ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠬᠤᠰᠢᠭᠤ ᠠᠮᠢ ᠠᠬᠤᠢ ᠶᠢᠨ ᠬᠠᠮᠠᠭᠠᠯᠠᠯᠳᠠ ᠶᠢᠨ ᠳᠣᠪᠴᠢᠶ᠎ᠠ
ᠨᠡᠶᠢᠲᠡᠯᠡᠭᠰᠡᠨ ᠴᠠᠭ᠄
2017/9/19
         ᠰᠢᠯᠤᠭᠤᠨ ᠬᠦᠪᠡᠭᠡᠲᠦ ᠴᠠᠭᠠᠨ ᠬᠤᠰᠢᠭᠤᠨ   ᠤ  ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ       ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ‌ᠨᠢ ᠪᠦᠬᠦ ᠬᠤᠰᠢᠭᠤᠨ ᠤ  ᠡᠭᠦᠷᠭᠡ ᠲᠤᠰᠢᠶᠠᠯᠲᠤ ᠰᠠᠯᠭ᠎ᠠ ᠮᠦᠴᠢᠷ ᠪᠤᠯᠤᠭᠰᠠᠨ ᠤ ᠬᠤᠪᠢ ᠳᠤ ᠪᠦᠬᠦ  ᠬᠤᠰᠢᠭᠤᠨ ᠤ  ᠠᠮᠢ ᠠᠬᠤᠢ ᠶᠢᠨ ᠬᠠᠮᠠᠭᠠᠯᠠᠯᠲᠠ ᠵᠢᠨ‌ᠠᠵᠢᠯ ᠢ ᠵᠤᠬᠢᠶᠠᠨ ᠪᠠᠶᠢᠭᠤᠯᠬᠤ᠂ ᠵᠤᠬᠢᠴᠠᠭᠤᠯᠬᠤ᠂ ᠵᠢᠯᠤᠭᠤᠳᠬᠤ ᠪᠠ ᠬᠢᠨᠠᠨ ᠪᠠᠶᠢᠴᠠᠭᠠᠬᠤ ᠶᠢ ᠬᠠᠷᠢᠭᠠᠴᠠᠨ᠎ᠠ  ᠃ ᠪᠦᠬᠦ  ᠬᠤᠰᠢᠭᠤᠨ ᠤ ᠠᠮᠢ ᠠᠬᠤᠢ ᠶᠢᠨ ᠡᠬᠢ ᠰᠤᠷᠪᠤᠯᠵᠢ ᠶᠢ ᠲᠠᠲᠠᠪᠤᠷᠢᠯᠠᠨ ᠬᠡᠷᠡᠭᠯᠡᠬᠦ ᠳᠤ ᠤᠷᠢᠳᠴᠢᠯᠠᠨ ᠬᠢᠨᠠᠨ ᠪᠠᠶᠢᠴᠠᠭᠠᠯᠲᠠ ᠬᠢᠬᠦ᠂ ᠲᠦᠷᠦᠯ ᠵᠦᠢᠯ ᠤᠨ ᠭᠠᠵᠠᠷ ᠨᠤᠲᠤᠭ ᠬᠡᠷᠡᠭᠯᠡᠬᠦ ᠶᠠᠪᠤᠴᠠ  ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠬᠦ ᠡᠷᠬᠡ ᠶᠢ ᠳᠠᠮᠵᠢᠭᠤᠯᠤᠨ ᠰᠢᠯᠵᠢᠭᠦᠯᠬᠦ᠂ ᠪᠡᠯᠴᠢᠭᠡᠷᠯᠡᠭᠦᠯᠬᠦ ᠶᠢ ᠵᠤᠭᠰᠤᠭᠠᠬᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠲᠤᠭᠳᠠᠭᠠᠯ ᠢ ᠲᠤᠭᠳᠠᠭᠠᠨ ᠬᠡᠷᠡᠭᠵᠢᠭᠦᠯᠦᠨ᠎ᠡ᠃ ᠠᠮᠢ ᠠᠬᠤᠢ ᠶᠢᠨ ᠬᠤᠷᠢᠭ᠎ᠠ ᠱᠤᠭᠤᠮ ᠢ ᠲᠤᠭᠳᠠᠭᠠᠵᠦ᠂ ᠨᠤᠳᠤᠭ ᠪᠡᠯᠴᠢᠭᠡᠷ ᠤᠨ ᠠᠮᠢ ᠠᠬᠤᠢ  ᠶᠢᠨ ᠬᠢᠨᠠᠨ ᠬᠡᠮᠵᠢᠬᠦ ᠪᠠ ᠦᠨᠡᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠬᠢᠨᠠᠨ ᠬᠠᠮᠢᠶᠠᠷᠤᠨ᠎ᠠ᠃  ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ᠂ ᠨᠤᠳᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠶᠢᠳᠪᠦᠷᠢᠯᠡᠵᠦ᠂ ᠪᠦᠬᠦ ᠬᠤᠰᠢᠭᠤᠨ   ᠤ ᠨᠤᠳᠤᠭ ᠪᠡᠯᠴᠢᠭᠡᠷ ᠤᠢ ᠰᠢᠭᠤᠢ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠭᠠᠵᠠᠷ ᠬᠠᠭᠠᠯᠪᠤᠷᠢᠯᠠᠯᠲᠠ ᠶᠢ ᠰᠡᠷᠭᠦᠭᠡᠬᠦ  ᠂ ᠠᠭᠤᠷᠬᠠᠢ ᠶᠢᠨ ᠤᠷᠤᠨ ᠢ ᠵᠠᠰᠠᠬᠤ᠂  ᠭᠠᠵᠠᠷ ᠰᠢᠷᠤᠢ  ᠶᠢᠨ ᠪᠤᠬᠢᠷᠳᠤᠯ ᠢ ᠰᠡᠷᠭᠡᠶᠢᠯᠡᠨ ᠵᠠᠰᠠᠬᠤ᠂ ᠬᠦᠷᠦᠰᠦᠨ ᠤ ᠢᠳᠡᠭᠳᠡᠯ ᠢ ᠵᠠᠰᠠᠬᠤ ᠶᠢ ᠬᠢᠨᠠᠨ ᠪᠠᠶᠢᠴᠠᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号