ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠬᠤᠰᠢᠭᠤ ᠰᠣᠶᠣᠯ ᠳᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠳᠣᠪᠴᠢᠶ᠎ᠠ
ᠨᠡᠶᠢᠲᠡᠯᠡᠭᠰᠡᠨ ᠴᠠᠭ᠄
2017/9/19
        ᠰᠢᠯᠤᠭᠤᠨ ᠬᠦᠪᠡᠭᠡᠲᠦ ᠴᠠᠭᠠᠨ ᠬᠤᠰᠢᠭᠤᠨ   ᠤ  ᠰᠤᠶᠤᠯ  ᠲᠠᠮᠢᠷ ᠷᠠᠳᠢᠤ᠋  ᠲᠧᠯᠸᠢᠰ  ᠵᠢᠭᠤᠯᠴᠢᠯᠠᠯ ᠤᠨ ᠲᠤᠪᠴᠢᠶ᠎ᠠ    ᠭᠤᠤᠯ ᠡᠭᠦᠷᠭᠡ ᠬᠠᠷᠢᠭᠤᠴᠠᠯᠭ᠎ᠠ  ︵ᠨᠢᠭᠡ︶ ᠤᠯᠤᠰ ᠪᠤᠯᠤᠨ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠰᠤᠶᠤᠯ ᠲᠠᠮᠢᠷ᠂ ᠷᠠᠳᠢᠤ᠋ ᠲᠧᠯᠸᠢᠰ  ᠂ ᠵᠢᠭᠤᠯᠴᠢᠯᠠᠯ ᠤᠨ ᠦᠢᠯᠡᠰ ᠤᠨ ᠴᠢᠭᠯᠡᠯ᠂ ᠲᠦᠷᠦ ᠶᠢᠨ ᠪᠤᠲᠤᠯᠭ᠎ᠠ᠂ ᠲᠦᠷᠢᠮ ᠲᠤᠭᠲᠠᠭᠠᠯ ᠵᠢᠴᠢ ᠪᠦᠬᠦ ᠬᠤᠰᠢᠭᠤᠨ  ᠤ ᠰᠤᠶᠤᠯ  ᠲᠠᠮᠢᠷ᠂ ᠷᠠᠳᠢᠤ᠋ ᠲᠧᠯᠸᠢᠰ  ᠂ ᠵᠢᠭᠤᠯᠴᠢᠯᠠᠯ ᠤᠨ ᠦᠢᠯᠡᠰ ᠪᠤᠯᠤᠨ ᠠᠵᠤ ᠦᠢᠯᠡᠰ ᠤᠨ ᠬᠦᠭᠵᠢᠯᠲᠡ  ᠶᠢᠨ ᠲᠦᠰᠦᠪ᠂ ᠲᠦᠷᠦ ᠶᠢᠨ ᠪᠤᠲᠤᠯᠭ᠎ᠠ‌‍ᠪᠤᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂  ᠵᠤᠬᠢᠶᠠᠨ ᠪᠠᠶᠢᠭᠤᠯᠤᠯᠲᠠ ᠪᠤᠯᠤᠨ ᠬᠢᠨᠠᠯᠲᠠ ᠲᠠᠯᠪᠢᠬᠤ ᠶᠢ ᠲᠤᠤᠱᠯᠠᠭᠤᠯᠤᠨ‌‍ᠬᠡᠷᠡᠭᠵᠢᠬᠦᠯᠵᠤ᠂  ᠪᠦᠬᠦ ᠬᠤᠰᠢᠭᠤᠨ ᠤ  ᠰᠤᠶᠤᠯ ᠤᠨ ᠲᠤᠭᠲᠠᠯᠴᠠᠭᠠᠨ ᠤ ᠦᠬᠡᠷᠡᠴᠢᠯᠡᠯᠡᠲᠡ ᠪᠤᠯᠤᠨ ᠬᠠᠷᠢᠯᠴᠠᠭ᠎ᠠ  ᠵᠢᠴᠢ ᠬᠠᠮᠲᠤᠷᠠᠯᠴᠠᠭ᠎ᠠ ᠶᠢ ᠠᠬᠢᠭᠤᠯᠤᠨ᠎ᠠ  ᠃︵ ᠬᠤᠶᠠᠷ︶ ᠪᠦᠬᠦ ᠬᠤᠰᠢᠭᠤᠨ ᠤ ᠰᠤᠶᠤᠯ ᠲᠠᠮᠢᠷ᠂ ᠷᠠᠳᠢᠤ᠋ ᠲᠧᠯᠸᠢᠰ ᠵᠢᠭᠤᠯᠴᠢᠯᠠᠯ ᠤᠨ ᠪᠦᠬᠦ ᠵᠢᠯ ᠤᠨ ᠠᠵᠢᠯ  ᠤᠨ ᠲᠦᠰᠦᠪ ᠢ ᠲᠤᠭᠲᠠᠭᠠᠵᠤ᠂  ᠪᠦᠬᠦ ᠬᠤᠰᠢᠭᠤᠨ ᠤ ᠬᠡᠪᠴᠢᠶ᠎ᠡ ᠲᠠᠢ ᠴᠢᠬᠤᠯᠠ ᠰᠤᠶᠤᠯ  ᠲᠠᠮᠢᠷ ᠤᠨ ᠠᠵᠢᠯᠯᠠᠭ᠎ᠠ  ᠶᠢ ᠵᠤᠬᠢᠴᠠᠭᠤᠯᠤᠨ ᠶᠠᠪᠤᠭᠲᠠᠭᠤᠯᠤᠨ᠎ᠠ᠃   ︵ᠭᠤᠷᠪᠠ︶ ᠪᠦᠬᠦ ᠬᠤᠰᠢᠭᠤᠨ ᠤ ᠰᠤᠶᠤᠯ ᠲᠠᠮᠢᠷ᠂ ᠷᠠᠳᠢᠤ᠋ ᠲᠧᠯᠸᠢᠰ᠂ ᠵᠢᠭᠤᠯᠴᠢᠯᠠᠯ ᠤᠨ ᠴᠢᠬᠤᠯᠠ ᠢᠨᠵᠧᠨᠧᠷᠢᠩ ᠪᠤᠯᠤᠨ ᠭᠤᠤᠯᠲᠠᠯᠭ᠎ᠠ ᠲᠠᠢ ᠪᠦᠲᠦᠭᠡᠨ ᠪᠠᠶᠢᠭᠤᠯᠤᠯᠲᠠ ᠶᠢ  ᠲᠦᠰᠦᠪᠯᠡᠨ ᠵᠢᠯᠤᠭᠤᠳᠴᠤ  ᠂ ᠬᠠᠮᠢᠶ᠎ᠠ ᠪᠦᠬᠦᠢ ᠤᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠥᠨ᠎ᠡ᠃︵ᠲᠦᠷᠪᠡ︶ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ ᠤᠷᠠᠯᠢᠭ ᠤᠨ ᠪᠦᠯᠬᠦᠮ ᠲᠤᠰᠬᠠᠢ ᠮᠡᠷᠭᠡᠵᠢᠯ ᠤᠨ ᠪᠡᠶ᠎ᠡ  ᠶᠢᠨ ᠲᠠᠮᠢᠷ ᠤᠨ ᠬᠦᠲᠡᠯᠭᠡᠭᠡᠨ ᠢ ᠤᠲᠤᠷᠢᠲᠤᠨ ᠵᠤᠬᠢᠶᠠᠨ ᠪᠠᠶᠢᠭᠤᠯᠵᠤ᠂  ᠪᠦᠬᠦ ᠬᠤᠰᠢᠭᠤᠨ ᠤ ᠰᠤᠶᠤᠯ ᠲᠠᠮᠢᠷ᠂ ᠷᠠᠳᠢᠤ᠋ ᠲᠧᠯᠸᠢᠰ᠂ ᠵᠢᠭᠤᠯᠴᠢᠯᠠᠯ ᠤᠨ ᠴᠢᠲᠠᠪᠦᠷᠢᠲᠠᠨ ᠢ ᠬᠦᠮᠦᠵᠢᠬᠦᠯᠵᠤ᠂  ᠡᠯ᠎ᠡ ᠲᠦᠷᠦᠯ ᠤᠨ ᠲᠤᠰᠬᠠᠢ ᠮᠡᠷᠭᠡᠵᠢᠯ  ᠤᠨ ᠰᠤᠷᠭᠠᠨ ᠬᠦᠮᠦᠵᠢᠯ ᠵᠢᠴᠢ ᠰᠢᠨᠵᠢᠯᠡᠭᠡ ᠮᠡᠷᠭᠡᠵᠢᠯ ᠤᠨ ᠬᠦᠲᠦᠯᠪᠦᠷᠢ ᠶᠢ ᠲᠤᠭᠲᠠᠭᠠᠨ ᠬᠡᠷᠡᠭᠵᠢᠬᠦᠯᠥᠨ᠎ᠡ᠃    ︵ᠲᠠᠪᠤ︶ ᠪᠦᠬᠦ ᠬᠤᠰᠢᠭᠤᠨ ᠤ ᠤᠷᠠᠯᠢᠭ ᠤᠨ ᠡᠬᠦᠲᠦᠯᠲᠡ ᠪᠤᠯᠤᠨ ᠵᠤᠬᠢᠶᠠᠨ ᠪᠦᠲᠦᠭᠡᠯᠲᠡ ᠶᠢ ᠤᠲᠤᠷᠢᠲᠤᠨ ᠵᠢᠯᠤᠭᠤᠳᠴᠤ᠂  ᠪᠦᠬᠦ ᠬᠤᠰᠢᠭᠤᠨ ᠤ ᠲᠤᠮᠤ ᠬᠡᠪᠴᠢᠶᠡᠨ ᠤ ᠤᠷᠠᠯᠢᠭ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠵᠢᠯᠤᠭᠤᠲᠤᠨ᠎ᠠ᠃   ︵ᠵᠢᠷᠭᠤᠭ᠎ᠠ︶ ᠪᠦᠬᠦ ᠬᠤᠰᠢᠭᠤᠨ ᠤ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠵᠢᠴᠢ ᠨᠤᠮ ᠤᠨ ᠰᠠᠩ᠂  ᠦᠵᠡᠰᠬᠦᠯᠡᠩ ᠤᠨ ᠤᠷᠲᠤᠨ᠂  ᠰᠤᠶᠤᠯ ᠤᠨ ᠠᠵᠢᠯᠯᠠᠭᠠᠨ ᠤ ᠲᠦᠪ ᠤᠨ ᠪᠦᠲᠦᠬᠡᠨ ᠪᠠᠶᠢᠭᠤᠯᠤᠯᠲᠠ ᠪᠤᠯᠤᠨ ᠬᠠᠮᠢᠶᠠᠷᠤᠯᠲᠠ ᠶᠢ ᠵᠢᠯᠤᠭᠤᠲᠤᠨ᠎ᠠ᠃ ︵ᠲᠤᠯᠤᠭ᠎ᠠ︶ ᠪᠦᠬᠦ ᠬᠤᠰᠢᠭᠤᠨ ᠤ  ᠪᠤᠲᠠᠰ ᠤᠨ ᠪᠤᠰᠤ ᠰᠤᠶᠤᠯ ᠤᠨ ᠦᠪ ᠤᠨ ᠦᠯᠡᠲᠡᠭᠲᠡᠯ ᠤᠨ ᠬᠠᠮᠠᠭᠠᠯᠠᠯᠲᠠ  ᠶᠢᠨ ᠲᠦᠷᠢᠮ ᠲᠤᠭᠲᠠᠭᠠᠯ ᠪᠤᠯᠤᠨ ᠬᠡᠷᠡᠭᠵᠢᠬᠦᠯᠬᠦ ᠰᠠᠨᠠᠯ ᠢ ᠬᠠᠷᠢᠭᠤᠴᠠᠨ ᠲᠤᠭᠲᠠᠭᠠᠵᠤ᠂  ᠪᠦᠬᠦ ᠬᠤᠰᠢᠭᠤᠨ ᠤ ᠪᠤᠲᠠᠰ ᠤᠨ ᠪᠤᠰᠤ ᠰᠤᠶᠤᠯ ᠤᠨ ᠦᠪ ᠤᠨ ᠦᠯᠡᠲᠡᠭᠲᠡᠯ ᠤᠨ ᠬᠠᠮᠠᠭᠠᠯᠠᠯᠲᠠ ᠪᠤᠯᠤᠨ‌ᠦᠨᠲᠦᠰᠦᠲᠡᠨ ᠤ ᠰᠢᠯᠢᠲᠡᠭ ᠰᠤᠶᠤᠯ ᠤᠨ ᠦᠪᠯᠡᠨ ᠤᠯᠠᠮᠵᠢᠯᠠᠬᠤ ᠠᠵᠢᠯ ᠢ ᠵᠤᠬᠢᠶᠠᠨ ᠪᠠᠶᠢᠭᠤᠯᠤᠨ᠂  ᠪᠦᠬᠦ ᠬᠤᠰᠢᠭᠤᠨ ᠤ ᠡᠷᠲᠡᠨ ᠤ ᠲᠤᠷᠠᠰᠬᠠᠯᠲᠦ ᠵᠦᠢᠯᠡᠰ ᠵᠢᠴᠢ ᠡᠷᠲᠡᠨ ᠤ ᠰᠤᠲᠤᠯᠣᠯ᠂ ᠮᠦᠸᠧᠽᠢ ᠵᠡᠷᠭᠡ ᠶᠢ ᠬᠢᠨᠠᠨ ᠤᠲᠤᠷᠢᠲᠤᠨ᠎ᠠ  ᠃ ︵ᠨᠠᠢᠮᠠ︶ ᠪᠦᠬᠦ ᠬᠤᠰᠢᠭᠤᠨ ᠤ  ᠲᠠᠮᠢᠷ ᠤᠨ ᠦᠢᠯᠡᠰ ᠤᠨ ᠬᠦᠭᠵᠢᠯᠲᠡ ᠶᠢᠨ ᠲᠦᠰᠦᠪ ᠢ ᠬᠠᠷᠢᠭᠤᠴᠠᠨ ᠲᠤᠭᠲᠠᠭᠠᠵᠤ᠂  ᠤᠯᠠᠨ ᠲᠦᠷᠦᠯ ᠤᠨ ᠲᠠᠮᠢᠷ ᠤᠨ ᠦᠢᠯᠡᠴᠢᠯᠡᠭᠡᠨ ᠤ ᠰᠢᠰᠲ᠋ᠧᠮ   ᠤᠨ ᠪᠦᠲᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠲᠠᠮᠢᠷ ᠤᠨ ᠬᠠᠮᠢᠶᠠᠷᠤᠯᠲᠠ ᠶᠢᠨ ᠲᠤᠭᠲᠠᠴᠠ  ᠶᠢᠨ ᠦᠬᠡᠷᠡᠴᠢᠯᠡᠯᠲᠡ ᠢ ᠠᠬᠢᠭᠤᠯᠵᠤ᠂  ᠪᠦᠬᠦ ᠬᠤᠰᠢᠭᠤᠨ ᠤ ᠤᠯᠠᠨ ᠲᠦᠮᠡᠨᠴᠢ ᠲᠠᠮᠢᠷ ᠤᠨ ᠬᠦᠲᠡᠯᠭᠡᠭᠡᠨ ᠤ ᠬᠦᠭᠵᠢᠯᠲᠡ ᠢ ᠨᠢᠭᠡᠲᠦᠯᠲᠠᠢ ᠲᠦᠯᠥᠪᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠰᠦᠪ ᠢ ᠵᠤᠬᠢᠨᠶᠠᠨ ᠪᠠᠶᠢᠭᠤᠯᠵᠤ ᠬᠡᠷᠡᠭᠵᠢᠬᠦᠯᠥᠨ᠂  ᠤᠯᠠᠨ ᠲᠦᠮᠡᠨᠴᠢ‌‍ᠴᠢᠨᠠᠷᠲᠠᠢ  ᠲᠠᠮᠢᠷ ᠤᠨ ᠬᠦᠲᠡᠯᠭᠡᠭᠡᠨ ᠢ  ᠦᠷᠨᠢᠬᠦᠯᠥᠨ᠎ᠡ ᠃  ︵ᠶᠢᠰᠦ︶ ᠪᠦᠬᠦ ᠬᠤᠰᠢᠭᠤᠨ ᠤ ᠦᠷᠢᠰᠦᠯᠳᠦᠭᠡᠨ ᠤ  ᠲᠠᠮᠢᠷ ᠤᠨ ᠭᠦᠭᠵᠢᠯᠲᠡ ᠶᠢ ᠨᠢᠭᠡᠳᠦᠯᠲᠠᠢ ᠲᠦᠯᠦᠪᠵᠢᠭᠦᠯᠦᠨ ᠂ ᠪᠦᠬᠦ ᠬᠤᠰᠢᠭᠤᠨ ᠤ ᠲᠠᠮᠢᠷ ᠤᠨ ᠠᠵᠢᠯ ᠲᠦᠷᠦᠯ ᠤᠨ ᠴᠢᠳᠠᠪᠦᠷᠢ ᠶᠢ ᠬᠢᠨᠠᠨ ᠲᠣᠭᠳᠠᠭᠠᠬᠤ ᠠᠵᠢᠯ ᠢ ᠵᠣᠬᠢᠶᠠᠨ ᠪᠠᠶᠢᠭᠤᠯᠵᠦ᠂  ᠲᠠᠮᠢᠷ ᠤᠨ ᠪᠣᠯᠪᠠᠰᠣᠷᠠᠯ᠂ ᠦᠷᠢᠰᠦᠯᠳᠦᠭᠡᠨ  ᠪᠠ ᠲᠠᠮᠢᠷᠴᠢᠳ ᠤᠨ ᠡᠩᠨᠡᠭᠡᠨ ᠤ ᠪᠦᠳᠦᠭᠡᠨ ᠪᠠᠶᠢᠭᠤᠯᠣᠯᠲᠠ ᠶᠢ ᠵᠢᠯᠣᠭᠤᠳᠴᠣ᠂ ᠲᠠᠮᠢᠷ ᠤᠨ ᠦᠷᠢᠰᠦᠯᠳᠦᠭᠡᠨ ᠳᠤ ᠣᠷᠣᠯᠴᠠᠬᠤ ᠪᠠ ᠡᠯ᠎ᠡ ᠵᠤᠶᠢᠯ ᠤᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠨ᠎ᠡ᠃ ᠬᠤᠰᠢᠭᠤᠨ ᠤ  ᠵᠠᠯᠠᠭᠤ ᠪᠠᠭᠠᠴᠣᠳ ᠤᠨ  ᠲᠠᠮᠢᠷ ᠤᠨ ᠭᠦᠭᠵᠢᠯᠲᠡ ᠶᠢ ᠨᠢᠭᠡᠳᠦᠯᠲᠠᠢ ᠲᠦᠯᠦᠪᠵᠢᠭᠦᠯᠣᠨ᠂ ᠵᠠᠯᠠᠭᠤ ᠪᠠᠭᠠᠴᠣᠳ ᠤᠨ ᠲᠠᠮᠢᠷ ᠤᠨ ᠠᠵᠢᠯ ᠢ ᠵᠢᠯᠣᠭᠤᠳᠣᠨ ᠠᠬᠢᠭᠤᠯᠣᠨ᠎ᠠ᠃   ︵ᠠᠷᠪᠠ︶ ᠪᠦᠬᠦ ᠬᠤᠰᠢᠭᠤᠨ ᠤ ᠲᠠᠮᠢᠷ ᠤᠨ ᠠᠵᠦ ᠦᠢᠯᠡᠰ ᠤᠨ ᠭᠦᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠦᠯᠦᠪᠯᠡᠨ ᠲᠣᠭᠳᠠᠭᠠᠬᠤ ᠶᠢ ᠬᠠᠷᠢᠭᠤᠴᠠᠵᠦ᠂  ᠲᠠᠮᠢᠷ ᠤᠨ ᠦᠢᠯᠡᠴᠢᠯᠡᠭᠡᠨ ᠤ ᠬᠠᠮᠢᠶᠠᠷᠣᠯᠲᠠ ᠶᠢ ᠲᠦᠷᠢᠮᠵᠢᠭᠦᠯᠦᠨ ᠂  ᠲᠠᠮᠢᠷ ᠤᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ  ᠃ ︵ᠠᠷᠪᠠᠨ ᠨᠢᠭᠡ︶ ᠪᠦᠬᠦ ᠬᠤᠰᠢᠭᠤᠨ ᠤ ᠷᠠᠳᠢᠣ᠋᠂ ᠲᠧᠯᠸᠢᠰ ᠤᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠦ᠂ ᠷᠠᠳᠢᠣ᠋  ᠂ ᠲᠧᠯᠸᠢᠰ ᠤᠨ ᠭᠦᠨᠲᠦ ᠴᠢᠬᠤᠯᠠ‌ᠢᠨᠵᠧᠨᠧᠷᠢᠩ   ᠢ ᠵᠣᠬᠢᠶᠠᠨ ᠪᠠᠶᠢᠭᠤᠯᠣᠨ‌‍ᠭᠡᠷᠡᠭᠵᠢᠭᠦᠯᠵᠦ᠂ ᠪᠦᠬᠦ ᠠᠶᠢᠮᠠᠭ ᠤᠨ  ᠴᠢᠨᠠᠷᠲᠠᠢ ᠭᠦᠨᠲᠦ ᠴᠢᠬᠤᠯᠠ‌‍ᠷᠠᠳᠢᠣ᠋᠂  ᠲᠧᠯᠸᠢᠰ ᠤᠨ ᠠᠵᠢᠯᠯᠠᠭ᠎ᠠ ᠶᠢ ᠵᠣᠬᠢᠶᠠᠨ  ᠪᠠᠶᠢᠭᠤᠯᠵᠤ ᠵᠢᠯᠣᠭᠤᠳᠣᠨ᠎ᠠ᠃ ︵ᠠᠷᠪᠠᠨ ᠬᠤᠶᠠᠷ︶ ᠪᠦᠬᠦ ᠬᠤᠰᠢᠭᠤᠨ ᠤ ᠷᠠᠳᠢᠣ᠋ ᠲᠧᠯᠸᠢᠰ᠂ ᠴᠢᠮᠡᠭᠡ ᠵᠠᠩᠬᠢ ᠲᠣᠣᠷ ᠰᠦᠯᠵᠢᠶᠡᠨ ᠤ  ᠫᠷᠣᠭ᠍ᠷᠠᠮ ᠤᠨ ᠦᠢᠯᠡᠴᠢᠯᠡᠭᠡᠨ ᠤ ᠪᠠᠶᠢᠭᠤᠯᠣᠮᠵᠢ ᠪᠠ ᠡᠷᠬᠢᠯᠡᠭᠰᠡᠨ ᠠᠵᠢᠯ ᠳᠤ ᠬᠢᠨᠠᠯᠲᠠ ᠲᠠᠯᠪᠢᠨ᠎ᠠ  ᠃ ᠷᠠᠳᠢᠣ᠋ ᠲᠧᠯᠸᠢᠰ ᠤᠨ ᠫᠷᠣᠭ᠍ᠷᠠᠮ ᠤᠨ ᠭᠠᠳᠠᠭᠠᠲᠦ ᠠᠴᠠ ᠣᠷᠣᠭᠤᠯᠬᠤ ᠪᠠ ᠬᠤᠷᠢᠶᠠᠨ  ᠰᠢᠩᠭᠡᠭᠡᠭᠦ ᠠᠵᠢᠯ ᠤᠨ ᠬᠠᠮᠢᠶᠠᠷᠣᠨ ᠵᠢᠭᠠᠨ ᠵᠢᠯᠣᠭᠤᠳᠣᠨ᠎ᠠ  ᠃ ᠪᠦᠬᠦ ᠬᠤᠰᠢᠭᠤᠨ ᠤ ᠷᠠᠳᠢᠣ᠋ ᠲᠧᠯᠸᠢᠰ᠂ ᠴᠢᠮᠡᠭᠡ ᠵᠠᠩᠬᠢ ᠲᠣᠣᠷ ᠰᠦᠯᠵᠢᠶᠡᠨ ᠤ  ᠫᠷᠣᠭ᠍ᠷᠠᠮ ᠤᠨ ᠦᠢᠯᠡᠴᠢᠯᠡᠭᠡᠨ ᠤ ᠰᠢᠨᠵᠢᠯᠡᠬᠦ ᠮᠡᠷᠭᠡᠵᠢᠯ ᠤᠨ ᠠᠵᠢᠯ ᠢ ᠳᠠᠭᠠᠭᠠᠴᠢᠯᠠᠨ᠂ ᠪᠦᠬᠦ ᠬᠤᠰᠢᠭᠤᠨ ᠤ ᠷᠠᠳᠢᠣ᠋ ᠲᠧᠯᠸᠢᠰ  ᠫᠷᠣᠭ᠍ᠷᠠᠮ ᠤᠨ  ᠳᠠᠮᠵᠢᠭᠤᠯᠣᠯᠲᠠ  ᠪᠦᠷᠭᠦᠯᠲᠠ᠂ ᠰᠢᠯᠭᠠᠨ ᠪᠠᠶᠢᠴᠠᠭᠠᠯᠲᠠ ᠪᠠ ᠠᠶᠦᠯᠬᠦᠢ ᠨᠡᠪᠲᠡᠷᠡᠭᠦᠯᠬᠦ ᠶᠢᠨ ᠬᠢᠨᠠᠨ ᠬᠠᠮᠢᠶᠠᠷᠣᠯᠲᠠ ᠳᠤ ᠬᠠᠷᠢᠭᠤᠴᠠᠨ᠎ᠠ᠃  ︵ᠠᠷᠪᠠᠨ ᠭᠤᠷᠪᠠ︶  ᠪᠦᠬᠦ ᠬᠤᠰᠢᠭᠤᠨ ᠤ  ᠰᠣᠶᠣᠯ ︵ᠰᠣᠶᠣᠯ ᠤᠨ ᠪᠦᠳᠦᠭᠡᠭᠳᠡᠭᠦᠨ︶  ᠲᠠᠮᠢᠷ  ᠂ ᠷᠠᠳᠢᠣ᠋  ᠲᠧᠯᠸᠢᠰ ᠤᠨ ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ ᠠᠵᠢᠯ ᠢ ᠬᠢᠨᠠᠨ ᠵᠢᠯᠣᠭᠤᠳᠣᠨ᠎ᠠ  ᠃ ᠪᠦᠬᠦ ᠬᠤᠰᠢᠭᠤᠨ ᠤ  ᠰᠣᠶᠣᠯ ︵ᠰᠣᠶᠣᠯ ᠤᠨ ᠪᠦᠳᠦᠭᠡᠭᠳᠡᠭᠦᠨ︶ ᠲᠠᠮᠢᠷ᠂  ᠷᠠᠳᠢᠣ᠋ ᠲᠧᠯᠸᠢᠰ ᠤᠨ  ᠡᠵᠡᠩᠨᠡᠯᠲᠠ ᠶᠢᠨ ᠠᠵᠢᠯᠯᠠᠭ᠎ᠠ ᠳᠤ ᠠᠵᠢᠯ ᠲᠦᠷᠦᠯ ᠤᠨ ᠬᠢᠨᠠᠨ ᠬᠠᠮᠢᠶᠠᠷᠣᠯᠲᠠ ᠶᠠᠪᠣᠭᠤᠯᠬᠤ ᠶᠢ ᠬᠠᠷᠢᠭᠤᠴᠠᠨ᠎ᠠ᠃  ︵ᠠᠷᠪᠠ ᠲᠦᠷᠪᠡ︶ ᠦᠪᠡᠷᠲᠡᠭᠡᠨ ᠵᠠᠰᠠᠬᠤ ᠤᠷᠤᠨ ᠪᠠ‌ᠠᠶᠢᠮᠠᠭ ᠤᠨ  ᠬᠠᠮᠢᠶ᠎ᠠ ᠪᠦᠬᠦᠢ ᠲᠣᠰᠢᠶᠠᠭᠰᠠᠨ ᠪᠣᠰᠣᠳ ᠠᠵᠢᠯ ᠳᠤ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号