᠡᠪ ᠬᠠᠮᠳᠤ

ᠵᠠᠯᠠᠭᠤᠴᠤᠳ ᠤᠨ ᠡᠪᠯᠡᠯ᠂ ᠤᠯᠠᠭᠠᠨ ᠵᠠᠯᠮᠠᠭᠠᠶᠢᠳᠠᠨ ᠤ ᠨᠡᠶᠢᠭᠡᠮᠯᠢᠭ᠂ ᠡᠮᠡᠭᠳᠡᠶᠢᠴᠤᠤᠯ ᠬᠡᠤᠬᠡᠳ ᠪᠠᠭᠠᠴᠤᠤᠯ᠂

ᠨᠠᠰᠣᠳᠠᠶᠢᠴᠣᠣᠯ᠂ ᠵᠡᠮᠳᠡᠭᠴᠤᠤᠯ ᠤᠨ ᠠᠵᠢᠯ ᠦᠢᠯᠡᠰ ᠪᠤᠯᠤᠨ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ

ᠰᠢᠨ᠎ᠡ ᠠᠬᠢᠴᠠ ᠲᠠᠢ ᠪᠤᠯᠪᠠ᠂ ᠰᠢᠨᠵᠢᠯᠡᠭᠡ ᠲᠧᠭᠨᠢᠭ᠂ ᠠᠷᠠᠳ ᠤᠨ ᠠᠭᠠᠷ ᠤᠨ ᠰᠡᠷᠭᠡᠶᠢᠯᠡᠯᠳᠠ᠂ ᠲᠠᠸᠠᠷ ᠤᠨ ᠦᠨ᠎ᠡ

᠂ ᠴᠠᠭ ᠠᠭᠤᠷ᠂ ᠬᠠᠩᠭᠠᠨ ᠪᠣᠷᠣᠯᠠᠭᠤᠯᠬᠤ᠂ ᠭᠠᠳᠠᠭᠠᠳᠣ ᠶᠠᠪᠣᠳᠠᠯ ᠬᠠᠷᠢᠶᠠᠳᠣ ᠶᠢᠨ ᠶᠠᠪᠣᠳᠠᠯ᠂ ᠳᠠᠩᠰᠠ ᠡᠪᠬᠡᠮᠡᠯ

ᠣᠶᠢᠯᠠᠯᠭ᠎ᠠ ᠵᠡᠷᠭᠡ ᠠᠵᠢᠯ ᠨᠢ ᠰᠢᠨ᠎ᠠ ᠪᠦᠳᠦᠮᠵᠢ ᠲᠠᠢ ᠪᠣᠯᠵᠠᠢ᠂ ᠴᠢᠯᠠᠭᠤᠨ ᠳᠣᠰᠣ᠂ ᠳᠠᠮᠠᠬᠢ᠂ ᠮᠦᠩᠭᠦᠨ

ᠭᠦᠢᠯᠭᠡᠭᠡ᠂ ᠳᠠᠭᠠᠳᠬᠠᠯ᠂ ᠰᠢᠥᠳᠠᠨ᠂ ᠴᠢᠮᠡᠭᠡ ᠨᠡᠪᠳᠡᠷᠡᠯᠭᠡ ᠵᠡᠷᠭᠡ ᠰᠠᠯᠠᠭ᠎ᠠ ᠮᠦᠴᠢᠷ ᠨᠢ ᠴᠦ ᠮᠠᠨ ᠤ ᠬᠤᠰᠢᠭᠤᠨ

 ᠤ ᠠᠵᠦ ᠠᠬᠤᠢ ᠨᠡᠶᠢᠬᠡᠮ ᠤᠨ ᠬᠦᠭᠵᠢᠯᠳᠠ ᠳᠤ ᠰᠢᠨ᠎ᠡ ᠵᠢᠳᠬᠦᠯ ᠢᠶᠠᠨ ᠨᠡᠮᠡᠷᠢᠯᠡᠭᠰᠡᠨ ᠪᠠᠶᠢᠨ᠎ᠠ᠃

                ᠲᠦᠯᠥᠭᠡᠯᠡᠭᠴᠢᠳ ᠡ᠂ ᠴᠢᠷᠮᠠᠶᠢᠯᠭ᠎ᠠ ᠬᠦᠮᠥᠨ ᠢ ᠭᠤᠮᠣᠳᠠᠭᠠᠬᠤ ᠦᠭᠡᠢ ᠭᠡᠳᠡᠭᠴᠢᠯᠡᠨ᠂

ᠦᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠢᠳ᠋ᠨ ᠰᠢᠨᠳᠠᠷᠠᠰᠢ ᠦᠬᠡᠢ ᠪᠠᠷ ᠰᠢᠯᠭᠠᠯᠳᠠ ᠶᠢ ᠤᠭᠳᠤᠵᠦ᠂ ᠲᠤᠬᠢᠶᠠᠯ

 ᠢ ᠵᠠᠪᠳᠣᠨ ᠬᠢᠴᠢᠶᠡᠩᠭᠦᠶᠢᠯᠡᠨ ᠴᠢᠷᠮᠠᠶᠢᠪᠠ᠃ ᠪᠢᠳ᠋ᠨ ᠬᠦᠭᠵᠢᠯᠳᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ

ᠴᠠᠭ ᠢᠮᠬᠠᠳᠠ ᠪᠠᠷᠢᠮᠳᠠᠯᠠᠵᠦ᠂ ᠰᠢᠨ᠎ᠡ ᠶᠢ ᠡᠭᠦᠳᠬᠦ ᠪᠠᠷ ᠰᠢᠪᠳᠤᠯᠤᠯᠳᠠ ᠪᠤᠯᠭᠠᠵᠤ᠂ ᠳᠣᠭᠳᠠᠭᠤᠨ ᠤ ᠳᠣᠮᠳᠠ

ᠰᠠᠶᠢᠨ᠂ ᠰᠠᠶᠢᠨ ᠤ ᠳᠣᠮᠳᠠ ᠪᠠᠨ ᠳᠠᠪᠰᠢᠯᠳᠠ ᠲᠠᠢ ᠬᠦᠭᠵᠢᠯᠳᠠ ᠶᠢᠨ ᠪᠦᠳᠥᠭᠡᠯ ᠢ ᠤᠯᠤᠭᠰᠠᠨ ᠪᠠᠶᠢᠨ᠎ᠠ᠃ ︽

ᠳᠣᠭᠳᠠᠭᠤᠨ︾ ᠬᠦᠭᠵᠢᠯᠳᠠ ᠶᠢᠨ ᠰᠠᠭᠤᠷᠢ ᠤᠯᠠᠮ ᠪᠠᠳᠤᠵᠢᠵᠤ᠂ ︽ᠰᠠᠶᠢᠨ︾ ᠤ ᠪᠠᠶᠢᠳᠠᠯ ᠤᠯᠠᠮ ᠢᠳᠡᠪᠬᠢᠵᠢᠵᠦ᠂

︽ᠳᠠᠪᠰᠢᠯᠳᠠ︾ ᠶᠢᠨ ᠡᠷᠴᠢ ᠤᠯᠠᠮ ᠴᠢᠩᠭᠠᠷᠭᠰᠠᠨ ᠪᠠᠶᠢᠨ᠎ᠠ᠃ ᠡᠳᠡᠭᠡᠷ ᠪᠦᠳᠥᠮᠵᠢ ᠪᠤᠯ ᠬᠤᠰᠢᠭᠤ ᠨᠠᠮ ᠤᠨ

ᠬᠤᠷᠢᠶᠠᠨ ᠤ ᠶᠡᠷᠥᠩᠭᠡᠶᠢᠯᠡᠨ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠥᠷᠢ ᠲᠤᠭᠳᠠᠭᠠᠭᠰᠠᠨ ᠤ ᠳ᠋ᠦᠩ

ᠮᠦᠨ᠂ ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠪᠤᠯᠤᠨ

ᠨᠠᠶᠢᠭᠡᠮ ᠤᠨ ᠡᠯ᠎ᠡ ᠡᠳᠡᠭᠡᠳ ᠤᠨ ᠪᠦᠳᠥᠮᠵᠢᠳᠡᠢ ᠬᠢᠨᠠᠯᠳᠠ ᠲᠠᠯᠪᠢᠵᠤ᠂ ᠬᠠᠯᠠᠭᠤᠨ ᠢᠶᠠᠷ ᠳᠡᠮᠵᠢᠭᠰᠡᠨ ᠤ ᠳ᠋ᠦᠩ

ᠮᠦᠨ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠺᠠᠳ᠋ᠷ ᠤᠯᠠᠨ ᠲᠦᠮᠡᠨ ᠤ ᠪᠦᠯᠬᠦᠮᠳᠡᠨ ᠳᠡᠮᠡᠴᠡᠵᠦ᠂

ᠰᠢᠷᠭᠠᠭᠤ ᠠᠵᠢᠯᠯᠠᠵᠦ᠂ ᠬᠠᠳᠠᠭᠤᠵᠢᠯᠳᠠᠢ ᠵᠢᠳᠬᠦᠭᠰᠡᠨ ᠤ ᠳ᠋ᠦᠩ ᠮᠦᠨ᠃ ᠠᠳᠡ ᠪᠢ ᠬᠤᠰᠢᠭᠤ ᠠᠷᠠᠳ ᠤᠨ

ᠵᠠᠰᠠᠭ ᠤᠨ ᠤᠷᠳᠤᠨ ᠢ ᠲᠦᠯᠥᠭᠡᠯᠡᠵᠤ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠺᠠᠳ᠋ᠷ ᠤᠯᠠᠨ ᠲᠦᠮᠡᠨ᠂

ᠮᠠᠨ ᠤ ᠬᠤᠰᠢᠭᠤᠨ ᠤ ᠬᠦᠭᠵᠢᠯᠳᠡ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ

ᠬᠦᠮᠥᠰ ᠲᠤ ᠴᠢᠩ ᠰᠡᠳᠭᠢᠯ ᠤᠨ ᠬᠦᠨᠳᠤᠳᠭᠡᠯ ᠲᠠᠯᠠᠷᠬᠠᠯ ᠢᠶᠠᠨ ᠲᠡᠪᠰᠢᠭᠦᠯᠵᠤ ᠪᠠᠶᠢᠨ᠎ᠠ︕

ᠠᠮᠵᠢᠯᠳᠠ ᠶᠢᠨ ᠦᠷ᠎ᠡ ᠪᠦᠳᠥᠮᠵᠢ ᠪᠠᠨ ᠨᠤᠳᠠᠯᠠᠬᠤ ᠶᠢᠨ ᠳᠠᠭᠠᠤ ᠳᠤ᠂ ᠪᠢᠳᠠ ᠪᠠᠰᠠ ᠤᠳᠤᠬᠠᠨ ᠤ ᠮᠠᠨ ᠤ

ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠳᠠ ᠳᠤ ᠣᠷᠣᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠪᠤᠯᠤᠨ

ᠬᠦᠴᠢᠷᠳᠡᠯ ᠢᠶᠠᠨ ᠰᠡᠷᠭᠡᠭ ᠢᠶᠠᠷ ᠳᠠᠨᠢᠬᠤ ᠬᠡᠷᠡᠭᠳᠡᠢ᠂ ᠡᠳᠡᠭᠡᠷ ᠨᠢ ᠭᠤᠤᠯᠳᠠᠭᠤ᠄ ᠡᠳ᠋ ᠤᠨ ᠵᠠᠰᠠᠭ ᠤᠨ ᠤᠷᠤᠯᠭ᠎ᠠ

ᠵᠠᠷᠤᠯᠭ᠎ᠠ ᠶᠢᠨ ᠵᠦᠷᠢᠴᠡᠯ ᠡᠳᠥᠷ ᠢᠷᠡᠬᠦᠶ᠎ᠡ ᠮᠡᠳᠡᠭᠳᠡᠮ᠎ᠠ ᠪᠤᠯᠵᠤ᠂ ᠦᠷᠢ ᠦᠭᠴᠡᠭᠡᠨ ᠤ ᠳᠠᠷᠥᠭᠠᠰᠤ ᠤᠨᠴᠠᠭᠠᠢ

ᠬᠦᠨᠳᠤᠷᠠᠵᠠᠢ᠂ ᠶᠠᠳᠠᠭᠤ ᠬᠦᠴᠢᠷᠳᠡᠯᠳᠡᠢ ᠬᠦᠮᠥᠨ ᠠᠮᠠ ᠶᠢᠨ ᠰᠠᠭᠤᠷᠢ ᠳᠤᠭ᠎ᠠ ᠶᠡᠭᠡ ᠮᠦᠷᠳᠡᠭᠡᠨ ᠶᠠᠳᠠᠭᠤᠷᠠᠯ ᠤᠨ

ᠬᠡᠮᠵᠢᠶ᠎ᠡ ᠨᠢ ᠬᠦᠨᠳᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠡᠭᠦᠷᠭᠡ ᠬᠦᠨᠳᠤ ᠪᠠᠶᠢᠨ᠎ᠠ᠂ ᠬᠤᠳᠠ

ᠪᠠᠯᠭᠠᠰᠤᠨ ᠤ ᠨᠡᠭᠡᠭᠡᠨ ᠬᠦᠭᠵᠢᠭᠦᠯᠥᠯᠳᠠ ᠬᠠᠷᠢᠴᠠᠩᠭᠤᠢ ᠪᠠᠷ ᠬᠤᠴᠤᠷᠠᠩᠭᠤᠢ᠂ ᠨᠤᠤᠷᠬᠠᠢ ᠭᠡᠷ ᠪᠠᠶᠢᠰᠢᠩ ᠢ

ᠦᠭᠡᠷᠡᠴᠢᠯᠡᠨ ᠵᠠᠰᠠᠬᠤ ᠡᠭᠦᠷᠭᠡ ᠬᠦᠨᠳᠤ᠂ ᠰᠠᠭᠤᠷᠢ ᠲᠦᠬᠦᠭᠡᠷᠥᠮᠵᠢ ᠶᠢᠨ ᠪᠦᠳᠥᠭᠡᠨ ᠪᠠᠶᠢᠭᠤᠯᠤᠯᠳᠠ ᠪᠤᠯᠤᠨ

ᠶᠡᠷᠥᠩᠭᠡᠶᠢᠯᠡᠭᠰᠡᠨ ᠬᠠᠮᠢᠶᠠᠷᠥᠯᠳᠠ ᠶᠢᠨ ᠬᠢᠷᠢ ᠲᠦᠪᠰᠢᠨ ᠢᠶᠠᠨ ᠳᠠᠷᠣᠶᠢᠬᠠᠨ ᠳᠡᠭᠡᠭᠰᠢᠯᠡᠬᠦᠯᠬᠦ ᠬᠡᠷᠡᠭᠳᠠᠢ ᠪᠣᠯᠣᠭᠠᠳ

ᠪᠠᠶᠢᠨ᠎ᠠ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠠ ᠶᠢᠨ ᠠᠷᠭ᠎ᠠ ᠪᠠᠷᠢᠯ ᠪᠠᠰᠠᠴᠦ ᠪᠦᠳᠦᠬᠦᠯᠢᠭ᠂ ᠠᠵᠦ

ᠣᠶᠢᠯᠡᠳᠪᠦᠷᠢ ᠶᠢᠨ ᠠᠵᠦ ᠠᠬᠤᠢ ᠶᠢᠨ ᠳᠠᠭᠠᠭᠤᠯᠬᠤ ᠴᠢᠳᠠᠪᠦᠷᠢ ᠬᠦᠷᠥᠯᠴᠡᠭᠦ ᠦᠭᠡᠢ᠂ ᠭᠤᠷᠪᠠᠳᠤᠭᠠᠷ ᠠᠵᠤ

ᠦᠢᠯᠡᠰ ᠨᠢ ᠬᠤᠴᠣᠷᠣᠩᠭᠤᠢ᠂ ᠣᠨᠴᠠᠭᠠᠶᠢᠯᠠᠨ ᠵᠢᠭᠤᠯᠴᠢᠯᠠᠯ ᠤᠨ ᠠᠵᠦ ᠣᠶᠢᠯᠡᠰ ᠨᠢ ᠮᠦᠨᠴᠦ ᠰᠦᠪᠡᠭᠴᠢᠯᠡᠬᠦ

ᠱᠠᠳᠤᠨ ᠳᠠᠭᠠᠨ ᠣᠷᠣᠰᠢᠵᠦ᠂ ᠠᠵᠤ ᠦᠢᠯᠡᠰ ᠤᠨ ᠬᠦᠭᠵᠢᠯᠳᠠ ᠶᠢᠨ ᠡᠯᠧᠮᠧᠨ᠋ᠲ ᠪᠦᠷᠢᠨ ᠪᠣᠰᠣ ᠪᠠᠶᠢᠨ᠎ᠠ᠂

ᠤᠨᠴᠠᠭᠠᠢ ᠵᠠᠷᠢᠮ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠦᠷ᠎ᠡ ᠪᠦᠳᠥᠮᠵᠢ ᠪᠠᠨ ᠳᠡᠭᠡᠭᠰᠢᠯᠡᠭᠦᠯᠬᠦ ᠴᠢᠬᠤᠯᠳᠠᠢ᠂

ᠵᠠᠷᠢᠮ ᠺᠠᠳ᠋ᠷ ᠨᠢ ᠤᠳᠤᠬᠢ ᠪᠠᠶᠢᠳᠠᠯ ᠳᠠᠭᠠᠨ ᠰᠡᠳᠭᠢᠯ ᠬᠠᠨᠤᠵᠤ᠂ ᠦᠢᠯᠡᠴᠢᠯᠡᠬᠦ ᠤᠷᠴᠢᠨ ᠢ ᠰᠢᠯᠢᠳᠡᠭᠵᠢᠭᠦᠯᠬᠦ

ᠴᠢᠬᠤᠯᠠᠳᠠᠢ ᠪᠤᠯᠤᠭᠠᠳ ᠪᠠᠶᠢᠭ᠎ᠠ ᠶᠤᠮ᠃ ᠡᠳᠡᠭᠡᠷ ᠠᠰᠠᠭᠤᠳᠠᠯ ᠨᠢ ᠮᠠᠨ ᠤ ᠬᠤᠰᠢᠭᠤᠨ ᠤ ᠬᠦᠭᠵᠢᠯᠳᠠ ᠶᠢᠨ ᠶᠡᠭᠡ

ᠳᠠᠯ᠎ᠠ ᠲᠠᠢ ᠬᠤᠯᠪᠤᠭᠳᠠᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠳᠤᠰᠠ ᠲᠠᠢ ᠬᠤᠯᠪᠤᠭᠳᠠᠵᠤ ᠪᠠᠶᠢᠨ᠎ᠠ᠂

ᠪᠢᠳᠠ ᠵᠠᠪᠡᠯ ᠤᠨᠴᠠᠭᠠᠢ ᠴᠢᠬᠤᠯᠠᠴᠢᠯᠠᠨ ᠦᠵᠡᠵᠦ᠂ ᠦᠷᠭᠦᠯᠵᠢᠯᠡᠨ ᠴᠢᠷᠮᠠᠶᠢᠨ ᠰᠢᠢᠳᠪᠥᠷᠢᠯᠡᠬᠦ ᠴᠢᠬᠤᠯᠳᠠᠢ᠃

    ᠬᠤᠶᠠᠷ᠂ 2017 ᠤᠨ ᠤ ᠭᠤᠤᠯ ᠠᠵᠢᠯ

              ᠦᠨᠤ ᠵᠢᠯ ᠪᠤᠯ ᠨᠠᠮ ᠤᠨ ᠠᠷᠪᠠ ᠶᠢᠰᠥᠳᠥᠭᠡᠷ ᠤᠳᠠᠭᠠᠨ ᠤ ᠶᠡᠭᠡ ᠬᠤᠷᠠᠯ ᠢ ᠠᠮᠵᠢᠯᠳᠠ ᠲᠠᠢ

ᠬᠤᠷᠠᠯᠳᠤᠭᠤᠯᠬᠤ ᠪᠤᠯᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠣᠬᠢᠶᠠᠭᠰᠠᠨ

ᠪᠠᠶᠠᠷᠳᠦ ᠵᠢᠯ ᠮᠦᠨ᠂ ᠮᠦᠨᠴᠦ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢ ᠭᠦᠨᠵᠡᠭᠡᠢ

ᠬᠡᠷᠡᠭᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠠᠷ ᠰᠢᠪᠳᠤᠯᠤᠯᠳᠠ ᠶᠢᠨ ᠰᠢᠢᠳᠪᠥᠷᠢᠳᠤ ᠳᠡᠮᠡᠴᠡᠬᠡᠨ ᠬᠢᠵᠤ᠂

ᠴᠢᠨᠡᠭᠡᠯᠢᠭ ᠨᠠᠶᠢᠭᠡᠮ ᠢ ᠪᠦᠬᠦ ᠳᠠᠯ᠎ᠠ ᠪᠠᠷ ᠪᠦᠳᠤᠭᠡᠨ ᠪᠠᠶᠢᠭᠤᠯᠬᠤ ᠵᠠᠩᠬᠢᠯᠠᠭ᠎ᠠ ᠶᠢᠨ ᠵᠢᠯ ᠮᠦᠨ᠂ ᠨᠡᠩ ᠴᠦ ᠲᠤᠬᠢᠶᠠᠯ

 ᠢ ᠠᠳᠬᠤᠨ ᠶᠡᠭᠡ ᠶᠢ ᠪᠦᠳᠥᠭᠡᠭᠦ ᠴᠢᠷᠮᠠᠶᠢᠯᠠᠭ᠎ᠠ ᠶᠢᠨ ᠵᠢᠯ ᠮᠦᠨ᠃ ᠦᠨᠥ ᠵᠢᠯ ᠤᠨ ᠡᠯ᠎ᠡ ᠲᠦᠷᠥᠯ ᠤᠨ ᠠᠵᠢᠯ ᠢ

ᠪᠡᠶᠡᠯᠡᠭᠦᠯᠬᠦ ᠳᠤ ᠡᠭᠦᠷᠭᠡ ᠬᠠᠷᠢᠭᠤᠴᠠᠯᠭ᠎ᠠ ᠬᠦᠨᠳᠤ᠂ ᠠᠯᠣᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠪᠢᠳ᠋ᠨ

ᠤᠯᠤᠰ ᠠᠴᠠ ᠪᠠᠷᠠᠭᠤᠨ ᠤᠷᠤᠨ ᠢ ᠶᠡᠭᠡᠪᠡᠷ ᠪᠦᠳᠥᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ

ᠬᠡᠷᠡᠭᠵᠢᠭᠦᠯᠵᠤ᠂ ᠬᠤᠪᠢᠰᠬᠠᠯ ᠤᠨ ᠬᠠᠭᠤᠴᠢᠨ ᠰᠠᠭᠤᠷᠢᠨ᠂ ᠴᠦᠭᠡᠨ ᠳᠤᠭᠠᠳᠤ ᠦᠨᠳᠤᠰᠤᠳᠡᠨ ᠤ ᠤᠷᠤᠨ᠂ ᠬᠢᠯᠢ

ᠬᠢᠵᠠᠭᠠᠷ ᠤᠨ ᠤᠷᠤᠨ᠂ ᠬᠤᠴᠣᠷᠣᠭᠳᠠᠩᠭᠤᠢ ᠤᠷᠤᠨ ᠤ ᠲᠦᠷᠭᠡᠨ ᠬᠦᠭᠵᠢᠯᠳᠠ ᠶᠢ ᠳᠡᠮᠵᠢᠬᠦ ᠣᠨᠴᠠᠭᠠᠢ ᠠᠷᠭ᠎ᠠ

ᠠᠪᠴᠢᠯ ᠢᠶᠠᠷ ᠳᠤᠮᠳᠠ ᠪᠠᠷᠠᠭᠤᠨ ᠣᠷᠣᠨ ᠢ ᠶᠠᠳᠠᠭᠤ ᠠᠴᠠ ᠠᠩᠭᠢᠵᠢᠷᠠᠭᠤᠯᠬᠤ᠂ ᠰᠠᠭᠤᠷᠢ ᠪᠦᠳᠥᠭᠡᠨ

ᠪᠠᠶᠢᠭᠤᠯᠤᠯᠳᠠ᠂ ᠨᠡᠶᠢᠳᠠ ᠶᠢᠨ ᠦᠢᠯᠡᠴᠢᠯᠡᠯᠭᠡ ᠪᠤᠯᠤᠨ ᠠᠵᠤ ᠦᠢᠯᠡᠰ ᠤᠨ ᠬᠦᠭᠵᠢᠯᠳᠡ ᠵᠡᠷᠭᠡ ᠳᠠᠯ᠎ᠠ ᠤᠷᠤᠭᠤ

ᠳᠡᠮᠵᠢᠯᠭᠡ ᠬᠠᠩᠭᠠᠵᠦ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂

ᠵᠡᠭᠦᠨ ᠤᠷᠤᠨ ᠤ ᠠᠵᠤ ᠦᠢᠯᠡᠰ ᠢ ᠲᠤᠮᠳᠠ ᠪᠠᠷᠠᠭᠤᠨ ᠤᠷᠤᠨ ᠵᠦᠭ ᠰᠢᠯᠵᠢᠭᠦᠯᠬᠦ ᠬᠤᠷᠳᠤᠴᠠ ᠪᠠᠨ ᠲᠦᠷᠭᠡᠳᠬᠡᠬᠦ

ᠵᠡᠷᠭᠡ ᠬᠦᠭᠵᠢᠯᠳᠠ ᠳᠤ ᠠᠰᠢᠭᠳᠠᠢ ᠰᠢᠷᠢᠰ ᠲᠦᠷᠦ ᠶᠢᠨ ᠪᠤᠳᠤᠯᠭ᠎ᠠ ᠤᠳ ᠢ ᠨᠠᠶᠢᠳᠠᠪᠤᠷᠢᠵᠢᠭᠤᠯᠤᠭᠰᠠᠨ ᠨᠢ ᠮᠠᠨ ᠤ

ᠬᠤᠰᠢᠭᠤᠨ ᠤ ᠲᠤᠬᠢᠶᠠᠯ ᠢ ᠠᠳᠬᠤᠨ ᠤᠷᠤᠭᠰᠢᠯᠠᠵᠤ᠂ ᠠᠵᠤ ᠠᠬᠤᠢ ᠶᠢᠨ ᠳᠦᠷᠭᠡᠭᠡᠨ ᠬᠦᠭᠵᠯᠳᠠ ᠶᠢ ᠪᠡᠶᠡᠯᠡᠭᠦᠯᠬᠦ

 ᠳᠤ ᠰᠢᠨ᠎ᠠ ᠠᠵᠠ ᠲᠤᠬᠢᠶᠠᠯ ᠢ ᠠᠪᠴᠢᠷᠠᠵᠤ᠂ ᠰᠢᠨ᠎ᠡ ᠬᠦᠳᠡᠯᠭᠡᠬᠦ ᠬᠦᠴᠤᠨ ᠢ ᠨᠠᠮᠡᠷᠢᠯᠠᠵᠤ᠂ ᠰᠢᠨ᠎ᠡ ᠤᠷᠤᠨ ᠵᠠᠢ ᠶᠢ

ᠤᠯᠭᠤᠭᠰᠠᠨ ᠪᠠᠶᠢᠭ᠎ᠠ ᠶᠢ ᠤᠯᠵᠤ ᠬᠠᠷᠠᠬᠤ ᠵᠤᠬᠢᠰᠳᠡᠢ᠃ ᠡᠭᠦᠨ ᠤ ᠬᠠᠮᠳᠤ ᠨᠡᠩ ᠤᠯᠵᠣ ᠮᠡᠳᠡᠬᠦ ᠶᠣᠰᠣᠳᠠᠢ ᠨᠢ᠂

ᠤᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ᠠᠵᠤ ᠦᠢᠯᠡᠰ ᠤᠨ ᠬᠦᠭᠵᠢᠯᠳᠠ ᠶᠢᠨ ᠳᠣᠯᠭᠠᠭᠤᠷᠢ ᠬᠦᠴᠤᠨ ᠢᠶᠠᠨ

ᠨᠡᠮᠡᠭᠳᠡᠭᠦᠯᠵᠦ᠂ ᠲᠤᠯᠭᠠᠭᠤᠷᠢ ᠠᠵᠤ ᠦᠢᠯᠡᠰ ᠢ ᠪᠤᠶᠢᠵᠢᠭᠤᠯᠬᠤ ᠪᠠᠨ ᠲᠦᠷᠭᠡᠳᠬᠡᠵᠤ᠂ ᠨᠢᠭᠡ ᠪᠦᠯᠥᠭ ᠰᠠᠭᠤᠷᠢ

ᠲᠦᠬᠦᠭᠡᠷᠥᠮᠵᠢ ᠵᠠᠯᠭᠠᠭ᠎ᠠ ᠪᠠᠷ ᠠᠰᠢᠭᠯᠠᠯᠳᠠ ᠳᠤ ᠤᠷᠤᠵᠤ᠂ ᠬᠦᠭᠵᠢᠯᠳᠠ ᠶᠢ ᠨᠦᠯᠥᠭᠡᠯᠡᠵᠤ ᠪᠠᠶᠢᠭ᠎ᠠ ᠰᠠᠭᠠᠳ

ᠲᠤᠳᠬᠠᠷ ᠢ ᠲᠦᠷᠭᠡᠯᠡᠨ ᠰᠢᠢᠳᠪᠥᠷᠢᠯᠡᠵᠤ᠂ ᠨᠢᠭᠡ ᠪᠦᠯᠥᠭ ᠲᠤᠮᠤ ᠴᠢᠬᠤᠯᠠ ᠠᠵᠤ ᠦᠢᠯᠡᠰ ᠤᠨ ᠲᠦᠷᠥᠯ ᠵᠦᠢᠯ ᠢ

ᠵᠠᠯᠭᠠᠪᠠᠷ ᠡᠬᠢᠯᠡᠬᠦᠯᠵᠦ᠂ ᠬᠦᠭᠵᠢᠯᠳᠠ ᠶᠢᠨ ᠡᠷᠴᠢ ᠴᠢᠩᠭᠠᠷᠠᠨ ᠤᠯᠠᠨ ᠵᠢᠯ ᠤᠨ ᠬᠤᠷᠠᠮᠳᠤᠭᠤᠯᠭ᠎ᠠ ᠴᠢᠷᠮᠠᠶᠢᠯᠠᠭ᠎ᠠ ᠨᠢ

ᠯᠠᠪᠳᠠᠶᠢᠶ᠎ᠠ ᠰᠢᠨ᠎ᠠ ᠬᠦᠳᠡᠯᠭᠡᠬᠦ ᠬᠦᠴᠤᠨ ᠢ ᠡᠭᠦᠰᠭᠡᠭᠦ ᠪᠤᠯᠤᠨ᠎ᠠ᠃ ᠪᠦᠬᠦ ᠬᠤᠰᠢᠭᠤᠨ ᠤ ᠡᠯ᠎ᠡ ᠱᠠᠳᠤᠨ ᠤ ᠺᠠᠳ᠋ᠷ ᠤᠨ

ᠶᠡᠭᠡ ᠪᠠᠷ ᠠᠵᠢᠯᠯᠠᠵᠤ᠂ ᠶᠡᠭᠡ ᠶᠢ ᠪᠦᠳᠥᠭᠡᠵᠤ᠂ ᠪᠦᠳᠦᠬᠡᠯ ᠭᠠᠷᠭᠠᠬᠤ ᠬᠠᠯᠠᠭᠤᠨ ᠵᠣᠷᠢᠭ ᠪᠤᠯᠤᠨ ᠦᠷᠭᠡᠨ ᠤᠯᠠᠨ

ᠲᠦᠮᠡᠨ ᠤ ᠪᠤᠰᠤᠳ ᠠᠴᠠ ᠬᠤᠴᠤᠷᠬᠤ ᠦᠭᠡᠢ ᠭᠡᠵᠤ ᠴᠢᠷᠮᠠᠶᠢᠬᠤ ᠵᠤᠷᠢᠭ ᠰᠠᠨᠠᠭ᠎ᠠ ᠨᠢ ᠮᠦᠨᠴᠤ ᠪᠢᠳᠡᠨ ᠤ ᠡᠯ᠎ᠡ

ᠵᠦᠢᠯ ᠤᠨ ᠬᠦᠴᠢᠷ ᠲᠦᠪᠡᠭ ᠢ ᠢᠯᠠᠨ ᠳᠠᠪᠠᠭ᠋ᠤ ᠳᠤ ᠬᠦᠴᠤᠳᠡᠢ ᠪᠠᠳᠤᠯᠠᠭ᠎ᠠ ᠬᠠᠩᠭᠠᠬᠤ ᠶᠤᠮ᠃ ᠡᠶᠢᠮᠤ ᠠᠴᠠ

ᠪᠢᠳᠡ ᠵᠠᠪᠠᠯ ᠤᠯᠠᠮ ᠢᠶᠠᠷ ᠬᠦᠭᠵᠢᠯᠳᠠ ᠶᠢᠨ ᠢᠳᠡᠭᠡᠯ ᠵᠤᠷᠢᠭ ᠢᠶᠠᠨ ᠪᠠᠳᠤᠳᠬᠠᠵᠤ᠂ ᠡᠯ᠎ᠡ ᠵᠦᠢᠯ ᠤᠨ ᠰᠢᠯᠭᠠᠯᠳᠠ

 ᠶᠢ ᠳᠠᠭᠠᠭᠠᠮᠠᠭᠠᠢ ᠳᠤᠯᠵᠤ᠂ ᠦᠷᠭᠦᠯᠵᠢᠯᠡᠨ ᠲᠦᠷᠥ ᠶᠢᠨ ᠪᠤᠳᠤᠯᠭ᠎ᠠ ᠶᠢᠨ ᠲᠤᠬᠢᠶᠠᠯ ᠢ ᠵᠠᠪᠳᠣᠨ ᠠᠳᠬᠤᠵᠦ᠂

ᠬᠦᠭᠵᠢᠯᠳᠠ ᠶᠢᠨ ᠳᠤᠳᠠᠭᠳᠠᠯ ᠢᠶᠠᠨ ᠨᠦᠬᠦᠪᠥᠷᠢᠯᠡᠵᠤ᠂ ᠰᠢᠨ᠎ᠠ ᠳᠦᠷᠢ ᠲᠦᠷᠬᠦ ᠪᠠᠷ ᠪᠤᠰᠤᠳ ᠠᠴᠠ ᠬᠤᠴᠤᠷᠬᠤ

ᠦᠭᠡᠢ ᠪᠠᠶᠢᠳᠠᠭ ᠵᠤᠷᠢᠭ ᠢᠶᠠᠨ ᠡᠷᠴᠢᠯᠠᠵᠤ᠂ ᠬᠦᠴᠢᠷ ᠢ ᠳᠠᠪᠠᠭ᠋ᠤ ᠢᠳᠡᠭᠡᠯ ᠢᠶᠠᠨ ᠬᠦᠪᠴᠢᠯᠡᠵᠤ᠂ ᠠᠵᠤ ᠠᠬᠤᠢ

ᠨᠡᠶᠢᠭᠡᠮ ᠤᠨ ᠬᠦᠭᠵᠢᠯᠳᠠ ᠶᠢᠨ ᠰᠢᠨ᠎ᠡ ᠪᠠᠶᠢᠳᠠᠯ ᠢ ᠮᠡᠷᠡᠶᠢᠨ ᠡᠭᠦᠳᠴᠡᠭᠡᠶ᠎ᠡ᠃

           ᠦᠨᠥ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠥᠩᠭᠡᠢ ᠰᠠᠳᠭᠢᠴᠡ ᠪᠤᠯ᠄ ᠲᠦᠪ᠂

ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠨᠠᠮ ᠤᠨ ᠬᠤᠷᠢᠶ᠎ᠡ᠂ ᠠᠶᠢᠮᠠᠭ ᠤᠨ ᠵᠠᠬᠢᠷᠭ᠎ᠠ ᠤᠨ ᠰᠢᠷᠢᠰ

ᠰᠢᠢᠳᠪᠥᠷᠢ ᠪᠠᠶᠢᠷᠢᠯᠠᠭᠤᠯᠣᠯᠳᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠥᠷᠢᠵᠢᠭᠤᠯᠵᠤ᠂ ᠬᠤᠰᠢᠭᠤ ᠨᠠᠮ ᠤᠨ

ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠲᠦᠯᠥᠭᠡᠯᠡᠭᠴᠢᠳ ᠤᠨ ᠬᠤᠷᠠᠯ ᠪᠤᠯᠤᠨ ᠬᠤᠰᠢᠭᠤ ᠨᠠᠮ ᠤᠨ

ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠦᠷᠪᠡᠳᠥᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ

 ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠦᠭᠵᠢᠯᠳᠠ ᠪᠤᠯ ᠲᠡᠷᠢᠭᠦᠨ ᠴᠢᠬᠤᠯᠠ ᠶᠠᠪᠣᠳᠠᠯ ᠭᠡᠳᠡᠭ ᠢ

ᠴᠢᠩᠭ᠎ᠠ ᠠᠳᠬᠤᠵᠤ᠂ ᠬᠦᠭᠵᠢᠯᠳᠠ ᠤᠨ ᠢᠳᠡᠭᠡᠯ ᠵᠤᠷᠢᠭ ᠢᠶᠠᠨ ᠪᠠᠳᠤᠳᠬᠠᠵᠤ᠂ ᠣᠷᠣᠭᠰᠢᠯᠠᠨ ᠳᠠᠪᠰᠢᠬᠤ ᠪᠠᠷ

ᠬᠠᠷᠠᠯᠳᠠ ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ︽ᠨᠢᠭᠡᠨ ᠭᠤᠣᠯ ᠰᠡᠳᠣᠪ︾ ᠢ

ᠳᠤᠪᠤᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ᠂ ᠠᠮᠢ ᠠᠬᠤᠢ ᠶᠢᠨ ᠬᠠᠮᠠᠭᠠᠯᠠᠯᠳᠠ ᠪᠤᠯᠤᠨ

ᠪᠦᠳᠦᠭᠡᠨ ᠪᠠᠶᠢᠭᠤᠯᠤᠯᠳᠠ ᠬᠢᠬᠦ ︽ᠬᠤᠶᠠᠷ ᠶᠡᠭᠡ ᠢᠨᠵᠧᠨᠧᠷᠢᠩ︾ ᠢ ᠠᠬᠢᠭᠤᠯᠵᠤ᠂ ᠰᠤᠶᠤᠯ ᠵᠢᠭᠤᠯᠴᠢᠯᠠᠯ᠂

ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡ᠂ ᠡᠯᠧᠺᠲᠷᠤᠨ ᠠᠷᠠᠯᠵᠢᠶ᠎ᠠ ᠵᠡᠷᠭᠡ ︽ᠭᠤᠷᠪᠠᠨ ᠶᠡᠭᠡ

ᠣᠶᠢᠯᠡᠴᠢᠯᠡᠯᠭᠡᠨ ᠤ ᠦᠢᠯᠡᠰ︾ ᠢ ᠪᠤᠶᠢᠵᠢᠭᠤᠯᠵᠤ᠂ ᠴᠡᠪᠡᠷ ᠡᠨᠧᠷᠺᠢ᠂ ᠳᠣᠨᠤᠭ ᠲᠦᠭᠦᠭᠡᠷᠥᠮᠵᠢ ᠦᠢᠯᠡᠳᠪᠥᠷᠢᠯᠡᠬᠦ᠂

ᠠᠭᠤᠷᠬᠠᠢ ᠡᠷᠦᠳᠡᠰᠦ ᠶᠢ ᠮᠠᠯᠳᠠᠵᠦ ᠪᠣᠯᠪᠠᠰᠣᠷᠠᠭᠤᠯᠬᠤ᠂ ᠪᠤᠬᠢᠷᠳᠤᠯ ᠦᠬᠡᠢ ᠳᠠᠷᠢᠶᠠᠯᠠᠩ ᠮᠠᠯ ᠠᠵᠤ ᠠᠬᠤᠢ ᠶᠢᠨ

ᠪᠦᠳᠥᠭᠡᠭᠳᠡᠭᠦᠨ ᠢ ᠡᠳ᠋ᠰᠢᠬᠦᠯᠬᠦ ᠵᠡᠷᠭᠡ ︽ᠳᠦᠷᠪᠡᠨ ᠶᠡᠭᠡ ᠲᠤᠯᠭᠠᠭᠤᠷᠢ ᠠᠵᠤ ᠦᠢᠯᠡᠰ︾ ᠢ ᠪᠤᠵᠠᠭᠠᠶᠢᠷᠠᠭᠤᠯᠵᠤ᠂

ᠠᠵᠢᠯ ᠤᠯᠭᠤᠯᠳᠠ ᠦᠢᠯᠡᠰ ᠪᠣᠰᠬᠠᠬᠤ᠂ ᠰᠣᠷᠭᠠᠨ ᠬᠦᠮᠥᠵᠢᠯ ᠤᠨ ᠶᠠᠰᠣ ᠴᠢᠨᠠᠷ᠂ ᠡᠮ ᠡᠮᠨᠡᠯᠭᠡ ᠡᠷᠡᠭᠦᠯ ᠬᠠᠮᠠᠭᠠᠯᠠᠯ

᠂ ᠨᠡᠶᠢᠭᠡᠮ ᠤᠨ ᠪᠠᠳᠤᠯᠠᠭ᠎ᠠ ᠪᠤᠯᠤᠨ ᠬᠤᠳᠠ ᠬᠦᠳᠡᠭᠡ ᠶᠢᠨ ᠪᠦᠳᠥᠭᠡᠨ ᠪᠠᠶᠢᠭᠤᠯᠤᠯᠳᠠ ᠵᠢᠴᠢ ᠬᠠᠮᠢᠶᠠᠷᠥᠯᠳᠠ ᠵᠡᠷᠭᠡ

︽ᠨᠡᠶᠢᠭᠡᠮ ᠠᠷᠠᠳ ᠤᠨ ᠠᠮᠢᠳᠤᠷᠠᠯ ᠤᠨ ᠲᠠᠪᠤᠨ ᠶᠡᠭᠡ ᠠᠵᠦ ᠦᠢᠯᠡᠰ︾ ᠢ ᠳᠡᠭᠡᠭᠰᠢᠯᠡᠭᠦᠯᠵᠤ᠂ ᠰᠢᠯᠢᠳᠡᠭ ᠬᠢᠷᠢ

ᠪᠦᠳᠥᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠣᠯᠣᠨ ᠨᠠᠮ ᠤᠨ ᠠᠷᠪᠠ

ᠶᠢᠰᠥᠳᠥᠭᠡᠷ ᠣᠳᠠᠭᠠᠨ ᠤ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠠᠭᠠᠶ᠎ᠠ᠃

           ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠦᠨ ᠨᠤᠳᠤᠭ ᠤᠨ

ᠦᠢᠯᠡᠳᠪᠦᠷᠢᠯᠡᠯ ᠤᠨ ᠶᠡᠷᠦᠩᠬᠡᠢ ᠦᠷᠳᠡᠭ ᠢ  37.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ

ᠬᠤᠭᠤᠴᠠᠭᠠᠨ ᠠᠴᠠ 9.0 % ᠪᠠᠷ ᠨᠡᠮᠡᠭᠳᠡᠭᠦᠯᠥᠨ᠎ᠡ᠃ ᠡᠭᠦᠨ ᠳᠤ᠄ ᠨᠢᠭᠡᠳᠦᠭᠡᠷ ᠠᠵᠦ ᠦᠢᠯᠡᠰ ᠤᠨ ᠨᠡᠮᠡᠭᠳᠡᠯ

ᠦᠷᠳᠡᠭ ᠢ 5.6 ᠳ᠋ᠦᠩᠰᠢᠭᠤᠷ ᠲᠦᠭᠦᠷᠢᠭ ᠲᠤ ᠬᠦᠷᠭᠡᠵᠤ᠂ 5.5% ᠪᠠᠷ ᠨᠡᠮᠡᠭᠳᠡᠭᠦᠯᠥᠨ᠎ᠡ᠂ ᠬᠤᠶᠠᠳᠥᠭᠠᠷ ᠠᠵᠦ

ᠦᠢᠯᠡᠰ ᠤᠨ ᠨᠡᠮᠡᠭᠳᠡᠯ ᠦᠷᠳᠡᠭ ᠢ 18.3 ᠳ᠋ᠦᠩᠰᠢᠭᠤᠷ ᠲᠦᠭᠦᠷᠢᠭ ᠲᠤ ᠬᠦᠷᠭᠡᠵᠤ᠂ 8.9% ᠪᠠᠷ

ᠨᠡᠮᠡᠭᠳᠡᠭᠦᠯᠥᠨ᠎ᠡ᠂ ᠭᠤᠷᠪᠠᠳᠥᠭᠠᠷ ᠠᠵᠦ ᠦᠢᠯᠡᠰ ᠤᠨ ᠨᠡᠮᠡᠭᠳᠡᠯ ᠦᠷᠳᠡᠭ ᠢ 13.5 ᠳ᠋ᠦᠩᠰᠢᠭᠤᠷ ᠲᠦᠭᠦᠷᠢᠭ ᠲᠤ

ᠬᠦᠷᠭᠡᠵᠤ᠂ 10.7% ᠪᠠᠷ ᠨᠡᠮᠡᠭᠳᠡᠭᠦᠯᠥᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ

ᠤᠷᠤᠯᠭ᠎ᠠ ᠨᠢ 1.46 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 7.2 % ᠪᠠᠷ ᠨᠡᠮᠡᠭᠳᠡᠭᠦᠯᠬᠦ ᠶᠢ ᠪᠠᠳᠣᠯᠠᠵᠦ᠂

9% ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠨᠡᠶᠢᠬᠡᠮ ᠤᠨ ᠳᠣᠭᠳᠠᠮᠠᠯ ᠬᠦᠷᠦᠩᠭᠡ ᠶᠢᠨ ᠪᠠᠯᠡ ᠣᠷᠣᠭᠤᠯᠣᠯᠳᠠ 32.

8 ᠳ᠋ᠦᠩᠰᠢᠭᠤᠷ ᠳᠦᠭᠦᠷᠢᠭ ᠢ ᠪᠠᠶᠡᠯᠡᠬᠦᠯᠵᠦ᠂ 16.3% ᠪᠠᠷ ᠨᠡᠮᠡᠭᠳᠡᠭᠦᠯᠦᠨ᠎ᠡ᠃ ᠬᠤᠳᠠ ᠬᠦᠳᠡᠭᠡ ᠶᠢᠨ

ᠪᠠᠶᠢᠡᠭᠭᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠳᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠦᠷᠢ

32390 ᠲᠦᠭᠦᠷᠢᠭ ᠪᠤᠯᠤᠨ 9950 ᠲᠦᠭᠦᠷᠢᠭ ᠢ ᠪᠡᠶᠡᠯᠡᠭᠦᠯᠵᠦ᠂ ᠲᠤᠰᠪᠦᠷᠢ 8.8 % ᠪᠤᠯᠤᠨ 9.3 %

 ᠪᠠᠷ ᠨᠡᠮᠡᠭᠳᠡᠬᠦᠯᠦᠨ᠎ᠠ᠃ ᠨᠡᠶᠢᠭᠡᠮ ᠤᠨ ᠬᠡᠷᠡᠭᠯᠡᠯᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠡᠷᠦᠩᠬᠡᠢ ᠦᠷᠳᠡᠭ ᠢ 9.

4 ᠳ᠋ᠦᠩᠰᠢᠭᠤᠷ ᠲᠦᠭᠦᠷᠢᠭ ᠪᠡᠶᠡᠯᠡᠭᠦᠯᠵᠦ᠂ 10.3 % ᠪᠠᠷ ᠨᠡᠮᠡᠭᠳᠡᠭᠦᠯᠥᠨ᠎ᠡ᠃ ᠠᠵᠦ ᠠᠬᠤᠢ ᠶᠢᠨ ᠭᠤᠤᠯᠯᠠᠬᠤ

ᠵᠢᠭᠠᠯᠳᠠ ᠲᠤᠭᠠᠨ ᠤ ᠨᠡᠮᠡᠭᠳᠡᠯ ᠤᠨ ᠬᠤᠷᠳᠤᠴᠠ ᠶᠢ ᠴᠦᠮ ᠪᠦᠬᠦ ᠠᠶᠢᠮᠠᠭ ᠤᠨ ᠳᠤᠮᠳᠠᠴᠢ ᠬᠤᠷᠳᠤᠴᠠ ᠠᠴᠠ

ᠲᠦᠷᠭᠡᠨ ᠪᠠᠶᠢᠯᠭᠠᠨ᠎ᠠ᠃

          ᠲᠦᠷᠦᠬᠦᠣ ᠳᠣᠷᠠᠳᠣᠭᠰᠠᠨ ᠬᠠᠷᠠᠯᠳᠠ ᠶᠢᠨ ᠲᠤᠭᠤᠷᠢᠨ ᠳᠤ᠂ ᠳᠠᠷᠠᠭᠠᠬᠢ ᠬᠡᠳᠦᠨ ᠲᠠᠯ᠎ᠠ ᠶᠢᠨ ᠠᠵᠢᠯ ᠢ

ᠭᠤᠤᠯᠳᠠᠯᠭ᠎ᠠ ᠲᠠᠢ ᠠᠬᠢᠭᠤᠯᠣᠨ᠎ᠠ᠄

︵ᠨᠢᠭᠡ︶ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠳᠤ ᠲᠤᠯᠭᠠᠭᠤᠷᠢᠯᠠᠵᠦ᠂ ᠲᠤᠭᠳᠠᠮᠠᠯ ᠬᠦᠷᠦᠩᠭᠡ ᠶᠢᠨ

ᠪᠡᠯᠡ ᠤᠷᠤᠭᠤᠯᠤᠯᠳᠠ ᠶᠢᠨ ᠬᠡᠪᠴᠢᠶ᠎ᠡ ᠪᠠᠨ ᠦᠷᠭᠡᠳᠬᠡᠨ᠎ᠡ

ᠨᠢᠭᠡ ᠳᠤ ᠢᠳᠡᠪᠬᠢᠳᠠᠢ ᠡᠷᠡᠮᠡᠯᠵᠡᠯᠡᠨ ᠬᠠᠷᠢᠯᠴᠠᠬᠤ ᠶᠢ ᠠᠳᠬᠤᠨ᠎ᠠ᠃ ᠤᠯᠤᠰ ᠪᠤᠯᠤᠨ ᠦᠪᠡᠷᠳᠡᠭᠡᠨ ᠵᠠᠰᠠᠬᠤ ᠤᠷᠤᠨ

 ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠲᠦᠷᠦ ᠶᠢᠨ ᠪᠤᠳᠤᠯᠭ᠎ᠠ ᠶᠢᠨ ᠴᠢᠭᠯᠡᠯ ᠢ ᠰᠠᠶᠢᠳᠤᠷ ᠠᠩᠬᠠᠷᠴᠦ

᠂ ᠨᠢᠭᠡ ᠪᠦᠯᠥᠭ ᠲᠤᠮᠤ ᠲᠦᠷᠦᠯ ᠵᠦᠢᠯ ᠢ ᠰᠠᠶᠢᠳᠤᠷ ᠪᠡᠯᠡᠳᠭᠡᠨ ᠳᠦᠰᠦᠪᠯᠡᠵᠦ ᠬᠠᠷᠢᠯᠴᠠᠨ᠎ᠠ᠂ ᠠᠵᠦ ᠠᠬᠤᠢ ᠶᠢᠨ

ᠬᠦᠭᠵᠢᠯᠳᠡ ᠶᠢ ᠳᠣᠭᠳᠠᠭᠤᠨ ᠪᠤᠯᠭᠠᠵᠦ᠂ ᠠᠵᠦ ᠠᠬᠤᠢ ᠶᠢᠨ ᠬᠡᠯᠪᠡᠷᠢ ᠶᠢᠨ ᠬᠤᠪᠢᠷᠠᠭᠠᠯᠳᠠ ᠶᠢ ᠠᠬᠢᠭᠤᠯᠤᠨ᠎ᠠ᠃

ᠭᠤᠤᠯᠳᠠᠯᠭ᠎ᠠ ᠲᠠᠢ ᠪᠠᠷ ᠪᠦᠬᠦ ᠲᠠᠯᠠᠴᠢ ᠴᠢᠨᠠᠷᠳᠠᠢ᠂ ᠰᠠᠭᠤᠷᠢᠴᠢ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ

ᠰᠣᠶᠣᠯ ᠵᠢᠭᠤᠯᠴᠢᠯᠠᠯ᠂ ᠰᠢᠨ᠎ᠡ ᠡᠨᠧᠷᠬᠢ᠂ ᠵᠠᠰᠠᠮᠠᠯ ᠵᠠᠮ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠳᠠ᠂

ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶ᠎ᠡ ᠴᠠᠷ᠎ᠠ ᠳᠠᠬᠢ ᠰᠢᠪᠳᠤᠯᠥᠯᠳᠠ ᠶᠢ ᠪᠡᠶᠡᠯᠡᠭᠦᠯᠦᠨ᠎ᠡ᠃

ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠯᠤᠭ᠎ᠠ ᠶᠢᠨ ᠬᠠᠷᠢᠯᠴᠠᠭ᠎ᠠ ᠪᠠᠨ

ᠴᠢᠩᠭᠠᠳᠬᠠᠵᠦ᠂ ᠨᠡᠩ ᠤᠯᠠᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠲᠥᠯᠦᠪᠵᠢᠭᠦᠯᠭᠡ

 ᠳᠤ ᠤᠷᠤᠭᠤᠯᠬᠤ ᠪᠠᠷ ᠴᠢᠷᠮᠠᠶᠢᠨ᠎ᠠ᠃

ᠬᠤᠶᠠᠷ ᠳᠤ ᠠᠬᠢᠴᠠ ᠪᠠᠨ ᠲᠦᠷᠭᠡᠳᠬᠡᠨ ᠬᠡᠷᠡᠭᠵᠢᠭᠦᠯᠬᠦ ᠶᠢ ᠠᠳᠬᠤᠨ᠎ᠠ᠃ ᠪᠦᠬᠦ ᠵᠢᠯ ᠳᠡᠭᠡᠨ 56 ᠭᠤᠤᠯᠳᠠᠯᠭ᠎ᠠ

 ᠲᠠᠢ ᠲᠦᠷᠦᠯ ᠵᠦᠢᠯ ᠢ ᠬᠡᠷᠡᠭᠵᠢᠭᠦᠯᠵᠦ᠂ 32.8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ

ᠪᠡᠶᠡᠯᠡᠭᠦᠯᠬᠦ ᠪᠠᠷ ᠲᠦᠯᠦᠪᠯᠡᠵᠦ᠂ 5 ᠲᠦᠷᠦᠯ ᠵᠦᠢᠯ ᠢ ᠠᠶᠢᠮᠠᠭ ᠤᠨ ᠲᠡᠰ ᠤᠨ ᠭᠤᠤᠯᠳᠠᠯᠭ᠎ᠠ ᠲᠠᠢ ᠲᠦᠷᠦᠯ ᠵᠦᠢᠯ

 ᠳᠤ ᠤᠷᠤᠭᠤᠯᠤᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ ᠬᠤᠰᠢᠭᠤ ᠤᠳᠤᠷᠢᠳᠤᠯᠭ᠎ᠠ ᠠᠴᠠ ᠬᠠᠷᠢᠯᠴᠠᠵᠦ᠂

ᠰᠠᠯᠠᠭ᠎ᠠ ᠮᠦᠴᠢᠷ ᠮᠦᠷᠳᠡᠨ ᠦᠢᠯᠡᠴᠢᠯᠡᠵᠦ᠂ ᠭᠠᠷᠳᠠᠮ ᠢ ᠴᠠᠭ ᠬᠤᠭᠤᠴᠠᠭᠠᠯᠠᠨ ᠬᠦᠢᠴᠡᠳᠭᠡᠨ ᠪᠡᠶᠡᠯᠡᠭᠦᠯᠬᠦ ᠵᠡᠷᠭᠡ

ᠲᠦᠷᠢᠮ ᠢ ᠦᠷᠬᠦᠯᠵᠢᠯᠡᠨ ᠬᠡᠷᠡᠭᠵᠢᠬᠦᠯᠵᠦ᠂ ᠳᠣᠬᠢᠷᠠᠭᠤᠯᠬᠤ᠂ ᠬᠢᠨᠠᠨ ᠰᠢᠯᠭᠠᠬᠤ᠂ ᠵᠠᠷᠯᠠᠬᠤ ᠶᠢ ᠲᠤᠭᠳᠠᠭᠰᠠᠨ

ᠬᠤᠭᠤᠴᠠᠭᠠᠨ ᠳᠤ ᠬᠢᠵᠦ᠂ ᠭᠠᠵᠠᠷ ᠰᠤᠩᠭᠤᠨ ᠲᠦᠯᠦᠪᠯᠡᠬᠦ᠂ ᠭᠠᠵᠠᠷ ᠲᠠᠳᠠᠪᠤᠷᠢᠯᠡᠨ ᠨᠤᠷᠠᠭᠠᠨ ᠨᠡᠭᠦᠯᠭᠡᠬᠦ᠂

ᠳᠠᠭᠠᠭᠠᠴᠢᠯᠠᠯᠳᠠ ᠵᠠᠷᠯᠠᠬᠤ ᠵᠡᠷᠭᠡ ᠡᠬᠢᠨ ᠤ ᠬᠤᠭᠤᠴᠠᠭᠠᠨ ᠤ ᠠᠵᠢᠯ ᠢ ᠪᠦᠬᠦ ᠬᠦᠴᠦ ᠪᠠᠷ ᠲᠦᠷᠭᠡᠳᠭᠡᠵᠦ᠂ ᠬᠠᠪᠤᠷ

ᠨᠠᠮᠤᠷ ᠤᠨ ᠬᠤᠶᠠᠷ ᠤᠳᠠᠭᠠᠨ ᠤ ᠭᠤᠤᠯᠳᠠᠯᠭ᠎ᠠ ᠲᠠᠢ ᠲᠦᠷᠦᠯ ᠵᠦᠢᠯ ᠢ ᠨᠢᠭᠡᠳᠦᠯᠳᠡᠢ ᠡᠬᠢᠯᠡᠭᠦᠯᠬᠦ ᠶᠤᠰᠦᠯᠡᠯ ᠢ ᠬᠢᠵᠦ

᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠠᠷᠤᠢ ᠳᠤᠨᠢ ᠡᠬᠢᠯᠡᠭᠦᠯᠵᠦ᠂ ᠴᠠᠭ ᠲᠤᠬᠠᠢ ᠳᠤᠨᠢ ᠪᠦᠳᠦᠭᠡᠨ

ᠪᠠᠶᠢᠭᠤᠯᠵᠦ᠂ ᠲᠤᠭᠳᠠᠮᠠᠯ ᠬᠦᠷᠦᠩᠬᠡ ᠶᠢᠨ ᠪᠡᠯᠨ ᠤᠷᠤᠭᠤᠯᠣᠯᠳᠠ ᠶᠢᠨ ᠯᠠᠪᠳᠠᠭᠤᠨ ᠨᠡᠮᠡᠭᠳᠡᠯ ᠢ ᠠᠬᠢᠭᠤᠯᠤᠨ᠎ᠡ᠃

ᠭᠤᠷᠪᠠ ᠳᠤ ᠰᠢᠨ᠎ᠡ ᠠᠷᠭ᠎ᠠ ᠬᠡᠯᠪᠡᠷᠢ ᠪᠠᠷ ᠪᠡᠯᠡ ᠨᠡᠶᠢᠯᠡᠬᠦᠯᠬᠦ ᠶᠢ ᠠᠳᠬᠤᠨ᠎ᠡ᠃ ᠠᠷᠠᠳ ᠤᠨ ᠬᠦᠷᠦᠩᠬᠡ ᠮᠦᠩᠬᠦ ᠶᠢ

PPP ᠬᠡᠯᠪᠡᠷᠢ ᠪᠠᠷ ᠳᠠᠮᠵᠢᠨ ᠰᠤᠶᠤᠯ ᠵᠢᠭᠤᠯᠴᠢᠯᠠᠯ᠂ ᠬᠤᠳᠡ ᠪᠠᠯᠭᠠᠰᠦᠨ ᠤ ᠰᠠᠭᠤᠷᠢ ᠪᠠᠶᠢᠭᠤᠯᠤᠯᠳᠠ ᠵᠡᠷᠭᠡ

ᠬᠦᠷᠢᠶ᠎ᠡ ᠴᠠᠷ᠎ᠠ ᠶᠢᠨ ᠪᠠᠶᠢᠭᠤᠯᠤᠯᠳᠠ ᠳᠤ ᠣᠷᠣᠯᠴᠠᠬᠤ ᠶᠢ ᠲᠡᠷᠢᠭᠦᠨ ᠰᠣᠩᠭᠤᠯᠳᠠ ᠪᠤᠯᠭᠠᠨ᠎ᠠ᠂ ᠢᠳᠡᠪᠬᠢᠳᠡᠢ ᠪᠠᠷ

ᠬᠠᠮᠢᠶ᠎ᠠ ᠪᠦᠭᠦᠢ ᠠᠵᠤ ᠠᠬᠤᠶᠢᠯᠡᠯ ᠲᠠᠢ ᠬᠠᠷᠢᠯᠴᠠᠵᠦ᠂ ᠲᠡᠭᠦᠨ ᠢ ᠲᠡᠭᠡᠷ᠎ᠡ ᠱᠠᠳᠦᠨ ᠤ ᠭᠤᠤᠯᠳᠠᠯᠭ᠎ᠠ ᠲᠠᠢ ᠲᠡᠮᠵᠢᠬᠦ

ᠲᠦᠷᠦᠯ ᠵᠦᠢᠯ ᠤᠨ ᠭᠡᠪᠴᠢᠶᠡᠨ ᠳᠤ ᠤᠷᠤᠭᠤᠯᠬᠤ ᠪᠠᠷ ᠴᠢᠷᠮᠠᠶᠢᠨ᠎ᠠ᠃ ᠪᠡᠯᠨ ᠮᠦᠩᠭᠦ ᠨᠡᠶᠢᠯᠡᠭᠦᠯᠭᠦ ᠲᠡᠪᠴᠡᠩ ᠤᠨ

ᠦᠢᠯᠡᠳᠦᠯ ᠢ ᠬᠦᠢᠴᠡᠳ ᠪᠠᠳᠠᠷᠠᠭᠤᠯᠵᠦ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠲᠦᠷᠦᠯ ᠵᠦᠢᠯ

ᠪᠠ ᠳᠣᠮᠣ ᠴᠢᠬᠤᠯᠠ ᠢᠨᠵᠧᠨᠧᠷᠢᠩ ᠤᠨ ᠪᠡᠯᠨ ᠨᠡᠶᠢᠯᠡᠭᠦᠯᠬᠦ ᠶᠢ ᠳᠡᠮᠵᠢᠬᠦ ᠬᠦᠴᠦᠯᠡᠴᠨ ᠪᠠᠨ ᠶᠡᠭᠡᠰᠬᠡᠬᠦ ᠪᠠᠷ ᠳᠠᠮᠵᠢᠨ᠂

ᠪᠦᠳᠦᠭᠡᠨ ᠪᠠᠶᠢᠭᠤᠯᠣᠯᠳᠠ ᠶᠢᠨ ᠪᠡᠯᠨ ᠮᠦᠩᠬᠦ ᠬᠦᠷᠦᠯᠴᠡᠬᠦ ᠦᠭᠡᠢ ᠠᠰᠠᠭᠤᠳᠡᠯ ᠢ ᠬᠦᠴᠦᠯᠡᠨ ᠰᠶᠢᠳᠪᠤᠷᠢᠯᠡᠨ᠎ᠡ᠃  

ᠳᠦᠷᠪᠠ ᠳᠤ ᠤᠯᠡᠨ ᠵᠦᠢᠯ ᠤᠨ ᠠᠷᠭ᠎ᠠ ᠠᠪᠴᠢᠯ ᠢ ᠵᠡᠷᠭᠡᠳᠡ ᠶᠠᠪᠣᠭᠳᠠᠭᠤᠯᠵᠦ ᠠᠷᠠᠯᠵᠢᠶᠠᠴᠢᠨ ᠣᠷᠢᠬᠤ ᠶᠢ

ᠠᠳᠬᠤᠨ᠎ᠠ᠃ ᠲᠤᠯᠭᠠᠭᠤᠷᠢ ᠠᠵᠤ ᠦᠢᠯᠡᠰ ᠢ ᠬᠦᠭᠵᠢᠭᠦᠯᠦᠨ ᠪᠤᠵᠠᠭᠠᠶᠢᠷᠠᠭᠤᠯᠬᠤ ᠶᠢᠨ ᠳᠣᠭᠤᠷᠢᠨ ᠳᠤ ᠨᠢᠭᠡᠨᠳᠡ

ᠬᠠᠷᠢᠯᠴᠠᠭᠰᠠᠨ ᠲᠦᠷᠦᠯ ᠵᠦᠢᠯ ᠢ ᠬᠦᠨᠵᠡᠭᠡᠢ ᠠᠬᠢᠭᠤᠯᠵᠦ᠂ ᠠᠷᠠᠯᠵᠢᠶᠠᠴᠢᠨ ᠣᠷᠢᠬᠤ ᠭᠡᠪᠴᠢᠶ᠎ᠡ ᠪᠠᠨ ᠢᠳᠡᠪᠬᠢᠳᠡᠢ

ᠦᠷᠭᠡᠳᠭᠡᠨ᠂ ᠲᠦᠷᠦᠯ ᠵᠦᠢᠯ ᠶᠢᠨ ᠳᠠᠨᠢᠯᠴᠠᠭᠤᠯᠭ᠎ᠠ ᠶᠢ ᠦᠷᠭᠡᠨ ᠦᠷᠨᠢᠭᠦᠯᠵᠦ᠂ ᠪᠡᠭᠡᠵᠢᠩ ᠬᠦᠭᠡᠬᠤᠳᠡ ᠵᠡᠷᠭᠡ

ᠭᠠᠵᠠᠷ ᠲᠤ ᠠᠷᠠᠯᠵᠢᠶᠠᠴᠢᠨ ᠤᠷᠢᠬᠤ ᠤᠷᠴᠢᠨ ᠲᠤᠭᠤᠷᠢᠨ ᠤ ᠳᠠᠶᠢᠯᠪᠦᠷᠢᠯᠠᠯᠳᠠ ᠶᠢᠨ ᠬᠤᠷᠠᠯ ᠵᠢᠴᠢ ᠰᠤᠶᠤᠯ

ᠵᠢᠭᠤᠯᠴᠢᠯᠡᠯ ᠤᠨ ᠳᠠᠨᠢᠯᠴᠠᠭᠤᠯᠭ᠎ᠠ ᠶᠢᠨ ᠬᠤᠷᠠᠯ ᠢ ᠬᠤᠷᠠᠯᠳᠦᠭᠤᠯᠵᠦ᠂ ᠤᠷᠦᠨ ᠪᠠ ᠠᠶᠢᠮᠠᠭ ᠠᠴᠠ ᠡᠷᠬᠢᠯᠡᠭᠰᠡᠨ

ᠠᠷᠠᠯᠵᠢᠶᠠᠴᠢᠨ ᠤᠷᠢᠬᠤ ᠬᠦᠳᠡᠯᠭᠡᠭᠡᠨ ᠳᠤ ᠢᠳᠡᠪᠬᠢᠳᠡᠢ ᠣᠷᠣᠯᠴᠠᠵᠦ᠂ ᠠᠷᠠᠯᠵᠢᠶᠠᠴᠢᠨ ᠤᠷᠢᠵᠦ ᠪᠡᠯᠨ ᠲᠠᠳᠠᠬᠤ

ᠦᠢᠯᠡᠴᠢᠯᠡᠯᠭᠡᠨ ᠤ ᠠᠷᠭ᠎ᠠ ᠶᠢ ᠳᠤᠭᠳᠠᠭᠠᠨ ᠪᠦᠷᠢᠨᠰᠢᠭᠦᠯᠵᠦ᠂ ᠠᠷᠠᠯᠵᠢᠶᠠᠴᠢᠨ ᠤᠷᠢᠵᠦ ᠪᠡᠯᠨ ᠲᠠᠳᠠᠬᠤ ᠴᠢᠨᠠᠷ

ᠴᠢᠨᠰᠠᠭ᠎ᠠ ᠪᠠ ᠪᠦᠳᠦᠮᠵᠢ ᠶᠢᠨ ᠨᠣᠷᠮ᠎ᠠ ᠶᠢ ᠲᠡᠭᠡᠭᠰᠢᠯᠡᠭᠦᠯᠵᠦ᠂ ᠵᠢᠯ ᠤᠨ ᠲᠤᠳᠤᠷ᠎ᠡ ᠠᠷᠠᠯᠵᠢᠶᠠᠴᠢᠨ ᠤᠷᠢᠵᠦ ᠪᠡᠯᠨ

ᠤᠷᠤᠭᠤᠯᠤᠭᠰᠠᠨ ᠬᠡᠮᠵᠢᠶ᠎ᠠ ᠪᠠᠨ 20.5 ᠳ᠋ᠦᠡᠭᠰᠢᠭᠤᠷ ᠲᠦᠭᠦᠷᠢᠭ ᠲᠤ ᠬᠦᠷᠭᠡᠨ᠎ᠡ᠃

︵ᠬᠤᠶᠠᠷ︶ ᠪᠦᠳᠦᠴᠨ ᠶᠢ ᠰᠢᠯᠢᠳᠡᠭᠵᠢᠭᠦᠯᠬᠦ ᠪᠠᠷ ᠤᠳᠤᠷᠢᠳᠦᠮᠵᠢ ᠪᠤᠯᠭᠠᠨ᠂ ᠲᠠᠷᠢᠶᠡᠯᠡᠩ ᠮᠠᠯ ᠠᠵᠤ ᠠᠬᠤᠢ ᠶᠢᠨ

ᠤᠳᠤᠬᠢᠴᠢᠯᠡᠯᠳᠡ ᠶᠢ ᠬᠦᠨᠵᠡᠭᠡᠢ ᠠᠬᠢᠭᠤᠯᠣᠨ᠎ᠠ

ᠨᠢᠭᠡ ᠳᠤ ᠪᠦᠳᠦᠴᠨ ᠶᠢ ᠳᠣᠬᠢᠷᠠᠭᠤᠯᠣᠨ ᠰᠢᠯᠢᠳᠡᠭᠵᠢᠬᠦᠯᠬᠦ ᠳᠤ ᠬᠦᠴᠦᠯᠡᠨ᠎ᠠ᠃ ᠬᠠᠪᠣᠷ ᠤᠨ ᠳᠠᠷᠢᠶᠠᠯᠠᠭ᠎ᠠ ᠶᠢᠨ

ᠪᠡᠯᠡᠳᠭᠡᠯ᠂ ᠳᠠᠷᠢᠶᠠᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠡᠶᠢᠳᠦᠷ ᠬᠢᠵᠦ᠂ ᠲᠠᠷᠢᠶᠠᠯᠠᠩ ᠤᠨ ᠵᠠᠬ᠎ᠠ ᠲᠡᠯᠭᠡᠭᠦᠷ

 ᠤᠨ ᠡᠮᠬᠢ ᠲᠢᠭᠯᠢᠮ ᠢ ᠲᠦᠷᠢᠮᠵᠢᠭᠦᠯᠦᠨ᠎ᠡ᠃ 10 ᠲᠦᠮᠡᠨ ᠮᠤ᠋ ᠲᠦᠮᠦᠰᠦ᠂ ᠨᠤᠭᠤᠭ᠎ᠠ᠂ ᠭᠤᠸ᠋ᠨ ᠶᠢᠨ

ᠤᠨᠴᠠᠯᠢᠭᠳᠦ ᠲᠠᠷᠢᠮᠠᠯ ᠢ ᠪᠠᠳᠤᠳᠬᠠᠵᠦ᠂ ᠤᠨᠴᠠᠯᠢᠭᠳᠦ ᠬᠢᠳᠠᠳ ᠡᠮ ᠤᠨ ᠮᠠᠲ᠋ᠧᠷᠢᠶᠠᠯ ᠤᠨ ᠳᠠᠷᠢᠮᠠᠯ ᠢ ᠢᠳᠡᠪᠬᠢᠳᠡᠢ

ᠨᠡᠬᠡᠬᠡᠨ ᠬᠦᠭᠵᠢᠭᠦᠯᠵᠦ᠂ ᠳᠢᠭᠯᠢᠮ ᠲᠠᠢ ᠪᠠᠷ ︽ᠠᠮᠤ ᠳᠠᠷᠢᠬᠤ ᠶᠢ ᠪᠤᠷᠳᠤᠭ᠎ᠠ ᠳᠠᠷᠢᠬᠤ ᠪᠠᠷ ᠦᠭᠡᠷᠡᠴᠢᠯᠡᠬᠦ︾ ᠶᠢ

ᠠᠬᠢᠭᠤᠯᠤᠨ᠎ᠡ᠃ ᠭᠠᠵᠠᠷ ᠨᠤᠳᠤᠭ ᠢ ᠡᠮᠬᠢ ᠵᠢᠷᠦᠮ ᠲᠠᠢ ᠰᠢᠯᠵᠢᠭᠦᠯᠦᠨ ᠬᠡᠷᠡᠭᠯᠡᠬᠦ ᠶᠢ ᠬᠠᠣᠯᠢ ᠶᠣᠰᠣᠭᠠᠷ

ᠲᠦᠷᠢᠮᠵᠢᠭᠦᠯᠵᠦ᠂ ᠰᠢᠨ᠎ᠡ ᠡᠵᠡᠩᠨᠡᠯᠳᠡ ᠶᠢᠨ ᠭᠤᠤᠯ ᠴᠤᠭᠴᠨ ᠢ ᠪᠣᠶᠢᠵᠢᠭᠤᠯᠵᠦ᠂ ᠭᠠᠵᠠᠷ ᠨᠤᠳᠤᠭ ᠤᠨ

ᠭᠡᠪᠴᠢᠶᠡᠵᠢᠭᠰᠡᠨ ᠡᠵᠡᠩᠨᠡᠯᠳᠡ ᠶᠢᠨ ᠬᠡᠮᠵᠢᠶ᠎ᠠ ᠶᠢ ᠦᠷᠭᠡᠳᠭᠡᠨ᠎ᠡ᠃ ᠤᠰᠦ ᠠᠷᠪᠢᠯᠠᠬᠤ᠂ ᠰᠠᠶᠢᠨ ᠦᠷ᠎ᠡ᠂ ᠨᠠᠶᠢᠷᠠᠯᠭ᠎ᠠ

 ᠲᠠᠢ ᠪᠤᠷᠳᠤᠭᠤᠷ ᠤᠷᠤᠭᠤᠯᠬᠤ ᠵᠡᠷᠭᠡ ᠲᠠᠪᠰᠢᠭᠰᠠᠨ ᠬᠡᠷᠡᠭᠯᠡᠭᠡᠨ ᠤ ᠮᠡᠷᠭᠡᠵᠢᠯ ᠢ ᠠᠰᠢᠭᠯᠠᠬᠤ ᠶᠢ ᠬᠦᠴᠦᠳᠡᠢ

ᠠᠬᠢᠭᠤᠯᠵᠦ᠂ ᠨᠢᠭᠡᠴᠢ ᠬᠤᠷᠢᠶᠠᠯᠳᠠ ᠶᠢᠨ ᠳᠦᠪᠰᠢᠨ ᠪᠣᠯᠣᠨ ᠦᠢᠯᠡᠳᠭᠦᠨ ᠤ ᠴᠢᠨᠠᠷ ᠴᠢᠨᠰᠠᠭ᠎ᠠ ᠶᠢ ᠲᠠᠰᠤᠷᠠᠯᠳᠠ

ᠦᠭᠡᠢ ᠲᠡᠭᠡᠭᠰᠢᠯᠡᠭᠦᠯᠦᠨ᠎ᠡ᠃ ︽ᠬᠤᠨᠢ ᠶᠢ ᠴᠦᠭᠡᠳᠬᠡᠵᠦ᠂ ᠦᠭᠡᠷ ᠢ ᠤᠯᠠᠰᠢᠷᠠᠭᠤᠯᠬᠤ︾ ᠪᠠᠶᠢᠯᠳᠣᠬᠤ ᠪᠤᠳᠤᠯᠭ᠎ᠠ

 ᠶᠢᠨ ᠲᠤᠭᠤᠷᠢᠨ ᠳᠤ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠦᠢᠯᠡᠰ ᠢ ᠬᠦᠭᠵᠢᠭᠦᠯᠬᠦ ᠪᠠᠷ

ᠰᠢᠪᠳᠤᠯᠤᠯᠳᠠ ᠪᠤᠯᠭᠠᠨ᠂ ᠰᠢᠯᠢᠳᠡᠭ ᠡᠭᠦᠯᠳᠡᠷ ᠤᠨ ᠮᠠᠯ ᠤᠨ ᠭᠡᠪᠴᠢᠶ᠎ᠡ ᠶᠢ ᠦᠷᠭᠡᠳᠭᠡᠨ᠂ ᠮᠢᠬᠠᠨ ᠤ ᠦᠭᠡᠷ᠂

ᠮᠢᠬᠠᠨ ᠤ ᠬᠤᠨᠢ ᠵᠡᠷᠭᠡ ᠬᠤᠶᠠᠷ ᠶᠡᠭᠡ ᠭᠤᠣᠯᠯᠠᠭᠴᠢ ᠠᠵᠤ ᠣᠶᠢᠯᠡᠰ ᠤᠨ ᠴᠢᠨᠠᠷ ᠢ ᠲᠡᠭᠡᠭᠰᠢᠯᠡᠭᠦᠯᠬᠦ ᠶᠢ ᠯᠠᠪᠳᠠᠭᠤᠨ

ᠠᠬᠢᠭᠤᠯᠣᠨ᠎ᠠ᠂ ᠴᠡᠪᠡᠷ ᠰᠢᠯᠢᠳᠡᠭ ᠡᠭᠦᠯᠳᠡᠷ ᠤᠨ ᠮᠢᠬᠠᠨ ᠤ ᠦᠭᠡᠷ 1130 ᠲᠤᠯᠤᠭᠠᠢ ᠶᠢ ᠤᠷᠤᠭᠤᠯᠵᠦ᠂ 6

ᠲᠦᠮᠡᠨ ᠲᠤᠯᠤᠭᠠᠢ ᠦᠭᠡᠷ ᠤᠨ ᠡᠭᠦᠯᠳᠡᠷ ᠪᠠ 12 ᠲᠦᠮᠡᠨ ᠲᠤᠯᠤᠭᠠᠢ ᠬᠤᠨᠢᠨ ᠤ ᠡᠭᠦᠯᠳᠡᠷ ᠰᠡᠶᠢᠵᠢᠷᠠᠭᠤᠯᠬᠤ ᠶᠢ

ᠪᠡᠶᠡᠯᠡᠬᠦᠯᠦᠨ᠎ᠠ᠃

ᠬᠤᠶᠠᠷ ᠲᠤ᠂ ᠦᠨᠳᠦᠰᠦᠨ ᠰᠠᠭᠤᠷᠢ ᠪᠠᠨ ᠬᠦᠴᠦᠯᠡᠨ ᠪᠠᠳᠣᠳᠬᠠᠨ᠎ᠠ᠃ ᠦᠵᠡᠰᠭᠦᠯᠡᠩᠳᠦ ᠬᠦᠳᠡᠭᠡ ᠨᠤᠳᠤᠭ ᠢ

ᠪᠦᠳᠦᠭᠡᠨ ᠪᠠᠶᠢᠭᠤᠯᠬᠤ ᠦᠢᠯᠡᠰ ᠤᠨ ᠲᠤᠭᠤᠷᠢᠨ ᠳᠤ ᠬᠦᠳᠡᠭᠡ ᠲᠤᠰᠬᠤᠨ ᠤ ᠰᠠᠭᠤᠷᠢ ᠲᠦᠭᠦᠭᠡᠷᠦᠮᠵᠢ ᠶᠢᠨ

ᠪᠠᠶᠢᠭᠤᠯᠤᠯᠳᠠ ᠶᠢᠨ ᠬᠠᠮᠢᠶᠠᠷᠣᠯᠳᠠ ᠬᠠᠮᠠᠭᠠᠯᠠᠯᠳᠠ ᠶᠢᠨ ᠲᠦᠷᠢᠮ ᠢ ᠬᠦᠴᠦᠯᠡᠨ ᠪᠦᠷᠢᠨᠰᠢᠭᠦᠯᠵᠦ᠂ ᠲᠠᠷᠢᠶᠡᠯᠡᠩ ᠮᠠᠯ

ᠠᠵᠤ ᠠᠬᠤᠢ ᠶᠢᠨ ᠦᠢᠯᠡᠳᠪᠤᠷᠢᠯᠡᠯ ᠤᠨ ᠨᠦᠬᠦᠴᠡᠯ ᠢ ᠰᠡᠶᠢᠵᠢᠷᠠᠭᠤᠯᠵᠦ᠂  8000 ᠮᠤ᠋ ᠤᠰᠤᠯᠡᠯᠳᠠ ᠶᠢᠨ

ᠲᠠᠷᠢᠶ᠎ᠠ᠂ 1.8 ᠲᠦᠮᠡᠨ ᠮᠤ᠋ ᠣᠰᠣ ᠠᠷᠪᠢᠯᠠᠬᠤ ᠣᠰᠣᠯᠠᠯᠳᠠ ᠶᠢᠨ ᠪᠤᠷᠳᠤᠭᠤᠷ ᠤᠨ ᠰᠠᠭᠤᠷᠢᠨ ᠭᠠᠵᠠᠷ᠂ 2000

ᠮᠤ᠋ ᠦᠨᠳᠦᠰᠦᠨ ᠠᠮᠣ ᠬᠦᠨᠡᠰᠦᠨ ᠤ ᠲᠠᠷᠢᠶᠠᠨ ᠭᠠᠵᠠᠷ ᠢ ᠦᠭᠡᠷᠡᠴᠢᠯᠡᠨ᠎ᠠ᠃ ᠤᠯᠤᠰ ᠤᠨ ᠲᠠᠷᠢᠶᠡᠯᠡᠩ ᠤᠨ ᠮᠠᠰᠢᠨ

ᠬᠤᠳᠠᠯᠳᠦᠨ ᠠᠪᠬᠤ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠨᠡᠶᠢᠳᠡᠪᠣᠷᠢᠵᠢᠭᠤᠯᠵᠦ᠂ ᠮᠠᠰᠢᠨᠴᠢᠯᠠᠭᠰᠠᠨ ᠨᠤᠷᠮ᠎ᠡ

 ᠶᠢ 95% ᠳᠤ ᠬᠦᠷᠭᠡᠨ᠎ᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠮᠠᠯᠵᠢᠬᠤ ᠬᠡᠪᠴᠢᠶᠡᠵᠢᠯ ᠢ ᠬᠦᠴᠦᠯᠡᠨ

ᠬᠦᠭᠵᠢᠬᠦᠯᠵᠦ᠂ 2000 ᠲᠤᠯᠤᠭᠠᠢ ᠠᠴᠠ ᠲᠡᠭᠡᠭᠰᠢ ᠬᠡᠪᠴᠢᠶ᠎ᠠ ᠪᠦᠬᠦᠢ ᠰᠢᠯᠢᠳᠡᠭ ᠮᠢᠬᠠᠨ ᠤ ᠦᠭᠡᠷ

ᠦᠷᠡᠵᠢᠭᠦᠯᠦᠨ ᠪᠦᠢᠵᠢᠭᠤᠯᠬᠤ ᠰᠠᠭᠤᠷᠢᠨ ᠭᠠᠵᠠᠷ 1 ᠶᠢ ᠪᠠᠶᠢᠭᠤᠯᠵᠦ᠂ 300 ᠲᠤᠯᠤᠭᠠᠢ ᠠᠴᠠ ᠲᠡᠭᠡᠭᠰᠢ ᠮᠢᠬᠠᠨ

 ᠤ ᠦᠭᠡᠷ ᠤᠨ 3 ᠬᠡᠪᠴᠢᠶᠡᠵᠢᠭᠰᠡᠨ ᠲᠤᠰᠬᠠᠢ ᠬᠤᠷᠰᠢᠶᠠᠵᠢᠯ᠂ 50 ᠲᠤᠯᠤᠭᠠᠢ ᠠᠴᠠ ᠲᠡᠭᠡᠭᠰᠢ ᠬᠡᠪᠴᠢᠶ᠎ᠠ ᠪᠦᠬᠦᠢ

ᠤᠳᠤᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ 100 ᠡᠷᠤᠭᠡ ᠶᠢ ᠳᠡᠳᠬᠦᠨ ᠬᠦᠭᠵᠢᠭᠦᠯᠣᠨ᠎ᠠ᠃

ᠠᠮᠢᠳᠡᠨ ᠤ ᠬᠢᠵᠢᠭ ᠢ ᠰᠡᠷᠬᠡᠶᠢᠯᠡᠬᠦ ᠠᠵᠢᠯ ᠢᠶᠠᠨ ᠴᠢᠩᠭᠠᠳᠬᠠᠵᠦ᠂ ᠴᠠᠭ ᠠᠭᠤᠷ ᠤᠨ ᠤᠳᠤᠬᠢᠴᠢᠯᠠᠭᠰᠠᠨ

ᠦᠢᠯᠡᠴᠢᠯᠡᠯᠭᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ᠂ ᠲᠠᠷᠢᠶᠡᠯᠡᠩ ᠮᠠᠯ ᠠᠵᠤ ᠠᠬᠤᠢ ᠶᠢᠨ

ᠭᠠᠮᠰᠢᠭ ᠠᠴᠠ ᠰᠡᠷᠬᠡᠶᠢᠯᠡᠬᠦ ᠴᠢᠳᠠᠪᠦᠷᠢ ᠶᠢ ᠨᠡᠮᠡᠭᠳᠡᠭᠦᠯᠦᠨ᠎ᠡ᠃ ᠪᠦᠬᠦ ᠣᠯᠣᠰ ᠤᠨ ᠭᠤᠷᠪᠠᠳᠣᠭᠠᠷ ᠣᠳᠠᠭᠠᠨ ᠤ

ᠲᠠᠷᠢᠶᠠᠯᠠᠩ ᠤᠨ ᠠᠵᠦ ᠣᠶᠢᠯᠡᠰ ᠤᠨ ᠨᠡᠶᠢᠳᠡᠮ ᠪᠠᠶᠢᠴᠠᠭᠠᠯᠳᠠ ᠶᠢ ᠯᠠᠪᠳᠠᠭᠤᠨ ᠪᠠᠳᠣᠳᠠᠢ ᠰᠠᠶᠢᠳᠣᠷ ᠬᠢᠨ᠎ᠠ᠃

ᠭᠤᠷᠪᠠ ᠳᠤ᠂ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠣᠨ᠎ᠠ᠃ ᠲᠤᠤᠷ ᠰᠦᠯᠵᠢᠶᠡᠨ ᠤ

ᠬᠤᠳᠠᠯᠳᠤᠭ᠎ᠠ᠂ ᠵᠠᠬᠢᠶᠠᠯᠠᠭ᠎ᠠ ᠶᠢᠨ ᠰᠢᠭᠤᠳ ᠪᠤᠷᠤᠯᠠᠭᠤᠯᠭ᠎ᠠ᠂ ᠬᠦᠯᠳᠡᠬᠦᠣ ᠬᠠᠲᠠᠭᠠᠯᠠᠬᠤ ᠪᠠᠷᠠᠭᠠᠨ ᠤ ᠬᠦᠢᠯᠭᠡᠭᠡ

ᠵᠡᠷᠭᠡ ᠰᠢᠨ᠎ᠡ ᠦᠢᠯᠡᠰ ᠤᠳ ᠢ ᠬᠦᠭᠵᠢᠭᠦᠯᠵᠦ᠂ ᠰᠦᠯᠵᠢᠶᠠᠨ ᠠᠷᠠᠯᠵᠢᠶ᠎ᠠ ᠪᠠ ᠪᠣᠳᠠᠳᠥ ᠠᠷᠠᠯᠵᠢᠶ᠎ᠠ ᠬᠠᠷᠢᠯᠴᠠᠨ

ᠤᠶᠠᠯᠳᠤᠭᠰᠠᠨ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠬᠦᠢᠯᠭᠡᠭᠡᠨ ᠤ

ᠰᠢᠰᠲ᠋ᠧᠮ ᠢ ᠪᠠᠶᠢᠭᠤᠯᠤᠨ᠎ᠡ᠃ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠬᠤ ᠪᠠ

ᠲᠡᠮᠵᠢᠬᠦ ᠬᠦᠴᠦᠯᠡᠴᠨ ᠪᠠᠨ ᠶᠡᠬᠡᠰᠬᠡᠵᠦ᠂ ᠲᠤᠯᠤᠭᠠᠶᠢᠯᠠᠭᠴᠢ ᠠᠵᠤ ᠠᠬᠤᠶᠢᠯᠡᠯ ᠬᠢᠭᠡᠳ ᠬᠤᠷᠰᠢᠶᠠᠵᠢᠯ᠂ ᠮᠠᠯᠴᠢᠨ

ᠡᠷᠦᠬᠡ ᠶᠢᠨ ᠠᠰᠢᠭ ᠣᠷᠣᠯᠭ᠎ᠠ ᠬᠤᠯᠪᠤᠭᠳᠠᠭᠰᠠᠨ ᠳᠣᠭᠳᠠᠴᠠ ᠶᠢ ᠪᠦᠷᠢᠨᠰᠢᠭᠦᠯᠵᠦ᠂ ᠠᠵᠤ ᠠᠬᠤᠶᠢᠯᠡᠯ ᠪᠤᠯᠤᠨ

ᠬᠤᠷᠰᠢᠶᠡᠵᠢᠯ ᠠᠴᠠ ᠬᠦᠴᠢᠷᠳᠡᠯᠳᠠᠢ ᠡᠷᠤᠭᠡ ᠶᠢ ᠲᠡᠮᠵᠢᠨ ᠲᠤᠰᠠᠯᠠᠬᠤ ᠶᠢ ᠱᠠᠩᠨᠠᠨ ᠬᠦᠬᠢᠭᠦᠯᠬᠦ  ᠳᠣᠭᠳᠠᠴᠠ ᠶᠢ

ᠪᠠᠶᠢᠭᠤᠯᠤᠨ᠎ᠡ᠃  ᠬᠦᠳᠡᠭᠡ ᠲᠤᠰᠬᠤᠨ ᠤ ᠭᠠᠵᠠᠷ ᠨᠤᠳᠤᠭ ᠢ ᠲᠠᠭᠠᠭᠠᠴᠢᠯᠠᠨ ᠡᠵᠡᠩᠨᠡᠬᠦ ᠡᠷᠭᠡ᠂ ᠭᠡᠷ ᠪᠠᠶᠢᠰᠢᠩ

ᠪᠠᠷᠢᠬᠤ ᠭᠠᠵᠠᠷ ᠬᠡᠷᠡᠭᠯᠡᠬᠦ ᠡᠷᠭᠡ᠂ ᠤᠢ ᠰᠢᠭᠤᠢ ᠶᠢᠨ ᠡᠷᠭᠡ᠂ ᠨᠤᠳᠤᠭ ᠪᠡᠯᠴᠢᠭᠡᠷ ᠢ ᠬᠡᠷᠡᠭᠯᠡᠬᠦ ᠡᠷᠭᠡ ᠵᠡᠷᠭᠡ ︽

ᠲᠦᠷᠪᠡᠨ ᠡᠷᠭᠡ︾ ᠪᠠᠷ ᠪᠠᠷᠢᠴᠠᠭᠠᠯᠠᠭᠰᠠᠨ ᠵᠢᠭᠡᠯᠡᠯᠭᠡ ᠶᠢ ᠰᠤᠳᠦᠯᠦᠨ ᠲᠦᠭᠡᠮᠡᠯᠵᠢᠭᠦᠯᠵᠦ᠂ ᠮᠠᠯᠵᠢᠬᠤ ᠲᠠᠷᠢᠶᠠᠯᠠᠬᠤ

ᠤᠷᠤᠨ ᠤ ᠮᠦᠩᠭᠦᠨ ᠭᠦᠢᠯᠭᠡᠭᠡᠨ ᠤ ᠪᠠᠳᠤᠯᠠᠭᠠᠨ ᠤ ᠰᠢᠰᠲ᠋ᠧᠮ ᠢ ᠲᠦᠷᠭᠡᠨ ᠪᠦᠷᠢᠨᠰᠢᠭᠦᠯᠦᠨ᠎ᠡ᠃ ᠬᠤᠨᠢᠨ ᠤ ᠮᠢᠬᠠᠨ

 ᠤ ᠦᠢᠯᠡᠳᠪᠦᠷᠢᠯᠡᠯ ᠤᠨ ᠬᠡᠯᠬᠢᠶᠡᠵᠢᠭᠰᠡᠨ ᠮᠦᠷᠳᠡᠨ ᠨᠡᠭᠡᠮᠵᠢᠯᠡᠬᠦ ᠰᠢᠰᠲ᠋ᠧᠮ ᠢ ᠲᠦᠷᠭᠡᠨ ᠪᠠᠶᠢᠭᠤᠯᠵᠦ᠂ ᠴᠠᠬᠠᠷ

ᠬᠤᠨᠢᠨ ᠮᠢᠬᠠᠨ ᠦᠢᠯᠡᠳᠭᠦᠨ ᠤ ᠳᠠᠸᠠᠷ ᠳᠡᠮᠳᠡᠭ ᠤᠨ ᠨᠡᠷ᠎ᠡ ᠠᠯᠳᠠᠷ ᠢ ᠣᠯᠠᠮ ᠲᠡᠭᠡᠭᠰᠢᠯᠡᠭᠦᠯᠦᠨ᠎ᠡ᠃

︵ᠭᠤᠷᠪᠠ  ︶ ᠠᠵᠤ ᠦᠢᠯᠡᠰ ᠤᠨ ᠪᠠᠭᠳᠠᠭᠠᠮᠵᠢ ᠶᠢ ᠦᠷᠭᠡᠳᠬᠡᠨ ᠴᠢᠨᠠᠷ ᠢ ᠳᠡᠭᠡᠭᠰᠢᠯᠡᠬᠦᠯᠬᠦ ᠪᠠᠷ ᠭᠤᠤᠯᠲᠠᠭᠤᠯᠵᠦ᠂

ᠠᠵᠤ ᠦᠢᠯᠡᠳᠪᠤᠷᠢ ᠶᠢᠨ ᠠᠵᠦ ᠠᠬᠤᠢ ᠶᠢᠨ ᠬᠦᠭᠵᠢᠯᠳᠠ ᠶᠢᠨ ᠠᠯᠬᠤᠴᠠ ᠶᠢ ᠳᠦᠷᠭᠡᠳᠬᠡᠨ᠎ᠠ

ᠨᠢᠭᠡ ᠳᠤ ᠶᠡᠷᠦᠩᠬᠡᠢ ᠬᠡᠮᠵᠢᠶ᠎ᠠ ᠶᠢ ᠬᠦᠴᠦᠯᠡᠨ ᠦᠷᠭᠡᠳᠬᠡᠨ᠎ᠠ᠃ ᠰᠢᠯᠢ ᠶᠢᠨ ᠭᠤᠤᠯ ᠠᠶᠢᠮᠠᠭ ᠨᠢ ᠤᠯᠤᠰ ᠤᠨ ᠲᠡᠰ

 ᠤᠨ ᠴᠢᠬᠤᠯᠨ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ᠂ ᠤᠨᠴᠨ ᠦᠨᠳᠦᠷ

ᠬᠦᠴᠦᠳᠡᠯᠳᠦ ᠴᠠᠬᠢᠯᠭᠠᠨ ᠢ ᠭᠠᠳᠠᠭᠰᠢ ᠬᠦᠷᠭᠡᠬᠦ ᠵᠠᠮ ᠱᠣᠭᠤᠮ ᠪᠠ ᠳᠠᠭᠠᠯᠳᠣᠭᠰᠠᠨ ᠴᠡᠬᠢᠯᠭᠠᠨ ᠭᠠᠷᠭᠠᠬᠤ ᠴᠢᠭ ᠤᠨ

ᠪᠠᠶᠢᠭᠤᠯᠣᠯᠳᠠ ᠭᠢᠵᠦ ᠪᠠᠶᠢᠭ᠎ᠠ ᠲᠤᠬᠢᠶᠡᠯ ᠢ ᠵᠠᠪᠲᠤᠨ ᠠᠳᠬᠤᠵᠦ᠂ ᠰᠢᠨ᠎ᠡ ᠬᠡᠯᠪᠡᠷᠢ ᠶᠢᠨ ᠡᠨᠧᠷᠬᠢ᠂ ᠠᠭᠤᠷᠬᠠᠢ

ᠡᠷᠦᠳᠡᠰᠦ ᠶᠢ ᠮᠠᠯᠳᠠᠵᠦ ᠪᠤᠯᠪᠠᠰᠤᠷᠠᠭᠤᠯᠬᠤ᠂ ᠲᠤᠨᠤᠭ ᠲᠦᠭᠦᠭᠡᠷᠦᠮᠵᠢ ᠣᠶᠢᠯᠡᠳᠪᠦᠷᠢᠯᠡᠬᠦ᠂ ᠲᠠᠷᠢᠶᠠᠯᠠᠩ ᠮᠠᠯ ᠠᠵᠤ

ᠠᠬᠤᠢ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ

ᠦᠢᠯᠡᠰ ᠢ ᠪᠣᠵᠠᠭᠠᠶᠢᠷᠠᠭᠤᠯᠤᠨ ᠬᠦᠭᠵᠢᠭᠦᠯᠬᠦ ᠶᠢᠨ ᠲᠤᠭᠤᠷᠢᠨ ᠳᠤ ᠠᠵᠦ ᠣᠶᠢᠯᠡᠰ ᠲᠦᠪᠯᠡᠷᠡᠨ ᠠᠵᠦ ᠣᠶᠢᠯᠡᠰ ᠤᠨ

ᠬᠡᠯᠬᠢᠶ᠎ᠠ ᠦᠷᠭᠡᠳᠬᠦ ᠶᠢ ᠠᠬᠢᠭᠤᠯᠵᠦ᠂ ᠣᠰᠣᠨ ᠳᠤ ᠠᠷᠪᠢᠳᠠᠢ᠂ ᠪᠣᠬᠢᠷᠳᠠᠯ ᠤᠨ ᠭᠠᠳᠠᠭᠰᠢᠯᠠᠭᠤᠯᠳᠠ ᠪᠠᠭ᠎ᠠ᠂

ᠠᠴᠢᠶᠠᠯᠠᠬᠤ ᠴᠢᠳᠠᠪᠦᠷᠢ ᠦᠨᠳᠦᠷ᠂ ᠦᠨᠳᠦᠷ ᠴᠢᠨᠠᠷ ᠴᠢᠨᠰᠠᠭ᠎ᠠ ᠲᠠᠢ ᠣᠳᠣᠬᠢᠴᠢᠯᠠᠭᠰᠠᠨ ᠠᠵᠦ ᠣᠶᠢᠯᠡᠳᠪᠦᠷᠢ ᠶᠢᠨ

ᠰᠢᠰᠲ᠋ᠧᠮ ᠢ ᠪᠠᠶᠢᠭᠤᠯᠣᠨ᠎ᠠ᠃ ᠶᠢᠨ ᠹᠸᠡᠭ ᠰᠢᠨᠵᠢᠯᠡᠬᠦ ᠮᠡᠷᠭᠡᠵᠢᠯ ᠤᠨ ᠰᠡᠯᠬᠢᠨ ᠴᠠᠬᠢᠯᠭᠠᠨ ᠮᠠᠰᠢᠨ᠂ ᠵᠢᠶᠠᠨ ᠠᠨ

ᠴᠸᠡᠭ ᠰᠡᠯᠬᠢᠨ ᠮᠠᠰᠢᠨ ᠤ ᠰᠠᠭᠤᠷᠢ ᠪᠠ ᠡᠰᠢ ᠣᠶᠢᠯᠡᠳᠪᠦᠷᠢᠯᠡᠬᠦ᠂ ᠲᠧ ᠪᠢᠶᠠᠨ ᠳ᠋ᠢᠶᠠᠨ ᠬᠦᠡᠭ ᠦᠢᠯᠡᠳᠪᠤᠷᠢᠯᠡᠯ ᠤᠨ

ᠲᠤᠭᠤᠷᠢᠭ ᠤᠨ ᠨᠢᠭᠡᠳᠦᠭᠡᠷ ᠬᠤᠭᠤᠴᠠᠭ᠎ᠠ᠂ ᠸᠡᠩ ᠺᠠᠨᠭ᠌ ᠴᠢᠯᠠᠭᠤᠯᠢᠭ ᠮᠢᠨᠳᠡᠰᠦ ᠦᠢᠯᠡᠳᠪᠤᠷᠢᠯᠡᠨ ᠪᠤᠯᠪᠠᠰᠤᠷᠠᠭᠤᠯᠬᠤ

᠂ ᠲᠠᠢ ᠠᠨ ᠲᠤᠭᠤᠰᠬᠠᠨ ᠦᠢᠯᠡᠳᠪᠤᠷᠢ ᠶᠢᠨ ᠰᠡᠶᠢᠮᠡᠭᠡᠢ ᠲᠤᠭᠤᠰᠬ᠎ᠠ ᠶᠢᠨ ᠮᠡᠷᠭᠡᠵᠢᠯ ᠤᠨ ᠦᠭᠡᠷᠡᠴᠢᠯᠡᠯᠳᠠ ᠶᠢᠨ

ᠲᠦᠷᠦᠯ ᠵᠦᠢᠯ ᠨᠢ ᠣᠶᠢᠯᠡᠳᠪᠦᠷᠢᠯᠡᠯ ᠡᠬᠢᠯᠡᠨ ᠠᠰᠢᠭ ᠣᠯᠬᠤ ᠶᠢ ᠪᠠᠳᠣᠯᠠᠵᠦ᠂ ᠴᠢᠶᠠᠨ ᠶᠢᠨ ᠳ᠋ᠠ ᠦᠩᠭᠡᠳᠦ

ᠲᠡᠮᠦᠷᠯᠢᠭ ᠤᠨ ᠠᠭᠤᠷᠬᠠᠢ ᠶᠢᠨ ᠲᠦᠷᠦᠯ ᠵᠦᠢᠯ ᠨᠢ ᠬᠠᠶᠢᠨ ᠰᠢᠨᠵᠢᠯᠡᠬᠦ ᠠᠴᠠ ᠮᠠᠯᠳᠠᠬᠤ ᠠᠵᠢᠯ ᠳᠤ ᠰᠢᠯᠵᠢᠬᠦ ᠶᠢ

ᠪᠡᠶᠡᠯᠡᠬᠦᠯᠦᠨ᠎ᠠ᠃ ᠭᠡᠳᠦ ᠦᠨᠳᠦᠷ ᠬᠦᠴᠦᠳᠡᠯᠳᠦ ᠴᠡᠬᠢᠯᠭᠠᠨ ᠢ ᠭᠠᠳᠠᠭᠰᠢ ᠬᠦᠷᠭᠡᠬᠦ ᠰᠢᠨ᠎ᠠ ᠡᠨᠧᠷᠬᠢ ᠶᠢᠨ ᠲᠦᠷᠦᠯ

ᠵᠦᠢᠯ ᠵᠢᠴᠢ 500 ᠺᠢᠯᠤᠸᠠᠲ ᠶᠢᠨ ᠬᠤᠷᠢᠶᠠᠨ ᠲᠦᠪᠯᠡᠷᠡᠭᠦᠯᠬᠦ ᠦᠷᠳᠡᠭᠡ ᠪᠠᠶᠢᠭᠤᠯᠬᠤ ᠲᠦᠷᠦᠯ ᠵᠦᠢᠯ᠂ ᠡᠷᠢᠶᠠᠨ

ᠬᠤᠳᠡ ᠶᠢᠨ ᠪᠢᠴᠢᠯ ᠴᠡᠬᠢᠯᠭᠠᠨ ᠲᠤᠤᠷ ᠤᠨ ᠰᠢᠯᠦᠭᠤᠨ ᠬᠦᠪᠡᠭᠡᠳᠦ ᠴᠠᠭᠠᠨ ᠬᠤᠰᠢᠭᠤᠨ ᠳᠠᠬᠢ ᠲᠦᠷᠦᠯ ᠵᠦᠢᠯ᠂

ᠲᠧ ᠪᠢᠶᠠᠨ ᠳ᠋ᠢᠶᠠᠨ ᠭᠦᠩ ᠦᠢᠯᠡᠳᠪᠤᠷᠢᠯᠡᠯ ᠤᠨ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ

 ᠤᠨ ᠠᠵᠢᠯ ᠡᠬᠢᠯᠡᠬᠦ ᠶᠢ ᠬᠦᠴᠦᠯᠡᠨ ᠠᠬᠢᠭᠤᠯᠣᠨ᠎ᠠ᠂ ᠢ ᠬᠤᠣ ᠠᠭᠤᠷᠬᠠᠢ ᠶᠢᠨ ᠣᠶᠢᠯᠡᠰ ᠵᠡᠷᠭᠡ ᠠᠵᠤ ᠠᠬᠤᠶᠢᠯᠡᠯ

ᠵᠢᠴᠢ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠯᠡᠬᠦ ᠲᠦᠷᠦᠯ ᠵᠦᠢᠯ ᠢ ᠪᠦᠬᠦ ᠲᠠᠯ᠎ᠡ ᠪᠠᠷ ᠠᠵᠢᠯ ᠡᠬᠢᠯᠠᠬᠦᠯᠦᠨ᠎ᠠ

᠃ ᠵᠢᠯ ᠳᠤ 30 ᠲᠦᠮᠡᠨ ᠴᠡᠬᠢᠯᠭᠠᠵᠢᠭᠰᠠᠨ ᠬᠦᠨᠳᠡᠢ ᠪᠠᠭᠠᠨ᠎ᠠ ᠦᠢᠯᠡᠳᠪᠤᠷᠢᠯᠡᠬᠦ ᠲᠦᠷᠦᠯ ᠵᠦᠢᠯ ᠤᠨ ᠡᠬᠢᠨ ᠤ

ᠬᠤᠭᠤᠴᠠᠭᠠᠨ ᠤ ᠠᠵᠢᠯ ᠢ ᠳᠦᠷᠭᠡᠳᠬᠡᠵᠦ᠂ ᠭᠡᠷᠡᠯ ᠴᠠᠬᠢᠯᠭᠠᠨ ᠭᠠᠷᠭᠠᠯᠳᠠ ᠶᠢ ᠳᠣᠣᠷᠴᠢᠯᠠᠨ ᠵᠠᠯᠭᠠᠬᠤ᠂ ᠰᠡᠯᠬᠢᠨ

ᠴᠡᠬᠢᠯᠭᠠᠨ ᠢᠶᠠᠷ ᠴᠡᠪᠡᠷ ᠢᠯᠴᠢ ᠬᠠᠩᠭᠠᠬᠤ᠂ ᠴᠡᠬᠢᠯᠭᠠᠨ ᠢᠶᠠᠷ ᠢᠯᠴᠢ ᠬᠠᠩᠭᠠᠬᠤ ᠵᠡᠷᠭᠡ ᠲᠠᠯ᠎ᠠ ᠳᠤ ᠵᠤᠬᠢᠬᠤ

ᠰᠢᠪᠳᠤᠯᠤᠯᠳᠠ ᠶᠢ ᠣᠯᠬᠤ ᠪᠠᠷ ᠴᠢᠷᠮᠠᠶᠢᠨ᠎ᠡ᠃  

ᠬᠤᠶᠠᠷ ᠲᠤ ᠣᠶᠢᠯᠡᠳᠪᠦᠷᠢᠯᠡᠯ ᠢ ᠬᠦᠴᠦᠯᠡᠨ ᠳᠣᠭᠳᠠᠪᠦᠷᠢᠵᠢᠭᠤᠯᠣᠨ᠎ᠠ᠃ ᠠᠵᠤ ᠠᠬᠤᠢ ᠶᠢᠨ ᠡᠷᠬᠢᠯᠳᠡ ᠶᠢᠨ

ᠳᠣᠬᠢᠷᠠᠭᠤᠯᠭ᠎ᠠ ᠶᠢ ᠴᠢᠩᠭᠠᠳᠬᠠᠨ᠂ ︽ᠨᠢᠭᠡ ᠠᠵᠤ ᠠᠬᠤᠶᠢᠯᠡᠯ ᠳᠤ ᠨᠢᠭᠡ ᠠᠷᠭ᠎ᠠ ᠪᠤᠳᠤᠯᠭ᠎ᠠ ᠳᠣᠭᠳᠠᠬᠤ︾ ᠶᠢ

ᠪᠦᠬᠦ ᠲᠠᠯ᠎ᠠ ᠪᠠᠷ ᠨᠡᠶᠢᠳᠠᠪᠦᠷᠢᠵᠢᠭᠤᠯᠵᠦ᠂ ᠠᠵᠤ ᠠᠬᠤᠶᠢᠯᠡᠯ ᠤᠨ ᠭᠠᠷ ᠬᠦᠢᠴᠡᠳᠭᠡᠯ᠂ ᠪᠡᠯᠡ ᠨᠡᠶᠢᠯᠡᠭᠦᠯᠬᠦ᠂

ᠠᠵᠢᠯᠴᠢᠨ ᠡᠯᠰᠡᠬᠦ᠂ ᠵᠠᠬᠢᠶᠠᠯᠠᠭ᠎ᠠ ᠲᠤᠭᠳᠠᠬᠤ ᠵᠡᠷᠭᠡ ᠶᠠᠪᠤᠴᠨ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠡᠯ

 ᠤᠳ ᠢ ᠬᠦᠨᠵᠡᠭᠡᠢ ᠰᠤᠳᠦᠯᠦᠨ ᠬᠠᠮᠵᠢᠨ ᠰᠶᠢᠳᠪᠤᠷᠢᠯᠡᠵᠦ᠂ ᠪᠤᠷᠤᠯᠠᠭᠤᠯᠭ᠎ᠠ ᠶᠢᠨ ᠬᠡᠮᠵᠢᠶ᠎ᠠ ᠨᠢ ᠲᠠᠪᠠᠯᠳᠠ ᠲᠠᠢ ᠠᠵᠤ

ᠠᠬᠤᠶᠢᠯᠡᠯ ᠢ ᠬᠦᠭᠢᠬᠦᠯᠬᠦ ᠲᠦᠷᠦ ᠶᠢᠨ ᠪᠣᠳᠤᠯᠭ᠎ᠠ ᠶᠢ ᠰᠡᠶᠢᠳᠦᠷ ᠬᠡᠷᠡᠭᠵᠢᠭᠦᠯᠵᠦ᠂ ᠬᠢᠵᠠᠭᠠᠷᠯᠡᠯ ᠠᠴᠠ ᠲᠡᠭᠡᠭᠰᠢᠬᠢ

ᠠᠵᠤ ᠠᠬᠤᠶᠢᠯᠡᠯ ᠢ ᠪᠣᠶᠢᠵᠢᠭᠤᠯᠬᠤ ᠶᠢ ᠴᠢᠩᠭᠠᠳᠬᠠᠵᠦ᠂ ᠲᠧ ᠪᠢᠶᠠᠨ ᠳ᠋ᠢᠶᠠᠨ ᠬᠦᠡᠭ᠂ ᠶᠢᠨ ᠹᠸᠡᠭ ᠰᠢᠨᠵᠢᠯᠡᠬᠦ

ᠮᠡᠷᠭᠡᠵᠢᠯ᠂ ᠱᠸᠡᠭ ᠶᠤᠸᠠᠨ ᠰᠡᠯᠬᠢᠨ ᠬᠦᠴᠦᠨ ᠵᠡᠷᠭᠡ ᠪᠤᠷᠤᠯᠠᠭᠤᠯᠭ᠎ᠠ ᠶᠢᠨ ᠬᠢᠵᠠᠭᠠᠷᠯᠡᠯ ᠠᠴᠠ ᠲᠠᠪᠠᠯᠳᠠ ᠲᠠᠢ

ᠪᠣᠯᠬᠤ ᠨᠦᠬᠦᠴᠡᠯ ᠪᠦᠷᠢᠳᠦᠭᠰᠡᠨ ᠠᠵᠤ ᠠᠬᠤᠶᠢᠯᠡᠯ ᠢ ᠭᠡᠪᠴᠢᠶᠡᠨ ᠠᠴᠠ ᠲᠡᠭᠡᠭᠰᠢᠬᠢ ᠠᠵᠦ ᠣᠶᠢᠯᠡᠳᠪᠦᠷᠢ ᠶᠢᠨ

ᠠᠵᠤ ᠠᠬᠤᠶᠢᠯᠡᠯ ᠪᠤᠯᠭᠠᠨ᠎ᠠ᠃ ᠠᠵᠢᠯᠯᠠᠵᠦ ᠪᠠᠶᠢᠭ᠎ᠠ ᠠᠵᠤ ᠠᠬᠤᠶᠢᠯᠡᠯ ᠤᠨ ᠲᠤᠭᠳᠠᠩᠭᠤᠢ ᠣᠶᠢᠯᠡᠳᠪᠦᠷᠢᠯᠡᠯ ᠢ

ᠳᠡᠮᠵᠢᠨ ᠳᠣᠰᠠᠯᠠᠵᠦ᠂ ᠦᠢᠯᠡᠳᠭᠦᠨ ᠤ ᠦᠷᠳᠡᠭ ᠢ ᠠᠳᠬᠤᠵᠦ᠂ ᠦᠷ᠎ᠡ ᠠᠰᠢᠭ ᠢ ᠠᠬᠢᠭᠤᠯᠣᠨ᠎ᠡ᠃

ᠦᠢᠯᠡᠳᠪᠤᠷᠢᠯᠡᠯ ᠵᠤᠭᠰᠤᠭᠰᠠᠨ ᠪᠣᠯᠣᠨ ᠬᠠᠭᠠᠰ ᠵᠤᠭᠰᠤᠭᠰᠠᠨ ᠠᠵᠤ ᠠᠬᠤᠶᠢᠯᠡᠯ ᠤᠨ ᠮᠡᠷᠭᠡᠵᠢᠯ ᠤᠨ

ᠦᠭᠡᠷᠡᠴᠢᠯᠡᠯᠳᠡ ᠪᠠᠨ ᠬᠤᠷᠳᠣᠬᠠᠨ ᠪᠡᠶᠡᠯᠡᠭᠦᠯᠬᠦ ᠶᠢ ᠪᠦᠬᠦ ᠬᠦᠴᠦ ᠪᠠᠷ ᠲᠡᠮᠵᠢᠵᠦ᠂ ᠡᠷᠳᠡᠭᠡᠨ ᠦᠢᠯᠡᠳᠪᠤᠷᠢᠯᠡᠯ

ᠡᠬᠢᠯᠡᠬᠦ ᠶᠢ ᠪᠠᠳᠤᠯᠠᠨ᠎ᠡ᠃ ︽ᠲᠠᠭᠠᠭᠠᠴᠢᠯᠠᠯᠳᠡ ᠶᠢᠨ ᠵᠢᠭᠡᠯᠡᠯᠭᠡ︾ ᠪᠠᠷ ᠠᠵᠤ ᠠᠬᠤᠶᠢᠯᠡᠯ ᠢ ᠳᠡᠳᠬᠦᠨ ᠳᠡᠮᠵᠢᠬᠦ

ᠦᠢᠯᠡᠳᠦᠯ ᠢ ᠬᠦᠢᠴᠡᠳ ᠪᠠᠳᠠᠷᠠᠭᠤᠯᠵᠦ᠂ ᠲᠤᠬᠢᠷᠠᠮᠵᠢᠳᠡᠢ ᠴᠠᠭ ᠰᠤᠩᠭᠤᠵᠦ᠂ ᠪᠠᠩᠬᠢ ᠪᠠ ᠠᠵᠤ ᠠᠬᠤᠶᠢᠯᠡᠯ ᠤᠨ

ᠬᠠᠷᠢᠯᠴᠠᠬᠤ ᠬᠤᠷᠠᠯ ᠬᠤᠷᠠᠯᠳᠣᠭᠤᠯᠵᠦ᠂ ᠪᠠᠩᠬᠢ ᠪᠠ ᠠᠵᠤ ᠠᠬᠤᠶᠢᠯᠡᠯ ᠤᠨ ᠬᠠᠷᠢᠯᠴᠡᠭᠠᠨ ᠤ ᠲᠡᠪᠴᠡᠩ ᠢ

ᠪᠠᠶᠢᠭᠤᠯᠵᠦ᠂ ᠠᠵᠤ ᠠᠬᠤᠶᠢᠯᠡᠯ ᠳᠤ ᠤᠬᠢ ᠰᠡᠶᠢᠨ ᠪᠡᠯᠡ ᠮᠦᠩᠬᠦ ᠨᠡᠶᠢᠯᠡᠭᠦᠯᠬᠦ ᠦᠢᠯᠡᠴᠢᠯᠡᠯᠭᠡ ᠶᠢ ᠬᠠᠩᠭᠠᠨ᠎ᠠ᠃

ᠲᠤᠮᠳᠠ ᠪᠠᠭ᠎ᠠ ᠪᠢᠴᠢᠯ ᠠᠵᠤ ᠠᠬᠤᠶᠢᠯᠡᠯ ᠤᠨ ᠬᠦᠭᠵᠢᠯᠳᠡ ᠶᠢ ᠠᠬᠢᠭᠤᠯᠬᠤ ᠡᠯ᠎ᠡ ᠲᠦᠷᠦᠯ ᠤᠨ ᠲᠦᠷᠦ ᠶᠢᠨ

ᠪᠤᠳᠤᠯᠭ᠎ᠠ ᠪᠣᠯᠣᠨ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠤᠨ᠎ᠡ᠃ ᠠᠵᠤ ᠦᠢᠯᠡᠳᠪᠤᠷᠢ ᠶᠢᠨ

ᠨᠡᠮᠡᠭᠳᠡᠯ ᠦᠷᠳᠡᠭ ᠢ 15.1 ᠳ᠋ᠦᠡᠭᠰᠢᠭᠤᠷ ᠲᠦᠭᠦᠷᠢᠭ ᠬᠦᠷᠭᠡᠵᠦ᠂ 9.1% ᠪᠠᠷ ᠨᠡᠮᠡᠭᠳᠡᠬᠦ ᠶᠢ ᠪᠠᠳᠣᠯᠠᠨ

ᠪᠡᠶᠡᠯᠡᠬᠦᠯᠦᠨ᠎ᠠ᠃

︵ᠲᠦᠷᠪᠡ︶  ᠰᠢᠰᠲ᠋ᠧᠮ ᠢ ᠪᠦᠷᠢᠨᠰᠢᠭᠦᠯᠬᠦ ᠪᠠᠷ ᠴᠢᠭᠯᠡᠯ ᠪᠤᠯᠭᠠᠨ᠂ ᠭᠤᠷᠪᠠᠳᠤᠭᠠᠷ ᠠᠵᠤ ᠦᠢᠯᠡᠰ ᠤᠨ ᠲᠡᠰ

ᠲᠡᠪᠰᠢᠬᠦ ᠶᠢ ᠲᠦᠯᠬᠢᠨ ᠠᠬᠢᠭᠤᠯᠤᠨ᠎ᠡ

ᠨᠢᠭᠡᠳᠦᠭᠡᠷ ᠲᠤ ᠰᠤᠶᠤᠯ ᠵᠤᠭᠠᠴᠠᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠎ᠡ᠃ ᠠᠮᠢ ᠠᠬᠤᠢ ᠶᠢᠨ

ᠬᠠᠮᠠᠭᠠᠯᠠᠯᠳᠠ ᠶᠢᠨ ᠪᠠᠶᠢᠭᠤᠯᠤᠯᠳᠠ᠂ ᠵᠡᠩ ᠵᠠᠩᠰᠢᠯ ᠤᠨ ᠰᠤᠶᠤᠯ ᠤᠨ ᠤᠯᠠᠮᠵᠢᠯᠠᠯ᠂ ᠤᠳᠦᠨ ᠤᠷᠤᠨ ᠤ ᠰᠢᠨᠵᠢᠯᠡᠬᠦ

ᠤᠬᠠᠭᠠᠨ ᠢ ᠲᠦᠭᠡᠮᠡᠯᠵᠢᠭᠦᠯᠬᠦ ᠰᠤᠷᠭᠠᠨ ᠬᠦᠮᠦᠵᠢᠯ᠂ ᠲᠠᠯ᠎ᠠ ᠨᠤᠳᠤᠭ ᠤᠨ ᠡᠯᠡᠰᠦᠷᠭᠡᠭ ᠭᠠᠵᠠᠷ ᠵᠦᠢ ᠶᠢᠨ

ᠤᠨᠴᠠᠯᠢᠭ ᠵᠡᠷᠭᠡ ᠡᠯᠧᠮᠧᠨ᠋ᠲ ᠶᠢ ᠤᠷᠭᠠᠨᠢᠭ ᠢᠶᠠᠷ ᠤᠶᠠᠯᠳᠤᠭᠤᠯᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠤ

ᠪᠦᠬᠦ ᠤᠷᠤᠨ ᠪᠦᠰᠨ ᠶᠢᠨ ᠵᠢᠭᠤᠯᠴᠢᠯᠡᠯ ᠤᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠬᠦᠢᠴᠡᠳᠭᠡᠨ᠂

ᠵᠢᠭᠤᠯᠴᠢᠯᠡᠯ ᠤᠨ ᠲᠦᠷᠢ ᠲᠦᠷᠬᠦ ᠪᠠ ᠲᠠᠯ᠎ᠠ ᠨᠤᠳᠤᠭ ᠤᠨ ᠰᠤᠶᠤᠯ ᠵᠢᠭᠤᠯᠴᠢᠯᠡᠯ ᠤᠨ ᠨᠡᠷᠡᠳᠦ ᠲᠡᠮᠳᠡᠭ ᠢ

ᠲᠤᠳᠤᠷᠬᠠᠶᠢᠯᠠᠵᠦ᠂ ᠪᠦᠬᠦ ᠤᠷᠤᠨ ᠪᠦᠰᠨ ᠶᠢᠨ ᠤᠨᠴᠠᠯᠢᠭᠳᠦ ᠰᠤᠶᠤᠯ ᠵᠢᠭᠤᠯᠴᠢᠯᠡᠯ ᠢ ᠬᠦᠴᠦᠯᠡᠨ ᠠᠬᠢᠭᠤᠯᠤᠨ᠎ᠠ᠃

ᠰᠢᠯᠢ ᠶᠢᠨ ᠭᠤᠤᠯ ᠠᠶᠢᠮᠠᠭ ᠲᠠᠬᠢ ᠤᠯᠤᠰ ᠤᠨ ᠲᠡᠰ ᠤᠨ ᠲᠠᠯ᠎ᠠ ᠨᠤᠳᠤᠭ ᠤᠨ ᠴᠡᠴᠡᠷᠯᠢᠭ ᠪᠠᠶᠢᠭᠤᠯᠬᠤ ᠠᠵᠢᠯ ᠲᠠᠢ

ᠤᠶᠠᠯᠳᠤᠭᠤᠯᠵᠦ᠂ ᠪᠦᠬᠦ ᠤᠷᠤᠨ ᠪᠦᠰᠨ ᠶᠢᠨ ᠵᠢᠭᠤᠯᠴᠢᠯᠡᠯ ᠤᠨ ᠵᠠᠰᠠᠮᠠᠯ ᠵᠠᠮ ᠵᠢᠴᠢ ᠲᠡᠷᠭᠡ ᠵᠤᠭᠰᠤᠬᠤ ᠳᠠᠯᠠᠪᠣᠷ᠂

ᠫᠠᠶᠢᠰᠠ ᠳᠡᠮᠳᠡᠭ ᠵᠡᠷᠭᠡ ᠲᠠᠭᠠᠯᠳᠦᠭ᠌ᠰᠠᠨ ᠣᠶᠢᠯᠡᠴᠢᠯᠡᠯᠬᠡᠨ ᠤ ᠲᠦᠭᠦᠭᠡᠷᠦᠮᠵᠢ ᠶᠢ ᠪᠠᠶᠢᠭᠤᠯᠬᠤ ᠲᠦᠷᠦᠯ ᠵᠦᠢᠯ ᠢ

ᠬᠡᠷᠡᠭᠵᠢᠭᠦᠯᠵᠦ᠂  ᠵᠢᠭᠤᠯᠴᠢᠯᠠᠯ ᠤᠨ ᠦᠢᠯᠡᠴᠢᠯᠡᠯᠭᠡᠨ ᠤ ᠲᠦᠪ᠂ ᠴᠠᠬᠠᠷ ᠰᠤᠶᠤᠯ ᠵᠤᠭᠠᠴᠠᠯ ᠤᠨ ᠬᠦᠷᠢᠶᠠᠯᠡᠩ ᠢ

ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ᠂ ᠮᠢᠩᠭᠠᠳᠦ ᠤᠳᠦᠨ ᠭᠠᠷᠠᠭ ᠰᠤᠨᠢᠷᠬᠠᠬᠤ ᠵᠤᠰᠠᠭᠠᠯ᠂ ᠬᠤᠯᠠᠨ ᠰᠢᠷᠭ᠎ᠠ

ᠲᠠᠭ᠎ᠠ ᠶᠢᠨ ᠡᠯᠡᠰᠦ ᠪᠠᠷ ᠭᠡᠭᠡᠷᠯᠡᠨ ᠠᠶᠠᠯᠠᠬᠤ ᠮᠠᠰᠢᠨ ᠲᠡᠷᠭᠡᠨ ᠤ ᠵᠤᠰᠠᠭᠠᠯ ᠵᠡᠷᠭᠡ ᠲᠦᠷᠦᠯ ᠵᠦᠢᠯ ᠢ ᠡᠬᠢᠯᠡᠭᠦᠯᠵᠦ᠂

︽ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠬᠤᠯᠨ ᠶᠢᠨ ᠮᠤᠷᠢᠨ ᠤ ᠤᠷᠤᠯᠳᠤᠭᠠᠨ︾ ᠤ ᠲᠠᠯ᠎ᠠ ᠨᠤᠳᠤᠭ

ᠡᠯᠡᠰᠦᠷᠭᠡᠭ ᠭᠠᠵᠠᠷ ᠲᠠᠬᠢ ᠤᠷᠤᠯᠳᠤᠭᠠᠨ ᠤ ᠵᠠᠮ ᠢ ᠪᠠᠶᠢᠭᠤᠯᠵᠦ᠂ ᠡᠭᠦᠨ ᠤ ᠲᠠᠭᠠᠦ ᠵᠢᠭᠤᠯᠴᠢᠯᠡᠯ ᠤᠨ ᠨᠡᠷᠡᠳᠦ

ᠲᠡᠮᠳᠡᠭ ᠢ ᠣᠬᠠᠭᠤᠯᠣᠨ᠎ᠠ᠃ ᠵᠢᠭᠤᠯᠴᠢᠯᠡᠯ ᠤᠨ ᠦᠢᠯᠡᠰ ᠢ ᠬᠦᠭᠵᠢᠭᠦᠯᠬᠦ ᠪᠠᠷᠢᠮᠵᠢᠶ᠎ᠠ ᠶᠢ ᠲᠦᠷᠢᠮᠵᠢᠭᠦᠯᠦᠨ᠂

ᠤᠳᠦᠬᠠᠨ ᠳᠤ ᠪᠠᠶᠢᠭ᠎ᠠ ᠵᠢᠭᠤᠯᠴᠢᠯᠡᠯ ᠤᠨ ᠤᠷᠤᠨ ᠢ ᠲᠡᠰ ᠲᠡᠪᠰᠢᠭᠦᠯᠬᠦ ᠠᠵᠢᠯ ᠢ ᠰᠡᠶᠢᠳᠦᠷ ᠬᠢᠵᠦ᠂ ᠢᠳᠡᠭᠡᠨ

ᠣᠮᠳᠠᠭᠠᠨ ᠬᠤᠨᠤᠭ ᠪᠠᠭᠤᠴᠠ ᠵᠡᠷᠭᠡ ᠵᠢᠭᠤᠯᠴᠢᠯᠡᠯ ᠤᠨ ᠦᠢᠯᠡᠴᠢᠯᠡᠯᠭᠡᠨ ᠤ ᠣᠶᠢᠯᠡᠰ ᠤᠨ ᠪᠠᠷᠢᠮᠵᠢᠶ᠎ᠠ ᠢ ᠲᠤᠭᠳᠠᠭᠠᠨ

᠂ ᠵᠢᠭᠤᠯᠴᠢᠯᠡᠯ ᠤᠨ ᠦᠢᠯᠡᠴᠢᠯᠡᠯᠭᠡ ᠪᠠ ᠬᠦᠯᠢᠶᠡᠨ ᠵᠣᠴᠢᠯᠠᠬᠤ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃

ᠮᠠᠯᠴᠢᠨ ᠠᠶᠢᠯ ︵ᠳᠠᠷᠢᠶᠠᠴᠢᠨ ᠠᠶᠢᠯ︶ ᠤᠨ ᠵᠢᠭᠤᠯᠴᠢᠯᠠᠯ ᠤᠨ ᠴᠢᠭ ᠤᠨ ᠪᠠᠶᠢᠭᠤᠯᠤᠯᠳᠠ ᠪᠠ ᠵᠣᠭᠠᠴᠠᠯ ᠤᠨ

ᠭᠠᠵᠠᠷ ᠤᠨ ᠵᠣᠷᠯᠣᠩ ᠤᠨ ᠪᠠᠶᠢᠭᠤᠯᠣᠯᠳᠠ ᠬᠦᠭᠵᠢᠯᠳᠠ ᠶᠢ ᠲᠡᠳᠬᠦᠨ ᠲᠦᠷᠢᠮᠵᠢᠭᠦᠯᠵᠦ᠂ ᠮᠠᠯᠴᠢᠨ ᠠᠶᠢᠯ ᠤᠨ

ᠵᠢᠭᠤᠯᠴᠢᠯᠡᠯ ᠲᠦᠪᠯᠡᠷᠡᠭᠰᠡᠨ ᠤᠷᠤᠨ ᠢ ᠬᠦᠴᠦᠯᠡᠨ ᠪᠠᠶᠢᠭᠤᠯᠵᠦ᠂ ᠵᠢᠭᠤᠯᠴᠢᠯᠡᠯ ᠤᠨ ᠦᠢᠯᠡᠰ ᠤᠨ ᠬᠦᠭᠵᠢᠯᠳᠡ ᠶᠢᠨ

ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠰᠤᠶᠤᠯ ᠤᠨ ᠵᠢᠭᠤᠯᠴᠢᠯᠡᠯ ᠤᠨ ᠪᠦᠬᠦ ᠲᠠᠯ᠎ᠠ ᠶᠢᠨ ᠤᠬᠠᠭᠤᠯᠭ᠎ᠠ

ᠰᠤᠷᠳᠡᠯᠴᠢᠯᠠᠭ᠎ᠠ ᠶᠢᠨ ᠬᠦᠴᠦᠯᠡᠴᠨ ᠪᠠᠨ ᠨᠡᠮᠡᠭᠳᠡᠭᠦᠯᠵᠦ᠂ ᠡᠯᠪᠡᠭ ᠪᠠᠶᠠᠯᠢᠭ ᠤᠬᠢ ᠰᠢᠯᠢᠳᠡᠭ ᠰᠤᠶᠤᠯ ᠵᠢᠭᠤᠯᠴᠢᠯᠡᠯ

 ᠤᠨ ᠠᠵᠢᠯᠯᠠᠭ᠎ᠠ ᠶᠢ ᠲᠦᠰᠦᠪᠯᠡᠨ ᠦᠷᠨᠢᠭᠦᠯᠵᠦ᠂ ᠮᠠᠨ ᠤ ᠬᠤᠰᠢᠭᠤᠨ ᠤ ᠲᠠᠯ᠎ᠠ ᠨᠤᠳᠤᠭ ᠤᠨ ᠰᠤᠶᠤᠯ᠂

ᠦᠨᠳᠦᠰᠦᠳᠡᠨ ᠤ ᠵᠡᠩ ᠵᠠᠩᠰᠢᠯ ᠢ ᠪᠦᠬᠦ ᠲᠠᠯ᠎ᠠ ᠪᠠᠷ ᠴᠢᠨᠠᠷᠯᠢᠭ ᠬᠠᠷᠠᠭᠤᠯᠵᠦ᠂ ᠮᠠᠨ ᠤ ᠬᠤᠰᠢᠭᠤᠨ ᠤ ᠵᠢᠭᠤᠯᠴᠢᠯᠡᠯ

 ᠤᠨ ᠡᠬᠢ ᠪᠡᠶᠡᠯᠢᠭ᠋ ᠪᠠ ᠵᠢᠭᠤᠯᠴᠢᠯᠡᠯ ᠤᠨ ᠪᠦᠳᠦᠭᠡᠭᠳᠡᠬᠦᠨ ᠢ ᠤᠯᠡᠨ ᠵᠦᠢᠯ ᠤᠨ ᠠᠷᠭ᠎ᠠ ᠬᠡᠯᠪᠡᠷᠢ ᠪᠠᠷ

ᠲᠠᠨᠢᠯᠴᠠᠭᠤᠯᠤᠨ᠎ᠡ᠃

ᠬᠤᠶᠠᠷ᠂ ᠤᠳᠤᠬᠢᠴᠢᠯᠠᠭᠰᠠᠨ ᠦᠢᠯᠡᠴᠢᠯᠡᠯᠭᠡᠨ ᠤ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠪᠦᠭᠡᠮᠳᠡᠬᠦ

ᠲᠠᠸᠠᠷ ᠪᠠ ᠵᠢᠵᠢᠭᠯᠡᠨ ᠪᠤᠷᠤᠯᠠᠭᠤᠯᠬᠤ ᠦᠢᠯᠡᠳᠭᠦᠨ ᠤ ᠪᠤᠳᠡᠰ ᠤᠨ ᠬᠦᠢᠯᠬᠡᠬᠡ ᠶᠢ ᠬᠦᠭᠵᠢᠭᠦᠯᠵᠦ᠂ ᠬᠤᠳᠡ

ᠬᠦᠳᠡᠭᠡ ᠶᠢᠨ ᠬᠦᠢᠯᠭᠡᠭᠡᠨ ᠤ ᠰᠢᠰᠲ᠋ᠧᠮ ᠢ ᠪᠦᠷᠢᠨᠰᠢᠭᠦᠯᠵᠦ᠂ ᠳᠡᠭᠡᠳᠦ ᠳᠡᠰ ᠤᠨ ᠪᠣᠳᠠᠰ ᠤᠨ ᠬᠦᠢᠯᠭᠡᠭᠡ᠂

ᠬᠦᠯᠳᠡᠭᠦᠣ ᠬᠠᠳᠠᠭᠠᠯᠠᠬᠤ ᠪᠠᠷᠠᠭᠠᠨ ᠤ ᠬᠦᠢᠯᠭᠡᠭᠡᠨ᠂ ᠨᠠᠶᠢᠳᠠᠯᠠᠭ᠎ᠠ ᠪᠠᠷ ᠨᠦᠭᠡᠴᠡᠯᠡᠨ ᠬᠠᠳᠠᠭᠠᠯᠠᠵᠦ ᠳᠣᠰᠢᠶᠠᠨ

ᠬᠠᠮᠢᠶᠠᠷᠬᠤ ᠵᠡᠷᠭᠡ ᠲᠦᠷᠦᠯ ᠵᠦᠢᠯ ᠢ ᠢᠳᠡᠪᠬᠢᠳᠠᠢ ᠳᠠᠳᠠᠨ ᠣᠷᠣᠭᠤᠯᠵᠦ᠂ ᠠᠵᠦ ᠣᠶᠢᠯᠡᠰ ᠤᠨ ᠭᠤᠪᠢᠭᠤᠯᠵᠦ

ᠬᠦᠢᠯᠭᠡᠭᠡᠬᠦ ᠵᠡᠷᠭᠡ ᠳᠠᠭᠠᠯᠳᠣᠭᠰᠠᠨ ᠣᠶᠢᠯᠡᠴᠢᠯᠡᠭᠡᠨ ᠤ ᠴᠢᠳᠠᠪᠦᠷᠢ ᠶᠢ ᠨᠡᠮᠡᠭᠳᠡᠬᠦᠯᠵᠦ᠂ ᠪᠣᠳᠠᠰ ᠤᠨ ᠬᠦᠢᠯᠭᠡᠭᠡᠨ ᠤ

ᠠᠵᠦ ᠠᠬᠤᠶᠢᠯᠡᠯ ᠤᠨ ᠬᠦᠭᠵᠢᠨ ᠪᠣᠵᠠᠭᠠᠶᠢᠷᠠᠬᠤ ᠶᠢ ᠳᠡᠮᠵᠢᠵᠦ᠂ ᠣᠷᠣᠨ ᠨᠣᠳᠤᠭ ᠤᠨ ᠴᠢᠨᠠᠷᠳᠠᠢ ᠠᠷᠠᠯᠵᠢᠶ᠎ᠠ

ᠬᠤᠳᠠᠯᠳᠣᠭᠠᠨ ᠤ ᠪᠣᠳᠠᠰ ᠤᠨ ᠬᠦᠢᠯᠭᠡᠭᠡᠨ ᠤ ᠲᠦᠪ ᠢ ᠪᠠᠶᠢᠭᠤᠯᠬᠤ ᠶᠢ ᠳᠦᠷᠭᠡᠳᠬᠡᠨ᠎ᠠ᠃ ︽ᠢᠨᠲ᠋ᠧᠷ ᠰᠦᠯᠵᠢᠶ᠎ᠡ

+︾ ᠰᠡᠳᠬᠢᠴᠨ ᠪᠠᠷ ᠵᠠᠮᠴᠢ ᠪᠤᠯᠭᠠᠨ ᠢᠨᠲ᠋ᠧᠷ ᠰᠦᠯᠵᠢᠶ᠎ᠡ ᠶᠢ ᠮᠠᠯᠵᠢᠬᠤ ᠲᠠᠷᠢᠶᠠᠯᠠᠬᠤ ᠤᠷᠤᠨ᠂ ᠲᠠᠷᠢᠶᠠᠯᠠᠩ ᠮᠠᠯ

ᠠᠵᠤ ᠠᠬᠤᠢ ᠲᠠᠢ ᠤᠶᠠᠯᠳᠤᠭᠤᠯᠤᠨ ᠬᠦᠭᠵᠢᠭᠦᠯᠵᠦ᠂ ᠡᠯᠧᠺᠲ᠋ᠧᠷᠦᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ

ᠤᠷᠤᠨ ᠳᠤ ᠨᠡᠪᠳᠡᠷᠡᠬᠦᠯᠦᠭᠰᠡᠨ ᠵᠢᠱᠢᠶᠡᠴᠢ ᠬᠤᠰᠢᠭᠤ ᠪᠣᠯᠬᠤ ᠲᠦᠷᠦᠯ ᠵᠦᠢᠯ ᠢ ᠡᠷᠡᠮᠡᠯᠵᠡᠯᠡᠨ ᠬᠡᠷᠡᠭᠵᠢᠭᠦᠯᠵᠦ᠂

ᠬᠤᠰᠢᠭᠤ᠂ ᠰᠤᠮᠤ ᠪᠠᠯᠭᠠᠰᠦ᠂ ᠭᠠᠴᠠᠭ᠎ᠠ ᠲᠤᠰᠬᠤᠨ ᠭᠤᠷᠪᠡᠨ ᠱᠠᠳᠦ ᠶᠢ ᠪᠦᠷᠭᠦᠭᠰᠡᠨ ᠡᠯᠧᠺᠲ᠋ᠧᠷᠦᠨ

ᠬᠤᠳᠠᠯᠳᠤᠭᠠᠨ ᠤ ᠰᠢᠰᠲ᠋ᠧᠮ ᠢ ᠪᠠᠶᠢᠭᠤᠯᠵᠦ᠂ ᠣᠨᠴᠠᠯᠢᠭᠳᠦ ᠮᠠᠯ ᠲᠠᠷᠢᠶᠠᠯᠠᠩ ᠤᠨ ᠭᠠᠷᠣᠯᠳᠠ ᠶᠢ ᠪᠣᠷᠣᠯᠠᠭᠤᠯᠬᠤ

ᠵᠠᠮ ᠢ ᠦᠷᠭᠡᠳᠬᠡᠨ᠎ᠠ᠃ ᠣᠯᠠᠨ ᠲᠦᠮᠡᠨ ᠤ ᠱᠠᠭᠠᠷᠳᠠᠯᠭ᠎ᠠ ᠶᠢ ᠬᠠᠩᠭᠠᠬᠤ ᠶᠢᠨ ᠳᠣᠭᠤᠷᠢᠨ ᠳᠤ ᠨᠠᠰᠣᠳᠠᠨ ᠢ

ᠠᠰᠠᠷᠠᠬᠤ᠂ ᠰᠠᠯᠬᠢᠨ ᠮᠠᠰᠢᠨ ᠤ ᠡᠷᠬᠢᠯᠳᠠ ᠶᠢ ᠪᠠᠳᠣᠯᠠᠬᠤ ᠵᠡᠷᠭᠡ ᠰᠢᠨ᠎ᠠ ᠠᠵᠦ ᠣᠶᠢᠯᠠᠰ ᠢ ᠬᠦᠴᠦᠯᠡᠨ

ᠬᠦᠭᠵᠢᠬᠦᠯᠵᠦ᠂ ᠬᠤᠰᠢᠭᠤ ᠨᠣᠳᠤᠭ ᠤᠨ ᠠᠵᠦ ᠠᠬᠤᠢ ᠶᠢᠨ ᠬᠦᠭᠵᠢᠯᠳᠠ ᠶᠢ ᠳᠣᠯᠭᠠᠭᠤᠷᠢᠯᠠᠬᠤ ᠰᠢᠨ᠎ᠠ ᠬᠢᠯᠠᠰ

ᠴᠢᠭ ᠢ ᠬᠦᠴᠦᠯᠡᠨ ᠪᠠᠶᠢᠭᠤᠯᠣᠨ᠎ᠠ᠃

︵ᠲᠠᠪᠤ︶ ᠠᠷᠭ᠎ᠠ ᠪᠤᠳᠤᠯᠭ᠎ᠠ ᠶᠢ ᠨᠠᠷᠢᠯᠢᠭ ᠤᠨᠤᠪᠴᠢᠳᠡᠢ ᠬᠡᠷᠡᠭᠵᠢᠭᠦᠯᠬᠦ ᠪᠠᠷ ᠵᠠᠩᠬᠢᠯᠠᠭ᠎ᠠ ᠪᠤᠯᠭᠠᠵᠦ᠂ ᠶᠠᠳᠠᠭᠤ ᠠᠴᠠ

ᠠᠩᠬᠢᠵᠢᠷᠠᠭᠤᠯᠬᠤ ᠰᠢᠪᠳᠤᠯᠤᠯᠳᠡ ᠶᠢ ᠪᠦᠬᠦ ᠲᠠᠯ᠎ᠠ ᠪᠠᠷ ᠠᠬᠢᠭᠤᠯᠤᠨ᠎ᠡ

ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠡ ᠶᠢᠨ ᠠᠵᠢᠯ ᠢ ᠳᠣᠪᠣᠶᠢᠮ᠎ᠠ ᠪᠠᠶᠢᠷᠢᠨ ᠳᠤ ᠳᠠᠯᠪᠢᠵᠦ᠂ ᠨᠡᠩ

ᠨᠠᠷᠢᠯᠢᠭ ᠠᠷᠭ᠎ᠠ ᠪᠤᠳᠤᠯᠭ᠎ᠠ᠂ ᠨᠡᠩ ᠶᠡᠭᠡ ᠵᠤᠷᠢᠭ ᠢᠶᠠᠷ ᠶᠠᠳᠠᠭᠤ ᠶᠢ ᠲᠡᠳᠭᠦᠬᠦ ᠠᠵᠢᠯ ᠢ ᠨᠠᠷᠢᠯᠢᠭ ᠬᠢᠵᠦ᠂ ᠨᠠᠷᠢᠯᠢᠭ

ᠤᠨᠤᠪᠴᠢᠳᠡᠢ ᠪᠠᠷ ᠶᠠᠳᠠᠭᠤ ᠶᠢ ᠳᠡᠳᠬᠦᠬᠦ ᠪᠣᠯᠣᠨ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ

 ᠶᠢ ᠪᠦᠬᠦ ᠬᠦᠴᠦ ᠪᠠᠷ ᠠᠬᠢᠭᠤᠯᠤᠨ᠎ᠡ᠃ ᠵᠢᠯ ᠤᠨ ᠲᠤᠳᠤᠷ᠎ᠡ 1589 ᠬᠦᠮᠦᠨ ᠢ ᠶᠠᠳᠠᠭᠤ ᠠᠴᠠ ᠠᠩᠬᠢᠵᠢᠷᠠᠭᠤᠯᠬᠤ

ᠠᠵᠢᠯ ᠢ ᠯᠠᠪᠳᠠᠭᠤᠨ ᠪᠠᠳᠤᠳᠡᠢ ᠪᠡᠶᠡᠯᠡᠬᠦᠯᠬᠦ ᠪᠠᠷ ᠴᠢᠷᠮᠠᠶᠢᠨ᠎ᠠ᠃

ᠨᠢᠭᠡ ᠳᠤ ᠨᠠᠷᠢᠯᠢᠭ ᠤᠨᠤᠪᠴᠢᠳᠡᠢ ᠢᠯᠭᠠᠨ ᠲᠤᠳᠤᠯᠠᠬᠤ ᠪᠠ ᠳᠠᠩᠰᠠᠨ ᠠᠴᠠ ᠭᠠᠷᠭᠠᠬᠤ ᠶᠢ ᠬᠦᠴᠦᠯᠡᠨ

ᠠᠬᠢᠭᠤᠯᠤᠨ᠎ᠡ᠃ ᠨᠠᠷᠢᠯᠢᠭ ᠤᠨᠤᠪᠴᠢᠳᠡᠢ ᠢᠯᠭᠠᠨ ᠲᠤᠳᠤᠯᠠᠬᠤ᠂ ᠲᠠᠩᠰᠨ ᠡᠪᠭᠡᠮᠡᠯ ᠪᠠᠶᠢᠭᠤᠯᠬᠤ ᠠᠵᠢᠯ ᠢ ᠰᠡᠶᠢᠳᠦᠷ

ᠬᠢᠵᠦ᠂ ᠶᠠᠳᠠᠭᠤ ᠬᠦᠴᠢᠷᠳᠡᠢ ᠬᠦᠮᠦᠨ ᠤ ᠲᠤᠭ᠎ᠠ ᠬᠡᠮᠵᠢᠶ᠎ᠡ᠂ ᠶᠠᠳᠠᠭᠤ ᠶᠢᠨ ᠬᠡᠮᠵᠢᠶ᠎ᠡ᠂ ᠶᠠᠳᠠᠭᠤᠷᠠᠭᠰᠠᠨ ᠰᠢᠯᠳᠠᠭᠠᠨ᠂

ᠶᠠᠳᠠᠭᠤ ᠠᠴᠠ ᠠᠩᠬᠢᠵᠢᠷᠠᠬᠤ ᠱᠠᠭᠠᠷᠳᠠᠯᠭ᠎ᠠ᠂ ᠲᠡᠳᠭᠦᠨ ᠲᠡᠮᠵᠢᠬᠦ ᠠᠷᠭ᠎ᠠ ᠪᠤᠳᠤᠯᠭ᠎ᠠ ᠶᠢ ᠨᠠᠷᠢᠨ ᠨᠢᠮᠪᠠᠢ

ᠡᠵᠡᠮᠰᠢᠭᠰᠡᠨ ᠰᠠᠭᠤᠷᠢᠨ ᠲᠡᠭᠡᠷ᠎ᠡ᠂ ᠲᠦᠷᠦᠯ ᠵᠦᠢᠯ᠂ ᠪᠡᠯᠨ ᠮᠦᠩᠬᠦ᠂ ᠠᠷᠭ᠎ᠠ ᠪᠤᠳᠤᠯᠭ᠎ᠠ᠂ ᠣᠶᠣᠨ ᠴᠢᠳᠡᠯ ᠢᠶᠠᠨ

ᠶᠠᠳᠠᠭᠤ ᠡᠷᠤᠭᠡ ᠪᠤᠯᠭᠠᠨ ᠳᠤ ᠨᠠᠷᠢᠯᠢᠭ ᠤᠨᠤᠪᠴᠢᠳᠡᠢ ᠪᠠᠷ ᠨᠠᠶᠢᠳᠠᠪᠤᠷᠢᠵᠢᠬᠤ ᠶᠢ ᠪᠠᠳᠤᠯᠠᠨ᠎ᠡ᠃ ᠶᠠᠳᠠᠭᠤ

ᠬᠦᠴᠢᠷᠳᠡᠯᠳᠠᠢ ᠡᠷᠦᠬᠡ ᠶᠢ ᠳᠠᠩᠰᠠᠨ ᠠᠴᠠ ᠭᠠᠷᠭᠠᠬᠤ ᠲᠦᠷᠢᠮ ᠢ ᠴᠢᠩᠭ᠎ᠠ ᠬᠡᠷᠡᠭᠵᠢᠬᠦᠯᠵᠦ᠂ ᠠᠯᠬᠤᠮ ᠶᠠᠪᠣᠴᠠ ᠨᠢ

ᠢᠯᠡ ᠳᠣᠳᠣᠷᠬᠠᠢ᠂ ᠳᠤᠭ᠎ᠠ ᠪᠠᠷᠢᠮᠳᠠ ᠨᠢ ᠵᠦᠪ ᠣᠨᠣᠪᠴᠢᠳᠠᠢ᠂ ᠳᠠᠩᠰᠠ ᠡᠪᠬᠡᠮᠡᠯ ᠨᠢ ᠪᠦᠷᠢᠨ ᠬᠦᠢᠴᠡᠳ᠂ ᠦᠷ᠎ᠡ

ᠳ᠋ᠦᠩ ᠨᠢ ᠲᠦᠪ ᠭᠤᠣᠯᠴᠢ ᠪᠠᠶᠢᠬᠤ ᠶᠢ ᠦᠨᠡᠨᠬᠦ ᠪᠡᠶᠡᠯᠡᠬᠦᠯᠵᠦ᠂ ᠶᠠᠳᠠᠭᠤ ᠠᠴᠠ ᠠᠩᠬᠢᠵᠢᠷᠠᠭᠰᠠᠨ ᠪᠠᠷᠢᠮᠵᠢᠶᠠᠨ ᠳᠤ

ᠬᠦᠷᠦᠭᠰᠡᠳ ᠢ ᠴᠠᠭ ᠳᠣᠬᠠᠢ ᠳᠤᠨᠢ ᠳᠠᠩᠰᠨ ᠠᠴᠠ ᠭᠠᠷᠭᠠᠵᠦ᠂ ᠳᠠᠩᠰᠠ ᠠᠴᠠ ᠭᠠᠷᠭᠠᠭᠰᠠᠨ ᠠᠴᠠ ᠬᠤᠶᠢᠰᠢᠬᠢ

ᠨᠢᠭᠡ ᠬᠡᠰᠡᠭ ᠬᠤᠭᠤᠴᠠᠭᠠᠨ ᠳᠤ ᠣᠣᠯ ᠤᠨ ᠶᠠᠳᠠᠭᠤ ᠶᠢ ᠳᠡᠳᠬᠦᠬᠦ ᠲᠦᠷᠦ ᠶᠢᠨ ᠪᠣᠳᠣᠯᠭ᠎ᠠ ᠪᠠᠨ ᠬᠤᠪᠢᠷᠠᠭᠠᠬᠤ

ᠦᠬᠡᠢ᠂ ᠳᠡᠳᠬᠦᠬᠦ ᠬᠦᠴᠦᠯᠡᠴᠠ ᠪᠠᠨ ᠪᠠᠭᠠᠰᠬᠠᠬᠤ ᠦᠬᠡᠢ ᠪᠠᠷ ᠰᠢᠯᠵᠢᠯᠳᠠ ᠶᠢᠨ ᠴᠠᠭ ᠦᠯᠡᠳᠡᠬᠡᠵᠦ᠂ ᠳᠡᠳᠡᠨ ᠤ

ᠯᠠᠪᠳᠠᠭᠤᠨ ᠪᠠᠳᠣᠳᠠᠢ ᠶᠠᠳᠠᠭᠤ ᠠᠴᠠ ᠠᠩᠬᠢᠵᠢᠷᠠᠬᠤ ᠶᠢ ᠪᠠᠳᠣᠯᠠᠨ᠎ᠠ᠃

ᠬᠤᠶᠠᠷ ᠲᠤ ᠶᠠᠳᠠᠭᠤ ᠶᠢ ᠳᠡᠳᠬᠦᠬᠦ ᠲᠦᠷᠦᠯ ᠵᠦᠢᠯ ᠢ ᠪᠦᠬᠦ ᠬᠦᠴᠦ ᠪᠠᠷ ᠬᠡᠷᠡᠭᠵᠢᠬᠦᠯᠦᠨ᠎ᠠ᠃ ᠶᠠᠳᠠᠭᠤ ᠬᠦᠴᠢᠷᠳᠠᠢ

ᠬᠤᠰᠢᠭᠤ ᠰᠢᠶᠠᠨ ᠤ ᠲᠠᠷᠢᠶᠠᠯᠡᠩ ᠮᠠᠯ ᠠᠵᠤ ᠠᠬᠤᠢ ᠲᠠᠢ ᠬᠤᠯᠪᠤᠭᠳᠠᠭᠰᠠᠨ ᠡᠳ᠋ ᠤᠨ ᠵᠠᠰᠠᠭ ᠤᠨ ᠪᠡᠯᠨ ᠮᠦᠩᠬᠦ ᠶᠢ

ᠨᠢᠭᠡᠳᠦᠯᠳᠠᠢ ᠳᠦᠯᠦᠪᠯᠡᠨ ᠨᠢᠭᠡᠳᠬᠡᠬᠦ ᠳᠣᠷᠰᠢᠯᠳᠠ ᠶᠢᠨ ᠴᠢᠭ ᠤᠨ ᠠᠵᠢᠯ ᠢ ᠠᠬᠢᠭᠤᠯᠣᠨ᠎ᠠ᠃ 1000 ᠲᠦᠮᠡᠨ

ᠲᠦᠭᠦᠷᠢᠭ ᠤᠨ ᠪᠡᠯᠡ ᠣᠷᠣᠭᠤᠯᠣᠨ ︽ᠭᠤᠷᠪᠠ ᠶᠢ ᠬᠦᠳᠡᠭᠡ ᠳᠤ ᠬᠦᠷᠭᠡᠬᠦ᠂ ᠭᠤᠷᠪᠡ ᠶᠢ ᠡᠷᠦᠬᠡ ᠳᠤ ᠬᠦᠷᠭᠡᠬᠦ︾

ᠶᠠᠳᠠᠭᠤ ᠶᠢ ᠲᠡᠳᠭᠦᠬᠦ ᠲᠦᠷᠦᠯ ᠵᠦᠢᠯ ᠢ ᠬᠡᠷᠡᠭᠵᠢᠭᠦᠯᠦᠨ᠎ᠡ᠂ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠨ

ᠠᠷᠠᠳ ᠢ ᠪᠡᠶᠠᠵᠢᠭᠤᠯᠬᠤ 1 ᠳ᠋ᠦᠡᠭᠰᠢᠭᠤᠷ ᠲᠦᠭᠦᠷᠢᠭ ᠤᠨ ᠵᠢᠭᠡᠯᠡᠯᠭᠡ ᠶᠢ ᠲᠠᠯᠪᠢᠵᠦ᠂ 4800 ᠨᠡᠷ᠎ᠡ ᠮᠠᠯᠴᠢᠨ

ᠲᠠᠷᠢᠶᠠᠴᠢᠨ ᠢ ᠲᠡᠮᠵᠢᠨ᠎ᠡ᠂ 720 ᠬᠦᠮᠦᠨ ᠳᠤ ᠨᠡᠭᠦᠯᠭᠡᠨ ᠰᠢᠯᠵᠢᠭᠦᠯᠵᠦ ᠶᠠᠳᠠᠭᠤ ᠶᠢ ᠳᠡᠳᠬᠦᠬᠦ ᠪᠣᠳᠣᠯᠭ᠎ᠠ ᠶᠢ

ᠬᠡᠷᠡᠭᠵᠢᠬᠦᠯᠬᠦ ᠶᠢᠨ ᠲᠠᠭᠠᠤ ᠪᠠᠰᠠ ᠢᠵᠢᠯ ᠠᠯᠬᠤᠮ ᠢᠶᠠᠷ 360 ᠬᠦᠮᠦᠨ ᠢ ᠨᠡᠭᠦᠯᠭᠡᠨ᠎ᠡ᠃ ᠶᠠᠳᠠᠭᠤ ᠬᠦᠴᠢᠷᠳᠡᠯᠳᠡᠢ

ᠬᠦᠮᠦᠰ ᠤᠨ ᠬᠦᠨᠳᠦ ᠡᠪᠡᠳᠴᠢᠳᠡᠨ᠂ ᠤᠳᠠᠭᠠᠨ ᠴᠢᠨᠠᠷᠳᠡᠢ ᠡᠪᠡᠳᠴᠢᠳᠡᠨ ᠢ ᠠᠪᠤᠷᠠᠨ ᠲᠤᠰᠠᠯᠠᠬᠤ ᠠᠷᠭ᠎ᠠ ᠪᠤᠳᠤᠯᠭ᠎ᠠ

 ᠶᠢ ᠳᠣᠭᠳᠠᠭᠠᠨ ᠪᠦᠷᠢᠨᠰᠢᠭᠦᠯᠵᠦ᠂ ᠬᠦᠷᠦᠩᠭᠡ ᠶᠢᠨ ᠤᠷᠤᠯᠭ᠎ᠠ ᠪᠠᠷ ᠶᠠᠳᠠᠭᠤ ᠶᠢ ᠲᠡᠳᠭᠦᠬᠦ ᠵᠡᠷᠭᠡ ᠰᠢᠨ᠎ᠡ ᠭᠡᠯᠪᠡᠷᠢ

 ᠶᠢ ᠰᠦᠪᠡᠭᠴᠢᠯᠡᠵᠦ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠤᠯᠠᠭ᠎ᠠ ᠪᠠ ᠶᠠᠳᠠᠭᠤ ᠶᠢ ᠲᠡᠳᠭᠦᠬᠦ ᠠᠵᠢᠯ ᠤᠨ

ᠣᠶᠠᠯᠳᠣᠨ ᠨᠡᠶᠢᠯᠡᠬᠦ ᠶᠢ ᠳᠦᠷᠭᠡᠨ ᠠᠬᠢᠭᠤᠯᠵᠦ᠂ ᠠᠮᠢᠳᠦᠷᠡᠯ ᠤᠨ ᠬᠠᠮᠤᠭ ᠨᠠᠭᠠᠳᠣ ᠵᠠᠬ᠎ᠠ ᠶᠢᠨ ᠪᠠᠳᠤᠯᠠᠭ᠎ᠠ ᠶᠢ

ᠪᠠᠳᠤᠯᠠᠨ᠎ᠡ᠃

ᠭᠤᠷᠪᠠ ᠳᠤ ᠬᠠᠷᠢᠯᠴᠠᠨ ᠲᠠᠭᠠᠭᠠᠴᠢᠯᠠᠵᠦ ᠶᠠᠳᠠᠭᠤ ᠶᠢ ᠲᠡᠳᠭᠦᠬᠦ ᠳᠣᠭᠳᠠᠴᠠ ᠶᠢ ᠬᠦᠨᠵᠡᠭᠡᠢ ᠬᠡᠷᠡᠭᠵᠢᠭᠦᠯᠦᠨ᠎ᠡ᠃

ᠤᠳᠤᠷᠢᠳᠬᠤ ᠺᠠᠳ᠋ᠷ ᠠᠴᠠ ᠶᠠᠳᠠᠭᠤ ᠬᠦᠴᠢᠷᠳᠡᠢ ᠡᠷᠤᠭᠡ ᠲᠠᠢ ᠬᠠᠷᠢᠯᠴᠠᠬᠤ ᠪᠠ ᠬᠠᠪᠰᠦᠷᠦᠨ ᠲᠡᠳᠭᠦᠬᠦ ᠪᠠᠶᠢᠭᠤᠯᠭ᠎ᠠ

ᠨᠢᠭᠡᠴᠠ ᠠᠴᠠ ᠭᠠᠴᠠᠭ᠎ᠠ ᠲᠤᠰᠬᠤᠨ ᠲᠠᠢ ᠬᠠᠷᠢᠯᠴᠠᠬᠤ ᠠᠵᠢᠯ ᠤᠨ ᠳᠣᠭᠳᠠᠴᠠ ᠶᠢᠨ ᠦᠢᠯᠡᠳᠦᠯ ᠢ ᠬᠦᠢᠴᠡᠳ

ᠪᠠᠳᠠᠷᠠᠭᠤᠯᠵᠦ᠂ ᠬᠠᠪᠰᠤᠷᠦᠨ ᠳᠡᠳᠬᠦᠬᠦ ᠠᠵᠢᠯ ᠢ ᠨᠠᠷᠢᠨ ᠬᠦᠨᠵᠡᠭᠡᠢ ᠬᠢᠵᠦ᠂ ᠮᠠᠯᠴᠢᠨ ᠲᠠᠷᠢᠶᠠᠴᠢᠨ ᠤ ᠰᠢᠷᠭᠠᠭᠤ

ᠠᠵᠢᠯᠯᠠᠵᠦ ᠪᠠᠶᠠᠵᠢᠨ ᠴᠢᠨᠠᠭᠡᠯᠢᠭᠵᠢᠬᠦ ᠣᠬᠠᠮᠰᠠᠷ ᠢ ᠪᠤᠢ ᠪᠤᠯᠭᠠᠵᠦ᠂ ᠤᠷᠤᠯᠭ᠎ᠠ ᠵᠠᠷᠤᠯᠭ᠎ᠠ ᠪᠠᠨ ᠴᠢᠳᠠᠮᠠᠭᠠᠢ

ᠳᠣᠬᠢᠷᠠᠭᠤᠯᠵᠦ᠂ ᠰᠢᠨᠵᠢᠯᠡᠬᠦ ᠤᠬᠠᠭᠠᠨᠴᠢ ᠪᠠᠷ ᠵᠣᠭᠤᠰ ᠮᠦᠩᠭᠦ ᠵᠠᠷᠣᠬᠤ ᠦᠵᠡᠯᠳᠠ ᠶᠢ ᠵᠢᠯᠤᠭᠤᠳᠦᠨ

ᠲᠠᠭᠠᠭᠤᠯᠤᠨ᠎ᠡ᠃  ᠣᠯᠣᠰ ᠤᠨ ᠪᠠᠷᠠᠭᠤᠨ ᠣᠷᠣᠨ ᠤ ᠬᠦᠭᠵᠢᠯᠳᠠ ᠶᠢ ᠠᠬᠢᠭᠤᠯᠬᠤ ᠵᠦᠪᠯᠡᠯ ᠲᠠᠢ ᠢᠳᠡᠪᠬᠢᠳᠠᠢ

ᠬᠠᠷᠢᠯᠴᠠᠵᠦ᠂ ᠪᠦᠬᠦ ᠣᠯᠣᠰ ᠤᠨ ᠨᠡᠶᠢᠬᠡᠮ ᠤᠨ ᠬᠠᠪᠰᠣᠷᠣᠨ ᠳᠡᠳᠬᠦᠬᠦ ᠳᠤ ᠰᠢᠨ᠎ᠠ ᠶᠢ ᠡᠭᠦᠳᠦᠭᠰᠡᠨ ᠳᠣᠷᠰᠢᠯᠳᠠ

 ᠶᠢᠨ ᠬᠤᠰᠢᠭᠤ ᠰᠢᠶᠠᠨ ᠪᠣᠯᠬᠤ ᠪᠠᠷ ᠬᠦᠴᠦᠯᠡᠨ ᠴᠢᠷᠮᠠᠶᠢᠨ᠎ᠠ᠃ ᠦᠪᠡᠷᠳᠡᠬᠡᠨ ᠵᠠᠰᠠᠬᠤ ᠣᠷᠣᠨ ᠤ ᠶᠠᠳᠠᠭᠤ ᠠᠴᠠ

ᠠᠩᠬᠢᠵᠢᠷᠠᠭᠤᠯᠬᠤ ᠰᠢᠪᠳᠣᠯᠣᠯᠳᠠ ᠬᠢᠬᠦ ᠶᠢ ᠱᠠᠭᠠᠷᠳᠠᠨ ᠵᠢᠯᠣᠭᠤᠳᠬᠤ ᠳᠣᠭᠤᠶᠢᠯᠠᠩ ᠤᠨ ᠠᠵᠢᠯ ᠦᠷᠨᠢᠬᠦᠯᠬᠦ ᠳᠤ

ᠪᠦᠬᠦ ᠬᠦᠴᠦᠨ ᠢᠶᠠᠷ ᠢᠶᠠᠨ ᠬᠠᠮᠵᠢᠯᠴᠠᠨ᠂ ᠱᠠᠭᠠᠷᠳᠠᠨ ᠵᠢᠯᠣᠭᠤᠳᠬᠤ ᠠᠵᠢᠯ ᠤᠨ ᠰᠠᠶᠢᠨ ᠰᠠᠶᠢᠬᠠᠨ ᠣᠷᠴᠢᠨ ᠢ ᠪᠣᠢ

ᠪᠣᠯᠭᠠᠨ᠎ᠠ᠃ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠡ᠂ ᠤᠷᠤᠨ ᠠᠶᠢᠮᠠᠭ ᠤᠨ ᠤᠳᠦᠷᠢᠳᠤᠯᠭ᠎ᠠ᠂ ᠤᠷᠴᠢᠨ

ᠲᠤᠭᠤᠷᠢᠨ ᠢ ᠬᠠᠮᠠᠭᠠᠯᠠᠬᠤ ᠲᠢᠩᠬᠢᠮ ᠵᠢᠴᠢ ᠠᠶᠢᠮᠠᠭ ᠤᠨ ᠲᠡᠰ ᠤᠨ ᠬᠠᠪᠰᠤᠷᠦᠨ ᠲᠡᠳᠭᠦᠬᠦ ᠪᠠᠶᠢᠭᠤᠯᠭ᠎ᠠ ᠲᠠᠢ

ᠬᠠᠷᠢᠯᠴᠠᠬᠤ ᠪᠠᠨ ᠴᠢᠩᠭᠠᠳᠬᠠᠵᠦ᠂ ᠨᠡᠩ ᠤᠯᠡᠨ ᠲᠤᠰᠠᠯᠠᠮᠵᠢ ᠬᠦᠷᠳᠡᠬᠦ ᠪᠠᠷ ᠴᠢᠷᠮᠠᠶᠢᠨ᠎ᠡ᠃

ᠳᠦᠷᠪᠠ ᠳᠤ ᠠᠷᠠᠳ ᠢ ᠪᠠᠶᠠᠵᠢᠭᠤᠯᠬᠤ ᠠᠵᠦ ᠣᠶᠢᠯᠡᠰ ᠢ ᠪᠦᠬᠦ ᠬᠦᠴᠦ ᠪᠠᠷ ᠬᠦᠭᠵᠢᠬᠦᠯᠦᠨ ᠪᠣᠵᠠᠭᠠᠶᠢᠷᠠᠭᠤᠯᠣᠨ᠎ᠠ᠃

ᠬᠦᠴᠢᠷᠳᠡᠯᠳᠠᠢ ᠤᠯᠡᠨ ᠲᠦᠮᠡᠨ ᠤ ᠶᠠᠳᠠᠭᠤ ᠠᠴᠠ ᠠᠩᠬᠢᠵᠢᠷᠠᠬᠤ ᠪᠡᠶᠡᠴᠢ ᠬᠦᠴᠦᠨ ᠢ ᠨᠡᠮᠡᠭᠳᠡᠭᠦᠯᠵᠦ᠂ ᠭᠠᠵᠠᠷ

ᠤᠷᠤᠨ᠂ ᠭᠠᠴᠠᠭ᠎ᠠ ᠲᠤᠰᠬᠤᠨ᠂ ᠠᠶᠢᠯ ᠡᠷᠤᠭᠡ ᠶᠢᠨ ᠪᠤᠳᠡᠳᠡᠢ ᠳᠤ ᠨᠡᠶᠢᠴᠡᠭᠦᠯᠦᠭᠰᠠᠨ ᠠᠷᠭ᠎ᠠ ᠪᠤᠳᠤᠯᠭ᠎ᠠ

ᠶᠠᠪᠤᠭᠳᠠᠭᠤᠯᠵᠦ᠂ ︽ᠨᠢᠭᠡ ᠭᠠᠴᠠᠭᠠᠨ ᠳᠤ ᠨᠢᠭᠡ ᠨᠡᠷᠡᠳᠦ ᠲᠡᠮᠳᠡᠭ︾ ᠶᠢᠨ ᠬᠡᠯᠪᠡᠷᠢ ᠪᠠᠷ ᠶᠠᠳᠠᠭᠤ ᠬᠦᠴᠢᠷᠳᠡᠯᠳᠠᠢ

ᠬᠦᠮᠦᠰ ᠤᠨ ᠣᠯᠠᠨ ᠲᠠᠯᠠᠴᠢ ᠠᠵᠦ ᠣᠶᠢᠯᠡᠰ ᠬᠦᠭᠵᠢᠬᠦᠯᠬᠦ ᠶᠢ ᠬᠦᠴᠦᠯᠡᠨ ᠳᠡᠮᠵᠢᠵᠦ᠂ ᠴᠢᠨᠡᠭᠡᠯᠢᠭᠵᠢᠯ ᠤᠨ ᠠᠵᠦ

ᠣᠶᠢᠯᠡᠰ ᠤᠨ ᠶᠠᠳᠠᠭᠤ ᠬᠦᠴᠢᠷᠳᠡᠯᠳᠠᠢ ᠡᠷᠦᠬᠡ ᠶᠢ ᠨᠡᠶᠢᠳᠡᠮ ᠪᠦᠷᠬᠦᠬᠦ ᠶᠢ ᠪᠡᠶᠡᠯᠡᠬᠦᠯᠦᠨ᠎ᠠ᠃ ᠲᠠᠷᠢᠶᠠᠯᠡᠩ ᠮᠠᠯ ᠠᠵᠤ

ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠳᠠ᠂ ᠲᠤᠰᠬᠠᠢ ᠮᠡᠷᠭᠡᠵᠢᠯ ᠤᠨ ᠲᠤᠮᠤ ᠡᠷᠤᠭᠡ ᠶᠢᠨ ᠲᠠᠭᠠᠭᠤᠯᠬᠤ

ᠦᠢᠯᠡᠳᠦᠯ ᠢ ᠬᠦᠢᠴᠡᠳ ᠪᠠᠳᠠᠷᠠᠭᠤᠯᠵᠦ᠂ ︽ᠺᠤᠮᠫᠠᠨᠢ + ᠬᠤᠷᠰᠢᠶᠡᠵᠢᠯ + ᠬᠦᠴᠢᠷᠳᠡᠯᠳᠠᠢ ᠡᠷᠦᠬᠡ︾ ᠵᠡᠷᠭᠡ

ᠬᠡᠯᠪᠡᠷᠢ ᠪᠠᠷ ᠲᠡᠮᠵᠢᠵᠦ᠂ ᠶᠠᠳᠠᠭᠤ ᠡᠷᠤᠭᠡ ᠶᠢᠨ ᠦᠢᠯᠡᠳᠪᠤᠷᠢᠯᠡᠯ ᠡᠵᠡᠩᠨᠡᠯᠳᠡ ᠶᠢ ᠠᠵᠤ ᠦᠢᠯᠡᠰᠵᠢᠭᠦᠯᠦᠯᠳᠡ ᠶᠢᠨ

ᠬᠡᠯᠬᠢᠶᠠᠨ ᠳᠤ ᠤᠷᠤᠭᠤᠯᠵᠦ᠂ ᠤᠷᠤᠯᠭ᠎ᠠ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠵᠦ᠂  ᠬᠦᠴᠢᠷᠳᠡᠯᠳᠠᠢ ᠭᠡᠷ ᠪᠦᠯᠢ

 ᠶᠢᠨ ᠤᠷᠤᠯᠭ᠎ᠠ ᠶᠢ ᠯᠠᠪᠳᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ᠃

︵ᠵᠢᠷᠭᠤᠭ᠎ᠠ︶ ᠪᠤᠬᠢᠷᠳᠦᠯ ᠦᠭᠡᠢ ᠬᠦᠭᠵᠢᠯᠳᠡ ᠢᠶᠠᠷ ᠠᠶᠢᠵᠢᠮ ᠪᠣᠯᠭᠠᠵᠦ᠂ ᠠᠮᠢ ᠠᠬᠤᠢ ᠶᠢᠨ ᠪᠤᠯᠪᠠᠰᠦᠨ ᠤ

ᠪᠦᠳᠦᠭᠡᠨ ᠪᠠᠶᠢᠭᠤᠯᠤᠯᠳᠠ ᠶᠢᠨ ᠬᠦᠴᠦᠯᠡᠴᠨ ᠪᠠᠨ ᠶᠡᠭᠡᠰᠭᠡᠨ᠎ᠡ

ᠪᠣᠬᠢᠷᠳᠠᠯ ᠦᠬᠡᠢ ᠬᠦᠭᠵᠢᠯᠳᠠ ᠶᠢᠨ ᠣᠶᠢᠯᠠᠭᠠᠭᠳᠠᠬᠤᠨ ᠢᠶᠠᠨ ᠨᠡᠮᠡᠭᠳᠡᠬᠦᠯᠵᠦ᠂ ᠠᠮᠢ ᠠᠬᠤᠢ ᠣᠷᠴᠢᠨ ᠳᠣᠭᠤᠷᠢᠨ ᠢ

ᠬᠠᠮᠠᠭᠠᠯᠠᠬᠤ ᠬᠤᠷᠢᠭ᠎ᠠ ᠱᠣᠭᠤᠮ ᠢ ᠪᠠᠳᠣᠳᠠᠢ ᠰᠠᠬᠢᠵᠦ᠂ ᠬᠠᠮᠠᠭᠠᠯᠠᠯᠳᠠ ᠪᠠ ᠬᠦᠭᠵᠢᠯᠳᠠ ᠶᠢᠨ ᠬᠤᠣᠰ ᠠᠮᠵᠢᠯᠳᠠ

 ᠶᠢ ᠣᠯᠬᠤ ᠪᠠᠷ ᠴᠢᠷᠮᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠰᠢᠨ᠎ᠡ ᠡᠭᠡᠯᠵᠢ ᠶᠢᠨ ᠨᠦᠬᠦᠪᠤᠷᠢ ᠮᠦᠩᠭᠦ

 ᠶᠢᠨ ᠲᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠬᠤ ᠶᠢ ᠪᠦᠬᠦ ᠳᠠᠯ᠎ᠠ ᠪᠠᠷ ᠠᠬᠢᠭᠤᠯᠵᠦ᠂ ᠲᠠᠯ᠎ᠠ ᠨᠤᠳᠤᠭ ᠤᠨ

ᠬᠠᠮᠢᠶᠠᠷᠤᠯᠳᠠ ᠪᠤᠯᠤᠨ ᠪᠡᠯᠨ ᠮᠦᠩᠭᠦᠨ ᠤ ᠬᠠᠮᠢᠶᠠᠷᠤᠯᠳᠠ ᠶᠢᠨ ᠬᠠᠮᠢᠶ᠎ᠠ ᠪᠦᠬᠦᠢ ᠴᠢᠩᠭ᠎ᠠ ᠳᠣᠳᠣᠷᠬᠠᠢ ᠳᠠᠭᠠᠯᠳᠠ

ᠲᠦᠷᠦ ᠶᠢᠨ ᠪᠣᠳᠣᠯᠭ᠎ᠠ ᠶᠢ ᠳᠣᠭᠳᠠᠭᠠᠵᠦ᠂ ᠳᠠᠯ᠎ᠠ ᠨᠣᠳᠤᠭ ᠤᠨ ᠬᠠᠣᠯᠢ ᠬᠡᠷᠡᠭᠵᠢᠬᠦᠯᠬᠦ ᠬᠢᠨᠠᠨ ᠬᠠᠮᠢᠶᠠᠷᠬᠤ

ᠬᠦᠴᠦᠯᠡᠴᠡ ᠪᠠᠨ ᠶᠡᠬᠡᠰᠬᠡᠵᠦ᠂ ᠪᠡᠯᠴᠢᠭᠡᠷᠯᠡᠬᠦᠯᠬᠦ ᠶᠢ ᠵᠣᠭᠰᠣᠭᠠᠬᠤ ᠠᠵᠢᠯᠯᠠᠭ᠎ᠠ ᠶᠢ ᠳᠦᠷᠢᠮᠵᠢᠬᠦᠯᠵᠦ᠂ ᠬᠢᠨᠠᠯᠳᠠ

ᠬᠠᠮᠢᠶᠠᠷᠣᠯᠳᠠ ᠨᠢ ᠳᠣᠣᠱᠳᠠᠢ᠂ ᠱᠠᠩᠨᠠᠯ ᠳᠣᠷᠭᠠᠭᠤᠯᠢ ᠨᠢ ᠳᠣᠳᠣᠷᠬᠠᠢ ᠪᠠᠶᠢᠬᠤ ᠶᠢ ᠪᠡᠶᠡᠯᠡᠬᠦᠯᠵᠦ᠂ ᠪᠡᠯᠴᠢᠭᠡᠷᠯᠡᠬᠦᠯᠬᠦ

 ᠶᠢ ᠬᠤᠷᠢᠭᠯᠠᠭᠰᠠᠨ ᠭᠠᠵᠠᠷ ᠲᠤ ᠦᠨᠡᠨᠬᠦ ᠪᠡᠯᠴᠢᠭᠡᠷᠯᠡᠬᠦᠯᠬᠦ ᠶᠢ ᠵᠣᠭᠰᠣᠭᠠᠵᠦ᠂ ᠳᠡᠩᠴᠡᠬᠦᠷᠢ ᠶᠢ ᠪᠠᠳᠣᠯᠠᠬᠤ ᠭᠠᠵᠠᠷ

 ᠲᠤ ᠦᠨᠡᠨᠬᠦ ᠳᠡᠩᠴᠡᠬᠦᠷᠢ ᠶᠢ ᠪᠠᠳᠣᠯᠠᠨ᠎ᠠ᠃ ᠳᠠᠯ᠎ᠠ ᠨᠣᠳᠤᠭ ᠢ ᠳᠠᠳᠠᠪᠦᠷᠢᠯᠠᠨ ᠡᠵᠡᠯᠡᠵᠦ ᠬᠡᠷᠡᠭᠯᠠᠬᠦ ᠶᠢ ᠬᠢᠨᠠᠨ

ᠪᠠᠶᠢᠴᠠᠭᠠᠬᠤ ᠬᠢᠨᠠᠨ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠬᠦᠯᠵᠦ᠂ ᠲᠠᠯ᠎ᠠ ᠨᠤᠳᠤᠭ ᠤᠨ ᠠᠮᠢ ᠠᠬᠤᠢ ᠶᠢ

ᠬᠦᠳᠡᠯᠦᠩᠭᠦᠢ ᠬᠢᠨᠠᠨ ᠰᠢᠯᠭᠠᠬᠤ ᠪᠤᠯᠤᠨ ᠪᠠᠶᠢᠳᠠᠯ ᠢ ᠲᠤᠭᠳᠠᠮᠠᠯ ᠬᠤᠭᠤᠴᠠᠭ᠎ᠠ ᠲᠠᠢ ᠵᠠᠷᠯᠡᠨ ᠨᠡᠶᠢᠳᠡᠯᠡᠬᠦ ᠲᠦᠷᠢᠮ ᠢ

ᠪᠠᠶᠢᠭᠤᠯᠵᠦ᠂ ᠲᠠᠯ᠎ᠠ ᠨᠤᠳᠤᠭ ᠤᠨ ᠠᠮᠢ ᠠᠬᠤᠢ ᠤᠨ ᠤᠷᠴᠢᠨ ᠲᠤᠭᠤᠷᠢᠨ ᠢ ᠡᠪᠳᠡᠨ ᠰᠦᠢᠳᠭᠡᠭᠰᠡᠨ

ᠬᠠᠷᠢᠭᠤᠴᠠᠯᠭ᠎ᠠ ᠶᠢ ᠨᠡᠭᠡᠮᠵᠢᠯᠡᠬᠦ ᠳᠣᠭᠳᠠᠴᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠪᠤᠰᠦ ᠪᠠᠷ ᠠᠳᠠᠷ

ᠬᠠᠭᠠᠯᠪᠤᠷᠢᠯᠠᠬᠤ᠂ ᠲᠤᠷ᠎ᠡ ᠪᠠᠷ ᠮᠠᠯᠳᠠᠬᠤ ᠵᠡᠷᠭᠡ ᠲᠠᠯ᠎ᠠ ᠨᠤᠳᠤᠭ ᠤᠨ ᠠᠮᠢ ᠠᠬᠤᠢ ᠶᠢ ᠡᠪᠳᠡᠭᠰᠡᠨ ᠦᠢᠯᠨ

ᠠᠵᠢᠯᠯᠠᠭ᠎ᠠ ᠶᠢ ᠡᠷᠡᠰ ᠲᠠᠰᠦ ᠬᠤᠷᠢᠭᠯᠠᠨ᠎ᠡ᠃ ᠵᠡᠷᠯᠢᠭ ᠠᠮᠢᠳᠠᠨ ᠢ ᠬᠠᠮᠠᠭᠠᠯᠠᠬᠤ ᠠᠵᠢᠯ ᠢ ᠴᠢᠩᠭᠠᠳᠬᠠᠵᠦ᠂ ᠵᠡᠷᠯᠢᠭ

ᠠᠮᠢᠳᠠᠨ ᠤ ᠡᠬᠢ ᠪᠠᠶᠠᠯᠢᠭ ᠢ ᠡᠪᠳᠡᠨ ᠰᠣᠶᠢᠳᠬᠡᠬᠦ ᠵᠡᠷᠭᠡ ᠬᠠᠣᠯᠢ ᠵᠦᠷᠢᠴᠡᠭᠰᠡᠨ ᠪᠣᠶᠣ ᠶᠠᠯᠠᠳᠣ ᠠᠵᠢᠯᠯᠠᠭ᠎ᠠ ᠳᠤ

ᠴᠢᠩᠭ᠎ᠠ ᠴᠣᠬᠢᠯᠳᠠ ᠦᠭᠬᠦᠨ᠎ᠠ᠃ ᠣᠰᠣ ᠬᠡᠷᠡᠭᠯᠡᠬᠦ ᠶᠠᠷᠤᠩᠬᠡᠢ ᠭᠡᠮᠵᠢᠶ᠎ᠡ ᠶᠢ ᠬᠢᠵᠠᠭᠠᠷᠯᠠᠨ ᠡᠵᠡᠮᠳᠡᠬᠦ᠂ ᠤᠰᠦᠨ ᠤ

ᠠᠰᠢᠭᠯᠠᠮᠵᠢ ᠶᠢᠨ ᠬᠢᠵᠠᠭᠠᠷᠯᠡᠯ ᠪᠠ ᠤᠰᠦᠨ ᠴᠢᠳᠠᠪᠬᠢ ᠶᠢᠨ ᠤᠷᠤᠨ ᠤ ᠪᠤᠬᠢᠷᠳᠦᠯ ᠤᠨ ᠬᠢᠵᠠᠭᠠᠷᠯᠡᠯ ᠬᠡᠮᠵᠢᠶ᠎ᠡ ᠵᠡᠷᠭᠡ

︽ᠭᠤᠷᠪᠡᠨ ᠬᠢᠵᠠᠭᠠᠷᠯᠡᠯ︾ ᠢ ᠬᠢᠨᠠᠨ ᠰᠢᠯᠭᠠᠬᠤ ᠬᠠᠮᠢᠶᠠᠷᠤᠯᠳᠠ ᠶᠢᠨ ᠲᠦᠷᠢᠮ ᠢ ᠴᠢᠩᠭᠠᠳᠬᠠᠨ᠎ᠠ᠃ ᠪᠡᠭᠡᠵᠢᠩ

ᠲᠢᠶᠠᠨᠵᠢᠨ ᠤ ᠡᠯᠡᠰᠦᠨ ᠤ ᠡᠭᠦᠰᠦᠯ ᠤᠨ ᠭᠠᠵᠠᠷ ᠤᠷᠤᠨ ᠢ 14.25 ᠲᠦᠮᠡᠨ ᠵᠠᠰᠠᠬᠤ ᠪᠤᠯᠤᠨ 1000 ᠮᠤ᠋

ᠭᠤᠤᠯᠳᠠᠯᠭ᠎ᠠ ᠲᠠᠢ ᠭᠠᠵᠠᠷ ᠤᠷᠤᠨ ᠤ ᠦᠢᠵᠢᠭᠤᠯᠤᠯᠳᠠ ᠶᠢᠨ ᠢᠨᠵᠧᠨᠧᠷᠢᠩ ᠢ ᠨᠠᠷᠢᠨ ᠨᠢᠮᠪᠠᠢ ᠵᠣᠬᠢᠶᠠᠨ

ᠪᠠᠶᠢᠭᠤᠯᠣᠨ ᠬᠡᠷᠡᠭᠵᠢᠭᠦᠯᠵᠦ᠂ ᠤᠢ ᠰᠢᠭᠤᠢ ᠶᠢᠨ ᠲᠦᠢᠮᠡᠷ ᠰᠡᠷᠬᠡᠶᠢᠯᠡᠬᠦ ᠦᠷᠳᠡᠭᠡᠨ ᠤ ᠲᠦᠷᠦᠯ ᠵᠦᠢᠯ ᠤᠨ

ᠪᠦᠳᠦᠭᠡᠨ ᠪᠠᠶᠢᠭᠤᠯᠤᠯᠳᠠ ᠶᠢ ᠡᠬᠢᠯᠡᠭᠦᠯᠵᠦ᠂ ᠮᠢᠩᠭᠠᠳᠦ ᠪᠠᠯᠭᠠᠰᠦᠨ ᠤ ᠪᠠᠷᠠᠭᠤᠨ ᠭᠡᠰᠡᠭ ᠤᠨ ᠴᠢᠭᠢᠭᠯᠢᠭ ᠭᠠᠵᠠᠷ

 ᠤᠨ ᠠᠮᠢ ᠠᠬᠤᠢ ᠶᠢᠨ ᠰᠡᠷᠭᠦᠭᠡᠯᠳᠡ ᠶᠢᠨ ᠢᠨᠵᠧᠨᠧᠷᠢᠩ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠳᠡᠢ

ᠠᠬᠢᠭᠤᠯᠤᠨ᠎ᠡ᠃ ︽ᠭᠤᠷᠪᠡᠨ ᠤᠷᠤᠨ ᠬᠤᠶᠠᠷ ᠱᠤᠭᠤᠮ︾ ᠤᠨ ᠲᠤᠭᠤᠷᠢᠨ ᠳᠤ 251.6 ᠡᠾᠧᠺᠲ᠋ᠡᠷ ᠭᠠᠵᠠᠷ

ᠰᠢᠷᠦᠢ ᠶᠢ ᠵᠠᠰᠠᠨ ᠰᠠᠶᠢᠵᠢᠷᠠᠭᠤᠯᠵᠦ᠂ 49.13 ᠡᠾᠧᠺᠲ᠋ᠡᠷ ᠠᠭᠤᠷᠬᠠᠢ ᠶᠢᠨ ᠤᠷᠴᠢᠨ ᠲᠤᠭᠤᠷᠢᠨ ᠢ ᠵᠠᠰᠠᠨ

ᠰᠡᠷᠭᠦᠭᠡᠨ᠎ᠠ᠃ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ ᠬᠠᠮᠤᠭ ᠴᠢᠩᠭ᠎ᠠ ᠪᠠᠷ ᠬᠡᠷᠡᠭᠵᠢᠭᠦᠯᠵᠦ᠂ ᠤᠷᠴᠢᠨ

ᠲᠤᠭᠤᠷᠢᠨ ᠤ ᠴᠢᠨᠠᠷ ᠴᠢᠨᠰᠠᠭ᠎ᠠ ᠶᠢ ᠰᠡᠶᠢᠵᠢᠷᠠᠭᠤᠯᠬᠤ ᠶᠢ ᠤᠯᠠᠮ ᠴᠢᠩᠭ᠎ᠠ ᠠᠳᠬᠤᠵᠦ᠂ ᠲᠦᠷᠦᠯ ᠵᠦᠢᠯ ᠢ ᠴᠢᠩᠭ᠎ᠠ

ᠬᠢᠨᠠᠵᠦ᠂ ᠤᠷᠴᠢᠨ ᠲᠤᠭᠤᠷᠢᠨ ᠤ ᠨᠢᠭᠤᠭᠳᠠᠮᠠᠯ ᠠᠰᠠᠭᠤᠳᠡᠯ ᠢ ᠪᠠᠶᠢᠴᠠᠭᠠᠨ ᠴᠡᠭᠴᠡᠯᠡᠬᠦ ᠠᠵᠢᠯ ᠢ ᠴᠢᠩᠭᠠᠳᠬᠠᠵᠦ᠂

ᠠᠭᠠᠷ᠂ ᠤᠰᠦ᠂ ᠬᠦᠷᠦᠰᠦ ᠰᠢᠷᠦᠢ ᠶᠢᠨ ᠪᠤᠬᠢᠷᠳᠦᠯ ᠢ ᠶᠠᠷᠤᠩᠬᠡᠶᠢᠯᠡᠨ ᠰᠡᠷᠬᠡᠶᠢᠯᠡᠨ ᠪᠠᠶᠢᠴᠠᠭᠠᠬᠤ ᠠᠵᠢᠯ ᠢ

ᠬᠦᠨᠵᠡᠭᠡᠢ ᠦᠷᠨᠢᠭᠦᠯᠣᠨ᠎ᠠ᠃ ᠪᠤᠵᠡᠷ ᠤᠰᠦᠨ ᠤ ᠰᠶᠢᠳᠪᠤᠷᠢᠯᠡᠯᠳᠡ ᠶᠢ ᠰᠦᠯᠵᠢᠶᠡᠨ ᠲᠡᠭᠡᠷ᠎ᠡ ᠠᠴᠠ ᠬᠢᠨᠠᠨ

ᠪᠠᠶᠢᠴᠠᠭᠠᠬᠤ ᠲᠦᠭᠦᠭᠡᠷᠦᠮᠵᠢ ᠶᠢ ᠬᠠᠯᠠᠨ ᠦᠭᠡᠷᠡᠴᠢᠯᠡᠬᠦ ᠠᠵᠢᠯ ᠢ ᠦᠨᠤ ᠵᠢᠯ ᠳᠡᠭᠡᠨ ᠬᠦᠢᠴᠡᠳᠭᠡᠵᠦ᠂

ᠲᠤᠭᠳᠠᠪᠤᠷᠢᠳᠡᠢ ᠠᠵᠢᠯᠯᠠᠭᠤᠯᠵᠦ᠂ ᠪᠠᠷᠢᠮᠵᠢᠶ᠎ᠡ ᠳᠤ ᠨᠡᠶᠢᠴᠡᠬᠦ ᠶᠢ ᠪᠡᠶᠡᠯᠡᠭᠦᠯᠦᠨ᠎ᠡ᠃

︵ᠲᠤᠯᠤᠭ᠎ᠠ︶ ᠲᠤᠯᠭᠠᠭᠤᠷᠢ ᠬᠦᠴᠦᠨ ᠢᠶᠠᠨ ᠪᠠᠬᠢᠯᠡᠬᠦ ᠪᠠᠷ ᠬᠠᠷᠠᠯᠳᠠ ᠪᠠᠨ ᠪᠤᠯᠭᠠᠵᠦ᠂ ᠬᠤᠳᠠ ᠬᠦᠳᠡᠭᠡ ᠶᠢᠨ

ᠵᠣᠬᠢᠴᠠᠩᠭᠤᠢ ᠬᠦᠭᠵᠢᠯᠳᠠ ᠶᠢ ᠨᠢᠭᠡᠳᠦᠯᠳᠠᠢ ᠲᠦᠯᠦᠪᠯᠡᠨ᠎ᠠ

ᠨᠢᠭᠡ ᠳᠤ ᠰᠠᠭᠤᠷᠢ ᠳᠦᠬᠦᠭᠡᠷᠦᠮᠵᠢ ᠶᠢᠨ ᠳᠣᠣᠷᠵᠢᠯ ᠤᠨ ᠪᠠᠶᠢᠭᠤᠯᠣᠯᠳᠠ ᠶᠢᠨ ᠳᠡᠬᠦᠯᠳᠡᠷᠵᠢᠯ ᠢ ᠳᠦᠷᠭᠡᠳᠬᠡᠨ᠎ᠠ᠃

ᠦᠪᠡᠷᠳᠡᠭᠡᠨ ᠵᠠᠰᠠᠬᠤ ᠤᠷᠤᠨ ᠤ ᠲᠤᠯᠤᠭᠠᠨ ᠶᠡᠭᠡ ᠲᠤᠤᠷᠵᠢᠯ ᠢ ᠪᠠᠶᠢᠭᠤᠯᠬᠤ ᠵᠠᠪᠰᠢᠶᠠᠨ ᠳᠣᠬᠢᠶᠠᠯ ᠢᠶᠠᠷ

ᠬᠦᠭᠵᠢᠯᠳᠠ ᠶᠢᠨ ᠳᠣᠮᠳᠠᠬᠢ ᠳᠣᠳᠠᠭᠳᠠᠯ ᠢᠶᠠᠨ ᠬᠦᠴᠦᠯᠡᠨ ᠨᠦᠬᠦᠪᠦᠷᠢᠯᠡᠵᠦ᠂ ᠬᠦᠭᠵᠢᠯᠳᠠ ᠶᠢ ᠳᠣᠯᠭᠠᠭᠤᠷᠢᠯᠠᠬᠤ

ᠴᠢᠳᠠᠪᠦᠷᠢ ᠪᠠᠨ ᠳᠡᠭᠡᠭᠰᠢᠯᠡᠬᠦᠯᠦᠨ᠎ᠠ᠃ ᠲᠡᠮᠤᠷ ᠵᠠᠮ ᠤᠨ ᠲᠠᠯ᠎ᠠ ᠪᠠᠷ᠄ ᠵᠢᠢ ᠲᠦᠡᠭ ᠲᠡᠮᠤᠷ ᠵᠠᠮ ᠤᠨ

ᠴᠠᠬᠢᠯᠭᠠᠨᠵᠢᠭᠤᠯᠣᠯᠳᠠ ᠶᠢᠨ ᠦᠭᠡᠷᠡᠴᠢᠯᠡᠯᠳᠡ ᠶᠢᠨ ᠡᠬᠢᠨ ᠤ ᠬᠤᠭᠤᠴᠠᠭᠠᠨ ᠤ ᠠᠵᠢᠯ ᠢ ᠲᠦᠷᠭᠡᠳᠭᠡᠵᠦ᠂ ᠳᠡᠬᠦᠨ ᠤ

ᠠᠵᠢᠯ ᠢᠶᠠᠨ ᠬᠤᠷᠳᠣᠬᠠᠨ ᠡᠬᠢᠯᠡᠭᠦᠯᠬᠦ ᠶᠢ ᠴᠢᠷᠮᠠᠶᠢᠨ ᠬᠠᠪᠰᠣᠷᠣᠨ᠎ᠠ᠂ ᠰᠢᠯᠤᠭᠤᠨ ᠬᠦᠪᠡᠭᠡᠳᠦ ᠴᠠᠭᠠᠨ ᠬᠤᠰᠢᠭᠤᠨ ︵

ᠵᠢᠢ ᠲᠦᠡᠭ ᠲᠡᠮᠤᠷ ᠵᠠᠮ︶ ᠠᠴᠠ ᠲᠠᠶᠢᠪᠤᠰᠧ ᠬᠤᠰᠢᠭᠤ ︵ᠰᠢ ᠵᠡᠩ ᠲᠡᠮᠤᠷ ᠵᠠᠮ︶ ᠬᠦᠷᠬᠦ ᠲᠡᠮᠤᠷ ᠵᠠᠮ ᠤᠨ

ᠪᠠᠶᠢᠭᠤᠯᠤᠯᠳᠠ ᠶᠢᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠪᠦᠬᠦ ᠠᠶᠢᠮᠠᠭ ᠤᠨ

ᠲᠦᠯᠦᠪᠯᠡᠭᠡᠨ ᠳᠤ ᠤᠷᠤᠭᠤᠯᠬᠤ ᠪᠠᠷ ᠴᠢᠷᠮᠠᠶᠢᠨ᠎ᠡ᠃ ᠵᠠᠰᠠᠮᠠᠯ ᠵᠠᠮ ᠤᠨ ᠲᠠᠯ᠎ᠠ ᠪᠠᠷ᠄ ᠤᠯᠤᠰ ᠤᠨ ᠳᠡᠰ ᠤᠨ ᠵᠠᠰᠠᠮᠠᠯ

ᠵᠠᠮ 510 ᠱᠤᠭᠤᠮ ᠤᠨ ᠪᠠᠶᠢᠭᠤᠯᠤᠯᠳᠡ ᠶᠢᠨ ᠠᠵᠢᠯ ᠢ ᠪᠡᠶᠡᠯᠡᠭᠦᠯᠵᠦ᠂ ᠳᠡᠷᠭᠡ ᠨᠡᠪᠳᠡᠷᠡᠬᠦ ᠶᠢ ᠪᠠᠳᠤᠯᠡᠨ᠎ᠡ᠂

ᠭᠠᠴᠠᠭ᠎ᠠ ᠲᠤᠰᠬᠤᠨ ᠳᠤ ᠨᠡᠪᠳᠡᠷᠡᠬᠦ 305 ᠺᠢᠯᠤᠮᠧᠲᠷ ᠤᠨ ᠴᠡᠷᠳᠡᠮᠡᠯ ᠵᠠᠮ ᠱᠦᠢᠨᠢ ᠵᠠᠮ ᠤᠨ ᠲᠦᠷᠦᠯ ᠵᠦᠢᠯ᠂

ᠬᠦᠳᠡᠯᠮᠦᠷᠢ ᠪᠠᠷ ᠳᠡᠳᠬᠦᠮᠵᠢ ᠶᠢ ᠣᠷᠣᠯᠠᠭᠤᠯᠬᠤ ᠵᠠᠰᠠᠮᠠᠯ ᠵᠠᠮ ᠤᠨ ᠲᠦᠷᠦᠯ ᠵᠦᠢᠯ ᠪᠤᠯᠤᠨ ᠬᠦᠳᠡᠭᠡ ᠲᠤᠰᠬᠤᠨ ᠤ

ᠵᠠᠰᠠᠮᠠᠯ ᠵᠠᠮ ᠢ ᠬᠠᠮᠠᠭᠠᠯᠠᠨ ᠬᠠᠮᠢᠶᠠᠷᠬᠤ ᠲᠦᠷᠦᠯ ᠵᠦᠢᠯ ᠢ ᠬᠡᠷᠡᠭᠵᠢᠭᠦᠯᠦᠨ᠎ᠡ᠂ ᠮᠢᠩᠭᠠᠳᠦ ᠪᠠᠯᠭᠠᠰᠦᠨ ᠤ

ᠬᠤᠶᠠᠳᠤᠭᠠᠷ ᠲᠡᠰ ᠤᠨ ᠮᠠᠰᠢᠨ ᠲᠡᠷᠭᠡᠨ ᠤ ᠦᠷᠳᠡᠭᠡ ᠪᠠᠶᠢᠭᠤᠯᠬᠤ ᠲᠦᠷᠦᠯ ᠵᠦᠢᠯ ᠤᠨ ᠡᠬᠢᠨ ᠤ ᠬᠤᠭᠤᠴᠠᠭᠠᠨ ᠤ

ᠠᠵᠢᠯ ᠢ ᠪᠡᠶᠡᠯᠡᠭᠦᠯᠦᠨ᠎ᠡ᠂ ᠮᠤᠵᠢ ᠶᠢᠨ ᠳᠡᠰ ᠤᠨ ᠵᠠᠰᠠᠮᠠᠯ ᠵᠠᠮ 313 ᠱᠤᠭᠤᠮ ︵ᠮᠢᠩᠭᠠᠳᠦ ᠠᠴᠠ ᠰᠢᠨᠡᠪᠤᠯᠠᠭ

ᠬᠦᠷᠬᠦ ᠭᠡᠰᠡᠭ︶᠂ ᠮᠤᠵᠢ ᠶᠢᠨ ᠳᠡᠰ ᠤᠨ ᠵᠠᠰᠠᠮᠠᠯ ᠵᠠᠮ 222 ᠱᠤᠭᠤᠮ ︵ᠮᠢᠩᠭᠠᠳᠦ ᠠᠴᠠ ᠤᠯᠠᠭᠠᠨᠴᠡᠪ ᠬᠦᠷᠬᠦ

ᠭᠡᠰᠡᠭ︶ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠡᠷᠳᠡᠭᠡᠨ ᠠᠵᠢᠯ ᠡᠬᠢᠯᠡᠭᠦᠯᠬᠦ ᠶᠢ ᠠᠬᠢᠭᠤᠯᠣᠨ᠎ᠠ

᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠠᠴᠠ ᠲᠡᠶᠢᠪᠤᠰᠧ ᠬᠤᠰᠢᠭᠤ ᠬᠦᠷᠬᠦ ᠳᠡᠭᠡᠳᠦ ᠳᠡᠰ ᠤᠨ ᠵᠠᠮ ᠤᠨ

ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠬᠦᠯᠵᠦ᠂ ᠲᠦᠯᠦᠪᠵᠢᠬᠦᠯᠦᠯᠭᠡ ᠳᠤ ᠡᠷᠳᠡᠬᠡᠨ

ᠤᠷᠤᠭᠤᠯᠬᠤ ᠪᠠᠷ ᠴᠢᠷᠮᠠᠶᠢᠨ᠎ᠡ᠃ ᠴᠡᠬᠢᠯᠭᠠᠨ ᠬᠦᠴᠦᠨ ᠤ ᠲᠠᠯ᠎ᠠ ᠪᠠᠷ᠄ 110 ᠺᠢᠯᠤᠸᠠᠲ ᠶᠢᠨ ᠴᠠᠬᠢᠯᠭᠠᠨ

ᠬᠤᠪᠢᠰᠬᠤ ᠲᠡᠮᠵᠢᠭᠤᠯᠬᠤ ᠦᠷᠳᠡᠭᠡ ᠶᠢ ᠰᠢᠨ᠎ᠡ ᠪᠠᠷ 1 ᠶᠢ ᠪᠠᠶᠢᠭᠤᠯᠵᠦ᠂ ᠬᠤᠶᠢᠳᠦ ᠭᠡᠰᠡᠭ ᠤᠨ ᠡᠯᠡᠰᠤᠷᠭᠡᠭ

ᠤᠷᠤᠨ ᠤ ᠳᠣᠣᠷᠵᠢᠯ ᠤᠨ ᠴᠠᠬᠢᠯᠭᠠᠨ ᠨᠡᠪᠳᠡᠷᠡᠬᠦ ᠨᠣᠷᠮ᠎ᠠ ᠶᠢ ᠨᠡᠮᠡᠭᠳᠡᠭᠦᠯᠵᠦ᠂ ᠬᠤᠳᠠ ᠪᠠᠯᠭᠠᠰᠣᠨ ᠤ ᠭᠡᠰᠡᠭ ᠭᠠᠵᠠᠷ

ᠤᠷᠤᠨ ᠤ ᠬᠤᠤᠰ ᠴᠡᠬᠢᠯᠭᠠᠨ ᠬᠠᠩᠭᠠᠯᠭ᠎ᠠ ᠶᠢ ᠪᠡᠶᠡᠯᠡᠭᠦᠯᠵᠦ᠂ ᠬᠤᠳᠡ ᠬᠦᠳᠡᠭᠡ ᠶᠢᠨ ᠨᠡᠩ ᠲᠤᠭᠳᠠᠪᠤᠷᠢᠳᠡᠢ

ᠪᠦᠭᠡᠳ ᠠᠮᠤᠷ ᠲᠦᠪᠰᠢᠨ ᠴᠡᠬᠢᠯᠭᠠᠨ ᠲᠤᠤᠷ ᠤᠨ ᠪᠦᠳᠦᠴᠨ ᠶᠢ ᠪᠠᠶᠢᠭᠤᠯᠤᠨ᠎ᠡ᠃ ᠪᠠᠷᠠᠭᠤᠨ ᠰᠦᠨᠢᠳ ᠠᠴᠠ

ᠰᠢᠯᠤᠭᠤᠨ ᠴᠠᠭᠠᠨ ᠬᠦᠷᠬᠦ 500 ᠺᠢᠯᠤᠸᠠᠲ ᠶᠢᠨ ᠭᠡᠳᠦ ᠦᠨᠳᠦᠷ ᠬᠦᠴᠦᠳᠡᠯᠳᠦ ᠴᠡᠬᠢᠯᠭᠠᠨ ᠲᠡᠮᠵᠢᠭᠤᠯᠬᠤ

ᠱᠤᠭᠤᠮ ᠤᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠤᠨ ᠠᠵᠢᠯ ᠢ ᠬᠠᠪᠰᠤᠷᠦᠨ ᠬᠦᠢᠴᠡᠳᠭᠡᠨ᠎ᠡ᠃

ᠤᠰᠦᠨ ᠠᠰᠢᠭᠯᠠᠯᠳᠠ ᠶᠢᠨ ᠲᠠᠯ᠎ᠠ ᠪᠠᠷ᠄ 8.23 ᠺᠢᠯᠤᠮᠧᠲᠷ ᠲᠤᠮᠳᠠ ᠪᠠᠭ᠎ᠠ ᠤᠷᠤᠰᠬᠠᠯ ᠢ ᠵᠠᠰᠠᠬᠤ ᠢᠨᠵᠧᠨᠧᠷᠢᠩ᠂

7 ᠺᠢᠯᠤᠮᠧᠲᠷ ᠤᠨ ᠦᠶᠡᠷ ᠢ ᠰᠡᠷᠬᠡᠶᠢᠯᠡᠬᠦ ᠢᠨᠵᠧᠨᠧᠷᠢᠩ ᠪᠤᠯᠤᠨ ᠤᠰᠦᠨ ᠤ ᠡᠬᠢ ᠪᠠᠶᠠᠯᠢᠭ ᠢ ᠬᠢᠨᠠᠨ ᠪᠠᠶᠢᠴᠠᠭᠠᠨ

ᠦᠨᠡᠯᠡᠬᠦ ᠢᠨᠵᠧᠨᠧᠷᠢᠩ ᠢ ᠪᠡᠶᠡᠯᠡᠭᠦᠯᠵᠦ᠂ ᠦᠶᠡᠷ ᠢ ᠰᠡᠷᠬᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨᠴᠢ

ᠰᠢᠰᠲ᠋ᠧᠮ ᠢ ᠬᠦᠴᠦᠯᠡᠨ ᠪᠠᠶᠢᠭᠤᠯᠣᠨ᠎ᠠ᠃ ᠲᠠᠷᠢᠶᠠᠯᠠᠬᠤ ᠮᠠᠯᠵᠢᠬᠤ ᠤᠷᠤᠨ ᠤ ᠤᠤᠭᠤᠬᠤ ᠤᠰᠦᠨ ᠤ ᠠᠮᠤᠷ

ᠲᠦᠪᠰᠢᠨ ᠢ ᠪᠠᠳᠤᠳᠡᠢ ᠲᠡᠭᠡᠭᠰᠢᠯᠡᠭᠦᠯᠦᠭᠰᠡᠨ ᠤ ᠰᠠᠭᠤᠷᠢᠨ ᠲᠡᠭᠡᠷ᠎ᠡ ᠤᠰᠦᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ

ᠢᠨᠵᠧᠨᠧᠷᠢᠩ ᠶᠢ ᠡᠬᠢᠯᠡᠭᠦᠯᠵᠦ᠂ ᠲᠠᠷᠢᠶᠠᠯᠠᠬᠤ ᠮᠠᠯᠵᠢᠬᠤ ᠤᠷᠤᠨ ᠤ ᠬᠢᠨ ᠤ ᠤᠤᠭᠤᠬᠤ ᠤᠰᠦᠨ ᠤ ᠬᠦᠴᠢᠷᠳᠡᠯ

ᠪᠤᠯᠤᠨ ᠣᠰᠣᠨ ᠤ ᠠᠮᠤᠷ ᠲᠦᠪᠰᠢᠨ ᠤ ᠠᠰᠠᠭᠤᠳᠡᠯ ᠢ ᠰᠶᠢᠳᠪᠤᠷᠢᠯᠡᠨ᠎ᠡ᠃ ᠴᠢᠮᠡᠭᠡ ᠵᠠᠩᠬᠢ ᠨᠡᠪᠳᠡᠷᠡᠭᠦᠯᠭᠡ ᠶᠢᠨ

ᠲᠠᠯ᠎ᠠ ᠪᠠᠷ᠄ ᠪᠦᠬᠦ ᠠᠶᠢᠮᠠᠭ ᠤᠨ ᠴᠢᠮᠡᠭᠡ ᠵᠠᠩᠬᠢ ᠶᠢᠨ ᠡᠬᠢ ᠪᠠᠶᠠᠯᠢᠭ ᠢ ᠬᠠᠮᠳᠤᠳᠬᠠᠨ ᠡᠳ᠋ᠯᠡᠬᠦ ᠵᠢᠴᠢ ᠲᠤᠮᠤ

ᠳ᠋ᠡᠶᠢᠲᠨ ᠠᠵᠤ ᠦᠢᠯᠡᠰ ᠤᠨ ᠠᠵᠢᠯ ᠤᠨ ᠬᠦᠭᠵᠢᠯᠳᠡ ᠶᠢᠨ ᠱᠠᠭᠠᠷᠳᠡᠯᠭ᠎ᠠ ᠶᠤᠰᠤᠭᠠᠷ᠂ ᠪᠦᠬᠦ ᠬᠤᠰᠢᠭᠤᠨ ᠤ ᠵᠠᠰᠠᠭ

 ᠤᠨ ᠶᠠᠪᠤᠳᠡᠯ ᠤᠨ ᠴᠢᠮᠡᠭᠡ ᠵᠠᠩᠬᠢ ᠶᠢᠨ ᠰᠢᠰᠲ᠋ᠧᠮ ᠪᠠ ᠨᠡᠶᠢᠳᠡ ᠶᠢᠨ ᠲᠤᠭ᠎ᠠ ᠪᠠᠷᠢᠮᠳᠡ ᠶᠢ ᠨᠡᠭᠡᠭᠡᠯᠳᠡᠢ ᠪᠠᠷ ᠡᠳ᠋ᠯᠡᠬᠦ

 ᠶᠢ ᠢᠳᠡᠪᠬᠢᠳᠡᠢ ᠠᠬᠢᠭᠤᠯᠵᠦ᠂ ᠴᠢᠮᠡᠭᠡ ᠵᠠᠩᠬᠢ ᠶᠢᠨ ᠠᠷᠠᠳ ᠲᠤ ᠲᠤᠰᠠᠯᠠᠨ ᠠᠷᠠᠳ ᠲᠤ ᠦᠢᠯᠡᠴᠢᠯᠡᠬᠦ ᠴᠢᠳᠠᠪᠤᠷᠢ

 ᠶᠢ ᠲᠡᠭᠡᠭᠰᠢᠯᠡᠭᠦᠯᠦᠨ᠎ᠡ᠃ ᠬᠦᠳᠡᠭᠡ ᠲᠤᠰᠬᠤᠨ ᠵᠢᠴᠢ ᠪᠦᠢᠳᠡ ᠪᠦᠭᠯᠡᠭᠦᠤ ᠤᠷᠤᠨ ᠤ ᠢᠨᠲ᠋ᠧᠷ ᠰᠦᠯᠵᠢᠶ᠎ᠡ ᠴᠢᠮᠡᠭᠡ

ᠵᠠᠩᠬᠢ ᠶᠢᠨ ᠨᠡᠶᠢᠳᠡᠮ ᠪᠦᠷᠭᠦᠭᠦᠯᠳᠡ ᠶᠢ ᠠᠬᠢᠭᠤᠯᠵᠦ᠂ ᠤᠯᠡᠨ ᠰᠦᠯᠵᠢᠶ᠎ᠡ ᠤᠶᠠᠯᠳᠦᠨ ᠬᠦᠭᠵᠢᠭᠰᠡᠨ᠂

ᠶᠠᠷᠤᠩᠬᠡᠶᠢᠯᠡᠨ ᠤᠶᠤᠨᠴᠢᠯᠠᠭᠰᠠᠨ ᠴᠢᠮᠡᠭᠡ ᠵᠠᠩᠬᠢ ᠶᠢᠨ ᠰᠠᠭᠤᠷᠢ ᠲᠦᠭᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠡ᠃

ᠬᠤᠶᠠᠷ ᠲᠤ ᠬᠤᠳᠠ ᠪᠠᠯᠭᠠᠰᠣ ᠶᠢ ᠨᠡᠭᠡᠭᠡᠨ ᠬᠦᠭᠵᠢᠬᠦᠯᠬᠦ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ︽

ᠤᠷᠤᠨ ᠤ ᠲᠡᠰ ᠠᠮᠢ ᠠᠬᠤᠢ ᠶᠢᠨ ᠴᠡᠴᠡᠷᠯᠢᠭᠳᠦ ᠬᠤᠳᠠ ᠪᠠᠯᠭᠠᠰᠦ︾ ᠶᠢ ᠪᠦᠳᠦᠭᠡᠨ ᠪᠠᠶᠢᠭᠤᠯᠵᠦ᠂ ᠠᠮᠢ ᠠᠬᠤᠢ

ᠰᠡᠶᠢᠨ᠂ ᠤᠷᠤᠰᠢᠨ ᠠᠮᠢᠳᠤᠷᠠᠬᠤ ᠳᠤ ᠲᠤᠬᠢᠷᠠᠮᠵᠢᠳᠡᠢ᠂ ᠦᠪᠡᠷᠮᠢᠴᠨ ᠤᠨᠴᠠᠯᠢᠭ ᠲᠠᠢ ᠪᠠᠯᠭᠠᠰᠦ ᠶᠢ ᠪᠦᠳᠦᠭᠡᠨ

ᠪᠠᠶᠢᠭᠤᠯᠬᠤ ᠪᠠᠷ ᠬᠠᠷᠠᠯᠳᠠ ᠪᠤᠯᠭᠠᠨ 4.84 ᠳ᠋ᠦᠡᠭᠰᠢᠭᠤᠷ ᠲᠦᠭᠦᠷᠢᠭ ᠤᠨ ᠪᠡᠯᠨ ᠵᠠᠷᠤᠴᠠᠭᠤᠯᠵᠦ᠂ ︽ᠳᠣᠯᠣᠭᠠᠨ

ᠲᠦᠷᠦᠯ ᠤᠨ ᠢᠨᠵᠧᠨᠧᠷᠢᠩ︾ ᠢ ᠭᠡᠷᠡᠭᠵᠢᠭᠦᠯᠵᠦ᠂ ᠰᠢᠨ᠎ᠡ ᠮᠠᠶ᠋ᠢᠭ ᠤᠨ ᠬᠤᠳᠡ ᠪᠠᠯᠭᠠᠰᠦᠵᠢᠯᠡᠯᠳᠡ ᠶᠢᠨ ᠪᠦᠳᠦᠭᠡᠨ

ᠪᠠᠶᠢᠭᠤᠯᠤᠯᠳᠠ ᠶᠢ ᠠᠬᠢᠭᠤᠯᠤᠨ᠎ᠡ᠃ ᠨᠢᠭᠡ ᠳᠤ᠂ ᠬᠤᠳᠠ ᠪᠠᠯᠭᠠᠰᠦᠨ ᠤ ᠵᠠᠮ ᠵᠡᠭᠡᠯᠢ ᠶᠢᠨ ᠦᠭᠡᠷᠡᠴᠢᠯᠡᠯᠳᠡ ᠶᠢᠨ

ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠲᠤᠭᠤᠷᠢᠭ ᠤᠨ ᠵᠠᠮ ᠨᠡᠪᠳᠡᠷᠡᠯᠭᠡ ᠶᠢᠨ ᠨᠦᠬᠦᠴᠡᠯ ᠢ

ᠰᠡᠶᠢᠵᠢᠷᠠᠭᠤᠯᠵᠦ᠂ ᠰᠢᠨ᠎ᠡ ᠬᠠᠭᠤᠴᠢᠨ ᠲᠤᠭᠤᠷᠢᠭ ᠤᠨ ᠰᠠᠭᠠᠳ ᠦᠭᠡᠢ ᠨᠡᠪᠳᠡᠷᠡᠬᠦ᠂ ᠪᠠᠯᠭᠠᠰᠦᠨ ᠤ ᠵᠠᠮ ᠪᠠ

ᠪᠠᠯᠭᠠᠰᠦᠨ ᠤ ᠭᠠᠳᠠᠨᠠᠬᠢ ᠵᠠᠮ ᠢ ᠬᠤᠯᠪᠤᠵᠦ᠂ ᠰᠢᠨ᠎ᠡ ᠪᠠᠷ 1 ᠰᠠᠭᠤᠷᠢ ᠬᠦᠬᠦᠷᠭᠡ ᠪᠠᠷᠢᠵᠦ᠂ 4.6 ᠺᠢᠯᠤᠮᠧᠲᠷ ᠵᠠᠮ

 ᠢ ᠵᠠᠰᠠᠵᠦ᠂ 3.6 ᠲᠦᠮᠡᠨ ᠺᠦᠸᠠᠲ ᠮᠧᠲᠷ ᠤᠨ ᠶᠠᠪᠠᠭᠠᠨ ᠵᠠᠮ ᠢ ᠬᠠᠳᠠᠭᠤᠷᠠᠭᠤᠯᠵᠦ᠂ 16 ᠺᠢᠯᠤᠮᠧᠲᠷ ᠤᠨ ᠵᠠᠮ

 ᠢ ᠵᠠᠰᠠᠨ ᠰᠡᠯᠪᠢᠨ᠎ᠠ᠃ ᠬᠤᠶᠠᠷ ᠲᠤ᠂ ᠲᠤᠰᠬᠠᠢ ᠵᠠᠬ᠎ᠠ ᠳᠡᠯᠭᠡᠭᠦᠷ ᠢ ᠳᠦᠰᠦᠪᠯᠡᠨ ᠪᠣᠶᠢᠵᠢᠭᠤᠯᠬᠤ ᠪᠦᠳᠦᠭᠡᠨ

ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠤᠳᠤᠭ ᠤᠨ ᠭᠠᠷᠤᠯᠳᠠ᠂ ᠪᠠᠷᠢᠯᠭ᠎ᠠ ᠶᠢᠨ ᠮᠠᠲ᠋ᠧᠷᠢᠶᠠᠯ᠂

ᠨᠡᠭᠦᠷᠡᠰᠦ ᠬᠤᠳᠠᠯᠳᠤᠬᠤ ᠪᠠ ᠬᠠᠶᠠᠭᠳᠠᠮᠠᠯ ᠪᠤᠳᠡᠰ ᠬᠤᠷᠢᠶᠠᠬᠤ᠂ ᠲᠠᠷᠢᠶᠡᠯᠡᠩ ᠤᠨ ᠮᠠᠰᠢᠨ ᠤ ᠳᠣᠨᠤᠭ ᠰᠡᠯᠪᠢᠩ᠂

ᠣᠨᠴᠠᠯᠢᠭᠳᠦ ᠢᠳᠡᠭᠡᠨ ᠤ ᠪᠤᠯᠪᠠᠰᠤᠷᠠᠭᠤᠯᠤᠯᠳᠠ᠂ ᠦᠨᠳᠦᠰᠦᠳᠡᠨ ᠤ ᠬᠤᠪᠴᠠᠰᠦ ᠵᠠᠰᠠᠯ᠂ ᠪᠤᠳᠡᠰ ᠤᠨ ᠬᠦᠢᠯᠭᠡᠭᠡ᠂

ᠨᠤᠭᠤᠭ᠎ᠠ ᠵᠢᠮᠢᠰ ᠢ ᠪᠦᠭᠡᠮᠳᠡᠨ ᠬᠤᠳᠠᠯᠳᠤᠬᠤ ᠵᠡᠷᠭᠡ ᠲᠤᠰᠬᠠᠢ ᠵᠠᠬ᠎ᠠ ᠶᠢ ᠬᠦᠴᠦᠯᠡᠨ ᠪᠠᠶᠢᠭᠤᠯᠵᠦ᠂ ᠬᠤᠳᠡ

ᠪᠠᠯᠭᠠᠰᠦᠨ ᠤ ᠦᠢᠯᠡᠳᠪᠤᠷᠢᠯᠡᠯ ᠤᠨ ᠲᠡᠶᠢᠴᠢᠯᠡᠨ ᠲᠠᠭᠠᠭᠤᠯᠬᠤ ᠴᠢᠳᠠᠪᠤᠷᠢ ᠪᠤᠯᠤᠨ ᠬᠦᠳᠡᠯᠮᠤᠷᠢ ᠬᠦᠴᠦᠨ ᠢ

ᠰᠢᠩᠭᠡᠭᠡᠬᠦ ᠴᠢᠳᠠᠪᠤᠷᠢ ᠶᠢ ᠲᠡᠭᠡᠭᠰᠢᠯᠡᠭᠦᠯᠦᠨ᠎ᠡ᠃ ᠭᠤᠷᠪᠠ ᠳᠤ᠂ ᠦᠵᠡᠮᠵᠢ ᠶᠢᠨ ᠨᠤᠭᠤᠭᠠᠷᠠᠭᠤᠯᠤᠯᠳᠠ ᠪᠤᠯᠤᠨ ᠵᠡᠭᠡᠯᠢ

 ᠶᠢᠨ ᠦᠵᠡᠮᠵᠢ ᠶᠢᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠂ ᠬᠤᠳᠡ ᠪᠠᠯᠭᠠᠰᠦᠨ ᠳᠤ ᠤᠷᠤᠵᠦ

ᠭᠠᠷᠬᠤ ᠭᠠᠷᠴᠨ ᠳᠠᠬᠢ 20 ᠲᠦᠮᠡᠨ ᠺᠦᠸᠠᠲ ᠮᠧᠲᠷ ᠤᠨ ᠦᠵᠡᠮᠵᠢ ᠶᠢᠨ ᠨᠤᠭᠤᠷᠠᠭᠤᠯᠤᠯᠳᠠ ᠶᠢᠨ ᠢᠨᠵᠧᠨᠧᠷᠢᠩ

 ᠢ ᠪᠡᠶᠡᠯᠡᠭᠦᠯᠵᠦ᠂ 6.5 ᠺᠢᠯᠤᠮᠧᠲᠷ ᠤᠨ ᠭᠤᠤᠯ ᠵᠡᠭᠡᠯᠢ ᠶᠢᠨ ᠬᠠᠵᠠᠭᠤ ᠶᠢᠨ ᠪᠠᠷᠢᠯᠭ᠎ᠠ ᠶᠢᠨ ᠲᠦᠷᠢ ᠲᠦᠷᠭᠦ ᠶᠢ

ᠦᠭᠡᠷᠡᠴᠢᠯᠡᠨ ᠵᠠᠰᠠᠬᠤ᠂ ᠵᠠᠮ ᠤᠨ ᠬᠤᠶᠠᠷ ᠬᠠᠵᠠᠭᠤ ᠶᠢ ᠬᠠᠳᠠᠭᠤᠷᠠᠭᠤᠯᠬᠤ᠂ ᠵᠠᠮ ᠤᠨ ᠳ᠋ᠸᠡᠭ ᠪᠠ ᠳᠠᠭᠠᠯᠳᠠ

ᠭᠤᠣᠷᠰᠣ ᠬᠤᠭᠤᠯᠠᠢ ᠶᠢ ᠦᠭᠡᠷᠡᠴᠢᠯᠡᠨ ᠵᠠᠰᠠᠬᠤ ᠢᠨᠵᠧᠨᠧᠷᠢᠩ᠂ ᠬᠤᠳᠠ ᠪᠠᠯᠭᠠᠰᠣᠨ ᠤ 10 ᠲᠦᠮᠡᠨ ᠺᠦᠸᠠᠲ

ᠮᠧᠲᠷ ᠣᠷᠳᠣ ᠭᠤᠤᠯ ᠲᠡᠳ᠋ ᠵᠠᠮ ᠤᠨ ᠵᠠᠬ᠎ᠠ ᠶᠢ ᠬᠠᠳᠠᠭᠤᠷᠠᠭᠤᠯᠬᠤ ᠪᠤᠯᠤᠨ ᠳᠡᠬᠦᠨ ᠳᠤ ᠲᠠᠭᠠᠯᠳᠦᠭ᠌ᠰᠠᠨ ᠪᠤᠷᠤᠭᠠᠨ

 ᠤ ᠤᠰᠦ ᠪᠤᠬᠢᠷ ᠣᠰᠣ ᠵᠠᠯᠠᠬᠤ ᠬᠤᠭᠤᠯᠠᠢ ᠶᠢ ᠦᠭᠡᠷᠡᠴᠢᠯᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃

ᠳᠦᠷᠪᠠ ᠳᠤ᠂ ᠭᠤᠤᠯ ᠤᠨ ᠤᠷᠤᠰᠬᠠᠯ ᠤᠨ ᠰᠠᠪᠠ ᠭᠠᠵᠠᠷ ᠢ ᠦᠭᠡᠷᠡᠴᠢᠯᠡᠨ ᠵᠠᠰᠠᠬᠤ ᠵᠢᠴᠢ ᠭᠤᠤᠯ ᠤᠨ ᠬᠦᠪᠡᠭᠡᠨ

 ᠤ ᠦᠵᠡᠮᠵᠢᠳᠦ ᠭᠠᠵᠠᠷ ᠢ ᠪᠦᠳᠦᠭᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠦᠨ᠎ᠡ᠂ ᠬᠤᠳᠡ ᠪᠠᠯᠭᠠᠰᠦᠨ ᠤ ᠦᠪᠡᠷ

 ᠤᠨ ᠤᠨᠴᠠᠯᠢᠭ ᠲᠠᠢ 5 ᠺᠢᠯᠤᠮᠧᠲᠷ ᠤᠨ ᠭᠤᠤᠯ ᠤᠨ ᠬᠦᠪᠡᠭᠡ ᠶᠢᠨ ᠦᠵᠡᠮᠵᠢ ᠶᠢᠨ ᠤᠷᠤᠨ ᠢ ᠪᠠᠶᠢᠭᠤᠯᠵᠦ᠂ 40

ᠲᠦᠮᠡᠨ ᠺᠦᠸᠠᠲ ᠮᠧᠲᠷ ᠤᠨ ᠭᠤᠤᠯ ᠤᠨ ᠤᠷᠤᠰᠬᠠᠯ ᠤᠨ ᠰᠠᠪᠠ ᠭᠠᠵᠠᠷ ᠢ ᠰᠠᠯᠪᠢᠨ ᠵᠠᠰᠠᠬᠤ᠂ ᠨᠣᠭᠤᠭᠠᠷᠠᠭᠤᠯᠬᠤ᠂

ᠭᠡᠷᠡᠯᠳᠦᠯᠭᠡ ᠵᠡᠷᠭᠡ ᠶᠢ ᠪᠡᠶᠡᠯᠡᠭᠦᠯᠦᠨ᠎ᠡ᠃ ᠳᠠᠪᠤ ᠳᠤ᠂ ᠮᠢᠩᠭᠠᠳᠦ ᠪᠠᠯᠭᠠᠰᠦᠨ ᠤ ᠲᠦᠭᠡᠭᠡᠯ ᠤᠰᠦ ᠵᠢᠴᠢ ᠤᠰᠦᠨ

 ᠤ ᠦᠢᠯᠡᠳᠪᠤᠷᠢ ᠶᠢ ᠬᠢᠨᠠᠨ ᠡᠵᠡᠮᠳᠡᠬᠦ ᠶᠢ ᠬᠡᠷᠡᠭᠵᠢᠬᠦᠯᠵᠦ᠂ ᠬᠤᠳᠠ ᠪᠠᠯᠭᠠᠰᠦᠨ ᠤ ᠤᠰᠦᠨ ᠤ ᠬᠠᠩᠭᠠᠯᠠᠭ᠎ᠠ ᠶᠢᠨ

ᠰᠢᠰᠲ᠋ᠧᠮ ᠤᠨ ᠭᠡᠪ ᠤᠨ ᠶᠤᠰᠤᠭᠠᠷ ᠠᠵᠢᠯᠯᠠᠬᠤ ᠶᠢ ᠪᠠᠳᠤᠯᠡᠨ᠎ᠡ᠃ ᠵᠢᠷᠭᠤᠭ᠎ᠠ ᠳᠤ᠂ ᠮᠢᠩᠭᠠᠳᠦ ᠪᠠᠯᠭᠠᠰᠦᠨ ᠤ

ᠳᠠᠬᠢᠨ ᠠᠰᠢᠭᠯᠠᠭᠰᠠᠨ ᠣᠰᠣ ᠶᠢ ᠴᠡᠪᠡᠷᠰᠢᠭᠦᠯᠦᠨ ᠰᠶᠢᠳᠪᠤᠷᠢᠯᠡᠵᠦ ᠶᠠᠷᠤᠩᠬᠡᠶᠢᠯᠡᠨ ᠠᠰᠢᠭᠯᠠᠬᠤ ᠢᠨᠵᠧᠨᠧᠷᠢᠩ ᠢ

ᠪᠡᠶᠡᠯᠡᠭᠦᠯᠵᠦ᠂ ᠬᠤᠳᠠ ᠪᠠᠯᠭᠠᠰᠣᠨ ᠤ ᠶᠠᠪᠣᠳᠠᠯ᠂ ᠤᠷᠴᠢᠨ ᠲᠤᠭᠤᠷᠢᠨ ᠵᠡᠷᠭᠡ ᠬᠦᠷᠢᠶ᠎ᠡ ᠴᠠᠷ᠎ᠠ ᠳᠠᠬᠢ ᠳᠠᠬᠢᠨ

ᠠᠰᠢᠭᠯᠠᠭᠰᠠᠨ ᠣᠰᠣᠨ ᠤ ᠭᠡᠷᠡᠭᠯᠡᠭᠡ ᠶᠢ ᠠᠬᠢᠭᠤᠯᠵᠦ᠂ ᠤᠰᠦᠨ ᠤ ᠡᠬᠢ ᠪᠡᠶᠠᠯᠢᠭ ᠤᠨ ᠠᠰᠢᠭᠯᠠᠮᠵᠢ ᠶᠢ

ᠲᠡᠭᠡᠭᠰᠢᠯᠡᠭᠦᠯᠣᠨ᠎ᠠ᠃ ᠳᠣᠯᠤᠭ᠎ᠠ ᠳᠤ᠂ ᠬᠤᠳᠠ ᠪᠠᠯᠭᠠᠰᠦᠨ ᠤ ᠦᠢᠯᠡᠴᠢᠯᠡᠯᠭᠡᠨ ᠤ ᠬᠠᠮᠢᠶᠠᠷᠤᠯᠳᠠ ᠶᠢ

ᠲᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠬᠠᠮᠢᠶᠠᠷᠤᠯᠳᠠ ᠶᠢᠨ

ᠳᠣᠭᠳᠠᠴᠠ ᠶᠢ ᠪᠦᠷᠢᠨᠰᠢᠭᠦᠯᠵᠦ᠂ ᠬᠠᠣᠯᠢ ᠪᠤᠰᠤ ᠪᠠᠷ ᠪᠠᠷᠢᠯᠭ᠎ᠠ ᠪᠠᠷᠢᠬᠤ᠂ ᠵᠠᠮ ᠶᠢᠨ ᠬᠠᠵᠠᠭᠤ ᠳᠤ ᠲᠤᠷ᠎ᠡ ᠪᠠᠷ

 ᠢᠶᠠᠨ ᠬᠤᠭ ᠯᠤᠪᠰᠢ ᠬᠠᠶᠠᠬᠤ ᠮᠡᠳᠦ ᠶᠢᠨ ᠲᠤᠪᠦᠶᠢᠮ᠎ᠡ ᠠᠰᠠᠭᠤᠳᠠᠯ ᠢ ᠡᠷᠡᠰ ᠬᠤᠷᠢᠭᠯᠠᠨ᠎ᠡ᠃

︵ᠨᠠᠢᠮᠠ︶ ᠠᠷᠠᠳ ᠤᠨ ᠠᠮᠢᠳᠦᠷᠡᠯ   ᠢ ᠰᠡᠶᠢᠵᠢᠷᠠᠭᠤᠯᠬᠤ ᠳᠤ ᠰᠠᠭᠤᠷᠢᠯᠠᠨ ᠠᠷᠠᠳ ᠤᠨ ᠠᠮᠢᠳᠣᠷᠠᠯ ᠢ ᠳᠠᠰᠣᠷᠠᠯᠳᠠ

ᠦᠬᠡᠢ ᠳᠡᠭᠡᠭᠰᠢᠯᠡᠬᠦᠯᠦᠨ᠎ᠠ

ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠦᠭᠡᠷᠡᠴᠢᠯᠡᠯᠳᠠ ᠬᠦᠭᠵᠢᠯᠳᠠ ᠶᠢᠨ ᠦᠷ᠎ᠡ ᠪᠦᠳᠦᠭᠡᠯ ᠢ ᠬᠠᠮᠳᠣᠪᠠᠷ

ᠡᠳ᠋ᠯᠡᠬᠦ ᠶᠢ ᠳᠡᠷᠢᠬᠦᠨ ᠴᠢᠬᠤᠯᠠ ᠪᠠᠶᠢᠷᠢᠨ ᠳᠤ ᠲᠠᠯᠪᠢᠨ ᠠᠬᠢᠭᠤᠯᠵᠦ᠂ ᠪᠡᠯᠡ ᠣᠷᠣᠭᠤᠯᠣᠯᠳᠠ ᠶᠢᠨ ᠬᠦᠴᠦᠯᠡᠴᠡ

 ᠪᠠᠨ ᠳᠠᠰᠣᠷᠠᠯᠳᠠ ᠦᠬᠡᠢ ᠨᠡᠮᠡᠭᠳᠡᠬᠦᠯᠵᠦ᠂ ᠨᠡᠶᠢᠬᠡᠮ ᠠᠷᠠᠳ ᠤᠨ ᠠᠮᠢᠳᠣᠷᠠᠯ ᠤᠨ ᠵᠢᠷᠭᠤᠭᠠᠨ ᠳᠠᠯ᠎ᠠ ᠶᠢᠨ ᠠᠵᠢᠯ

ᠣᠶᠢᠯᠡᠰ ᠢ ᠪᠠᠳᠣᠳᠠᠢ ᠠᠬᠢᠭᠤᠯᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠠ ᠬᠦᠭᠵᠢᠯᠳᠠ ᠶᠢᠨ ᠦᠷ᠎ᠡ

ᠪᠦᠳᠦᠮᠵᠢ ᠶᠢ ᠡᠳᠡᠯᠡᠬᠦᠯᠦᠨ᠎ᠠ᠃

ᠨᠢᠭᠡ ᠳᠤ ᠬᠤᠲᠡ ᠪᠠᠯᠭᠠᠰᠤᠨ ᠤ ᠤᠷᠤᠨ ᠰᠠᠭᠤᠴᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠨᠣᠣᠷᠬᠠᠢ

ᠭᠡᠷ ᠪᠠᠶᠢᠰᠢᠩ ᠢ ᠵᠠᠰᠠᠨ ᠦᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠭᠡᠷ ᠪᠠᠶᠢᠰᠢᠩ ᠢ

ᠬᠤᠷᠢᠶᠠᠨ ᠳᠠᠲᠠᠪᠤᠷᠢᠯᠠᠬᠤ ᠬᠦᠴᠦᠯᠡᠴᠡ ᠪᠠᠨ ᠴᠢᠩᠭᠠᠳᠬᠠᠵᠦ᠂ ᠦᠨᠡᠨ ᠮᠥᠨ ᠢᠶᠠᠷ ᠠᠵᠢᠯᠯᠠᠵᠦ᠂ ᠭᠡᠷ ᠪᠠᠶᠢᠰᠢᠩ ᠶᠢ

ᠦᠨᠡᠯᠡᠬᠦ᠂ ᠨᠦᠬᠦᠪᠦᠷᠢ ᠤᠯᠭᠤᠬᠤ᠂ ᠳᠤᠬᠤᠨᠢᠭᠤᠯᠬᠤ ᠶᠠᠪᠤᠴᠠ ᠳᠠᠬᠢ ᠡᠷᠬᠡ ᠳᠡᠭᠰᠢ᠂ ᠢᠯᠡ ᠲᠤᠳᠤ᠂ ᠭᠤᠤᠯᠴᠢ

ᠪᠠᠶᠢᠬᠤ ᠶᠢ ᠪᠠᠲᠤᠯᠠᠨ᠎ᠠ᠃ ᠠᠵᠦ ᠠᠬᠤᠶᠢᠯᠠᠯ ᠳᠠᠳᠠᠨ ᠤᠷᠤᠭᠤᠯᠵᠦ᠂ ᠰᠠᠭᠤᠭᠠᠯᠢ ᠠᠷᠠᠳ ᠢ ᠪᠤᠴᠠᠭᠠᠨ ᠨᠡᠭᠦᠯᠭᠡᠬᠦ

ᠠᠰᠠᠷ ᠢ ᠪᠦᠲᠦᠭᠡᠨ ᠪᠠᠶᠢᠭᠤᠯᠬᠤ ᠪᠠᠨ ᠲᠦᠷᠭᠡᠳᠬᠡᠨ᠂ ᠤᠯᠠᠨ ᠲᠦᠮᠡᠨ ᠤ ᠴᠠᠭ ᠲᠤᠬᠠᠢ ᠳᠠᠭᠠᠨ ᠠᠰᠠᠷ ᠲᠤ ᠨᠡᠭᠦᠨ

ᠤᠷᠤᠬᠤ ᠶᠢ ᠪᠠᠲᠤᠯᠠᠨ᠎ᠠ᠃ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠨᠡᠶᠢᠳᠠ ᠶᠢᠨ ᠪᠠᠳᠣᠯᠠᠭᠠᠨ ᠤ ᠭᠡᠷ ᠤᠨ

ᠳᠦᠷᠢᠶᠠᠰᠦᠨ ᠤ ᠨᠦᠬᠦᠪᠦᠷᠢ ᠶᠢ ᠲᠠᠷᠬᠠᠭᠠᠬᠤ ᠠᠵᠢᠯ ᠶᠢ ᠰᠠᠶᠢᠳᠤᠷ ᠬᠢᠨ᠎ᠡ᠃ ᠬᠤᠳᠠ ᠲᠤᠭᠤᠷᠢᠭ ᠤᠨ ᠤᠷᠴᠢᠨ

ᠲᠤᠭᠤᠷᠢᠨ ᠤ ᠠᠷᠢᠭᠤᠨ ᠴᠡᠪᠡᠷ ᠤᠨ ᠦᠢᠯᠡᠴᠢᠯᠡᠯᠭᠡ ᠶᠢ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠠᠵᠢᠯ

 ᠶᠢ ᠬᠡᠷᠡᠭᠵᠢᠭᠦᠯᠵᠦ᠂ ᠠᠳᠠᠯ ᠠᠬᠤᠢ ᠶᠢᠨ ᠬᠠᠮᠢᠶᠠᠷᠦᠯᠳᠡ ᠰᠠᠭᠤᠭᠠᠯᠢ ᠠᠷᠠᠳ ᠤᠨ ᠬᠤᠷᠤᠭᠠᠯᠠᠯ ᠳᠤ ᠤᠷᠤᠬᠤ ᠶᠢ

ᠠᠬᠢᠭᠤᠯᠵᠦ᠂ ᠠᠳᠠᠯ ᠠᠬᠤᠢ ᠶᠢᠨ ᠬᠠᠮᠢᠶᠠᠷᠦᠯᠳᠡ ᠶᠢᠨ ᠵᠠᠬ᠎ᠠ ᠳᠡᠯᠭᠡᠭᠦᠷᠴᠢᠯᠳᠡ᠂ ᠲᠦᠷᠢᠮᠵᠢᠯᠳᠡ ᠢ ᠳᠠᠭᠠᠭᠤᠯᠤᠨ᠎ᠠ᠃

ᠰᠠᠭᠤᠭᠠᠯᠢ ᠠᠷᠠᠳ ᠤᠨ ᠪᠤᠯᠪᠠᠰᠤᠨ ᠤ ᠨᠡᠶᠢᠳᠡ ᠶᠢᠨ ᠭᠡᠷ᠎ᠡ ᠶᠢ ᠪᠠᠶᠢᠭᠤᠯᠤᠨ ᠪᠦᠷᠢᠨᠰᠢᠭᠦᠯᠵᠦ᠂ ᠰᠠᠭᠤᠭᠠᠯᠢ ᠠᠷᠠᠳ

 ᠤᠨ ᠪᠤᠯᠪᠠᠰᠤᠨ ᠳᠠᠳᠬᠠᠯ ᠲᠠᠢ ᠪᠤᠯᠬᠤ ᠶᠢ ᠠᠬᠢᠭᠤᠯᠵᠦ᠂ ᠤᠯᠠᠨ ᠨᠡᠶᠢᠳᠡ ᠶᠢᠨ ᠬᠤᠲᠠ ᠪᠠᠯᠭᠠᠰᠤᠨ ᠤ

ᠬᠠᠮᠢᠶᠠᠷᠦᠯᠳᠠ ᠳᠤ ᠤᠷᠤᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠳᠢᠭᠯᠢᠮ ᠲᠠᠢ᠂ ᠭᠤᠶᠤ

ᠭᠡᠭᠡᠨᠴᠢᠷ᠂ ᠪᠤᠯᠪᠠᠰᠤᠨ ᠳᠤᠬᠢᠯᠠᠭ ᠤᠷᠴᠢᠨ ᠢ ᠪᠠᠶᠢᠭᠤᠯᠬᠤ ᠪᠠᠷ ᠴᠢᠷᠮᠠᠶᠢᠨ᠎ᠠ᠃

ᠬᠤᠶᠠᠷ ᠲᠤ ᠠᠵᠢᠯ ᠦᠢᠯᠡᠰ ᠪᠤᠰᠬᠠᠬᠤ ᠪᠠ ᠠᠵᠢᠯ ᠤᠯᠭᠤᠯᠳᠠ ᠶᠢ ᠪᠦᠬᠦ ᠬᠦᠴᠦᠨ ᠪᠠᠷ ᠠᠬᠢᠭᠤᠯᠤᠨ᠎ᠡ᠃ ︽

ᠨᠡᠶᠢᠳᠡ ᠤᠯᠡᠨ ᠢᠶᠠᠷ ᠢᠶᠠᠨ ᠦᠢᠯᠡᠰ ᠪᠤᠰᠬᠠᠵᠦ᠂ ᠤᠯᠡᠨ ᠲᠦᠮᠡᠨ ᠰᠢᠨ᠎ᠡ ᠶᠢ ᠡᠭᠦᠳᠬᠦ︾ ᠲᠦᠷᠦ ᠶᠢᠨ ᠪᠤᠳᠤᠯᠭ᠎ᠠ

ᠠᠷᠭ᠎ᠠ ᠠᠪᠴᠢᠯ ᠢ ᠰᠡᠶᠢᠳᠦᠷ ᠬᠡᠷᠡᠭᠵᠢᠭᠦᠯᠵᠦ᠂ ᠨᠡᠩ ᠢᠳᠡᠪᠬᠢᠳᠡᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ

 ᠶᠢ ᠬᠡᠷᠡᠭᠵᠢᠭᠦᠯᠦᠨ᠎ᠡ᠃ ᠦᠢᠯᠡᠰ ᠪᠤᠰᠬᠠᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ

ᠡᠬᠢᠯᠡᠭᠦᠯᠵᠦ᠂ ᠨᠡᠶᠢᠳᠡ ᠶᠢᠨ ᠪᠤᠯᠪᠠᠰᠤᠷᠠᠯ ᠲᠠᠳᠤᠯᠭ᠎ᠠ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠠᠵᠢᠯ ᠢ

ᠡᠬᠢᠯᠡᠭᠦᠯᠬᠦ ᠪᠠᠷ ᠴᠢᠷᠮᠠᠶᠢᠨ᠎ᠡ᠂ ᠨᠡᠩ ᠣᠯᠠᠨ ᠣᠶᠢᠯᠡᠰ ᠪᠣᠰᠬᠠᠬᠤ ᠬᠦᠰᠡᠯ ᠱᠠᠭᠠᠷᠳᠠᠯᠭ᠎ᠠ ᠲᠠᠢ ᠪᠣᠯᠣᠨ ᠣᠶᠢᠯᠡᠰ

ᠪᠣᠰᠬᠠᠬᠤ ᠴᠢᠳᠠᠪᠦᠷᠢ ᠲᠠᠢ ᠣᠯᠠᠨ ᠲᠦᠮᠡᠨ ᠤ ᠣᠶᠢᠯᠡᠰ ᠪᠣᠰᠬᠠᠬᠤ ᠶᠢ ᠳᠠᠮᠵᠢᠨ ᠳᠡᠳᠬᠦᠨ᠎ᠠ᠃ ᠶᠡᠭᠡ ᠳᠡᠭᠡᠳᠦ

ᠰᠣᠷᠭᠠᠭᠤᠯᠢ ᠳᠡᠬᠦᠰᠦᠭᠰᠡᠨ ᠣᠶᠣᠳᠠᠨ᠂ ᠠᠵᠢᠯ ᠠᠯᠳᠠᠭᠰᠠᠳ᠂ ᠨᠡᠬᠦᠯᠬᠡᠨ ᠰᠢᠯᠵᠢᠬᠦᠯᠦᠯᠳᠠ ᠪᠠᠷ ᠬᠤᠳᠠ

ᠣᠷᠣᠭᠰᠠᠨ ᠮᠠᠯᠴᠢᠨ ᠳᠠᠷᠢᠶᠠᠴᠢᠨ ᠵᠢᠴᠢ ᠬᠦᠴᠢᠷᠳᠡᠯᠳᠠᠢ ᠣᠯᠠᠨ ᠲᠦᠮᠡᠨ ᠤ ᠣᠶᠢᠯᠡᠰ ᠪᠣᠰᠬᠠᠬᠤ ᠠᠵᠢᠯ ᠢ

ᠳᠣᠪᠣᠶᠢᠯᠭᠠᠨ ᠠᠳᠬᠤᠵᠦ᠂ 600 ᠨᠡᠷ᠎ᠡ ᠬᠤᠳᠠ ᠪᠠᠯᠭᠠᠰᠣᠨ ᠤ ᠬᠦᠮᠦᠰ ᠤᠨ ᠲᠤᠰᠬᠠᠢ ᠴᠢᠳᠠᠪᠤᠷᠢ ᠶᠢᠨ

ᠪᠤᠯᠪᠠᠰᠤᠷᠠᠯ᠂ 700 ᠨᠡᠷ᠎ᠡ ᠮᠠᠯᠴᠢᠨ ᠲᠠᠷᠢᠶᠠᠴᠢᠨ ᠳᠤ ᠴᠢᠳᠠᠪᠤᠷᠢ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠤᠨ

ᠦᠷᠨᠢᠭᠦᠯᠵᠦ᠂ 2000 ᠲᠦᠮᠡᠨ ᠲᠦᠭᠦᠷᠢᠭ ᠤᠨ ᠦᠢᠯᠡᠰ ᠪᠤᠰᠬᠠᠨ ᠠᠵᠢᠯ ᠤᠯᠭᠤᠬᠤ ᠶᠢ ᠳᠡᠮᠵᠢᠬᠦ ᠪᠠᠭ᠎ᠠ ᠳᠣᠭᠠᠨ

 ᠤ ᠪᠠᠳᠤᠯᠠᠭᠠᠳᠦ ᠵᠢᠭᠡᠯᠡᠯᠭᠡ ᠶᠢ ᠳᠠᠷᠬᠠᠭᠠᠨ᠎ᠠ᠃ ᠬᠤᠳᠠ ᠪᠠᠯᠭᠠᠰᠣᠨ ᠤ ᠠᠵᠢᠯ ᠠᠯᠪᠠ ᠦᠬᠡᠢ ᠭᠡᠷ ᠪᠦᠯᠢ ᠪᠣᠯᠭᠠᠨ ᠤ

1 ᠬᠦᠮᠦᠨ ᠢ ᠯᠠᠪᠳᠠᠭᠤᠨ ᠢᠶᠠᠷ ᠠᠵᠢᠯ ᠣᠯᠬᠤ ᠶᠢ ᠪᠠᠳᠣᠯᠠᠵᠦ᠂ ᠠᠵᠢᠯ ᠠᠯᠳᠠᠭᠰᠠᠨ ᠳᠠᠩᠰᠠᠯᠠᠯᠳᠠ ᠶᠢᠨ ᠨᠤᠷᠮ᠎ᠡ ᠶᠢ

3.6 % ᠲᠤᠳᠤᠷ᠎ᠡ ᠬᠢᠵᠠᠭᠠᠷᠯᠠᠨ᠎ᠠ᠃

ᠭᠤᠷᠪᠠ ᠳᠤ ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠪᠠᠨ ᠲᠡᠭᠡᠭᠰᠢᠯᠡᠭᠦᠯᠦᠨ᠎ᠡ᠃ ᠨᠡᠶᠢᠭᠡᠮ ᠤᠨ ᠪᠠᠳᠤᠯᠠᠭ᠎ᠠ

 ᠶᠢᠨ ᠪᠦᠷᠭᠦᠬᠦ ᠭᠡᠪᠴᠢᠶ᠎ᠡ ᠶᠢ ᠤᠯᠡᠮ ᠦᠷᠭᠡᠳᠭᠡᠵᠦ᠂ ᠨᠡᠶᠢᠭᠡᠮ ᠤᠨ ᠪᠠᠳᠤᠯᠠᠭ᠎ᠠ ᠶᠢᠨ ᠪᠠᠷᠢᠮᠵᠢᠶ᠎ᠡ ᠨᠦᠬᠦᠪᠤᠷᠢ ᠶᠢ

ᠲᠡᠭᠡᠭᠰᠢᠯᠡᠭᠦᠯᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠬᠦᠴᠢᠷᠳᠡᠯᠳᠠᠢ ᠤᠯᠡᠨ

ᠲᠦᠮᠡᠨ ᠢ ᠪᠤᠯᠭᠤᠭᠠᠨ ᠲᠤᠬᠤᠨᠢᠭᠤᠯᠵᠦ ᠬᠠᠯᠠᠮᠵᠢᠯᠡᠨ ᠲᠡᠳᠭᠦᠬᠦ ᠠᠵᠢᠯ ᠢ ᠯᠠᠪᠳᠠᠭᠤᠨ ᠪᠠᠳᠤᠳᠡᠢ ᠦᠷᠨᠢᠭᠦᠯᠵᠦ᠂

ᠭᠤᠤᠯᠳᠠᠯᠭ᠎ᠠ ᠲᠠᠢ ᠪᠠᠷ ᠬᠦᠨᠳᠦ ᠡᠪᠡᠳᠴᠢᠳᠡᠨ᠂ ᠵᠡᠮᠳᠡᠭᠴᠤᠤᠯ ᠵᠡᠷᠭᠡ ᠪᠠᠭᠤᠷᠠᠢ ᠡᠳᠡᠭᠡᠳ ᠤᠨ ᠦᠢᠯᠡᠳᠪᠤᠷᠢᠯᠡᠯ

ᠠᠮᠢᠳᠦᠷᠡᠯ ᠢ ᠠᠩᠬᠠᠷᠦᠨ ᠬᠠᠯᠠᠮᠵᠢᠯᠡᠨ᠎ᠡ᠃ ᠨᠠᠰᠦᠵᠢᠯ ᠤᠨ ᠨᠦᠬᠦᠪᠤᠷᠢ᠂ ᠰᠢᠳᠠᠭᠠᠯᠭ᠎ᠠ ᠶᠢᠨ ᠨᠦᠬᠦᠪᠤᠷᠢ᠂ ᠬᠦᠨᠳᠦ

ᠡᠪᠡᠳᠴᠢᠨ ᠢ ᠠᠪᠤᠷᠠᠨ ᠲᠤᠰᠠᠯᠠᠬᠤ᠂ ᠬᠦᠴᠢᠷᠳᠡᠯᠳᠡᠢ ᠤᠶᠤᠳᠡᠳ ᠢ ᠲᠡᠮᠵᠢᠨ ᠲᠤᠰᠠᠯᠠᠬᠤ᠂ ᠲᠦᠷ ᠴᠠᠭ ᠤᠨ

ᠳᠣᠰᠠᠯᠠᠮᠵᠢ ᠵᠡᠷᠭᠡ ᠠᠷᠠᠳ ᠤᠨ ᠠᠮᠢᠳᠦᠷᠡᠯ ᠤᠨ ᠡᠯ᠎ᠡ ᠲᠦᠷᠦᠯ ᠤᠨ ᠪᠠᠳᠣᠯᠠᠭᠠᠨ ᠤ ᠲᠦᠷᠦ ᠶᠢᠨ ᠪᠤᠳᠤᠯᠭ᠎ᠠ ᠶᠢ

ᠰᠡᠶᠢᠳᠦᠷ ᠨᠠᠶᠢᠳᠠᠪᠦᠷᠢᠵᠢᠭᠤᠯᠣᠨ᠎ᠠ᠃ ᠵᠡᠮᠳᠡᠭᠴᠤᠤᠯ ᠢ ᠠᠰᠠᠷᠠᠨ ᠬᠠᠷᠠᠭᠠᠯᠵᠠᠬᠤ ᠲᠦᠪ᠂ ᠮᠠᠯᠵᠢᠬᠤ ᠤᠷᠦᠨ ᠤ ᠭᠠᠵᠠᠷ

ᠤᠷᠦᠨ ᠤ ᠴᠢᠨᠠᠷᠳᠡᠢ ᠨᠠᠰᠦᠳᠡᠶᠢᠴᠦᠦᠯ ᠤᠨ ᠶᠠᠷᠤᠩᠬᠡᠶᠢᠯᠡᠭᠰᠡᠨ ᠪᠠᠶᠢᠷᠢ᠂ ᠨᠠᠰᠦᠳᠡᠶᠢᠴᠦᠤᠯ ᠤᠨ ᠬᠦᠳᠡᠯᠭᠡᠭᠡᠨ ᠤ

ᠲᠦᠪ᠂ ᠤᠷᠤᠰᠢᠭᠤᠯᠭ᠎ᠠ ᠶᠢᠨ ᠭᠠᠵᠠᠷ ᠪᠣᠯᠣᠨ ᠨᠡᠶᠢᠳᠡ ᠶᠢᠨ ᠤᠩᠭᠤᠨ ᠤ ᠭᠠᠵᠠᠷ ᠤᠨ ᠪᠠᠶᠢᠭᠤᠯᠤᠯᠳᠠ ᠶᠢ

ᠪᠡᠶᠡᠯᠡᠭᠦᠯᠵᠦ᠂ ᠨᠠᠨ ᠱᠠᠨ ᠲᠤᠭᠤᠷᠢᠭ ᠤᠨ ᠶᠠᠷᠤᠩᠬᠡᠶᠢᠯᠡᠭᠰᠡᠨ ᠦᠢᠯᠡᠴᠢᠯᠡᠯᠭᠡᠨ ᠤ ᠲᠦᠪ ᠢ ᠡᠬᠢᠯᠠᠨ ᠪᠠᠶᠢᠭᠤᠯᠣᠨ᠎ᠠ᠃

ᠳᠦᠷᠪᠠ ᠳᠤ ᠰᠤᠷᠭᠠᠨ ᠬᠦᠮᠦᠵᠢᠯ ᠤᠨ ᠠᠵᠤ ᠦᠢᠯᠡᠰ ᠢ ᠬᠦᠴᠦᠯᠡᠨ ᠬᠦᠭᠵᠢᠭᠦᠯᠦᠨ᠎ᠡ᠃ ︽ᠰᠣᠷᠣᠯᠴᠠᠨ ᠲᠠᠪᠰᠢᠵᠦ

ᠬᠠᠮᠳᠤᠪᠡᠷ ᠤᠷᠤᠭᠰᠢᠯᠠᠬᠤ︾ ᠬᠦᠭᠵᠢᠯᠳᠡ ᠶᠢᠨ ᠰᠡᠳᠬᠢᠴᠨ ᠶᠢ ᠳᠣᠣᠱᠯᠠᠭᠤᠯᠵᠦ᠂ ᠰᠤᠷᠭᠠᠨ ᠬᠦᠮᠦᠵᠢᠯ ᠤᠨ ᠵᠢᠭᠠᠨ

ᠰᠣᠷᠭᠠᠯᠳᠠ ᠶᠢᠨ ᠶᠠᠰᠦ ᠴᠢᠨᠠᠷ ᠢ ᠲᠡᠭᠡᠭᠰᠢᠯᠡᠭᠦᠯᠬᠦ ᠪᠠᠷ ᠬᠠᠷᠠᠯᠳᠠ ᠪᠤᠯᠭᠠᠵᠦ᠂ ᠰᠣᠷᠭᠠᠨ ᠬᠦᠮᠦᠵᠢᠯ ᠤᠨ ᠬᠦᠷᠢᠶᠠᠨ ᠤ

ᠶᠡᠷᠦᠩᠬᠡᠶᠢᠯᠡᠭᠰᠡᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ

ᠳᠡᠩᠴᠡᠬᠦᠷᠢᠳᠠᠢ ᠬᠦᠭᠵᠢᠯᠳᠠ ᠶᠢᠨ ᠦᠷ᠎ᠡ ᠪᠦᠳᠦᠮᠵᠢ ᠪᠠᠨ ᠪᠠᠳᠣᠳᠬᠠᠨ ᠳᠡᠭᠡᠭᠰᠢᠯᠡᠬᠦᠯᠵᠦ᠂ ᠰᠠᠭᠤᠷᠢ ᠰᠤᠷᠭᠠᠨ

ᠬᠦᠮᠦᠵᠢᠯ ᠤᠨ ᠴᠢᠨᠠᠷ ᠴᠢᠨᠰᠠᠭ᠎ᠠ ᠶᠢᠨ ᠭᠤᠷᠪᠡᠨ ᠵᠢᠯ ᠤᠨ ᠲᠦᠰᠦᠪ ᠤᠨ ᠠᠵᠢᠯᠯᠠᠭᠠᠨ ᠤ ᠲᠦᠯᠦᠪᠵᠢᠬᠦᠯᠭᠡ ᠶᠢ

ᠨᠢᠮᠪᠠᠢ ᠨᠡᠶᠢᠳᠠᠪᠦᠷᠢᠵᠢᠭᠤᠯᠵᠦ᠂ ᠬᠦᠮᠦᠵᠢᠭᠦᠯᠬᠦ ᠪᠤᠯᠤᠨ ᠤᠷᠢᠨ ᠵᠠᠯᠠᠬᠤ ᠤᠶᠠᠯᠳᠤᠭᠰᠠᠨ ᠬᠡᠯᠪᠡᠷᠢ ᠪᠠᠷ ᠪᠠᠭᠰᠢ ᠶᠢᠨ

ᠡᠩᠨᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠤᠳᠤᠬᠠᠨ ᠤ ᠪᠠᠭᠰᠢ ᠶᠢᠨ ᠡᠩᠨᠡᠭᠡᠨ ᠳᠤ ᠰᠢᠨᠵᠢᠯᠡᠬᠦ ᠣᠬᠠᠭᠠᠨᠴᠢ

ᠳᠣᠬᠢᠷᠠᠭᠤᠯᠣᠯᠳᠠ ᠬᠢᠵᠦ᠂ ᠪᠠᠭᠰᠢ ᠡᠯᠰᠡᠬᠦ ᠪᠠ ᠭᠠᠳᠠᠨ᠎ᠠ ᠠᠴᠠ ᠵᠠᠯᠠᠬᠤ ᠠᠵᠢᠯ ᠢ ᠰᠠᠶᠢᠳᠣᠷ ᠬᠢᠵᠦ᠂ ᠰᠤᠷᠭᠠᠭᠤᠯᠢ

 ᠶᠢᠨ ᠵᠠᠬᠢᠷᠦᠯ ᠪᠠᠭᠰᠢ ᠤᠨ ᠰᠣᠷᠣᠯᠴᠠᠯᠭ᠎ᠠ ᠪᠤᠯᠪᠠᠰᠤᠷᠠᠯ ᠪᠠ ᠨᠡᠷᠡᠳᠦ ᠰᠤᠷᠭᠠᠭᠤᠯᠢ ᠯᠤᠭ᠎ᠠ ᠶᠢᠨ ᠬᠠᠷᠢᠴᠠᠭ᠎ᠠ

ᠰᠤᠯᠢᠯᠴᠠᠭᠠᠨ ᠤ ᠠᠵᠢᠯᠯᠠᠭ᠎ᠠ ᠶᠢ ᠴᠢᠩᠭᠠᠳᠬᠠᠵᠦ᠂ ᠪᠠᠭᠰᠢᠨᠠᠷ ᠤᠨ ᠰᠠᠶᠢᠨ ᠰᠠᠶᠢᠬᠠᠨ ᠬᠡᠪ ᠰᠣᠷᠳᠠᠯ ᠢ ᠪᠣᠢ ᠪᠣᠯᠭᠠᠵᠦ

᠂ ᠵᠢᠭᠠᠨ ᠰᠣᠷᠭᠠᠯᠳᠠ ᠪᠠ ᠬᠠᠮᠢᠶᠠᠷᠣᠯᠳᠠ ᠶᠢᠨ ᠴᠢᠳᠠᠪᠦᠷᠢ ᠪᠠᠨ ᠳᠡᠭᠡᠭᠰᠢᠯᠡᠬᠦᠯᠦᠨ᠎ᠠ᠃ ᠬᠤᠰᠢᠭᠤ ᠲᠡᠰ ᠤᠨ ᠰᠤᠷᠭᠠᠨ

ᠬᠦᠮᠦᠵᠢᠯ ᠤᠨ ᠴᠢᠨᠠᠷ ᠴᠢᠨᠰᠠᠭᠠᠨ ᠤ ᠱᠠᠩᠨᠠᠯ ᠪᠠ ᠬᠤᠰᠢᠭᠤ ᠲᠡᠰ ᠤᠨ ᠰᠢᠯᠢᠳᠡᠭ ᠪᠠᠭᠰᠢ ᠶᠢᠨ ᠱᠠᠩᠨᠠᠯ ᠢ

ᠪᠠᠶᠢᠭᠤᠯᠵᠦ᠂ ᠵᠢᠭᠠᠨ ᠰᠣᠷᠭᠠᠯᠳᠠ ᠶᠢᠨ ᠦᠷ᠎ᠡ ᠪᠦᠳᠦᠮᠵᠢ ᠪᠠᠷ ᠳᠣᠪᠣᠶᠢᠮ᠎ᠠ ᠪᠠᠭᠰᠢᠨᠠᠷ ᠢ ᠱᠠᠩᠨᠠᠨ ᠬᠦᠭᠢᠬᠦᠯᠵᠦ᠂

ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠬᠢᠷᠢ

ᠳᠦᠪᠰᠢᠨ ᠤ ᠨᠡᠶᠢᠳᠡᠮ ᠳᠡᠭᠡᠭᠰᠢᠯᠠᠯᠳᠠ ᠶᠢ ᠪᠦᠬᠦ ᠳᠠᠯ᠎ᠠ ᠪᠠᠷ ᠠᠬᠢᠭᠤᠯᠵᠦ᠂ ᠶᠡᠭᠡ ᠰᠣᠷᠭᠠᠭᠤᠯᠢ ᠳᠤ ᠳᠡᠪᠰᠢᠬᠦ

ᠨᠣᠷᠮ᠎ᠠ ᠶᠢ 50% ᠠᠴᠠ ᠳᠡᠭᠡᠭᠰᠢ ᠳᠤ ᠬᠦᠷᠭᠡᠨ᠎ᠠ᠃ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠡᠯᠪᠦᠷᠢ ᠶᠢᠨ

ᠲᠡᠰᠤᠭ ᠢ ᠪᠠᠶᠢᠭᠤᠯᠵᠦ᠂ ᠬᠤᠰᠢᠭᠤ ᠭᠡᠤᠭᠡᠳ ᠤᠨ ᠴᠡᠴᠡᠷᠯᠢᠭ ᠢ ᠨᠡᠭᠦᠯᠭᠡᠨ ᠰᠢᠨ᠎ᠡ ᠪᠠᠷ ᠪᠠᠶᠢᠭᠤᠯᠬᠤ᠂ ᠮᠢᠩᠭᠠᠳᠦ

ᠪᠠᠭ᠎ᠠ ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠦᠨ ᠤ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ

ᠬᠡᠷᠡᠭᠵᠢᠭᠦᠯᠵᠦ᠂ ᠮᠤᠩᠭᠤᠯ ᠲᠤᠮᠳᠠᠳᠦ ᠰᠤᠷᠭᠠᠭᠤᠯᠢ ᠪᠠ ᠮᠢᠩᠭᠠᠳᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ

 ᠶᠢᠨ ᠠᠰᠠᠷ ᠵᠡᠷᠭᠡ ᠠᠶᠤᠯᠳᠡᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠲᠦᠷᠦᠯ ᠵᠦᠢᠯ ᠤᠨ ᠡᠬᠢᠨ ᠤ ᠬᠤᠭᠤᠴᠠᠭᠠᠨ

 ᠤ ᠠᠵᠢᠯ ᠢ ᠡᠬᠢᠯᠡᠭᠦᠯᠦᠨ᠎ᠡ᠃

ᠳᠠᠪᠤ ᠳᠤ ᠡᠮ ᠡᠮᠨᠡᠯᠭᠡ ᠶᠢᠨ ᠦᠢᠯᠡᠴᠢᠯᠡᠯᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠤᠷᠪᠡᠨ ᠱᠠᠳᠦᠨ ᠤ

ᠡᠮ ᠡᠮᠨᠡᠯᠭᠡ ᠶᠢᠨ ᠦᠢᠯᠡᠴᠢᠯᠡᠯᠭᠡᠨ ᠤ ᠰᠢᠰᠲ᠋ᠧᠮ ᠢ ᠤᠯᠡᠮ ᠪᠦᠷᠢᠨᠰᠢᠭᠦᠯᠵᠦ᠂ ᠠᠯᠪᠠᠨ ᠤ ᠡᠮᠨᠡᠯᠭᠡ ᠶᠢᠨ ᠬᠤᠷᠢᠶᠠᠨ

 ᠤ ᠶᠠᠷᠤᠩᠬᠡᠶᠢᠯᠡᠭᠰᠡᠨ ᠦᠭᠡᠷᠡᠴᠢᠯᠡᠯᠳᠡ ᠶᠢᠨ ᠦᠷ᠎ᠡ ᠪᠦᠳᠦᠮᠵᠢ ᠶᠢ ᠬᠦᠨᠵᠡᠭᠡᠶᠢᠷᠡᠬᠦᠯᠦᠨ ᠪᠠᠳᠤᠳᠬᠠᠵᠦ᠂ ᠬᠤᠰᠢᠭᠤ

ᠮᠤᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠳᠡᠨ ᠤ ᠠᠰᠠᠷ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠦ᠂

ᠬᠤᠰᠢᠭᠤ ᠡᠮᠨᠡᠯᠭᠡ ᠶᠢᠨ ᠬᠤᠷᠢᠶ᠎ᠠ ᠶᠢ ᠠᠵᠢᠯ ᠤᠨ ᠨᠦᠯᠦᠭᠡᠨ ᠠᠴᠠ ᠪᠣᠯᠣᠭᠰᠠᠨ ᠡᠪᠡᠳᠴᠢᠨ ᠳᠤ ᠪᠠᠶᠢᠴᠠᠭᠠᠯᠳᠠ ᠬᠢᠬᠦ

ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠭᠠᠬᠤ ᠪᠠᠷ ᠴᠢᠷᠮᠠᠶᠢᠨ᠎ᠡ᠃ ᠡᠮᠨᠡᠯᠭᠡ ᠶᠢᠨ ᠮᠡᠷᠭᠡᠵᠢᠯ ᠤᠨ

ᠴᠢᠳᠠᠪᠤᠷᠢᠳᠡᠨ ᠢ ᠬᠦᠮᠦᠵᠢᠭᠦᠯᠬᠦ ᠪᠤᠯᠤᠨ ᠤᠷᠢᠨ ᠵᠠᠯᠠᠬᠤ ᠬᠦᠴᠦᠯᠡᠴᠨ ᠪᠠᠨ ᠴᠢᠩᠭᠠᠳᠬᠤᠵᠦ᠂ ︽ᠲᠤᠮᠢᠯᠡᠨ

ᠪᠤᠯᠪᠠᠰᠤᠷᠠᠭᠤᠯᠬᠤ᠂ ᠤᠷᠢᠨ ᠵᠠᠯᠠᠬᠤ︾ ᠬᠡᠯᠪᠡᠷᠢ ᠪᠠᠷ ᠤᠷᠤᠨ ᠤ ᠲᠤᠳᠤᠭᠠᠳᠦ ᠭᠠᠳᠠᠭᠠᠳᠦ ᠶᠢᠨ ᠡᠮ ᠡᠮᠨᠡᠯᠭᠡ ᠶᠢᠨ

ᠪᠠᠶᠢᠭᠤᠯᠤᠮᠵᠢ ᠯᠤᠭ᠎ᠠ ᠶᠢᠨ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠪᠠᠨ ᠴᠢᠩᠭᠠᠳᠬᠠᠵᠦ᠂ ᠡᠮᠨᠡᠯᠭᠡ ᠶᠢᠨ

ᠠᠵᠢᠯᠳᠠᠨ ᠤ ᠭᠠᠳᠠᠭᠰᠢ ᠭᠠᠷᠴᠦ ᠰᠣᠷᠣᠯᠴᠠᠨ ᠪᠣᠯᠪᠠᠰᠣᠷᠠᠬᠤ ᠶᠢ ᠢᠯᠡᠭᠦᠭᠡᠨ ᠵᠤᠬᠢᠶᠠᠨ ᠪᠠᠶᠢᠭᠤᠯᠵᠦ᠂ ᠰᠢᠨᠵᠢᠯᠡᠭᠡᠨ

 ᠤ ᠰᠠᠯᠠᠭᠠᠨ ᠤ ᠨᠡᠷᠡᠳᠦ ᠳᠣᠯᠣᠭᠠᠶᠢᠯᠠᠭᠴᠢ ᠬᠦᠮᠦᠰ ᠢ ᠵᠠᠯᠠᠵᠦ ᠡᠮᠴᠢᠯᠡᠯᠬᠡ ᠬᠢᠯᠬᠡᠨ᠎ᠠ᠂ ᠠᠯᠣᠰ ᠠᠴᠠ ᠬᠠᠮᠳᠣᠷᠠᠨ

ᠡᠮᠨᠡᠬᠦ ᠦᠷ᠎ᠡ ᠠᠰᠢᠭ ᠢ ᠪᠠᠬᠢᠵᠢᠬᠦᠯᠦᠨ ᠳᠡᠭᠡᠭᠰᠢᠯᠡᠬᠦᠯᠵᠦ᠂ ᠮᠠᠨ ᠤ ᠬᠤᠰᠢᠭᠤᠨ ᠤ ᠡᠮ ᠡᠮᠨᠡᠯᠭᠡ ᠮᠡᠷᠭᠡᠵᠢᠯ ᠤᠨ

ᠬᠢᠷᠢ ᠲᠦᠪᠰᠢᠨ ᠢᠶᠠᠨ ᠴᠢᠷᠮᠡᠶᠢᠨ ᠲᠡᠭᠡᠭᠰᠢᠯᠡᠭᠦᠯᠬᠦ ᠶᠢ ᠠᠬᠢᠭᠤᠯᠵᠦ᠂ ᠮᠠᠨ ᠤ ᠬᠤᠰᠢᠭᠤᠨ ᠤ ᠡᠮᠨᠡᠯᠭᠡ ᠶᠢᠨ

ᠬᠤᠷᠢᠶᠠᠨ ᠤ ᠡᠪᠡᠳᠴᠢᠨ ᠦᠵᠡᠬᠦ ᠨᠣᠷᠮ᠎ᠠ ᠶᠢ ᠣᠯᠠᠮ ᠳᠡᠭᠡᠭᠰᠢᠯᠡᠬᠦᠯᠦᠨ᠎ᠠ᠃ ᠬᠠᠯᠳᠠᠪᠤᠷᠢᠳᠦ ᠡᠪᠡᠳᠴᠢᠨ ᠢ

ᠪᠠᠶᠢᠴᠠᠭᠠᠨ ᠡᠵᠡᠮᠳᠡᠬᠦ᠂ ᠤᠳᠠᠭᠠᠨ ᠴᠢᠨᠠᠷᠳᠡᠢ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠬᠦᠨᠵᠡᠬᠡᠢ ᠨᠢᠮᠪᠠᠢ ᠬᠢᠵᠦ

᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠡᠯ ᠢ ᠠᠷᠭᠠᠴᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ᠃ ᠲᠦᠯᠦᠪᠯᠡᠭᠡᠳᠦ

ᠦᠷᠡᠵᠢᠯ ᠤᠨ ᠣᠶᠢᠯᠡᠴᠢᠯᠡᠯᠭᠡᠨ ᠤ ᠬᠠᠮᠢᠶᠠᠷᠣᠯᠳᠠ ᠶᠢ ᠪᠦᠷᠢᠨᠰᠢᠬᠦᠯᠵᠦ᠂ ᠰᠢᠨ᠎ᠠ ᠳᠦᠷᠦᠭᠰᠡᠨ ᠬᠡᠦᠬᠡᠳ ᠤᠨ ᠪᠡᠶ᠎ᠡ

ᠮᠠᠬᠠᠪᠣᠳ ᠤᠨ ᠴᠢᠨᠠᠷ ᠴᠢᠨᠰᠠᠭ᠎ᠠ ᠶᠢ ᠪᠠᠳᠣᠯᠠᠨ ᠳᠡᠭᠡᠭᠰᠢᠯᠡᠬᠦᠯᠦᠨ᠎ᠠ᠃

ᠵᠢᠷᠭᠤᠭ᠎ᠠ ᠳᠤ ᠰᠤᠶᠤᠯ ᠲᠠᠮᠢᠷ ᠤᠨ ᠠᠵᠤ ᠦᠢᠯᠡᠰ ᠢ ᠦᠷᠨᠢᠭᠦᠨ ᠬᠦᠭᠵᠢᠭᠦᠯᠦᠨ᠎ᠡ᠃ ᠳᠣᠮᠳᠠᠳᠣ ᠶᠢᠨ

ᠦᠨᠳᠦᠰᠦᠳᠡᠨ ᠤ ᠣᠯᠠᠮᠵᠢᠯᠠᠯᠳᠣ ᠬᠤᠯᠠ ᠶᠢᠨ ᠮᠣᠷᠢᠨ ᠤ ᠣᠷᠣᠯᠳᠣᠭᠠᠨ᠂ ᠬᠤᠰᠢᠭᠤ ᠨᠠᠭᠠᠳᠦᠮ᠂ ︽ᠭᠤᠷᠪᠠᠨ

ᠲᠠᠬᠢᠯᠭ᠎ᠠ︾ ᠵᠡᠷᠭᠡ ᠰᠢᠷᠢᠰ ᠬᠦᠳᠡᠯᠭᠡᠭᠡᠨ ᠢ ᠰᠠᠶᠢᠳᠦᠷ ᠵᠤᠬᠢᠶᠠᠨ ᠪᠠᠶᠢᠭᠤᠯᠤᠨ᠎ᠠ᠃ ᠤᠯᠠᠭᠠᠮᠦ᠋ᠴᠢᠷ ᠤᠨ ᠪᠤᠯᠪᠠᠰᠤᠷᠠᠯ

 ᠤᠨ ᠣᠷᠳᠣᠨ᠂ ᠺᠢᠨᠤ᠋ ᠶᠢᠨ ᠣᠷᠳᠣᠨ᠂ ᠪᠦᠭᠡ ᠶᠢᠨ ᠰᠤᠷᠢᠭᠠᠨ ᠤ ᠣᠷᠳᠣᠨ ᠪᠣᠯᠣᠨ ᠶᠡᠷᠦᠩᠬᠡᠶᠢᠯᠡᠭᠰᠡᠨ ᠲᠠᠩᠰᠨ

ᠡᠪᠭᠡᠮᠡᠯ ᠤᠨ ᠤᠷᠳᠦᠨ ᠵᠡᠷᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠪᠡᠶᠡᠯᠡᠭᠦᠯᠦᠨ᠎ᠡ᠃ ᠬᠠᠭᠤᠴᠢ

ᠰᠤᠶᠤᠯ ᠤᠨ ᠦᠯᠡᠳᠡᠭᠳᠡᠯ᠂ ᠦᠨᠳᠦᠰᠦᠳᠡᠨ ᠤᠨ ᠰᠤᠶᠤᠯ ᠤᠨ ᠬᠠᠭᠤᠴᠢᠰ ᠢ ᠬᠠᠮᠭᠠᠯᠠᠬᠤ ᠠᠵᠢᠯ ᠢ ᠬᠦᠨᠳᠦᠳᠭᠡᠨ

ᠴᠢᠬᠤᠯᠠᠴᠢᠯᠡᠵᠦ᠂ ᠦᠷᠡᠭᠳᠡᠭᠰᠡᠨ ᠪᠠᠭᠠᠳᠤᠷᠴᠦᠳ ᠤᠨ ᠲᠤᠷᠠᠰᠬᠠᠯ ᠤᠨ ᠪᠠᠷᠢᠯᠭ᠎ᠠ ᠶᠢᠨ ᠬᠠᠮᠠᠭᠠᠯᠠᠯᠳᠠ ᠶᠢᠨ ᠪᠦᠳᠦᠭᠡᠨ

ᠪᠠᠶᠢᠭᠤᠯᠤᠯᠳᠠ ᠶᠢ ᠠᠬᠢᠭᠤᠯᠤᠨ᠎ᠡ᠃ ᠵᠢᠷᠤᠭ ᠰᠡᠭᠦᠳᠡᠷ᠂ ᠤᠷᠠᠨ ᠵᠢᠷᠤᠭ᠂ ᠤᠳᠬ᠎ᠠ ᠵᠤᠬᠢᠶᠠᠯ ᠵᠡᠷᠭᠡ ᠨᠡᠶᠢᠭᠡᠮᠯᠢᠭ

ᠪᠤᠯᠤᠨ ᠡᠯ᠎ᠡ ᠲᠦᠷᠦᠯ ᠤᠨ ᠺᠯᠦ᠋ᠪ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠦᠨᠳᠦᠰᠦᠳᠡᠨ ᠤ ᠰᠢᠯᠢᠳᠡᠭ

ᠰᠤᠶᠤᠯ ᠢ ᠵᠠᠯᠭᠠᠮᠵᠢᠯᠡᠨ ᠬᠦᠭᠵᠢᠭᠦᠯᠵᠦ᠂ ᠰᠤᠶᠤᠯ ᠤᠨ ᠴᠡᠴᠡᠭᠯᠡᠯᠳᠠ ᠶᠢ ᠠᠬᠢᠭᠤᠯᠤᠨ᠎ᠡ᠃ ᠨᠡᠶᠢᠳᠠ ᠶᠢᠨ ᠰᠣᠶᠣᠯ

ᠳᠠᠮᠢᠷ ᠤᠨ ᠳᠦᠬᠦᠭᠡᠷᠦᠮᠵᠢ ᠶᠢ ᠪᠦᠷᠢᠨᠰᠢᠬᠦᠯᠵᠦ᠂ ᠰᠢᠨ᠎ᠠ ᠬᠠᠭᠤᠴᠢᠨ ᠳᠣᠭᠤᠷᠢᠭ ᠤᠨ ᠠᠭᠤᠳᠠᠮ ᠳᠠᠯᠠᠪᠠᠢ ᠶᠢ

ᠦᠬᠡᠷᠡᠴᠢᠯᠡᠨ ᠪᠠᠶᠢᠭᠤᠯᠵᠦ᠂ ᠲᠠ ᠱᠠᠨ ᠨᠡᠶᠢᠬᠡᠮ ᠳᠣᠭᠤᠷᠢᠭ ᠤᠨ ᠪᠡᠶ᠎ᠡ ᠪᠣᠯᠪᠠᠰᠣᠷᠠᠬᠤ ᠳᠠᠯᠠᠪᠠᠢ ᠶᠢ ᠰᠢᠨ᠎ᠠ ᠪᠠᠷ

ᠪᠠᠶᠢᠭᠤᠯᠵᠦ᠂ ᠵᠠᠯᠠᠭᠤ ᠪᠠᠭᠠᠴᠣᠳ ᠤᠨ ᠬᠦᠳᠡᠯᠬᠡᠬᠡᠨ ᠤ ᠲᠦᠪ᠂ ᠳᠠᠮᠢᠷ ᠤᠨ ᠣᠷᠳᠣᠨ᠂ ᠨᠡᠶᠢᠬᠡᠮ ᠳᠣᠭᠤᠷᠢᠭ ᠤᠨ

ᠣᠶᠢᠯᠡᠴᠢᠯᠡᠯᠭᠡ ᠶᠢ ᠨᠢᠭᠡ ᠴᠣᠭᠴᠠᠵᠢᠭᠤᠯᠣᠭᠰᠠᠨ ᠪᠦᠬᠦ ᠠᠷᠠᠳ ᠤᠨ ᠪᠡᠶ᠎ᠡ ᠪᠣᠯᠪᠠᠰᠣᠷᠠᠬᠤ ᠲᠦᠪ ᠢ ᠪᠦᠳᠦᠭᠡᠨ

ᠪᠠᠶᠢᠭᠤᠯᠵᠦ᠂ ᠴᠠᠬᠠᠷ ᠭᠡᠪᠰᠢ ᠯᠤᠪᠰᠠᠩᠴᠦ᠋ᠯᠳᠦᠮ ᠤᠨ ᠲᠤᠷᠠᠰᠬᠠᠯ ᠤᠨ ᠣᠷᠳᠣᠨ ᠢ ᠪᠠᠶᠢᠭᠤᠯᠬᠤ ᠲᠦᠷᠦᠯ ᠵᠦᠢᠯ

 ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠦᠨ᠎ᠠ᠃

︵ᠶᠢᠰᠦ︶ ᠠᠷᠠᠳᠴᠢᠯᠠᠯ ᠪᠣᠯᠣᠨ ᠬᠠᠣᠯᠢ ᠪᠠᠷ ᠵᠠᠰᠠᠬᠤ ᠶᠢ ᠪᠠᠳᠣᠯᠠᠭ᠎ᠠ ᠪᠣᠯᠭᠠᠵᠦ᠂ ᠨᠡᠶᠢᠬᠡᠮ ᠤᠨ ᠦᠷᠬᠦᠯᠵᠢᠯᠠᠨ

ᠡᠶ᠎ᠡ ᠵᠣᠬᠢᠴᠠᠩᠭᠤᠢ ᠳᠣᠭᠳᠠᠭᠤᠨ ᠪᠠᠶᠢᠬᠤ ᠶᠢ ᠪᠠᠳᠣᠯᠠᠨ᠎ᠠ

ᠨᠠᠮ ᠤᠨ ᠦᠨᠳᠦᠰᠦᠳᠡᠨ ᠤ ᠲᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠦ᠂ ᠨᠠᠮ

‍ᠤᠨ‌ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ

ᠬᠦᠮᠦᠵᠢᠯ ᠪᠣᠯᠣᠨ ᠪᠦᠳᠦᠭᠡᠨ ᠪᠠᠶᠢᠭᠤᠯᠣᠯᠳᠠ ᠶᠢᠨ ᠬᠦᠳᠡᠯᠬᠡᠬᠡᠨ ᠢ ᠶᠡᠬᠡᠪᠡᠷ ᠦᠷᠨᠢᠬᠦᠯᠦᠨ᠎ᠠ᠃ ᠴᠦᠭᠡᠨ ᠲᠤᠭᠠᠳᠦ

ᠦᠨᠳᠦᠰᠦᠳᠡᠨ ᠤ ᠬᠦᠭᠵᠢᠯᠳᠡ ᠶᠢᠨ ᠪᠡᠯᠨ ᠮᠦᠩᠬᠦ ᠶᠢ ᠢᠳᠡᠪᠬᠢᠳᠡᠢ ᠡᠷᠡᠮᠡᠯᠵᠡᠯᠡᠵᠦ ᠦᠨᠳᠦᠰᠦᠳᠡᠨ ᠤ ᠣᠯᠠᠮᠵᠢᠯᠠᠯᠳᠣ

ᠰᠣᠶᠣᠯ ᠢ ᠵᠠᠯᠭᠠᠮᠵᠢᠯᠠᠨ ᠬᠦᠭᠵᠢᠬᠦᠯᠬᠦ ᠶᠢ ᠳᠡᠳᠬᠦᠨ᠎ᠠ᠃ ᠮᠤᠩᠭᠤᠯ ᠬᠢᠳᠡᠳ ᠬᠤᠶᠠᠷ ᠭᠡᠯᠨ ᠶᠢ ᠵᠡᠷᠭᠡᠪᠡᠷ ᠬᠡᠷᠡᠭᠯᠡᠬᠦ

 ᠶᠢ ᠬᠦᠨᠳᠦᠳᠭᠡᠨ ᠮᠤᠩᠭᠤᠯ ᠦᠭᠡ ᠬᠡᠯᠨ ᠦᠰᠦᠭ ᠪᠢᠴᠢᠭ ᠢ ᠲᠦᠷᠢᠮᠵᠢᠭᠦᠨ ᠬᠡᠷᠡᠭᠯᠡᠬᠦ ᠶᠢ ᠬᠢᠨᠠᠨ ᠬᠠᠮᠢᠶᠠᠷᠬᠤ

ᠬᠦᠴᠦᠯᠡᠴᠨ ᠪᠠᠨ ᠶᠡᠭᠡᠰᠭᠡᠵᠦ᠂ ᠮᠤᠩᠭᠤᠯ ᠭᠡᠯᠡᠨ ᠤ ᠤᠷᠴᠢᠭᠤᠯᠭ᠎ᠠ ᠶᠢᠨ ᠲᠦᠪ ᠢ ᠪᠠᠶᠢᠭᠤᠯᠤᠨ᠎ᠡ᠃ ᠨᠠᠮ ᠤᠨ

ᠱᠠᠰᠢᠨ ᠰᠣᠷᠳᠠᠬᠤᠨ ᠤ ᠠᠵᠢᠯ ᠤᠨ ᠴᠢᠭᠯᠡᠯᠳᠠ ᠲᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠦ᠂

ᠱᠠᠰᠢᠨ ᠰᠣᠷᠳᠠᠬᠤᠨ ᠤ ᠬᠦᠷᠢᠶ᠎ᠠ ᠴᠠᠷ᠎ᠠ ᠶᠢᠨ ᠡᠶ᠎ᠡ ᠵᠣᠬᠢᠴᠠᠩᠭᠤᠢ ᠳᠣᠭᠳᠠᠭᠤᠨ ᠢ ᠪᠠᠳᠣᠯᠠᠨ᠎ᠠ᠃ ᠠᠮᠣᠷ ᠳᠦᠪᠰᠢᠨ

ᠬᠡᠬᠦ ᠳᠣᠮᠣ ᠣᠶᠢᠯᠠᠭᠠᠭᠳᠠᠬᠤᠨ ᠢ ᠪᠣᠢ ᠪᠣᠯᠭᠠᠵᠦ᠂ ᠠᠵᠦ ᠠᠬᠤᠶᠢᠯᠠᠯ ᠤᠨ ᠭᠤᠣᠯ ᠴᠣᠭᠴᠠᠳᠣ ᠬᠠᠷᠢᠭᠤᠴᠠᠯᠭ᠎ᠠ᠂

ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ

ᠣᠳᠣᠷᠢᠳᠬᠤ ᠬᠠᠷᠢᠭᠤᠴᠠᠯᠭ᠎ᠠ ᠵᠡᠷᠭᠡ ᠭᠤᠷᠪᠠᠨ ᠬᠠᠷᠢᠭᠤᠴᠠᠯᠭ᠎ᠠ ᠶᠢᠨ ᠰᠢᠰᠲ᠋ᠧᠮ ᠢ ᠦᠨᠡᠨᠬᠦ ᠨᠠᠶᠢᠳᠡᠪᠦᠷᠢᠵᠢᠭᠤᠯᠵᠦ᠂

ᠠᠶᠣᠯᠬᠦᠢ ᠣᠶᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠬᠦᠨᠵᠡᠬᠡᠢ ᠦᠷᠨᠢᠬᠦᠯᠵᠦ᠂ ᠠᠭᠤᠷᠬᠠᠢ ᠶᠢᠨ ᠠᠵᠦ

ᠣᠶᠢᠯᠡᠳᠪᠦᠷᠢ᠂ ᠢᠳᠡᠭᠡᠨ ᠣᠮᠳᠠᠭᠠᠨ ᠡᠮ ᠤᠨ ᠵᠦᠢᠯ᠂ ᠵᠠᠮ ᠬᠠᠷᠢᠯᠴᠠᠭ᠎ᠠ᠂ ᠣᠨᠴᠠᠭᠠᠢ ᠳᠣᠨᠤᠭ ᠳᠦᠬᠦᠭᠡᠷᠦᠮᠵᠢ

ᠪᠣᠯᠣᠨ ᠬᠦᠮᠦᠨ ᠣᠯᠠᠨ ᠴᠣᠭᠯᠠᠷᠠᠳᠠᠭ ᠳᠠᠯᠠᠪᠣᠷ ᠤᠨ ᠠᠮᠣᠷ ᠳᠦᠪᠰᠢᠨ ᠤ ᠪᠠᠳᠣᠯᠠᠭᠠᠨ ᠤ ᠠᠵᠢᠯ ᠢ ᠪᠦᠬᠦ ᠳᠠᠯ᠎ᠠ ᠪᠠᠷ

ᠴᠢᠩᠭ᠎ᠠ ᠠᠳᠬᠤᠵᠦ᠂ ᠠᠶᠣᠯᠬᠦᠢ ᠣᠶᠢᠯᠡᠳᠪᠦᠷᠢᠯᠡᠯ ᠤᠨ ᠬᠤᠷᠢᠭ᠎ᠠ ᠱᠣᠭᠤᠮ ᠢ ᠪᠠᠳᠣ ᠰᠠᠬᠢᠨ᠎ᠠ᠃ ᠵᠦᠷᠢᠴᠡᠯ

ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠬᠦᠨᠵᠡᠭᠡᠢ ᠦᠷᠨᠢᠭᠦᠯᠵᠦ᠂ ᠢᠨᠲ᠋ᠧᠷ ᠰᠦᠯᠵᠢᠶᠠᠨ ᠤ ᠶᠠᠷᠢᠶ᠎ᠠ

ᠬᠡᠯᠡᠯᠴᠡᠬᠡᠨ ᠤ ᠬᠠᠯᠠᠮᠰᠢᠯ ᠠᠰᠠᠭᠤᠳᠠᠯ ᠢ ᠵᠠᠳᠠᠯᠣᠨ ᠰᠣᠳᠣᠯᠵᠦ ᠬᠠᠮᠢᠶᠠᠷᠣᠨ ᠡᠵᠡᠮᠳᠡᠬᠦ ᠪᠠᠨ ᠴᠢᠩᠭᠠᠳᠬᠠᠵᠦ᠂ ᠴᠠᠭ

ᠳᠣᠬᠠᠢ ᠳᠤᠨᠢ ᠬᠦᠳᠡᠯᠦᠩᠬᠦᠢ ᠰᠢᠢᠳᠪᠦᠷᠢᠯᠡᠵᠦ᠂ ᠨᠠᠶᠢᠳᠠᠴᠢ ᠴᠢᠨᠠᠷᠳᠠᠢ ᠣᠴᠢᠷ ᠪᠠ ᠣᠨᠴᠠ ᠶᠡᠭᠡ ᠡᠷᠡᠬᠦᠣ ᠶᠢᠨ

ᠬᠡᠷᠡᠭ ᠡᠬᠦᠰᠬᠦ ᠶᠢ ᠰᠡᠷᠬᠡᠶᠢᠯᠡᠨ᠎ᠠ᠃ ᠬᠦᠳᠡᠯᠮᠦᠷᠢ ᠶᠢᠨ ᠬᠠᠷᠢᠴᠠᠭᠠᠨ ᠤ ᠬᠦᠷᠢᠶ᠎ᠠ ᠴᠠᠷ᠎ᠠ ᠶᠢᠨ ᠵᠦᠷᠢᠴᠡᠯ ᠵᠢᠭᠤᠷᠠᠭᠠᠨ

 ᠢ ᠪᠦᠬᠦ ᠬᠦᠴᠦ ᠪᠠᠷ ᠢᠶᠠᠨ ᠰᠢᠢᠳᠪᠦᠷᠢᠯᠡᠵᠦ᠂ ᠴᠠᠯᠢᠩ ᠮᠦᠩᠭᠦ ᠶᠢ ᠪᠠᠳᠣᠯᠠᠬᠤ ᠵᠢᠴᠢ ᠪᠠᠴᠢᠮ ᠪᠠᠶᠢᠳᠠᠯ ᠢ

ᠠᠷᠭᠠᠴᠠᠭᠠᠬᠤ ᠳᠣᠭᠳᠠᠴᠠ ᠶᠢ ᠪᠠᠶᠢᠭᠤᠯᠣᠨ ᠪᠦᠷᠢᠨᠰᠢᠬᠦᠯᠦᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ

ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠡᠷᠴᠢᠮᠳᠠᠢ ᠠᠷᠭ᠎ᠠ ᠠᠪᠴᠢᠯ ᠢᠶᠠᠷ ᠴᠠᠭ ᠳᠣᠬᠠᠢ

 ᠳᠤᠨᠢ ᠳᠣᠬᠠᠢ ᠶᠢᠨ ᠭᠠᠵᠠᠷ ᠲᠤᠨᠢ ᠣᠯᠠᠨ ᠲᠦᠮᠡᠨ ᠤ ᠬᠠᠣᠯᠢ ᠳᠤ ᠨᠡᠶᠢᠴᠡᠬᠦ ᠬᠦᠰᠡᠯ ᠪᠠ ᠵᠦᠢ ᠶᠣᠰᠣᠨ ᠤ ᠬᠦᠰᠡᠯ

ᠱᠠᠭᠠᠷᠳᠠᠯᠭ᠎ᠠ ᠶᠢ ᠰᠢᠢᠳᠪᠦᠷᠢᠯᠡᠵᠦ᠂ ᠰᠣᠷᠪᠣᠯᠵᠢᠯᠠᠭ᠎ᠠ ᠬᠢᠬᠦ ᠳᠡᠭᠡᠨ ᠬᠠᠣᠯᠢ ᠪᠣᠰᠣ ᠪᠠᠷ ᠵᠢᠭᠤᠷᠠᠯᠳᠠᠨ

ᠳᠡᠪᠵᠢᠶᠠᠷᠡᠬᠦᠯᠬᠦ ᠠᠵᠢᠯᠯᠠᠭ᠎ᠠ ᠳᠤ ᠴᠣᠬᠢᠯᠳᠠ ᠦᠭᠬᠦ ᠬᠦᠴᠦᠯᠡᠴᠠ ᠪᠠᠨ ᠴᠢᠩᠭᠠᠳᠬᠠᠨ᠎ᠠ᠃ ᠨᠡᠶᠢᠬᠡᠮ ᠤᠨ

ᠬᠠᠮᠢᠶᠠᠷᠣᠯᠳᠠ ᠶᠢᠨ ᠰᠢᠨ᠎ᠠ ᠶᠢ ᠡᠭᠦᠳᠬᠦ ᠶᠢ ᠴᠢᠩᠭᠠᠳᠬᠠᠵᠦ᠂ ᠶᠡᠷᠦᠩᠬᠡᠶᠢᠯᠡᠭᠰᠡᠨ ᠰᠡᠷᠬᠡᠶᠢᠯᠡᠨ ᠡᠵᠡᠮᠳᠡᠬᠦ ᠰᠢᠰᠲ᠋ᠧᠮ

 ᠢ ᠳᠡᠬᠦᠯᠳᠡᠷᠵᠢᠬᠦᠯᠵᠦ᠂ ᠬᠠᠣᠯᠢ ᠶᠣᠰᠣᠭᠠᠷ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠰᠦᠷᠳᠡᠬᠦᠯᠦᠯ

 ᠤᠨ ᠠᠵᠢᠯᠯᠠᠭ᠎ᠠ ᠶᠢ ᠴᠢᠩᠭ᠎ᠠ ᠨᠢᠭᠳᠠ ᠰᠡᠷᠬᠡᠶᠢᠯᠡᠵᠦ᠂ ᠣᠯᠠᠨ ᠲᠦᠮᠡᠨ ᠤ ᠠᠮᠣᠷ ᠳᠣᠭᠳᠠᠭᠤᠨ ᠠᠶᠣᠯᠬᠦᠢ ᠪᠠᠶᠢᠳᠠᠯ ᠢ

ᠪᠠᠳᠣᠯᠠᠨ ᠳᠡᠭᠡᠭᠰᠢᠯᠡᠬᠦᠯᠦᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠣᠯᠣᠨ ᠡᠷᠦᠬᠡ ᠶᠢᠨ

ᠴᠡᠷᠢᠭ ᠤᠨ ᠪᠡᠯᠡᠳᠬᠡᠯ ᠠᠯᠪᠠ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠦ᠂ ᠣᠯᠣᠰ ᠲᠦᠷᠦ ᠬᠠᠣᠯᠢ

ᠴᠠᠭᠠᠵᠠ ᠶᠢᠨ ᠠᠵᠢᠯ ᠤᠨ ᠰᠠᠭᠤᠷᠢ ᠳᠦᠬᠦᠭᠡᠷᠦᠮᠵᠢ ᠶᠢᠨ ᠪᠠᠶᠢᠭᠤᠯᠣᠯᠳᠠ ᠶᠢ ᠪᠦᠷᠢᠨᠰᠢᠬᠦᠯᠦᠨ ᠠᠬᠢᠭᠤᠯᠵᠦ᠂ ᠠᠷᠠᠳ

 ᠤᠨ ᠰᠢᠬᠦᠬᠦ ᠬᠤᠷᠢᠶᠠᠨ ᠤ ᠰᠢᠬᠦᠨ ᠳᠠᠰᠣᠯᠣᠯᠳᠠ ᠶᠢᠨ ᠲᠢᠩᠬᠢᠮ᠂ ᠣᠢ ᠰᠢᠭᠤᠢ ᠶᠢᠨ ᠳᠣᠳᠣᠭᠠᠳᠣ ᠶᠢᠨ

ᠬᠠᠮᠠᠭᠠᠯᠠᠬᠤ ᠳᠣᠪᠴᠢᠶᠠᠨ ᠤ ᠶᠡᠬᠡᠨᠠᠭᠤᠷ ᠰᠣᠮᠣᠨ ᠳᠠᠬᠢ ᠳᠣᠮᠢᠯᠠᠭᠰᠠᠨ ᠰᠠᠯᠪᠦᠷᠢ ᠶᠢᠨ ᠪᠦᠳᠦᠭᠡᠨ ᠪᠠᠶᠢᠭᠤᠯᠣᠯᠳᠠ

ᠵᠡᠷᠭᠡ ᠲᠦᠷᠦᠯ ᠵᠦᠢᠯ ᠢ ᠪᠡᠶᠡᠯᠡᠬᠦᠯᠵᠦ᠂ ᠠᠮᠣᠷ ᠢ ᠬᠠᠮᠠᠭᠠᠯᠠᠨ ᠲᠦᠷ ᠬᠤᠷᠢᠬᠤ ᠭᠠᠵᠠᠷ ᠤᠨ ᠪᠦᠳᠦᠭᠡᠨ

ᠪᠠᠶᠢᠭᠤᠯᠣᠯᠳᠠ ᠶᠢᠨ ᠲᠦᠷᠦᠯ ᠵᠦᠢᠯ ᠢ ᠡᠬᠢᠯᠠᠬᠦᠯᠦᠨ᠎ᠠ᠃ ᠬᠠᠣᠯᠢ ᠪᠠᠷ ᠵᠠᠰᠠᠬᠤ ᠶᠢ ᠣᠬᠠᠭᠤᠯᠭ᠎ᠠ ᠬᠦᠮᠦᠵᠢᠬᠦᠯᠬᠦ ︽

ᠵᠢᠷᠭᠤᠭ᠎ᠠ ᠳᠤ ᠨᠡᠪᠳᠡᠷᠡᠬᠦ︾ ᠠᠵᠢᠯᠯᠠᠭ᠎ᠠ ᠶᠢ ᠳᠠᠰᠣᠷᠠᠯᠳᠠ ᠦᠬᠡᠢ ᠬᠦᠨᠵᠡᠬᠡᠶᠢᠷᠡᠬᠦᠯᠵᠦ᠂ ᠺᠠᠳ᠋ᠷ ᠣᠯᠠᠨ ᠲᠦᠮᠡᠨ ᠤ

ᠬᠠᠣᠯᠢ ᠪᠠᠷ ᠵᠠᠰᠠᠬᠤ ᠦᠵᠡᠯᠳᠠ ᠶᠢ ᠦᠨᠡᠨᠬᠦ ᠳᠡᠭᠡᠭᠰᠢᠯᠡᠬᠦᠯᠵᠦ᠂ ︽ᠬᠠᠣᠯᠢ ᠪᠠᠷ ᠵᠠᠰᠠᠭᠰᠠᠨ ᠰᠢᠯᠣᠭᠤᠨ ᠬᠦᠪᠡᠭᠡᠳᠦ

ᠴᠠᠭᠠᠨ︾ ᠤ ᠪᠠᠶᠢᠭᠤᠯᠣᠯᠳᠠ ᠶᠢ ᠪᠦᠬᠦ ᠳᠠᠯ᠎ᠠ ᠪᠠᠷ ᠠᠬᠢᠭᠤᠯᠣᠨ᠎ᠠ᠃

︵ᠠᠷᠪᠠ︶ ᠦᠭᠡᠷᠡᠴᠢᠯᠡᠯᠳᠡ ᠰᠢᠨ᠎ᠡ ᠶᠢ ᠡᠭᠦᠳᠬᠦ ᠪᠠᠷ ᠬᠦᠳᠡᠯᠭᠡᠬᠦ ᠬᠦᠴᠦᠨ ᠪᠤᠯᠭᠠᠨ ᠠᠵᠤ ᠠᠬᠤᠢ ᠨᠡᠶᠢᠭᠡᠮ ᠤᠨ

ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ  

ᠨᠢᠭᠡ ᠳᠤ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠤᠨ᠎ᠡ᠃ ᠵᠠᠰᠠᠭ ᠢ

ᠴᠣᠮᠬᠠᠳᠬᠠᠨ ᠡᠷᠭᠡ ᠶᠢ ᠰᠣᠯᠠᠯᠠᠨ᠂ ᠬᠠᠮᠢᠶᠠᠷᠤᠯᠳᠠ ᠪᠠ ᠰᠣᠯᠠᠯᠠᠬᠤ ᠶᠢ ᠣᠶᠠᠯᠳᠣᠭᠤᠯᠣᠨ᠂ ᠦᠢᠯᠡᠴᠢᠯᠡᠯᠭᠡ ᠶᠢ

ᠰᠢᠯᠢᠳᠡᠭᠵᠢᠭᠦᠯᠬᠦ ᠶᠢ ᠵᠡᠷᠭᠡᠪᠡᠷ ᠠᠬᠢᠭᠤᠯᠬᠤ ᠶᠢ ᠪᠠᠷᠢᠮᠳᠡᠯᠠᠵᠦ᠂ ︽ᠭᠤᠷᠪᠡᠨ ᠲᠠᠩᠰᠨ ᠨᠢᠭᠡ ᠭᠠᠷᠴᠠᠭ︾ ᠤᠨ

ᠲᠦᠷᠢᠮ ᠢ ᠨᠢᠮᠪᠠᠢ ᠨᠠᠶᠢᠳᠠᠪᠤᠷᠢᠵᠢᠭᠤᠯᠵᠦ᠂ ᠦᠢᠯᠡᠴᠢᠯᠡᠯᠭᠡ ᠶᠢᠨ ᠴᠢᠨᠠᠷ ᠴᠢᠨᠰᠠᠭ᠎ᠠ ᠪᠠ ᠠᠵᠢᠯ ᠬᠢᠬᠦ ᠦᠷ᠎ᠡ ᠠᠰᠢᠭ

 ᠢ ᠲᠡᠭᠡᠭᠰᠢᠯᠡᠭᠦᠯᠦᠨ᠎ᠡ᠃ ᠵᠦᠪᠳᠡᠯᠴᠡᠬᠦ ᠲᠦᠷᠢᠮ ᠪᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ

ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠵᠦᠪᠰᠢᠶᠡᠷᠡᠯ ᠤᠨ ᠡᠷᠬᠡ ᠶᠢ ᠰᠤᠯᠠᠯᠠᠬᠤ ᠶᠤᠰᠤᠳᠡᠢ ᠶᠢ ᠨᠢ

ᠲᠦᠢᠯᠪᠤᠷᠢᠳᠡᠢ ᠰᠣᠯᠠᠯᠠᠵᠦ᠂ ᠵᠦᠪᠰᠢᠶᠡᠷᠡᠯ ᠤᠨ ᠡᠷᠬᠡ ᠠᠴᠠ ᠬᠠᠰᠤᠬᠤ ᠵᠤᠬᠢᠰᠳᠡᠢ ᠶᠢ ᠨᠢ ᠰᠢᠭᠤᠷᠬᠠᠢ ᠬᠠᠰᠦᠵᠦ᠂

ᠴᠡᠪᠡᠷᠯᠡᠬᠦ ᠶᠣᠰᠣᠳᠠᠢ ᠢ ᠨᠢ ᠳᠠᠷᠣᠢ ᠲᠦᠷᠭᠡᠨ ᠴᠡᠪᠡᠷᠯᠡᠵᠦ᠂ ᠬᠠᠮᠢᠶᠠᠷᠬᠤ ᠶᠤᠰᠦᠳᠡᠢ ᠶᠢ ᠨᠢ ᠲᠤᠤᠱᠳᠡᠢ ᠬᠠᠮᠢᠶᠠᠷᠣᠨ᠎ᠠ

᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠢ ᠲᠠᠭᠠᠭᠠᠴᠢᠯᠡᠨ ᠡᠵᠡᠩᠨᠡᠬᠦ ᠡᠷᠭᠡ ᠶᠢ ᠨᠤᠳᠠᠯᠠᠵᠦ ᠳᠣᠭᠳᠠᠭᠠᠨ

ᠦᠨᠡᠮᠯᠡᠯ ᠲᠠᠷᠬᠠᠭᠠᠬᠤ ᠠᠵᠢᠯ ᠪᠠ ᠨᠣᠳᠤᠭ ᠪᠠᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠨᠣᠳᠠᠯᠠᠨ ᠳᠣᠭᠳᠠᠭᠠᠵᠦ

ᠦᠨᠡᠮᠯᠡᠯ ᠳᠠᠷᠬᠠᠭᠠᠬᠤ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃  

ᠬᠤᠶᠠᠷ ᠲᠤ ᠡᠳ᠋ ᠤᠨ ᠵᠠᠰᠠᠭ ᠭᠠᠶᠢᠯᠢ ᠶᠢ ᠬᠢᠨᠠᠨ ᠬᠠᠮᠢᠶᠠᠷᠬᠤ ᠶᠢ ᠬᠦᠴᠦᠯᠡᠨ ᠴᠢᠩᠭᠠᠳᠬᠠᠨ᠎ᠠ᠃ ᠲᠤᠮᠳᠡ ᠤᠷᠳᠦ

ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠴᠢᠨᠠᠷᠳᠡᠢ ᠵᠢᠭᠡᠯᠡᠯᠭᠡ᠂ ᠵᠢᠭᠡᠯᠡᠯᠭᠡ ᠶᠢᠨ ᠲᠡᠮᠳᠡᠭ ᠢ ᠡᠷᠡᠮᠡᠯᠵᠡᠯᠡᠨ

ᠵᠤᠬᠢᠴᠠᠭᠤᠯᠬᠤ ᠬᠦᠴᠦᠯᠡᠴᠨ ᠪᠠᠨ ᠶᠡᠬᠡᠰᠬᠡᠵᠦ᠂ ᠵᠠᠰᠠᠭ ᠤᠨ ᠤᠷᠳᠦᠨ ᠤ ᠦᠷᠢ ᠦᠭᠴᠡᠭᠡᠨ ᠤ ᠲᠦᠭᠰᠢᠭᠦᠷᠢ ᠶᠢ

ᠰᠡᠷᠬᠡᠶᠢᠯᠡᠨ ᠡᠵᠡᠮᠳᠡᠬᠦ ᠴᠢᠳᠠᠪᠬᠢ ᠶᠢ ᠴᠢᠩᠭᠠᠳᠬᠠᠵᠦ᠂ ᠪᠡᠯᠨ ᠮᠦᠩᠭᠦᠨ ᠤ ᠬᠤᠷᠠᠮᠳᠤᠯᠭ᠎ᠠ ᠶᠢᠨ ᠭᠡᠪᠴᠢᠶ᠎ᠡ ᠶᠢ

ᠵᠤᠬᠢᠰᠳᠡᠢ ᠦᠷᠭᠡᠳᠭᠡᠨ᠎ᠡ᠃ ᠦᠨᠡᠨᠴᠢ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠷᠢᠨᠰᠢᠭᠦᠯᠵᠦ᠂

ᠮᠦᠩᠭᠦᠨ ᠬᠦᠢᠯᠭᠡᠭᠡᠨ ᠤ ᠠᠮᠤᠷ ᠲᠦᠪᠰᠢᠨ ᠢ ᠪᠠᠳᠤᠯᠠᠨ᠎ᠡ᠃ ︽ᠲᠦᠰᠦᠯ ᠤᠨ ᠬᠠᠤᠯᠢ︾ ᠶᠢ ᠴᠢᠩᠭ᠎ᠠ

ᠬᠡᠷᠡᠭᠵᠢᠭᠦᠯᠵᠦ᠂ ᠡᠳ᠋ ᠤᠨ ᠵᠠᠰᠠᠭ ᠠᠵᠦ ᠠᠬᠤᠢ ᠤᠨ ᠰᠡᠬᠢᠯᠭ᠎ᠠ ᠲᠦᠷᠢᠮ ᠢ ᠴᠢᠩᠭᠠᠳᠬᠠᠨ ᠭᠠᠶᠢᠯᠢ ᠶᠢᠨ ᠡᠬᠢ

ᠪᠠᠶᠠᠯᠢᠭ ᠢ ᠬᠦᠴᠦᠯᠡᠨ ᠪᠣᠶᠢᠵᠢᠭᠤᠯᠵᠦ᠂ ᠭᠠᠶᠢᠯᠢ ᠶᠢᠨ ᠡᠬᠢ ᠪᠠᠶᠠᠯᠢᠭ ᠢ ᠨᠡᠮᠡᠭᠳᠡᠬᠦᠯᠦᠨ ᠵᠠᠷᠣᠯᠭ᠎ᠠ ᠪᠠᠨ ᠪᠠᠭᠠᠰᠬᠠᠵᠦ

᠂ ᠭᠠᠶᠢᠯᠢ ᠶᠢᠨ ᠡᠬᠢ ᠪᠠᠶᠠᠯᠢᠭ ᠢ ᠮᠦᠷᠳᠡᠨ ᠪᠠᠶᠢᠴᠠᠭᠠᠬᠤ ᠶᠢ ᠴᠢᠩᠭᠠᠳᠬᠠᠵᠦ᠂ ᠬᠤᠷᠢᠶᠠᠬᠤ ᠶᠤᠰᠦᠳᠡᠢ ᠭᠠᠶᠢᠯᠢ ᠶᠢ

ᠪᠦᠬᠦᠨ ᠢ ᠬᠤᠷᠢᠶᠠᠨ᠎ᠡ᠃ ᠡᠳ᠋ ᠤᠨ ᠵᠠᠰᠠᠭ ᠤᠨ ᠪᠡᠯᠡ ᠮᠦᠩᠬᠦ ᠶᠢᠨ ᠵᠠᠷᠣᠯᠭ᠎ᠠ ᠳᠠᠬᠢ ᠬᠠᠮᠢᠶᠠᠷᠤᠯᠳᠠ᠂ ᠬᠢᠨᠠᠯᠳᠠ

ᠳᠠᠯᠪᠢᠵᠦ ᠪᠠᠶᠢᠴᠠᠭᠠᠬᠤ᠂ ᠦᠷ᠎ᠡ ᠠᠰᠢᠭ ᠢ ᠮᠦᠷᠳᠡᠨ ᠨᠡᠬᠡᠬᠦ ᠪᠠ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠨ᠎ᠡ᠃

ᠭᠤᠷᠪᠠ ᠳᠤ ᠠᠵᠤ ᠠᠬᠤᠢ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠬᠦᠴᠦᠯᠡᠨ ᠰᠢᠯᠢᠳᠡᠭᠵᠢᠭᠦᠯᠦᠨ᠎ᠡ᠃

ᠤᠷᠴᠢᠨ ᠲᠤᠭᠤᠷᠢᠨ ᠤ ᠲᠠᠪᠠᠭᠤᠯᠢᠭ ᠢᠶᠠᠷ ᠬᠦᠭᠵᠢᠯᠳᠡ ᠶᠢᠨ ᠲᠠᠪᠠᠭᠤᠯᠢᠭ ᠭᠠᠷᠭᠠᠬᠤ ᠶᠢ ᠪᠠᠷᠢᠮᠳᠠᠯᠠᠵᠦ᠂ ᠪᠦᠬᠦ

ᠬᠦᠴᠦ ᠪᠠᠷ ᠢᠶᠠᠨ ᠦᠨᠳᠦᠷ ᠦᠷ᠎ᠡ ᠠᠰᠢᠭ ᠲᠠᠢ ᠪᠠᠶᠢᠬᠤ ᠠᠷᠠᠳ ᠲᠤ ᠳᠦᠬᠦᠮ ᠦᠵᠡᠬᠦᠯᠬᠦ ᠦᠢᠯᠡᠴᠢᠯᠡᠯᠭᠡᠨ ᠤ

ᠤᠷᠴᠢᠨ ᠲᠤᠭᠤᠷᠢᠨ ᠪᠠ ᠴᠢᠯᠦᠭᠡᠳᠠᠢ ᠲᠠᠯᠪᠢᠭᠤ ᠪᠡᠯᠨ ᠤᠷᠤᠭᠤᠯᠤᠯᠳᠠ ᠶᠢᠨ ᠤᠷᠴᠢᠨ ᠢ ᠪᠠᠶᠢᠭᠤᠯᠵᠦ᠂ ᠨᠡᠩ

ᠤᠯᠡᠨ ᠠᠵᠤ ᠠᠬᠤᠶᠢᠯᠡᠯ ᠪᠠ ᠴᠢᠳᠠᠪᠤᠷᠢᠳᠡᠨ ᠢ ᠳᠠᠳᠠᠨ ᠠᠪᠴᠢᠷᠠᠵᠦ ᠰᠠᠭᠤᠷᠢᠰᠢᠭᠤᠯᠣᠨ ᠪᠦᠬᠦ ᠬᠤᠰᠢᠭᠤᠨ ᠤ ᠠᠵᠤ

ᠠᠬᠤᠢ ᠨᠡᠶᠢᠭᠡᠮ ᠤᠨ ᠬᠦᠭᠵᠢᠯᠳᠡ ᠳᠤ ᠣᠷᠣᠯᠴᠠᠭᠤᠯᠣᠨ᠎ᠠ᠃ ᠬᠡᠷᠡᠭ ᠶᠠᠪᠣᠳᠠᠯ ᠬᠦᠯᠢᠶᠡᠨ ᠠᠪᠤᠭᠰᠠᠨ ︽

ᠠᠩᠬᠠᠳᠠᠭᠴᠢ︾ ᠬᠦᠮᠦᠨ ᠠᠴᠠ ᠬᠠᠷᠢᠭᠤᠴᠠᠬᠤ ᠲᠦᠷᠢᠮ ᠢ ᠢᠳᠡᠪᠬᠢᠳᠡᠢ ᠪᠠᠷ ᠶᠠᠪᠤᠭᠳᠠᠭᠤᠯᠵᠦ᠂ ︽ᠨᠢᠭᠡᠯᠨ ᠭᠠᠵᠠᠷ

 ᠲᠤ ᠬᠡᠷᠡᠭ ᠶᠠᠪᠣᠳᠠᠯ ᠢ ᠬᠦᠯᠢᠶᠡᠨ ᠰᠶᠢᠳᠪᠤᠷᠢᠯᠡᠵᠦ᠂ ᠪᠦᠬᠦ ᠶᠠᠪᠤᠴᠨ ᠳᠤ ᠦᠢᠯᠡᠴᠢᠯᠡᠯᠭᠡ ᠬᠠᠩᠭᠠᠬᠤ︾ ᠬᠡᠯᠪᠡᠷᠢ ᠶᠢ

ᠪᠠᠶᠢᠭᠤᠯᠵᠦ᠂ ᠬᠠᠮᠤᠭ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠲᠦᠭᠦᠮ ᠦᠵᠡᠭᠦᠯᠦᠨ᠎ᠡ᠃ ᠴᠢᠨᠠᠷ ᠴᠢᠨᠰᠠᠭ᠎ᠠ ᠪᠠᠷ

ᠬᠤᠰᠢᠭᠤ ᠪᠠᠨ ᠬᠦᠴᠦᠷᠬᠡᠭᠵᠢᠬᠦᠯᠬᠦ ᠶᠢ ᠬᠦᠨᠵᠡᠭᠡᠢ ᠠᠬᠢᠭᠤᠯᠵᠦ᠂ ᠬᠤᠰᠢᠭᠤ ᠳᠠᠷᠤᠭ᠎ᠠ ᠶᠢᠨ ᠴᠢᠨᠠᠷ ᠴᠢᠨᠰᠠᠭᠠᠨ ᠤ

ᠱᠠᠩᠨᠠᠯ ᠤᠨ ᠮᠦᠩᠬᠦ ᠶᠢ ᠪᠠᠶᠢᠭᠤᠯᠵᠦ᠂ ᠰᠢᠶᠠᠨ ᠤ ᠬᠡᠪᠴᠢᠶᠠᠨ ᠤ ᠠᠵᠦ ᠠᠬᠤᠢ ᠶᠢᠨ ᠬᠡᠯᠪᠡᠷᠢ ᠶᠢᠨ ᠬᠤᠪᠢᠷᠠᠭᠠᠯᠳᠠ

 ᠪᠠᠷ ᠳᠡᠰ ᠳᠡᠪᠰᠢᠬᠦ ᠳᠤ ᠴᠢᠩᠭ᠎ᠠ ᠬᠦᠴᠦᠳᠠᠢ ᠪᠠᠳᠣᠯᠠᠭ᠎ᠠ ᠬᠠᠩᠭᠠᠨ᠎ᠠ᠃

   ᠭᠤᠷᠪᠡ᠂  ᠵᠠᠰᠠᠭ ᠤᠨ ᠤᠷᠳᠦᠨ ᠤ ᠦᠪᠡᠷ ᠤᠨ ᠪᠠᠶᠢᠭᠤᠯᠤᠯᠳᠠ ᠶᠢ ᠴᠢᠩᠭᠠᠳᠬᠠᠨ᠎ᠡ

              ᠲᠦᠯᠦᠭᠡᠯᠡᠭᠴᠢᠳ ᠡ᠂ ᠦᠨᠦ ᠵᠢᠯ ᠤᠨ ᠡᠯ᠎ᠡ ᠲᠦᠷᠦᠯ ᠤᠨ ᠡᠭᠦᠷᠭᠡ ᠪᠠᠨ ᠠᠮᠵᠢᠯᠳᠠ ᠲᠠᠢ

ᠪᠡᠶᠡᠯᠡᠬᠦᠯᠬᠦ ᠳᠤ᠂ ᠪᠢᠳᠡᠨ ᠢ ᠡᠷᠭᠡᠪᠰᠢ ᠵᠠᠰᠠᠭ ᠤᠨ ᠤᠷᠳᠦᠨ ᠤ ᠦᠪᠡᠷ ᠤᠨ ᠪᠠᠶᠢᠭᠤᠯᠤᠯᠳᠠ ᠪᠠᠨ ᠴᠢᠩᠭᠠᠳᠬᠠᠵᠦ᠂

ᠨᠡᠩ ᠦᠷᠭᠡᠨ ᠬᠠᠷᠠᠭᠠᠰᠣ᠂ ᠣᠷᠬᠢᠯᠣᠮ᠎ᠠ ᠵᠣᠷᠢᠭ᠂ ᠪᠣᠳᠠᠳᠠᠢ ᠬᠡᠪ ᠰᠣᠷᠳᠠᠯ ᠢᠶᠠᠷ ᠮᠠᠨ ᠤ ᠬᠤᠰᠢᠭᠤᠨ ᠤ ᠰᠢᠨ᠎ᠠ

ᠡᠭᠡᠯᠵᠢ ᠶᠢᠨ ᠦᠰᠦᠷᠡᠯᠳᠠ ᠳᠠᠪᠰᠢᠯᠳᠠ ᠶᠢᠨ ᠳᠡᠦᠬᠡᠳᠦ ᠡᠭᠦᠷᠭᠡ ᠶᠢ ᠨᠠᠩ ᠰᠠᠶᠢᠨ ᠢᠶᠠᠷ ᠡᠭᠦᠷᠭᠡᠯᠡᠬᠦ ᠶᠢ ᠱᠠᠭᠠᠷᠳᠠᠵᠤ

ᠪᠠᠶᠢᠨ᠎ᠠ᠃

ᠨᠢᠭᠡ ᠳᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠣᠨ᠎ᠠ᠃ ᠬᠠᠤᠯᠢ ᠠᠴᠠ ᠡᠷᠬᠡ ᠣᠯᠭᠤᠭᠰᠠᠨ

ᠦᠬᠡᠢ ᠵᠦᠢᠯ ᠢ ᠦᠯᠦ ᠬᠢᠵᠦ᠂ ᠬᠠᠣᠯᠢ ᠠᠴᠠ ᠳᠣᠭᠳᠠᠭᠰᠠᠨ ᠬᠠᠷᠢᠭᠤᠴᠠᠯᠭ᠎ᠠ ᠶᠢ ᠵᠠᠪᠠᠯ ᠪᠡᠶᠡᠯᠡᠬᠦᠯᠵᠦ᠂ ᠵᠠᠰᠠᠭ ᠤᠨ

ᠣᠷᠳᠣᠨ ᠤ ᠡᠷᠬᠡ᠂ ᠬᠠᠷᠢᠭᠤᠴᠠᠯᠭ᠎ᠠ ᠶᠢᠨ ᠳᠠᠩᠰᠠ ᠶᠢᠨ ᠲᠦᠷᠢᠮ ᠢ ᠪᠦᠷᠢᠨᠰᠢᠬᠦᠯᠵᠦ᠂ ᠬᠠᠣᠯᠢ ᠪᠠᠷ ᠵᠠᠰᠠᠬᠤ

ᠰᠠᠯᠠᠭ᠎ᠠ ᠮᠦᠴᠢᠷ᠂ ᠬᠠᠣᠯᠢ ᠶᠢᠨ ᠵᠦᠪᠯᠡᠭᠴᠢ ᠶᠢᠨ ᠠᠵᠢᠯ ᠤᠨ ᠡᠭᠦᠷᠭᠡ ᠴᠢᠳᠠᠪᠦᠷᠢ ᠶᠢ  ᠨᠡᠮᠡᠭᠳᠡᠬᠦᠯᠵᠦ᠂ ᠬᠠᠣᠯᠢ

 ᠳᠤ ᠳᠣᠭᠳᠠᠭᠠᠰᠠᠨ ᠡᠷᠬᠡ ᠶᠢᠨ ᠬᠢᠵᠠᠭᠠᠷ ᠪᠣᠯᠣᠨ ᠠᠯᠬᠤᠮ ᠶᠠᠪᠣᠴᠠ ᠪᠠᠷ ᠬᠠᠷᠢᠭᠤᠴᠠᠯᠭ᠎ᠠ ᠪᠠᠨ ᠴᠢᠩᠭ᠎ᠠ

ᠬᠦᠢᠴᠡᠳᠬᠡᠨ᠎ᠠ᠃ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠦᠳᠦᠭᠡᠨ ᠪᠠᠶᠢᠭᠤᠯᠣᠯᠳᠠ ᠶᠢᠨ ᠰᠢᠯᠭᠠᠨ

ᠦᠨᠡᠯᠡᠬᠦ ᠳᠣᠭᠳᠠᠴᠠ ᠶᠢ ᠴᠢᠩᠭᠠᠳᠬᠠᠵᠦ᠂ ᠬᠠᠣᠯᠢ ᠪᠠᠷ ᠵᠠᠰᠠᠭ ᠶᠠᠪᠣᠭᠤᠯᠬᠤ ᠴᠢᠳᠠᠮᠵᠢ ᠶᠢ ᠳᠡᠭᠡᠭᠰᠢᠯᠡᠭᠦᠯᠦᠨ᠎ᠠ᠃

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠥ ᠶᠢᠨ

ᠵᠦᠪᠯᠡᠯᠭᠡᠨ ᠤ ᠠᠷᠠᠳᠴᠢᠯᠠᠭᠰᠠᠨ ᠬᠢᠨᠠᠯᠳᠠ᠂ ᠨᠡᠶᠢᠭᠡᠮ ᠪᠤᠯᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ

 ᠪᠠᠨ ᠬᠦᠯᠢᠶᠡᠵᠦ᠂ ᠵᠠᠰᠠᠭ ᠤᠨ ᠤᠷᠳᠤᠨ ᠤ ᠠᠵᠢᠯ ᠤᠨ ᠢᠯᠡ ᠳᠣᠳᠣ ᠪᠠᠶᠢᠬᠤ ᠶᠢ ᠠᠬᠢᠭᠤᠯᠤᠨ᠎ᠠ᠃

ᠬᠤᠶᠠᠷ ᠲᠤ ᠦᠢᠯᠡᠴᠢᠯᠡᠯᠭᠡᠨ ᠤ ᠬᠡᠯᠪᠡᠷᠢᠳᠦ ᠵᠠᠰᠠᠭ ᠤᠨ ᠤᠷᠳᠤᠨ ᠢ ᠪᠠᠶᠢᠭᠤᠯᠤᠨ᠎ᠠ᠃ ᠠᠷᠠᠳ ᠲᠤ ᠦᠢᠯᠡᠴᠢᠯᠡᠬᠦ

ᠦᠨᠳᠦᠰᠦᠨ ᠵᠤᠷᠢᠯᠳᠠ ᠶᠢ ᠪᠠᠲᠦ ᠴᠡᠭᠡᠵᠢᠯᠡᠵᠦ᠂ ᠤᠯᠠᠨ ᠲᠦᠮᠡᠨ ᠤ ᠵᠣᠭᠰᠣᠴᠠ ᠠᠴᠠ ᠤᠯᠠᠨ ᠲᠦᠮᠡᠨᠴᠢ ᠱᠤᠭᠤᠮ

 ᠢᠶᠠᠷ ᠪᠠᠲᠦ ᠵᠠᠮᠨᠠᠵᠦ᠂ ᠨᠡᠩ ᠤᠯᠠᠨ ᠴᠠᠭ ᠢᠶᠠᠨ ᠦᠨᠳᠦᠰᠦᠨ ᠱᠠᠳᠤᠨ ᠳᠤ ᠪᠠᠭᠤᠵᠦ ᠪᠠᠶᠢᠴᠠᠭᠠᠨ ᠰᠤᠳᠤᠯᠤᠯᠳᠠ ᠬᠢᠬᠦ

ᠳᠡᠭᠡᠷ᠎ᠡ ᠵᠠᠷᠤᠴᠠᠭᠤᠯᠵᠦ᠂ ᠨᠡᠩ ᠤᠯᠠᠨ ᠤᠶᠤᠨ ᠴᠢᠳᠠᠯ ᠢᠶᠠᠨ ︽ᠬᠠᠮᠤᠭ ᠤᠨ ᠡᠴᠦᠰ ᠤᠨ ᠨᠢᠭᠡ ᠠᠯᠬᠤᠮ︾ ᠢ

ᠨᠡᠪᠲᠡᠷᠡᠭᠦᠯᠬᠦ ᠳᠡᠭᠡᠷ᠎ᠡ ᠬᠡᠷᠡᠭᠯᠡᠨ᠎ᠡ᠃ ᠵᠠᠰᠠᠭ ᠤᠨ ᠤᠷᠳᠤᠨ ᠤ ᠰᠣᠨᠢᠨ ᠮᠡᠳᠡᠭᠡ ᠨᠡᠶᠢᠳᠡᠯᠡᠬᠦ ᠳᠦᠷᠢᠮ ᠶᠢ

ᠪᠦᠷᠢᠨᠰᠢᠭᠦᠯᠵᠦ᠂ ᠨᠧᠲ ᠦᠷᠳᠡᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠵᠦ ᠨᠡᠶᠢᠭᠡᠮ ᠤᠨ ᠬᠠᠯᠠᠮᠰᠢᠯ

ᠠᠰᠠᠭᠤᠳᠠᠯ ᠳᠤ ᠴᠠᠭ ᠳᠤᠬᠠᠢ ᠳᠤᠨᠢ ᠬᠠᠷᠢᠭᠤᠯᠳᠠ ᠦᠭᠴᠦ᠂ ᠮᠠᠯᠴᠢᠨ ᠲᠠᠷᠢᠶᠠᠴᠢᠨ ᠳᠤ ᠠᠰᠢᠭᠳᠠᠢ ᠲᠦᠷᠦ ᠶᠢᠨ

ᠪᠤᠳᠤᠯᠭ᠎ᠠ᠂ ᠡᠳ᠋ ᠤᠨ ᠵᠠᠰᠠᠭ ᠤᠨ ᠳᠦᠰᠦᠯ ᠤᠨ ᠭᠦᠢᠴᠡᠳᠬᠡᠯ᠂ ᠨᠡᠶᠢᠭᠡᠮ ᠤᠨ ᠪᠠᠲᠤᠯᠠᠭ᠎ᠠ ᠵᠡᠷᠭᠡ ᠴᠢᠮᠡᠭᠡ ᠵᠠᠩᠭᠢ

 ᠶᠢ ᠨᠡᠶᠢᠳᠡᠯᠡᠬᠦ ᠠᠵᠢᠯ ᠢ ᠰᠠᠶᠢᠳᠤᠷ ᠬᠢᠵᠦ᠂ ᠤᠯᠠᠨ ᠲᠦᠮᠡᠨ ᠤ ᠤᠶᠢᠯᠠᠭᠠᠵᠦ ᠮᠡᠳᠡᠬᠦ ᠡᠷᠬᠡ ᠪᠤᠯᠤᠨ ᠬᠢᠨᠠᠯᠳᠠ

ᠲᠠᠯᠪᠢᠬᠤ ᠡᠷᠬᠡ ᠶᠢ ᠪᠠᠲᠤᠯᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠦᠷ᠎ᠡ ᠪᠦᠲᠦᠮᠵᠢ ᠶᠢ ᠬᠢᠨᠠᠨ

ᠰᠢᠯᠭᠠᠬᠤ ᠶᠢ ᠴᠢᠩᠭᠠᠳᠬᠠᠵᠦ᠂ ᠡᠯ᠎ᠡ ᠰᠠᠯᠠᠭ᠎ᠠ ᠮᠦᠴᠢᠷ ᠤᠨ ᠠᠵᠢᠯ ᠤᠨ ᠪᠤᠳᠠᠲᠦ ᠪᠦᠲᠦᠮᠵᠢ ᠪᠤᠯᠤᠨ ᠲᠤᠰᠬᠠᠢ

ᠲᠦᠷᠦᠯ ᠤᠨ ᠪᠡᠯᠡ ᠮᠦᠩᠭᠦ ᠶᠢ ᠡᠷᠡᠮᠡᠯᠵᠡᠯᠠᠨ ᠤᠯᠬᠤ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠡᠯᠡ ᠮᠦᠩᠭᠦ ᠶᠢ

ᠪᠠᠶᠢᠷᠢᠨ ᠳᠤᠨᠢ ᠨᠡᠶᠢᠳᠠᠪᠦᠷᠢᠵᠢᠭᠤᠯᠣᠭᠰᠠᠨ ᠵᠡᠷᠭᠡ ᠪᠠᠶᠢᠳᠠᠯ ᠤᠨ ᠬᠢᠨᠢ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠤ

ᠠᠳᠠᠯᠢ ᠠᠵᠢᠯ ᠲᠦᠷᠦᠯ ᠤᠨ ᠪᠦᠳᠦᠮᠵᠢ ᠶᠢᠨ ᠠᠳᠠᠯᠢᠳᠬᠠᠯ᠂ ᠵᠢᠭᠰᠠᠭᠠᠯᠳᠠ ᠳᠠᠬᠢ ᠣᠷᠣᠨ ᠪᠠᠶᠢᠷᠢ ᠪᠠᠷ ᠵᠢᠯ ᠤᠨ

ᠡᠴᠦᠰ ᠲᠤ ᠡᠯ᠎ᠠ ᠰᠠᠯᠠᠭ᠎ᠠ ᠮᠦᠴᠢᠷ ᠤᠨ ᠠᠵᠢᠯ ᠤᠨ ᠪᠦᠳᠦᠮᠵᠢ ᠶᠢ ᠦᠨᠡᠯᠡᠬᠦ ᠦᠨᠳᠦᠰᠦ ᠪᠠᠷᠢᠮᠳᠠ ᠪᠣᠯᠭᠠᠨ᠎ᠠ᠃

ᠭᠤᠷᠪᠠ ᠳᠤ ᠪᠤᠳᠡᠳᠡᠢ ᠶᠢ ᠡᠷᠬᠢᠮᠯᠡᠭᠰᠡᠨ ᠵᠠᠰᠠᠭ ᠤᠨ ᠤᠷᠳᠦᠨ ᠢ ᠪᠠᠶᠢᠭᠤᠯᠤᠨ᠎ᠡ᠃ ᠬᠠᠷᠠᠯᠳᠠ ᠶᠢᠨ ᠬᠠᠮᠢᠶᠠᠷᠦᠯᠳᠠ

 ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠭᠤᠯᠵᠦ᠂ ᠠᠯᠳᠠᠭ᠎ᠠ ᠶᠢ ᠠᠭᠤᠴᠢᠯᠠᠨ ᠠᠯᠳᠠᠭ᠎ᠠ ᠶᠢ ᠵᠠᠯᠠᠷᠠᠭᠤᠯᠬᠤ

ᠳᠣᠭᠳᠠᠴᠠ ᠶᠢ ᠪᠠᠶᠢᠭᠤᠯᠵᠦ᠂ ᠵᠤᠷᠢᠭᠳᠠᠢ ᠪᠠᠷ ᠡᠭᠦᠷᠭᠡᠯᠡᠵᠦ ᠦᠢᠯᠡᠰ ᠪᠤᠰᠬᠠᠨ ᠠᠵᠢᠯᠯᠠᠬᠤ ᠠᠭᠤᠷ ᠠᠮᠢᠰᠬᠤᠯ ᠢ ᠪᠤᠢ

ᠪᠤᠯᠭᠠᠨ᠎ᠠ᠃ ᠵᠠᠰᠠᠭ ᠤᠨ ᠰᠣᠷᠳᠠᠯ ᠪᠠ ᠳᠣᠰᠬᠠᠶᠢᠯᠠᠭᠰᠠᠨ ᠠᠵᠢᠯ ᠤᠨ ᠰᠤᠷᠳᠡᠯ ᠤᠨ ᠪᠠᠶᠢᠭᠤᠯᠤᠯᠳᠠ ᠶᠢ ᠢᠳᠡᠪᠬᠢᠳᠠᠢ

ᠠᠬᠢᠭᠤᠯᠵᠦ᠂ ᠦᠬᠡᠨᠴᠠ ᠳᠣᠷᠣᠢ ᠠᠯᠵᠠᠭᠤ ᠬᠤᠶᠢᠷᠭᠤ ᠰᠣᠯᠠ ᠵᠠᠳᠠᠭᠠᠢ ᠵᠡᠷᠭᠡ ᠲᠦᠪ ᠪᠣᠰᠣ ᠰᠣᠷᠳᠠᠯ ᠢ

ᠴᠡᠭᠴᠡᠯᠡᠵᠦ᠂ ᠲᠦᠪ ᠬᠢᠴᠢᠶᠡᠩᠬᠦᠢ᠂ ᠨᠠᠷᠢᠨ ᠬᠢᠨᠠᠮᠠᠭᠠᠢ᠂ ᠯᠠᠪᠳᠠᠭᠤᠨ ᠪᠠᠳᠣᠳᠠᠢ ᠠᠵᠢᠯ ᠤᠨ ᠰᠣᠷᠳᠠᠯ ᠢ ᠶᠡᠬᠡᠪᠡᠷ

ᠪᠠᠳᠠᠷᠠᠭᠤᠯᠵᠦ᠂ ᠭᠤᠣᠯᠳᠠᠯᠭ᠎ᠠ ᠲᠠᠢ ᠠᠵᠢᠯ ᠢ ᠠᠩᠬᠠᠷᠣᠨ ᠠᠳᠬᠤᠬᠤ ᠶᠠᠪᠣᠴᠠ ᠳᠠᠬᠢ ᠬᠦᠭᠵᠢᠯᠳᠠ ᠤᠨ ᠬᠡᠮ

ᠠᠷᠬᠠᠭ ᠢ ᠳᠣᠳᠣᠷᠬᠠᠢ ᠣᠶᠢᠯᠠᠭᠠᠵᠦ᠂ ᠠᠰᠠᠭᠤᠳᠠᠯ ᠢ ᠰᠢᠢᠳᠪᠦᠷᠢᠯᠡᠬᠦ ᠳᠤ ᠬᠦᠨᠵᠡᠬᠡᠢ ᠪᠣᠳᠣᠯᠬᠢᠯᠠᠨ ᠨᠢᠮᠪᠠᠢ

ᠰᠡᠳᠬᠢᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢ ᠪᠠᠶᠢᠷᠢᠯᠠᠭᠤᠯᠣᠯᠳᠠ ᠶᠢ ᠴᠢᠩᠭ᠎ᠠ

ᠳᠣᠣᠱᠯᠠᠭᠤᠯᠣᠨ ᠬᠡᠷᠡᠭᠵᠢᠬᠦᠯᠬᠦ ᠶᠢ ᠠᠳᠬᠤᠵᠦ᠂ ᠴᠢᠳᠠᠮᠠᠭᠠᠢ ᠬᠢᠵᠦ ᠴᠢᠳᠠᠮᠠᠭᠠᠢ ᠪᠦᠳᠦᠭᠡᠬᠦ ᠰᠣᠷᠳᠠᠯ ᠢ ᠦᠷᠭᠡᠨ

ᠣᠯᠠᠨ ᠺᠠᠳ᠋ᠷ ᠤᠨ ᠶᠡᠷᠦᠳᠡ ᠶᠢᠨ ᠠᠵᠢᠯ ᠤᠨ ᠬᠡᠪᠰᠢᠯ ᠪᠣᠯᠭᠠᠨ᠎ᠠ᠃

ᠳᠦᠷᠪᠠ ᠳᠤ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠣᠨ᠎ᠠ᠃ ᠨᠠᠮ ᠤᠨ ᠰᠣᠷᠳᠠᠯ ᠠᠷᠢᠭᠤᠨ ᠴᠢᠭᠡᠴᠢ

ᠵᠠᠰᠠᠭ ᠤᠨ ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠦ᠂ ︽ᠨᠢᠭᠡ

ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ︾ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠡᠪᠦᠷᠢᠵᠢᠭᠤᠯᠣᠨ᠎ᠠ᠃

ᠠᠷᠢᠭᠤᠨ ᠴᠢᠭᠡᠴᠢ ᠶᠢᠨ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ ᠶᠢ ᠬᠦᠨᠵᠡᠭᠡᠢ ᠠᠬᠢᠭᠤᠯᠵᠦ᠂ ᠵᠠᠰᠠᠭ ᠤᠨ ᠣᠷᠳᠣᠨ

 ᠠᠴᠠ ᠪᠡᠯᠡ ᠣᠷᠣᠭᠤᠯᠣᠭᠰᠠᠨ ᠲᠦᠷᠦᠯ ᠵᠦᠢᠯ ᠤᠨ ᠬᠠᠮᠢᠶᠠᠷᠣᠯᠳᠠ ᠶᠢ ᠲᠦᠷᠢᠮᠵᠢᠬᠦᠯᠵᠦ᠂ ᠵᠠᠰᠠᠭ ᠵᠠᠬᠢᠷᠭᠠᠨ ᠤ

ᠬᠢᠨᠠᠨ ᠪᠠᠶᠢᠴᠠᠭᠠᠯᠳᠠ᠂ ᠬᠢᠨᠠᠨ ᠪᠤᠳᠤᠯᠳᠠ ᠶᠢᠨ ᠬᠢᠨᠠᠨ ᠪᠠᠶᠢᠴᠠᠭᠠᠯᠳᠠ ᠪᠤᠯᠤᠨ ᠡᠳ᠋ ᠤᠨ ᠵᠠᠰᠠᠭ ᠤᠨ ᠬᠢᠨᠠᠨ

ᠬᠠᠮᠢᠶᠠᠷᠣᠯᠳᠠ ᠶᠢ ᠴᠢᠩᠭᠠᠳᠬᠠᠵᠤ᠂ ᠲᠦᠪ ᠪᠣᠰᠣ ᠰᠣᠷᠳᠠᠯ ᠢ ᠡᠷᠡᠰ ᠵᠠᠯᠠᠷᠠᠭᠤᠯᠣᠨ᠎ᠠ᠃ ᠬᠠᠳᠠᠭᠤᠵᠢᠯᠳᠠᠢ ᠳᠡᠮᠡᠴᠡᠬᠦ

ᠵᠣᠷᠢᠭ ᠰᠠᠨᠠᠭ᠎ᠠ ᠶᠢ ᠪᠠᠷᠢᠮᠳᠠᠯᠠᠨ ᠪᠠᠳᠠᠷᠠᠭᠤᠯᠵᠦ᠂ ᠠᠵᠢᠯᠴᠢ ᠠᠷᠪᠢᠴᠢ ᠪᠠᠶᠢᠬᠤ ᠶᠢ ᠴᠢᠩᠭ᠎ᠠ ᠬᠡᠷᠡᠭᠵᠢᠬᠦᠯᠵᠦ᠂ ᠵᠠᠰᠠᠭ

ᠵᠠᠬᠢᠷᠭᠠᠨ ᠤ ᠠᠯᠪᠠᠨ ᠶᠠᠪᠣᠳᠠᠯ ᠰᠢᠢᠳᠪᠦᠷᠢᠯᠡᠬᠦ ᠦᠷᠳᠡᠭ ᠢ ᠴᠢᠷᠮᠠᠶᠢᠨ ᠪᠠᠭᠠᠰᠬᠠᠵᠦ᠂ ᠨᠡᠩ ᠣᠯᠠᠨ ᠡᠳ᠋ ᠤᠨ ᠬᠦᠴᠦ

᠂ ᠪᠣᠳᠠᠰ ᠤᠨ ᠬᠦᠴᠦᠨ ᠢ ᠬᠦᠭᠵᠢᠯᠳᠠ ᠶᠢ ᠠᠬᠢᠭᠤᠯᠣᠨ ᠠᠷᠠᠳ ᠤᠨ ᠠᠮᠢᠳᠣᠷᠠᠯ ᠲᠤ ᠠᠰᠢᠭ ᠦᠵᠡᠬᠦᠯᠬᠦ ᠳᠡᠭᠡᠷ᠎ᠡ

ᠵᠠᠷᠣᠴᠠᠭᠤᠯᠵᠦ᠂ ᠵᠠᠰᠠᠭ ᠤᠨ ᠰᠣᠷᠳᠠᠯ ᠤᠨ ᠪᠦᠳᠦᠭᠡᠨ ᠪᠠᠶᠢᠭᠤᠯᠣᠯᠳᠠ ᠶᠢᠨ ᠰᠢᠨ᠎ᠠ ᠦᠷ᠎ᠡ ᠪᠦᠳᠦᠮᠵᠢ ᠪᠠᠷ ᠣᠯᠠᠨ

ᠲᠦᠮᠡᠨ ᠤ ᠬᠦᠷᠢᠶᠠᠯᠡᠯ ᠪᠣᠯᠣᠨ ᠳᠡᠮᠵᠢᠯᠭᠡ ᠶᠢ ᠣᠯᠣᠨ᠎ᠠ᠃

              ᠲᠦᠯᠦᠭᠡᠯᠡᠭᠴᠢᠳ ᠡ᠂ ᠪᠢᠳᠡ ᠪᠦᠭᠦᠳᠡᠭᠡᠷ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ

ᠤᠳᠤᠷᠢᠳᠤᠯᠭ᠎ᠠ ᠲᠤᠤᠷ᠎ᠡ᠂ ᠪᠦᠬᠦ ᠬᠤᠰᠢᠭᠤᠨ ᠤ ᠡᠯ᠎ᠠ ᠦᠨᠳᠦᠰᠦᠳᠡᠨ ᠤ ᠣᠯᠠᠨ ᠲᠦᠮᠡᠨ ᠲᠠᠢ ᠪᠦᠯᠬᠦᠮᠳᠡᠨ  

ᠨᠢᠭᠳᠠᠷᠠᠯᠴᠠᠵᠦ᠂ ᠰᠠᠨᠠᠭ᠎ᠠ ᠵᠤᠷᠢᠭ ᠢᠶᠠᠨ ᠨᠢᠭᠡᠳᠭᠡᠵᠦ᠂ ᠡᠷᠡᠯᠭᠡᠭᠯᠡᠨ ᠣᠷᠣᠭᠰᠢᠯᠠᠵᠦ᠂ ᠬᠠᠨᠴᠣᠢ ᠰᠢᠮᠠᠯᠠᠨ ᠰᠢᠭᠤᠷᠬᠠᠢ

ᠠᠵᠢᠯᠯᠠᠵᠦ᠂ ᠬᠦᠭᠵᠢᠯᠳᠠ ᠶᠢᠨ ᠠᠯᠬᠤᠮ ᠢᠶᠠᠨ ᠬᠤᠷᠳᠣᠯᠠᠨ ᠳᠠᠪᠰᠢᠬᠤ ᠪᠠᠷ ᠴᠢᠷᠮᠠᠶᠢᠵᠦ᠂ ᠠᠮᠵᠢᠯᠳᠠ ᠪᠦᠳᠦᠮᠵᠢ ᠶᠢ

ᠳᠡᠮᠡᠴᠡᠨ᠂ ᠡᠭᠦᠷᠭᠡ ᠬᠠᠷᠢᠭᠤᠴᠠᠯᠭ᠎ᠠ ᠶᠢ ᠵᠣᠷᠢᠭᠳᠠᠢ ᠡᠭᠦᠷᠭᠡᠯᠡᠬᠦ ᠵᠣᠷᠢᠭ ᠰᠠᠨᠠᠭ᠎ᠠ ᠪᠣᠯᠣᠨ ᠪᠣᠳᠠᠳᠠᠢ ᠶᠢ ᠡᠷᠬᠢᠮᠯᠡᠭᠰᠡᠨ

ᠦᠨᠳᠦᠷ ᠪᠦᠳᠦᠮᠵᠢᠳᠠᠢ ᠠᠵᠢᠯ ᠤᠨ ᠬᠡᠪ ᠰᠣᠷᠳᠠᠯ ᠢᠶᠠᠷ ᠮᠡᠷᠠᠶᠢᠨ ᠳᠡᠮᠡᠴᠡᠬᠡᠵᠦ᠂ ᠰᠢᠯᠢᠳᠡᠭ ᠪᠦᠳᠦᠮᠵᠢ ᠶᠢ ᠳᠠᠬᠢᠨᠳᠠ

ᠡᠭᠦᠳᠴᠦ᠂ ᠴᠡᠴᠡᠭᠯᠡᠨ ᠬᠦᠭᠵᠢᠭᠰᠡᠨ᠂ ᠦᠵᠡᠰᠬᠦᠯᠡᠩᠳᠦ ᠰᠠᠶᠢᠬᠠᠨ᠂ ᠵᠣᠯ ᠵᠢᠷᠭᠠᠯᠳᠣ᠂ ᠡᠶ᠎ᠡ ᠵᠣᠬᠢᠴᠠᠩᠭᠤᠢ

ᠰᠢᠯᠣᠭᠤᠨ ᠬᠦᠪᠡᠭᠡᠳᠦ ᠴᠠᠭᠠᠨ ᠬᠤᠰᠢᠭᠤ ᠶᠢ ᠪᠦᠳᠦᠭᠡᠨ ᠪᠠᠶᠢᠭᠤᠯᠬᠤ ᠪᠠᠷ ᠵᠢᠳᠬᠦᠨ ᠴᠢᠷᠮᠠᠶᠢᠵᠠᠭᠠᠶ᠎ᠠ︕

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号