ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ ᠨᠠᠮ ᠤᠨ ᠳᠣᠭᠤᠶᠢᠯᠠᠩ ᠤᠨ ᠬᠡᠰᠢᠬᠦᠨ᠂ ᠳᠣᠪᠴᠢᠶᠠᠨ  ᠤ ᠨᠠᠮ ᠤᠨ ᠬᠤᠷᠢᠶᠠᠨ ᠤ ᠱᠦᠵᠢ ᠭᠤᠣ ᠵᠢᠶᠠᠨ ᠬᠤᠸᠠ ᠰᠢᠯᠣᠭᠤᠨ ᠬᠦᠪᠡᠭᠡᠳᠦ ᠴᠠᠭᠠᠨ ᠬᠤᠰᠢᠭᠤᠨ ᠳᠤ ᠪᠠᠶᠢᠴᠠᠭᠠᠨ ᠰᠣᠳᠣᠯᠣᠯᠳᠠ ᠬᠢᠪᠠ
ᠨᠡᠶᠢᠲᠡᠯᠡᠭᠰᠡᠨ ᠴᠠᠭ᠄
2017-07-25

   7ᠰᠠᠷ᠎ᠠ ᠶᠢᠨ 20 ᠤ ᠡᠳᠣᠷ ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ ᠨᠠᠮ ᠤᠨ ᠳᠣᠭᠤᠶᠢᠯᠠᠩ ᠤᠨ

ᠬᠡᠰᠢᠬᠦᠨ᠂ ᠳᠣᠪᠴᠢᠶᠠᠨ ᠤ ᠨᠠᠮ ᠤᠨ ᠬᠤᠷᠢᠶᠠᠨ ᠤ ᠱᠦᠵᠢ ᠭᠤᠣ ᠵᠢᠶᠠᠨ ᠬᠤᠸᠠ᠂ ᠣᠯᠣᠰ ᠤᠨ ᠳᠤᠭ᠎ᠠ

ᠪᠦᠷᠢᠳᠬᠡᠯ ᠤᠨ ᠳᠣᠪᠴᠢᠶᠠᠨ ᠤ ᠳᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠾᠧ ᠴᠠᠩ ᠮᠢᠩ ᠨᠠᠷ ᠨᠢ

ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ ᠦᠪᠦᠷ ᠮᠣᠩᠭᠤᠯ ᠤᠨ ᠪᠠᠶᠢᠴᠠᠭᠠᠬᠤ ᠠᠩᠬᠢ ᠤᠨ ᠨᠠᠮ ᠤᠨ

ᠳᠣᠭᠤᠶᠢᠯᠠᠩ ᠤᠨ ᠱᠦᠵᠢ᠂ ᠪᠠᠶᠢᠴᠠᠭᠠᠬᠤ ᠠᠩᠬᠢ ᠶᠢᠨ ᠳᠠᠷᠤᠭ᠎ᠠ ᠯᠢᠦ ᠵᠠᠨ ᠴᠢᠩ᠂ ᠠᠶᠢᠮᠠᠭ ᠤᠨ ᠨᠠᠮ ᠤᠨ

ᠬᠤᠷᠢᠶᠠᠨ ᠤ ᠪᠠᠶᠢᠩᠭᠤ ᠶᠢᠨ ᠬᠡᠰᠢᠬᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠵᠠᠩ ᠵᠦᠩ

ᠶᠣᠣ᠂ ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ ᠰᠢᠯᠢ ᠶᠢᠨ ᠭᠤᠣᠯ ᠠᠶᠢᠮᠠᠭ ᠤᠨ ᠪᠠᠶᠢᠴᠠᠭᠠᠬᠤ

ᠠᠩᠬᠢ ᠶᠢᠨ ᠨᠠᠮ ᠤᠨ ᠳᠣᠭᠤᠶᠢᠯᠠᠩ ᠤᠨ ᠱᠦᠵᠢ᠂ ᠪᠠᠶᠢᠴᠠᠭᠠᠬᠤ ᠠᠩᠬᠢ ᠶᠢᠨ ᠳᠠᠷᠤᠭ᠎ᠠ ᠯᠢ ᠹᠧᠩ ᠯᠢᠶᠠᠨ ᠤᠨ

ᠬᠠᠮᠳᠣ ᠪᠠᠷ ᠰᠢᠯᠣᠭᠤᠨ ᠬᠦᠪᠡᠭᠡᠳᠦ ᠴᠠᠭᠠᠨ ᠬᠤᠰᠢᠭᠤᠨ ᠳᠤ ᠬᠦᠨᠵᠡᠬᠡᠶᠢᠷᠡᠵᠦ᠂ ᠪᠠᠶᠢᠴᠠᠭᠠᠨ ᠰᠣᠳᠣᠯᠣᠯᠳᠠ ᠪᠠ

ᠠᠵᠢᠯ ᠤᠨ ᠵᠢᠯᠣᠭᠤᠳᠣᠯᠭ᠎ᠠ ᠬᠢᠪᠠ᠃

    ᠭᠤᠣ ᠵᠢᠶᠠᠨ ᠬᠤᠸᠠ ᠶᠢᠨ ᠬᠠᠮᠳᠣ ᠣᠯᠠᠨ ᠨᠢ ᠮᠠᠨ ᠤ ᠬᠤᠰᠢᠭᠤᠨ ᠳᠤ ᠬᠦᠷᠦᠭᠰᠡᠨᠨ ᠤ ᠰᠡᠬᠦᠯᠡᠷ᠂ ᠨᠠᠮ ᠤᠨ

ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᠫᠧᠩ᠂ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠦᠨ ᠶᠠᠨ ᠸᠧᠢ᠂

ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠧᠦ ᠰᠢᠶᠠᠨ ᠵᠢᠶᠦ᠋ᠨ ᠨᠠᠷ ᠤᠨ ᠪᠠᠷ᠎ᠠ ᠪᠣᠯᠣᠯᠳᠠ ᠪᠠᠷ

ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ ᠬᠠᠪᠰᠣᠷᠣᠨ ᠳᠡᠳᠬᠦᠵᠦ ᠪᠠᠶᠢᠭ᠎ᠠ ᠴᠠᠭᠠᠨ ᠪᠣᠮᠪᠠᠨ ᠳᠣᠰᠬᠤᠨ

 ᠳᠤ ᠪᠣᠳᠠᠳᠠᠢ ᠪᠠᠶᠢᠴᠠᠭᠠᠨ ᠰᠣᠳᠣᠯᠣᠯᠳᠠ ᠬᠢᠵᠦ᠂ ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠠᠴᠠ ᠳᠣᠰ

ᠳᠣᠰᠬᠤᠨ ᠳᠤ ᠪᠠᠶᠢᠭᠤᠯᠣᠭᠰᠠᠨ 1000 ᠳᠡᠭᠰᠢ ᠳᠦᠷᠪᠡᠯᠵᠢᠨ ᠮᠧᠲᠷ ᠳᠠᠯᠠᠪᠠᠢ ᠭᠠᠵᠠᠷ ᠡᠵᠡᠯᠡᠬᠦ ᠡᠪᠡᠰᠣ

ᠨᠦᠬᠡᠴᠡᠯᠡᠬᠦ ᠫᠧᠩ ᠢ ᠳᠣᠭᠤᠷᠢᠨ ᠦᠵᠡᠵᠦ᠂ ᠶᠠᠳᠠᠭᠤ ᠬᠦᠴᠢᠷᠳᠡᠯᠳᠠᠢ ᠡᠷᠦᠬᠡ ᠤᠳ ᠢᠶᠠᠷ ᠬᠦᠨᠵᠡᠭᠡᠶᠢᠷᠡᠵᠦ᠂ ᠳᠡᠳᠡᠨ

 ᠤ ᠠᠮᠢᠳᠣᠷᠠᠯ ᠣᠶᠢᠯᠡᠳᠪᠦᠷᠢᠯᠡᠯ ᠳᠤᠨᠢ ᠳᠣᠯᠭᠠᠷᠠᠭᠰᠠᠨ ᠪᠣᠳᠠᠳᠠᠢ ᠬᠦᠴᠢᠷᠳᠡᠯ ᠢ ᠣᠶᠢᠯᠠᠭᠠᠨ ᠳᠣᠬᠤᠨᠢᠭᠤᠯᠣᠯ ᠤᠨ ᠡᠳ᠋

ᠪᠣᠳᠠᠰ ᠪᠠ ᠵᠣᠭᠤᠰ ᠮᠦᠩᠬᠦ ᠬᠦᠷᠭᠡᠵᠠᠢ᠃

    ᠳᠠᠷᠠᠭ᠎ᠠ ᠪᠠᠷ ᠨᠢ ᠬᠠᠷᠢᠭᠤ ᠮᠡᠳᠡᠬᠦᠯᠦᠯᠳᠠ ᠶᠢᠨ ᠬᠤᠷᠠᠯ ᠬᠤᠷᠠᠯᠳᠣᠵᠦ᠂ ᠬᠤᠰᠢᠭᠤ ᠳᠠᠷᠤᠭ᠎ᠠ ᠰᠣ᠋ ᠫᠧᠩ ᠠᠴᠠ

ᠬᠤᠰᠢᠭᠤᠨ ᠤ ᠦᠨᠳᠦᠰᠦᠨ ᠪᠠᠶᠢᠳᠠᠯ᠂ ᠳᠡᠭᠡᠷ᠎ᠡ ᠬᠠᠭᠠᠰ ᠵᠢᠯ ᠤᠨ ᠠᠵᠦ ᠠᠬᠤᠢ ᠶᠢᠨ ᠡᠷᠬᠢᠯᠳᠠ ᠶᠢᠨ ᠪᠠᠶᠢᠳᠠᠯ᠂

ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠠᠵᠢᠯ ᠤᠨ ᠪᠠᠶᠢᠳᠠᠯ᠂ ᠳᠠᠷᠠᠭᠠᠴᠢ ᠶᠢᠨ ᠠᠯᠬᠤᠮ ᠤᠨ

ᠭᠤᠣᠯᠳᠠᠯᠭ᠎ᠠ ᠲᠠᠢ ᠠᠵᠢᠯ ᠤᠨ ᠳᠦᠯᠦᠪᠯᠡᠯᠭᠡ ᠵᠡᠷᠭᠡ ᠳᠦᠷᠪᠠᠨ ᠳᠠᠯ᠎ᠠ ᠠᠴᠠ ᠮᠠᠨ ᠤ ᠬᠤᠰᠢᠭᠤᠨ ᠤ ᠠᠵᠦ

ᠠᠬᠤᠢ ᠶᠢᠨ ᠬᠦᠭᠵᠢᠯᠳᠡ ᠪᠠ ᠶᠠᠳᠠᠭᠤ ᠶᠢ ᠳᠡᠳᠬᠦᠬᠦ ᠠᠵᠢᠯ ᠤᠨ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠳᠠ

ᠬᠢᠵᠦ᠂ ᠰᠦᠨ ᠶᠠᠨ ᠸᠧᠢ ᠳᠡᠳ᠋ ᠬᠤᠰᠢᠭᠤ ᠳᠠᠷᠤᠭ᠎ᠠ ᠠᠴᠠ ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠤ

ᠰᠢᠯᠣᠭᠤᠨ ᠬᠦᠪᠡᠭᠡᠳᠦ ᠴᠠᠭᠠᠨ ᠬᠤᠰᠢᠭᠤᠨ ᠳᠠᠬᠢ ᠶᠠᠳᠠᠭᠤ ᠶᠢ ᠳᠡᠳᠬᠦᠬᠦ ᠠᠵᠢᠯ ᠤᠨ ᠳᠣᠭᠤᠶᠢᠯᠠᠩ ᠤᠨ ᠬᠠᠷᠢᠭᠤ

ᠮᠡᠳᠡᠬᠦᠯᠦᠯᠳᠠ ᠬᠢᠪᠠ᠃

    ᠣᠯᠣᠰ ᠤᠨ ᠳᠤᠭ᠎ᠠ ᠪᠦᠷᠢᠳᠬᠡᠯ ᠤᠨ ᠳᠣᠪᠴᠢᠶᠠᠨ ᠠᠴᠠ ᠮᠠᠨ ᠤ ᠬᠤᠰᠢᠭᠤ ᠶᠢ ᠬᠠᠪᠰᠣᠷᠣᠨ ᠳᠡᠳᠬᠦᠬᠦ

ᠠᠵᠢᠯ ᠡᠬᠢᠯᠡᠭᠰᠡᠨ ᠠᠴᠠ ᠨᠠᠰᠢ ᠮᠠᠨ ᠤ ᠬᠤᠰᠢᠭᠤᠨ ᠤ ᠶᠠᠳᠠᠭᠤ ᠬᠦᠴᠢᠷᠳᠡᠯᠳᠠᠢ ᠪᠣᠳᠠᠳᠠᠢ ᠪᠠᠶᠢᠳᠠᠯ ᠪᠠ ᠠᠵᠦ

ᠣᠶᠢᠯᠡᠰ ᠤᠨ ᠬᠦᠭᠵᠢᠯᠳᠡ ᠶᠢᠨ ᠳᠠᠷᠬᠠᠴᠠ ᠶᠢ ᠪᠦᠬᠦ ᠳᠠᠯ᠎ᠠ ᠪᠠᠷ ᠡᠵᠡᠮᠰᠢᠨ ᠣᠶᠢᠯᠠᠭᠠᠭᠰᠠᠨ ᠰᠠᠭᠤᠷᠢᠨ ᠳᠡᠭᠡᠷ᠎ᠡ

ᠬᠠᠪᠰᠣᠷᠣᠨ ᠳᠡᠳᠬᠦᠬᠦ ᠳᠦᠰᠦᠯ ᠪᠠ ᠵᠢᠯ ᠤᠨ ᠳᠦᠯᠦᠪᠯᠡᠯᠭᠡ ᠳᠣᠭ᠍ᠳᠠᠵᠦ᠂ ᠰᠠᠭᠤᠷᠢ ᠪᠦᠳᠦᠬᠡᠨ ᠪᠠᠶᠢᠭᠤᠯᠣᠯᠳᠠ᠂

ᠠᠵᠦ ᠣᠶᠢᠯᠡᠰ ᠤᠨ ᠬᠦᠭᠵᠢᠯᠳᠡ᠂ ᠰᠣᠷᠢᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠵᠡᠷᠭᠡ ᠣᠯᠠᠨ ᠳᠠᠯ᠎ᠠ ᠠᠴᠠ

ᠮᠠᠨ ᠤ ᠬᠤᠰᠢᠭᠤᠨ ᠳᠤ ᠶᠠᠳᠠᠭᠤ ᠶᠢ ᠳᠡᠳᠬᠦᠨ ᠨᠡᠬᠡᠬᠡᠯᠳᠠ ᠬᠢᠬᠦ ᠠᠵᠢᠯ ᠳᠤ ᠵᠢᠭᠠᠨ ᠵᠢᠯᠣᠭᠤᠳᠣᠯᠭ᠎ᠠ ᠪᠠ ᠳᠡᠮᠵᠢᠯᠭᠡ

ᠦᠵᠡᠭᠦᠯᠦᠭᠰᠡᠨ ᠪᠠᠶᠢᠨ᠎ᠠ᠃ ᠵᠦᠪᠬᠡᠨ 2016 ᠣᠨ ᠭᠡᠬᠦ ᠳᠤ ᠣᠯᠣᠰ ᠤᠨ ᠳᠤᠭ᠎ᠠ ᠪᠦᠷᠢᠳᠬᠡᠯ ᠤᠨ

ᠳᠣᠪᠴᠢᠶᠠᠨ ᠠᠴᠠ 202.6 ᠲᠦᠮᠡᠨ ᠲᠦᠭᠦᠷᠢᠭ ᠤᠨ ᠪᠡᠯᠡ ᠮᠦᠩᠭᠦ ᠵᠠᠷᠣᠴᠠᠭᠤᠯᠵᠦ ᠬᠠᠮᠳᠣ ᠶᠢᠨ ᠡᠪᠡᠰᠦ

ᠨᠦᠭᠡᠴᠡᠯᠡᠬᠦ ᠫᠧᠩ ᠪᠠᠶᠢᠭᠤᠯᠵᠦ᠂ ᠰᠢᠮᠧᠨᠡᠲ᠋ᠧᠷ ᠦᠬᠡᠷ ᠬᠤᠳᠠᠯᠳᠣᠨ ᠠᠪᠴᠦ᠂ ᠡᠯᠧᠺᠲᠷᠣᠨ ᠬᠤᠳᠠᠯᠳᠤᠭ᠎ᠠ ᠳᠤ

ᠬᠡᠷᠡᠭᠰᠡᠬᠦ ᠺᠣᠮᠫᠢᠤᠲ᠋ᠧᠷ ᠬᠤᠳᠠᠯᠳᠣᠨ ᠠᠪᠣᠭᠰᠠᠨ ᠪᠠᠶᠢᠨ᠎ᠠ᠂ ᠳᠠᠩᠰᠠ ᠪᠠᠶᠢᠭᠤᠯᠵᠦ ᠺᠠᠷᠲ ᠵᠣᠬᠢᠶᠠᠭᠰᠠᠨ 2016

ᠣᠨ ᠤ ᠶᠠᠳᠠᠭᠤ ᠬᠦᠴᠢᠷᠳᠡᠯᠳᠠᠢ ᠡᠷᠦᠬᠡ ᠶᠢᠨ ᠰᠢᠨ᠎ᠠ ᠣᠶᠣᠳᠠᠳ ᠢ ᠳᠣᠰᠠᠯᠠᠵᠦ᠂ ᠣᠯᠠᠨ ᠠᠷᠭ᠎ᠠ ᠬᠡᠮᠵᠢᠶ᠎ᠠ ᠪᠠᠷ ᠮᠠᠨ

 ᠤ ᠬᠤᠰᠢᠭᠤᠨ ᠤ ᠶᠠᠳᠠᠭᠤ ᠠᠴᠠ ᠠᠩᠬᠢᠵᠢᠷᠠᠬᠤ ᠰᠢᠪᠳᠣᠯᠣᠯᠳᠠ ᠶᠢ ᠠᠬᠢᠭᠤᠯᠵᠠᠢ᠃

     ᠬᠤᠰᠢᠭᠤ ᠳᠠᠷᠢᠶᠠᠯᠠᠩ ᠮᠠᠯ ᠠᠵᠦ ᠠᠬᠤᠢ ᠶᠢᠨ ᠠᠵᠢᠯᠯᠠᠬᠤ ᠬᠡᠯᠳᠡᠰ᠂ ᠵᠠᠰᠠᠭ ᠤᠨ ᠣᠷᠳᠣᠨ ᠤ ᠠᠯᠪᠠᠨ ᠭᠡᠷ᠂

ᠳᠤᠭ᠎ᠠ ᠪᠦᠷᠢᠳᠬᠡᠯ ᠤᠨ ᠳᠣᠪᠴᠢᠶ᠎ᠠ᠂ ᠶᠠᠳᠠᠭᠤ ᠶᠢ ᠳᠡᠳᠬᠦᠬᠦ ᠠᠯᠪᠠᠨ ᠭᠡᠷ᠂ ᠪᠠᠶᠢᠴᠠᠭᠠᠬᠤ ᠠᠩᠬᠢ᠂ ᠰᠢᠩ ᠶᠣᠣ

ᠪᠠᠯᠭᠠᠰᠣ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠭᠠᠵᠠᠷ ᠣᠷᠣᠨ ᠤ ᠬᠠᠷᠢᠭᠤᠴᠠᠯᠭᠠᠳᠠᠨ ᠠᠴᠠ ᠪᠠᠷ᠎ᠠ ᠪᠣᠯᠵᠦ

ᠪᠠᠶᠢᠴᠠᠭᠠᠨ ᠰᠣᠳᠣᠯᠣᠯᠳᠠ ᠳᠤ ᠣᠷᠣᠯᠴᠠᠭᠰᠠᠨ ᠪᠠ ᠬᠠᠷᠢᠭᠤ ᠮᠡᠳᠡᠬᠦᠯᠦᠯᠳᠠ ᠶᠢᠨ ᠬᠤᠷᠠᠯ ᠳᠤ ᠣᠷᠣᠯᠴᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号