ᠰᠢᠯᠣᠭᠤᠨ ᠬᠦᠪᠡᠭᠡᠳᠦ ᠴᠠᠭᠠᠨ ᠬᠤᠰᠢᠭᠤ ᠨᠢ ᠬᠤᠰᠢᠭᠤ ᠨᠠᠮ ᠶᠢᠨ ᠬᠤᠷᠢᠶᠠᠨ ᠤ ᠵᠢᠷᠭᠤᠭᠠᠳᠣᠭᠠᠷ ᠣᠳᠠᠭᠠᠨ  ᠤ ᠬᠠᠮᠳᠣ ᠶᠢᠨ ᠰᠣᠷᠣᠯᠴᠠᠯᠭ᠎ᠠ ᠶᠢᠨ ᠬᠤᠷᠠᠯ ᠶᠢ ᠬᠤᠷᠠᠯᠳᠣᠪᠠ
ᠨᠡᠶᠢᠲᠡᠯᠡᠭᠰᠡᠨ ᠴᠠᠭ᠄
2017-07-24

    7 ᠰᠠᠷ᠎ᠠ ᠶᠢᠨ 14 ᠤ ᠡᠳᠣᠷ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠬᠤᠰᠢᠭᠤ ᠨᠠᠮ ᠶᠢᠨ ᠬᠤᠷᠢᠶᠠᠨ

 ᠤ ᠭᠤᠣᠯ ᠳᠣᠭᠤᠶᠢᠯᠠᠩ ᠤᠨ ᠵᠢᠷᠭᠤᠭᠠᠳᠣᠭᠠᠷ ᠣᠳᠠᠭᠠᠨ ᠤ ᠬᠠᠮᠳᠣ ᠶᠢᠨ ᠰᠣᠷᠣᠯᠴᠠᠯᠭ᠎ᠠ ᠶᠠᠪᠣᠭᠳᠠᠵᠦ᠂ ᠰᠢ ᠶᠢᠨ

ᠫᠢᠩ ᠶᠡᠷᠦᠩᠬᠡᠢ ᠱᠦᠵᠢ ᠶᠢᠨ ᠦᠵᠡᠯ  ᠰᠣᠷᠳᠠᠯ ᠤᠨ ᠠᠵᠢᠯ ᠤᠨ ᠳᠣᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ

ᠶᠠᠳᠠᠭᠤ ᠶᠢ ᠳᠡᠳᠬᠦᠬᠦ ᠪᠠᠶᠢᠯᠳᠣᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠳᠣᠰᠬᠠᠶᠢᠯᠠᠨ ᠰᠣᠷᠣᠯᠴᠠᠵᠦ᠂ ᠬᠤᠰᠢᠭᠤ

ᠨᠠᠮ ᠤᠨ ᠬᠤᠷᠢᠶᠠᠨ ᠤ ᠱᠦᠵᠢ ᠪᠣᠥ ᠯᠢ ᠬᠤᠸᠠ ᠰᠣᠷᠣᠯᠴᠠᠯᠭ᠎ᠠ ᠶᠢ ᠡᠷᠬᠢᠯᠡᠪᠠ᠃

     ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠱᠦᠵᠢ ᠪᠣᠣ ᠯᠢ ᠬᠤᠸᠠ ᠠᠴᠠ ᠰᠢ ᠶᠢᠨ ᠫᠢᠩ

ᠶᠡᠷᠦᠩᠬᠡᠢ ᠱᠦᠵᠢ ᠶᠢᠨ ᠱᠠᠨ ᠭᠠᠩ ᠨᠢᠩ ᠬᠤᠪᠢᠰᠬᠠᠯ ᠤᠨ ᠬᠠᠭᠤᠴᠢᠨ ᠣᠷᠣᠨ ᠤ ᠶᠠᠳᠠᠭᠤ ᠠᠴᠠ ᠠᠩᠬᠢᠵᠢᠷᠠᠵᠦ

ᠪᠠᠶᠠᠵᠢᠨ ᠴᠢᠨᠡᠭᠡᠯᠢᠭᠵᠢᠬᠦ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ᠂ ᠭᠦᠢᠵᠸᠦ ᠮᠣᠵᠢ ᠳᠤ ᠬᠤᠷᠠᠯᠳᠣᠭᠰᠠᠨ ᠬᠡᠰᠡᠭ

ᠮᠣᠵᠢ ᠬᠤᠳᠠ ᠶᠢᠨ ᠶᠠᠳᠠᠭᠤ ᠶᠢ ᠳᠡᠳᠬᠦᠬᠦ ᠰᠢᠪᠳᠣᠯᠣᠯᠳᠠ ᠪᠠ ︽ᠠᠷᠪᠠᠨ ᠭᠤᠷᠪᠠᠳᠣᠭᠠᠷ ᠳᠠᠪᠣᠨ ᠵᠢᠯ︾ ᠤᠨ

ᠬᠤᠭᠤᠴᠠᠭᠠᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ᠂

ᠨᠢᠩᠰᠢᠶᠠ ᠶᠢᠨ ᠢᠩᠴᠣᠸᠠᠨ ︵ᠢᠷᠭᠠᠢ︶ ᠬᠤᠳᠠ ᠳᠤ ᠬᠤᠷᠠᠯᠳᠣᠭᠰᠠᠨ ᠵᠡᠬᠦᠨ ᠪᠠᠷᠠᠭᠤᠨ ᠣᠷᠣᠨ ᠤ ᠶᠠᠳᠠᠭᠤ ᠶᠢ

ᠳᠡᠳᠬᠦᠬᠦ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ ᠵᠢᠴᠢ ᠱᠠᠨᠰᠢ ᠮᠣᠵᠢ ᠳᠤ ᠬᠤᠷᠠᠯᠳᠣᠭᠰᠠᠨ ᠣᠨᠴᠠ

ᠬᠦᠴᠢᠷᠳᠡᠯᠳᠠᠢ ᠭᠠᠵᠠᠷ ᠣᠷᠣᠨ ᠤ ᠶᠠᠳᠠᠭᠤ ᠠᠴᠠ ᠳᠡᠳᠬᠦᠬᠦ ᠰᠢᠪᠳᠣᠯᠣᠯᠳᠠ ᠶᠢᠨ ᠰᠠᠭᠤᠳᠠᠯ ᠤᠨ ᠬᠤᠷᠠᠯ ᠳᠡᠭᠡᠷᠡᠬᠢ

ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠭᠰᠠᠨ ᠪᠠᠶᠢᠨ᠎ᠠ᠃

ᠪᠣᠣ ᠯᠢ ᠬᠤᠸᠠ ᠵᠢᠭᠠᠭᠰᠠᠨ ᠨᠢ ᠶᠠᠳᠠᠭᠤ ᠶᠢ ᠳᠡᠳᠬᠦᠬᠦ ᠰᠢᠪᠳᠣᠯᠣᠯᠳᠠ ᠶᠢᠨ ᠳᠠᠶᠢᠨ ᠶᠢ ᠵᠠᠪᠠᠯ ᠢᠯᠠᠵᠦ᠂ 2020

ᠣᠨ ᠳᠤ ᠪᠦᠬᠦᠶᠢᠯᠡ ᠶᠠᠳᠠᠭᠤ ᠬᠦᠴᠢᠷᠳᠡᠯᠳᠠᠢ ᠭᠠᠵᠠᠷ ᠣᠷᠣᠨ ᠪᠠ ᠶᠠᠳᠠᠭᠤ ᠬᠦᠴᠢᠷᠳᠡᠯᠳᠠᠢ ᠬᠦᠮᠦᠰ ᠨᠢ ᠬᠠᠮᠳᠣᠪᠠᠷ

ᠪᠦᠬᠦ ᠳᠠᠯ᠎ᠠ ᠪᠠᠷ ᠴᠢᠨᠡᠭᠡᠯᠢᠭ ᠨᠡᠶᠢᠭᠡᠮ ᠳᠤ ᠣᠷᠣᠬᠤ ᠨᠢ ᠰᠢ ᠶᠢᠨ ᠫᠢᠩ ᠪᠠᠷ ᠭᠤᠣᠯ ᠪᠣᠯᠭᠠᠭᠰᠠᠨ ᠨᠠᠮ ᠤᠨ ᠲᠦᠪ

ᠬᠤᠷᠢᠶᠠᠨ ᠠᠴᠠ ᠪᠦᠬᠦ ᠣᠯᠣᠰ ᠤᠨ ᠠᠷᠠᠳ ᠲᠦᠮᠡᠨ ᠳᠤ ᠪᠠᠳᠣᠯᠠᠭᠰᠠᠨ ᠠᠮᠠᠯᠠᠯᠳᠠ ᠮᠥᠨ᠃ ᠶᠠᠳᠠᠭᠤ ᠠᠴᠠ

ᠠᠩᠬᠢᠵᠢᠷᠠᠬᠤ ᠨᠢ ᠨᠠᠮ ᠤᠨ ᠬᠦᠰᠡᠯᠡᠩ ᠢᠳᠡᠬᠡᠯ ᠪᠠ ᠵᠠᠮ ᠱᠣᠭᠤᠮ ᠴᠢᠭᠯᠡᠯᠳᠠ ᠶᠢ ᠬᠠᠷᠠᠭᠤᠯᠵᠦ᠂ ᠰᠢ ᠶᠢᠨ ᠫᠢᠩ

ᠱᠦᠵᠢ ᠶᠢᠨ ᠠᠩᠬᠠᠷᠣᠨ ᠬᠠᠯᠠᠮᠵᠢᠯᠠᠵᠦ ᠪᠠᠶᠢᠭ᠎ᠠ ᠵᠦᠢᠯᠡᠰ ᠮᠥᠨ ᠭᠡᠵᠠᠢ᠃ ᠡᠯ᠎ᠠ ᠭᠠᠵᠠᠷ ᠣᠷᠣᠨ ᠡᠯ᠎ᠠ ᠰᠠᠯᠠᠭ᠎ᠠ

ᠮᠦᠴᠢᠷ ᠨᠢ  ᠨᠠᠷᠢᠨ ᠬᠢᠨᠠᠮᠠᠭᠠᠢ ᠰᠣᠷᠣᠯᠴᠠᠨ ᠳᠣᠣᠱᠯᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ

 ᠶᠢᠨ ᠳᠠᠶᠢᠨ ᠢ ᠢᠯᠠᠬᠤ ᠬᠦᠨ ᠴᠢᠬᠤᠯᠠ ᠠᠴᠢ ᠬᠤᠯᠪᠣᠭᠳᠠᠯ ᠪᠠ ᠡᠭᠦᠷᠭᠡ ᠬᠠᠷᠢᠭᠤᠴᠠᠯᠭ᠎ᠠ ᠪᠠᠨ ᠳᠠᠨᠢᠵᠦ᠂ ᠰᠢ ᠶᠢᠨ

ᠫᠢᠩ ᠶᠡᠷᠦᠩᠬᠡᠢ ᠱᠦᠵᠢ ᠶᠢᠨ ᠣᠯᠠᠨ ᠲᠦᠮᠡᠨᠴᠢ ᠵᠣᠭᠰᠣᠴᠠ ᠪᠠ ᠬᠠᠶᠢᠷ᠎ᠠ ᠰᠡᠳᠬᠢᠯᠭᠡ ᠶᠢ ᠮᠡᠳᠡᠷᠡᠵᠦ᠂ ᠪᠦᠬᠦ

ᠬᠤᠰᠢᠭᠤᠨ ᠤ ᠡᠯ᠎ᠠ ᠱᠠᠳᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠡᠯ᠎ᠠ ᠱᠠᠳᠣᠨ ᠤ ᠣᠳᠣᠷᠢᠳᠬᠤ

ᠺᠠᠳ᠋ᠷ ᠨᠢ ᠡᠭᠦᠷᠭᠡ ᠬᠠᠷᠢᠭᠤᠴᠠᠯᠭᠠᠳᠣ ᠰᠡᠳᠬᠢᠯᠭᠡ ᠪᠠᠨ ᠣᠯᠠᠮ ᠴᠢᠩᠭᠠᠳᠬᠠᠵᠦ᠂ ᠨᠠᠮ ᠤᠨ ᠲᠦᠪ ᠬᠤᠷᠢᠶᠠᠨ ᠤ

ᠰᠢᠢᠳᠪᠦᠷᠢ ᠪᠠᠶᠢᠷᠢᠯᠠᠭᠤᠯᠣᠯᠳᠠ ᠶᠢ ᠪᠠᠳᠣ ᠴᠢᠩᠭ᠎ᠠ ᠬᠡᠷᠡᠭᠵᠢᠬᠦᠯᠵᠦ᠂ ᠨᠠᠷᠢᠯᠢᠭ ᠣᠨᠣᠪᠴᠢᠳᠠᠢ ᠢᠯᠭᠠᠨ ᠳᠠᠨᠢᠵᠦ᠂

ᠲᠦᠷᠦᠯ ᠵᠦᠢᠯ ᠢ ᠨᠠᠶᠢᠳᠠᠪᠦᠷᠢᠵᠢᠭᠤᠯᠵᠦ᠂ ᠳᠠᠩᠰᠠ ᠪᠦᠷᠢᠳᠬᠡᠯ ᠤᠨ ᠪᠠᠶᠢᠭᠤᠯᠣᠯᠳᠠ ᠵᠷᠭᠡ ᠡᠯ᠎ᠠ ᠲᠦᠷᠦᠯ ᠤᠨ

ᠠᠵᠢᠯ ᠢ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠳᠣᠣᠱᠳᠠᠢ

ᠨᠠᠶᠢᠳᠠᠪᠦᠷᠢᠳᠠᠢ ᠰᠠᠶᠢᠳᠣᠷ ᠬᠢᠬᠦ ᠬᠡᠷᠡᠭᠳᠠᠢ ᠬᠡᠮᠡᠨ ᠱᠠᠭᠠᠷᠳᠠᠪᠠ᠃

     ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠯᠢ ᠶᠦᠩ ᠱᠧᠩ ᠠᠴᠠ ᠰᠢ ᠶᠢᠨ ᠫᠢᠩ

ᠱᠦᠵᠢ ᠶᠢᠨ ᠦᠵᠡᠯ ᠰᠣᠷᠳᠠᠯ ᠤᠨ ᠠᠵᠢᠯ ᠤᠨ ᠳᠣᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ

ᠳᠠᠶᠢᠯᠪᠦᠷᠢᠯᠠᠵᠦ᠂ ᠡᠯ᠎ᠠ ᠱᠠᠳᠣᠨ ᠤ ᠣᠳᠣᠷᠢᠳᠬᠤ ᠺᠠᠳ᠋ᠷ ᠨᠢ ᠦᠵᠡᠯ ᠰᠣᠷᠳᠠᠯ ᠤᠨ ᠠᠵᠢᠯ ᠤᠨ ᠬᠠᠷᠢᠭᠤᠴᠠᠯᠭ᠎ᠠ ᠶᠢᠨ

ᠳᠦᠷᠢᠮ ᠢ ᠣᠯᠠᠮ ᠨᠠᠶᠢᠳᠠᠪᠦᠷᠢᠵᠢᠭᠤᠯᠵᠦ ᠬᠦᠰᠡᠯᠡᠩ ᠢᠳᠡᠬᠡᠯ ᠢᠶᠠᠨ ᠪᠠᠳᠣᠳᠬᠠᠵᠦ  ᠂ ᠵᠦᠪ ᠴᠢᠭᠯᠡᠯ ᠢ ᠪᠠᠷᠢᠮᠳᠠᠯᠠᠵᠦ

᠂ ᠪᠠᠬᠢᠯᠠᠯᠳᠠ ᠰᠠᠭᠤᠷᠢᠨ ᠢᠶᠠᠨ ᠰᠠᠬᠢᠵᠦ᠂ ᠦᠵᠡᠯ ᠰᠣᠷᠳᠡᠯ ᠤᠨ ᠠᠵᠢᠯ ᠤᠨ ᠣᠳᠣᠷᠢᠳᠬᠤ ᠡᠷᠬᠡ᠂ ᠶᠠᠷᠢᠶ᠎ᠠ

ᠬᠡᠯᠡᠯᠴᠡᠭᠡᠨ ᠤ ᠡᠷᠬᠡ ᠶᠢ ᠪᠠᠳᠣ ᠠᠳᠬᠤᠵᠦ᠂ ᠵᠠᠮ ᠱᠣᠭᠤᠮ ᠤᠨ ᠢᠳᠡᠬᠡᠯ᠂ ᠣᠨᠣᠯ ᠤᠨ ᠢᠳᠡᠬᠡᠯ᠂ ᠲᠦᠷᠢᠮ ᠤᠨ

ᠢᠳᠡᠬᠡᠯ ᠪᠠ ᠰᠣᠶᠣᠯ ᠤᠨ ᠢᠳᠡᠬᠡᠯ ᠢᠶᠠᠨ ᠣᠯᠠᠮ ᠪᠠᠳᠣᠳᠬᠠᠬᠤ ᠬᠡᠷᠡᠭᠳᠠᠢ ᠬᠡᠵᠠᠢ᠃ ᠳᠠᠷᠠᠭ᠎ᠠ ᠨᠢ ᠬᠤᠰᠢᠭᠤ ᠨᠠᠮ

 ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠵᠠᠩ ᠶᠤᠸᠠᠢ

ᠴᠧᠩ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠣ

ᠪᠠᠶᠢᠴᠠᠭᠠᠬᠤ ᠬᠤᠷᠢᠶᠠᠨ ᠤ ᠱᠦᠵᠢ ᠯᠢᠦ ᠴᠢ  ᠹᠠᠨ ᠤᠨ ᠪᠦᠬᠦ ᠣᠷᠣᠨ ᠤ ᠳᠣᠭᠤᠷᠢᠨ ᠪᠠᠶᠢᠴᠠᠭᠠᠬᠤ ᠠᠵᠢᠯ ᠢ

ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠪᠠ᠃

     ᠭᠤᠣᠯ ᠳᠣᠭᠤᠶᠢᠯᠠᠩ ᠤᠨ ᠪᠦᠷᠢᠯᠳᠡᠭᠦᠨ ᠬᠡᠰᠢᠬᠦᠨ᠂ ᠨᠠᠮ ᠤᠨ ᠰᠣᠷᠭᠠᠭᠤᠯᠢ᠂ ᠠᠵᠢᠯᠴᠢᠠ ᠤ ᠡᠪᠯᠡᠯ᠂

ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠤᠨ ᠬᠤᠯᠪᠣᠭ᠎ᠠ᠂ ᠶᠠᠳᠠᠭᠤ ᠶᠢ ᠳᠡᠳᠬᠦᠬᠦ ᠠᠯᠪᠠᠨ ᠭᠡᠷ  ᠂ ᠰᠣᠶᠣᠯ

ᠳᠠᠮᠢᠷ ᠤᠨ ᠳᠣᠪᠴᠢᠶᠠᠨ ᠤ ᠣᠳᠣᠷᠢᠳᠬᠤ ᠪᠠᠭ ᠤᠨ ᠪᠦᠷᠢᠯᠳᠡᠬᠦᠨ ᠵᠢᠴᠢ ᠬᠤᠰᠢᠭᠤ ᠨᠠᠮ ᠤᠨ ᠬᠤᠷᠢᠶᠠᠨ ᠤ

ᠣᠬᠠᠭᠤᠯᠬᠤ ᠬᠡᠯᠳᠡᠰ ᠤᠨ ᠳᠡᠳ᠋ ᠰᠠᠯᠠᠭᠠᠨ ᠳᠡᠰ ᠠᠴᠠ ᠳᠡᠭᠡᠭᠰᠢᠬᠢ ᠣᠳᠣᠷᠢᠳᠬᠤ ᠺᠠᠳ᠋ᠷ ᠨᠢ ᠰᠣᠷᠣᠯᠴᠠᠯᠭ᠎ᠠ ᠳᠤ

ᠣᠷᠣᠯᠴᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号