ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠵᠠᠬᠢᠳᠠᠯ ᠰᠣᠷᠪᠣᠯᠵᠢᠯᠠᠭ᠎ᠠ ᠶᠢᠨ ᠳᠣᠪᠴᠢᠶ᠎ᠠ
ᠨᠡᠶᠢᠲᠡᠯᠡᠭᠰᠡᠨ ᠴᠠᠭ᠄
2017/9/19

        ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ  ᠰᠣᠷᠪᠣᠯᠵᠢᠯᠠᠭ᠎ᠠ ᠶᠢᠨ ᠲᠤᠪᠴᠢᠶ᠎ᠠ

    ᠭᠤᠤᠯ ᠡᠬᠦᠷᠬᠡ ᠬᠠᠷᠢᠭᠤᠴᠠᠯᠭ᠎ᠠ  

    ︵ᠨᠢᠬᠡ︶ ᠳᠡᠭᠡᠳᠦ ᠱᠠᠳᠣᠨ ᠤ ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ ᠴᠢᠭᠯᠡᠯᠳᠡ ᠲᠦᠷᠦ ᠶᠢᠨ

ᠪᠤᠳᠤᠯᠭ᠎ᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠲᠦᠷᠢᠮ

ᠳᠣᠭᠳᠠᠭᠠᠯ᠂ ᠴᠢᠭᠯᠡᠯᠳᠠ ᠪᠠ ᠵᠦᠪᠰᠢᠶᠡᠷᠡᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠤᠨ ᠬᠡᠷᠡᠭ ᠶᠠᠪᠤᠳᠠᠯ

 ᠤᠨ ᠲᠤᠰᠢᠶᠠᠨ ᠰᠢᠢᠳᠪᠦᠷᠢᠯᠡᠬᠦ᠂ ᠱᠠᠭᠠᠷᠲᠠᠨ ᠰᠢᠢᠳᠪᠦᠷᠢᠯᠡᠬᠦ᠂ ᠲᠠᠰᠤᠯᠤᠨ ᠰᠢᠢᠳᠪᠦᠷᠢᠯᠡᠬᠦ ᠵᠡᠷᠬᠡ ᠠᠵᠢᠯ ᠢ

ᠲᠠᠭᠠᠭᠠᠴᠢᠯᠠᠨ ᠡᠷᠬᠢᠯᠡᠬᠦ ᠶᠢ ᠬᠠᠷᠢᠭᠤᠴᠠᠨ᠎ᠠ︔

    ︵ᠬᠤᠶᠠᠷ︶ ᠤᠯᠠᠨ ᠲᠦᠮᠡᠨ ᠤ ᠢᠷᠡᠬᠦᠯᠦᠭᠰᠡᠨ ᠵᠠᠬᠢᠳᠠᠯ᠂ ᠢᠷᠡᠬᠦᠯᠦᠭᠰᠡᠨ ᠤᠳᠠᠰᠤ᠂ ᠳᠡᠭᠡᠭᠰᠢ

ᠰᠣᠷᠪᠣᠯᠵᠢᠯᠠᠭ᠎ᠠ‌‍ᠬᠢᠭᠰᠡᠳ ᠤᠨ ᠲᠤᠷᠠᠳᠤᠭᠰᠠᠨ ᠴᠢᠬᠤᠯᠨ ᠠᠰᠠᠭᠤᠳᠠᠯ ᠪᠠ ᠱᠠᠭᠠᠷᠳᠠᠯᠭ᠎ᠠ ᠶᠢ ᠨᠠᠮ ᠤᠨ ᠬᠤᠷᠢᠶ᠎ᠠ᠂

ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠬᠠᠬᠤ ᠠᠵᠢᠯ ᠢ ᠶᠢ ᠬᠠᠷᠢᠭᠤᠴᠠᠨ᠎ᠠ︔

ᠡᠷᠬᠡᠲᠤ ᠠᠷᠠᠳ᠂ ᠬᠠᠤᠯᠢ ᠶᠢᠨ ᠡᠷᠬᠡᠳᠡᠨ ᠵᠢᠴᠢ ᠪᠤᠰᠤᠳ ᠵᠤᠬᠢᠶᠠᠨ ᠪᠠᠶᠢᠭᠤᠯᠤᠯᠳᠠ ᠠᠴᠠ ᠨᠠᠮ ᠤᠨ ᠬᠤᠷᠢᠶ᠎ᠠ᠂

ᠵᠠᠰᠠᠭ ᠤᠨ ᠣᠷᠳᠣᠨ ᠪᠤᠯᠤᠨ ᠤᠳᠤᠷᠢᠳᠤᠯᠭ᠎ᠠ ᠳᠤ ᠢᠷᠡᠬᠦᠯᠦᠭᠰᠡᠨ ᠵᠠᠬᠢᠳᠠᠯ᠂  ᠤᠳᠠᠰᠤ ᠶᠢ ᠬᠠᠷᠢᠭᠤᠴᠠᠨ

ᠰᠢᠢᠳᠪᠦᠷᠢᠯᠡᠵᠤ᠂ ᠤᠯᠠᠨ ᠲᠦᠮᠡᠨ ᠤ ᠰᠣᠷᠪᠣᠯᠵᠢᠯᠠᠭ᠎ᠠ ᠶᠢ ᠬᠦᠯᠢᠶᠡᠨ ᠠᠪᠴᠦ ᠰᠢᠢᠳᠪᠦᠷᠢᠯᠡᠨ᠎ᠡ᠃

   ︵ᠭᠤᠷᠪᠠ︶ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ

ᠠᠰᠠᠭᠤᠳᠠᠯ ᠪᠤᠯᠤᠨ ᠤᠯᠠᠨ ᠲᠦᠮᠡᠨᠴᠢ ᠬᠡᠷᠡᠭ ᠶᠠᠪᠤᠳᠠᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠬᠡᠷ ᠤᠨ

ᠠᠵᠢᠯ ᠢ ᠬᠠᠷᠢᠭᠤᠴᠠᠨ ᠰᠢᠢᠳᠪᠦᠷᠢᠯᠡᠵᠤ᠂ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠳᠤ

ᠵᠤᠬᠢᠴᠠᠭᠤᠯᠭ᠎ᠠ ᠬᠢᠵᠤ᠂ ᠵᠤᠬᠢᠴᠠᠭᠤᠯᠤᠨ ᠬᠠᠮᠵᠢᠯᠴᠠᠬᠤ ᠪᠠᠶᠢᠭᠤᠯᠤᠮᠵᠢ ᠶᠢᠨ ᠲᠦᠷᠢᠮ ᠶᠢ ᠲᠡᠬᠦᠯᠳᠡᠷᠵᠢᠬᠦᠯᠬᠦ ᠶᠢ

ᠵᠢᠯᠤᠭᠤᠳᠤᠨ᠂ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠤᠪᠤᠶᠢᠮ᠎ᠠ

ᠠᠰᠠᠭᠤᠳᠠᠯ ᠪᠤᠯᠤᠨ ᠤᠯᠠᠨ ᠲᠦᠮᠡᠨᠴᠢ ᠬᠡᠷᠡᠭ ᠶᠠᠪᠤᠳᠠᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠬᠡᠷ ᠤᠨ

ᠴᠢᠳᠠᠮᠵᠢ ᠪᠠᠨ ᠪᠦᠷᠢᠨ ᠪᠠᠳᠠᠷᠠᠭᠤᠯᠤᠨ᠎ᠠ︔ ᠬᠠᠮᠳᠤᠷᠠᠭᠰᠠᠨ ᠬᠤᠷᠠᠯ ᠤᠨ ᠲᠤᠭᠳᠠᠭᠠᠭᠰᠠᠨ ᠶᠠᠪᠤᠳᠠᠯ ᠤᠳ ᠢ ᠬᠢᠨᠠᠨ

ᠱᠠᠭᠠᠷᠳᠠᠵᠤ ᠨᠠᠶᠢᠳᠠᠪᠤᠷᠢᠵᠢᠭᠤᠯᠬᠤ᠂ ᠰᠣᠮᠣ ᠪᠠᠯᠭᠠᠰᠣ ᠪᠠ ᠬᠤᠰᠢᠭᠤᠨ ᠤ ᠡᠯ᠎ᠠ ᠰᠠᠯᠠᠭ᠎ᠠ ᠮᠦᠴᠢᠷ ᠤᠨ ᠵᠠᠬᠢᠳᠠᠯ

ᠰᠣᠷᠪᠣᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨᠴᠢ ᠴᠢᠨᠠᠷ ᠲᠠᠢ ᠬᠡᠷᠡᠭ ᠶᠠᠪᠤᠳᠠᠯ ᠢ

ᠶᠡᠷᠦᠩᠬᠡᠶᠢᠯᠡᠨ ᠵᠠᠳᠠᠯᠵᠤ ᠵᠤᠬᠢᠶᠠᠨ ᠪᠠᠶᠢᠭᠤᠯᠵᠦ ᠵᠤᠬᠢᠴᠠᠭᠤᠯᠣᠨ ᠰᠢᠢᠳᠪᠦᠷᠢᠯᠡᠬᠦ ᠪᠠ ᠱᠠᠭᠠᠷᠳᠠᠨ ᠪᠠᠶᠢᠴᠠᠭᠠᠬᠤ ᠠᠵᠢᠯ

 ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ

ᠰᠤᠳᠤᠯᠬᠤ᠂ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ

ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠨ ᠲᠡᠯᠭᠡᠷᠡᠬᠦᠯᠬᠦ ᠶᠢ ᠬᠠᠷᠢᠭᠤᠴᠠᠵᠤ᠂ ᠵᠠᠬᠢᠳᠠᠯ

ᠰᠤᠷᠪᠤᠯᠵᠢᠯᠠᠯ ᠤᠨ ᠠᠵᠢᠯ ᠢ ᠰᠢᠯᠢᠳᠡᠭᠵᠢᠬᠦᠯᠬᠦ  ᠪᠠ ᠴᠢᠩᠭᠠᠳᠬᠠᠬᠤ ᠰᠠᠨᠠᠭᠤᠯᠭ᠎ᠠ ᠶᠢ ᠲᠤᠷᠠᠳᠤᠨ᠎ᠠ᠃    

   ︵ᠲᠦᠷᠪᠡ︶ᠬᠤᠰᠢᠭᠤ ᠤᠳᠤᠷᠢᠳᠤᠯᠭ᠎ᠠ ᠶᠢᠨ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ

ᠰᠣᠷᠪᠣᠯᠵᠢᠯᠠᠭ᠎ᠠ ᠶᠢᠨ ᠶᠠᠪᠤᠳᠠᠯ ᠤᠳ ᠢ ᠬᠠᠷᠢᠭᠤᠴᠠᠨ ᠵᠤᠬᠢᠴᠠᠭᠤᠯᠵᠤ᠂ ᠬᠢᠨᠠᠨ ᠵᠢᠯᠤᠭᠤᠳᠴᠦ᠂ ᠰᠢᠢᠳᠪᠦᠷᠢᠯᠡᠬᠦ ᠶᠢᠨ

ᠬᠠᠮᠳᠤ ᠰᠠᠶᠢᠳᠤᠷ ᠠᠳᠬᠤᠨ ᠨᠠᠶᠢᠳᠠᠪᠤᠷᠢᠵᠢᠭᠤᠯᠤᠨ᠎ᠠ︔ ᠡᠯ᠎ᠠ ᠰᠣᠮᠣ ᠪᠠᠯᠭᠠᠰᠣ ᠪᠠ ᠡᠯ᠎ᠠ ᠰᠠᠯᠠᠭ᠎ᠠ ᠮᠦᠴᠢᠷ ᠤᠨ

ᠲᠠᠮᠵᠢᠭᠤᠯᠤᠨ ᠰᠢᠢᠳᠪᠦᠷᠢᠯᠡᠬᠦᠯᠦᠭᠰᠡᠨ᠂ ᠲᠤᠰᠢᠶᠠᠨ ᠰᠢᠢᠳᠪᠦᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ

 ᠤᠳ ᠢ ᠬᠠᠷᠢᠭᠤᠴᠠᠵᠤ᠂ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠭᠰᠡᠨ ᠪᠠ

ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ︔ ᠭᠠᠵᠠᠷ ᠤᠷᠤᠨ ᠠᠯᠤᠰᠯᠠᠭᠰᠠᠨ

᠂ ᠰᠠᠯᠠᠭ᠎ᠠ ᠮᠦᠴᠢᠷ ᠠᠯᠤᠰᠯᠠᠭᠰᠠᠨ ᠴᠢᠬᠤᠯᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠤᠬᠢᠴᠠᠭᠤᠯᠬᠤ᠂

ᠱᠠᠭᠠᠷᠳᠠᠨ ᠪᠠᠶᠢᠴᠠᠭᠠᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃  

    ︵ᠲᠠᠪᠤ︶ ᠵᠠᠬᠢᠳᠠᠯ ᠰᠤᠷᠪᠤᠯᠵᠢᠯᠠᠯ ᠤᠨ ᠰᠤᠷᠠᠭ ᠵᠠᠩᠬᠢ ᠶᠢ ᠶᠡᠷᠦᠩᠬᠡᠶᠢᠯᠡᠨ ᠵᠠᠳᠠᠯᠵᠤ᠂ ᠪᠠᠶᠢᠴᠠᠭᠠᠡ

ᠰᠤᠳᠤᠯᠤᠯᠳᠡ ᠬᠢᠵᠦ᠂ ᠬᠠᠮᠢᠶ᠎ᠠ ᠪᠦᠬᠦᠢ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠲᠤᠭᠳᠠᠭᠠᠯ ᠢ

ᠲᠤᠭᠳᠠᠭᠠᠬᠤ᠂ ᠵᠠᠰᠠᠪᠤᠷᠢ ᠤᠷᠤᠭᠤᠯᠬᠤ᠂ ᠲᠡᠬᠦᠯᠳᠡᠷᠵᠢᠬᠦᠯᠬᠦ ᠰᠠᠨᠠᠭᠤᠯᠭ᠎ᠠ ᠶᠢ ᠲᠤᠷᠠᠳᠤᠨ᠎ᠠ︔ ᠵᠠᠬᠢᠳᠠᠯ

ᠰᠤᠷᠪᠤᠯᠵᠢᠯᠠᠭ᠎ᠠ ᠶᠢᠨ ᠠᠰᠠᠭᠤᠳᠠᠯ ᠢ ᠱᠠᠭᠠᠷᠳᠠᠨ ᠪᠠᠶᠢᠴᠠᠭᠠᠬᠤ᠂ ᠡᠶᠡᠳᠡᠬᠦᠯᠬᠦ ᠪᠤᠯᠤᠨ ᠵᠠᠬᠢᠳᠠᠯ ᠰᠤᠷᠪᠤᠯᠵᠢᠯᠠᠭ᠎ᠠ ᠶᠢᠨ

ᠰᠤᠷᠠᠭ ᠵᠠᠩᠬᠢ ᠶᠢ ᠴᠤᠭᠯᠠᠭᠤᠯᠵᠤ ᠵᠠᠳᠠᠯᠤᠯᠳᠠ ᠬᠢᠬᠦ ᠶᠢ ᠦᠷᠨᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ

ᠭᠤᠤᠯᠳᠠᠯᠭ᠎ᠠ ᠶᠢ ᠬᠡᠷᠡᠭ ᠤᠨ ᠬᠤᠶᠢᠨ᠎ᠠ ᠰᠢᠢᠳᠪᠦᠷᠢᠯᠡᠬᠦ ᠠᠴᠠ ᠬᠡᠷᠡᠭ ᠤᠨ ᠡᠮᠦᠨ᠎ᠡ ᠱᠠᠭᠠᠷᠳᠠᠨ ᠪᠠᠶᠢᠴᠠᠭᠠᠵᠤ

ᠡᠶᠡᠳᠡᠬᠦᠯᠬᠦ ᠳᠤ ᠰᠢᠯᠵᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ  ᠤᠷᠢᠳᠴᠢᠯᠠᠨ ᠮᠠᠲᠠᠬᠦ ᠴᠢᠨᠠᠷ  ᠪᠤᠯᠤᠨ

ᠬᠠᠨᠲᠤᠯᠭᠠᠲᠤ ᠴᠢᠨᠠᠷ ᠢ ᠨᠡᠮᠡᠭᠳᠡᠬᠦᠯᠦᠨ᠎ᠡ᠃

    ︵ᠵᠢᠷᠭᠤᠭ᠎ᠠ︶ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ  ᠰᠤᠷᠠᠭ ᠵᠠᠩᠬᠢ ᠶᠢᠨ ᠰᠢᠰᠲ᠋ᠧᠮ ᠢ

ᠵᠢᠯᠤᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠶᠠᠭᠠᠷᠠᠯᠳᠠᠢ ᠤᠳᠠᠰᠤ ᠶᠢ

ᠲᠤᠰᠬᠤ᠂ ᠳᠤᠤᠷ ᠰᠦᠯᠵᠢᠶᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠰᠢᠢᠳᠪᠦᠷᠢᠯᠡᠬᠦ᠂ ᠬᠠᠷᠢᠭᠤᠯᠳᠠ

ᠦᠭᠬᠦ ᠠᠵᠢᠯ ᠢ ᠬᠠᠷᠢᠭᠤᠴᠠᠨ᠎ᠠ᠃

    ︵ᠲᠤᠯᠤᠭ᠎ᠠ︶ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ  ᠡᠩᠨᠡᠭᠡᠨ ᠤ ᠪᠦᠳᠦᠬᠡᠨ ᠪᠠᠶᠢᠭᠤᠯᠤᠯᠳᠠ

 ᠶᠢ ᠵᠢᠯᠤᠭᠤᠳᠬᠤ ᠶᠢ ᠬᠠᠷᠢᠭᠤᠴᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠳᠠᠪᠤᠷᠢᠳᠠᠨ ᠤ ᠡᠩᠨᠡᠬᠡᠨ ᠤ

ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ︔ ᠪᠦᠬᠦ‌ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ

 ᠤᠨ ᠡᠩᠨᠡᠬᠡᠨ ᠤ ᠪᠤᠯᠪᠠᠰᠤᠷᠠᠯ ᠢ ᠵᠤᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃

     ︵ᠨᠠᠢᠮᠨ︶ ᠬᠤᠰᠢᠭᠤ ᠨᠠᠮ ᠤᠨ ᠬᠤᠷᠢᠶ᠎ᠠ᠂  ᠵᠠᠰᠠᠭ ᠵᠠᠰᠠᠭ ᠤᠨ ᠣᠷᠳᠣᠨ ᠪᠤᠯᠤᠨ ᠳᠡᠭᠡᠳᠦ ᠱᠠᠳᠣᠨ ᠤ

ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶᠠᠨ ᠤ ᠲᠤᠰᠢᠶᠠᠵᠤ ᠰᠢᠢᠳᠪᠦᠷᠢᠯᠡᠬᠦᠯᠦᠭᠰᠡᠨ ᠪᠤᠰᠤᠳ ᠶᠠᠪᠤᠳᠠᠯ ᠤᠳ ᠢ

ᠲᠠᠭᠠᠭᠠᠴᠢᠯᠠᠨ ᠰᠢᠢᠳᠪᠦᠷᠢᠯᠡᠨ᠎ᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号