ᠰᠢᠯᠣᠭᠤᠨ ᠬᠦᠪᠡᠭᠡᠳᠦ ᠴᠠᠭᠠᠨ ᠬᠤᠰᠢᠭᠤ ᠨᠢ ᠭᠤᠴᠢᠨ ᠭᠤᠷᠪᠠᠳᠣᠭᠠᠷ ᠣᠳᠠᠭᠠᠨ ᠤ ᠪᠠᠭᠰᠢ ᠶᠢᠨ ᠪᠠᠶᠠᠷ ᠤᠨ ᠠᠵᠢᠯ ᠤᠨ ᠮᠡᠳᠡᠬᠦᠯᠦᠯᠳᠠ ᠶᠢᠨ ᠬᠤᠷᠠᠯ ᠢ ᠦᠪᠡᠳᠡᠭᠰᠢ ᠶᠠᠪᠣᠭᠳᠠᠭᠤᠯᠪᠠ
ᠨᠡᠶᠢᠲᠡᠯᠡᠭᠰᠡᠨ ᠴᠠᠭ᠄
2017-09-20
         ᠰᠢᠯᠣᠭᠤᠨ ᠬᠦᠪᠡᠭᠡᠳᠦ ᠴᠠᠭᠠᠨ ᠬᠤᠰᠢᠭᠤ ᠨᠢ ᠭᠤᠴᠢᠨ ᠭᠤᠷᠪᠠᠳᠣᠭᠠᠷ ᠣᠳᠠᠭᠠᠨ ᠤ ᠪᠠᠭᠰᠢ ᠶᠢᠨ ᠪᠠᠶᠠᠷ ᠤᠨ ᠠᠵᠢᠯ ᠤᠨ ᠮᠡᠳᠡᠬᠦᠯᠦᠯᠳᠠ ᠶᠢᠨ ᠬᠤᠷᠠᠯ ᠢ ᠦᠪᠡᠳᠡᠭᠰᠢ ᠶᠠᠪᠣᠭᠳᠠᠭᠤᠯᠪᠠ     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠳᠣᠵᠦ᠂ ᠠᠷᠠᠳ ᠣᠯᠠᠨ ᠤ ᠬᠦᠷᠢᠶᠡᠯᠡᠯ ᠢ ᠣᠯᠣᠭᠰᠠᠨ ᠰᠠᠶᠢᠨ ᠪᠠᠭᠰᠢᠨᠠᠷ ᠢ ᠱᠠᠩᠨᠠᠨ ᠬᠦᠬᠢᠬᠦᠯᠵᠦ᠂ ᠰᠢᠨ᠎ᠠ ᠴᠠᠭ ᠦᠶ᠎ᠡ ᠶᠢᠨ ᠰᠢᠯᠢᠳᠡᠭ ᠪᠠᠭᠰᠢ ᠶᠢᠨ ᠬᠡᠪ ᠳᠠᠭᠤᠷᠢᠶᠠᠯ ᠢ ᠪᠠᠳᠠᠷᠠᠭᠤᠯᠵᠦ᠂ ᠦᠷᠡᠭᠡᠨ ᠣᠯᠠᠨ ᠪᠠᠭᠰᠢᠨᠠᠷ ᠪᠠ ᠰᠣᠷᠭᠠᠨ ᠬᠦᠮᠦᠵᠢᠯ ᠤᠨ ᠠᠵᠢᠯᠳᠠᠳ ᠤᠨ ᠰᠣᠷᠠᠭᠨ ᠬᠦᠮᠦᠵᠢᠬᠦᠯᠬᠦ ᠢᠷᠠᠭᠤ ᠠᠯᠳᠠᠷᠳᠣ ᠰᠡᠳᠬᠢᠯᠭᠡ ᠪᠠ ᠬᠠᠷᠢᠭᠤᠴᠠᠯᠭᠠᠳᠣ ᠰᠡᠳᠬᠢᠯ ᠢ ᠨᠡᠮᠡᠭᠳᠡᠬᠦᠯᠦᠨ ᠬᠦᠭᠵᠢᠬᠡᠬᠦ ᠶᠢᠨ ᠳᠣᠯᠠᠳᠠ 9 ᠰᠠᠷ᠎ᠠ ᠶᠢᠨ 11 ᠤ ᠡᠳᠣᠷ ᠰᠢᠯᠣᠭᠤᠨ ᠬᠦᠪᠡᠭᠡᠳᠦ ᠴᠠᠭᠠᠨ ᠬᠤᠰᠢᠭᠤ ᠨᠢ 33  ᠳ᠋ᠣᠭᠠᠷ ᠣᠳᠠᠭᠠᠨ ᠤ ᠪᠠᠭᠰᠢ ᠶᠢᠨ ᠪᠠᠶᠠᠷ ᠢ ᠳᠣᠬᠢᠶᠠᠯᠳᠣᠭᠤᠯᠣᠨ ᠠᠵᠢᠯ ᠤᠨ ᠮᠡᠳᠡᠬᠦᠯᠦᠯᠳᠠ ᠶᠢᠨ ᠬᠤᠷᠠᠯ ᠬᠢᠪᠡ᠃ ᠬᠤᠰᠢᠭᠤ ᠣᠳᠣᠷᠢᠳᠣᠯᠭ᠎ᠠ ᠪᠣᠣ ᠯᠢ ᠬᠤᠸᠠ᠂ ᠰᠣ᠋ ᠫᠧᠩ᠂ ᠯᠢ ᠶᠦᠩ ᠱᠧᠩ᠂ ᠠᠷᠢᠭᠤᠨ᠎ᠠ᠂ ᠵᠣᠷᠢᠭᠳᠣ᠂ ᠴᠢᠮᠡᠭ᠂ ᠡᠯᠪᠡᠷᠢᠯᠡᠯᠳᠦ ᠬᠤᠷᠠᠯ ᠳᠤ ᠣᠷᠣᠯᠴᠠᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠣ᠋ ᠫᠧᠩ ᠠᠴᠠ ᠬᠤᠷᠠᠯ ᠡᠷᠬᠢᠯᠡᠵᠦ ᠳ᠋ᠦᠩᠨᠡᠯᠳᠠ ᠬᠢᠪᠠ᠃
        ᠬᠤᠷᠠᠯ ᠳᠡᠭᠡᠷ᠎ᠡ ᠡᠯ᠎ᠠ ᠰᠣᠷᠭᠠᠭᠤᠯᠢ ᠶᠢᠨ ᠵᠠᠬᠢᠷᠣᠯ᠂ ᠴᠡᠴᠡᠷᠯᠢᠭ ᠤᠨ ᠳᠠᠷᠤᠭ᠎ᠠ ᠨᠠᠷ ᠤᠨ ᠨᠢᠭᠡ ᠵᠢᠯ ᠤᠨ ᠠᠵᠢᠯ ᠤᠨ ᠮᠡᠳᠡᠬᠦᠯᠦᠯᠳᠠ ᠶᠢ ᠰᠣᠨᠣᠰᠴᠦ᠂ ᠰᠣᠷᠭᠠᠨ ᠬᠦᠮᠦᠵᠢᠯ ᠤᠨ ᠳᠣᠪᠴᠢᠶᠠᠨ ᠤ ᠬᠠᠷᠢᠭᠤᠴᠠᠯᠭᠠᠳᠠᠨ ᠠᠴᠠ ᠬᠤᠶᠢᠰᠢᠳᠡ ᠶᠢᠨ ᠠᠵᠢᠯ ᠳᠤ ᠳᠣᠬᠢᠷᠠᠭᠤᠯᠣᠯᠳᠠ ᠪᠠᠶᠢᠷᠢᠯᠠᠭᠤᠯᠣᠯᠳᠠ ᠬᠢᠵᠠᠢ᠃
    ᠬᠤᠰᠢᠭᠤ ᠨᠠᠮ ᠤᠨ ᠬᠤᠷᠢᠶᠠᠨ ᠤ ᠱᠦᠵᠢ᠂ ᠪᠣᠣ ᠯᠢ ᠬᠤᠸᠠ ᠠᠴᠠ ᠶᠠᠷᠢᠶ᠎ᠠ ᠳᠠᠯᠪᠢᠵᠦ᠂ ᠡᠯ᠎ᠠ ᠰᠣᠷᠭᠠᠭᠤᠯᠢ  ᠨᠢ ᠦᠭᠡᠷᠡᠴᠢᠯᠡᠯᠳᠠ ᠰᠢᠨᠡᠴᠢᠯᠡᠯᠳᠠ ᠶᠢ ᠪᠠᠷᠢᠮᠳᠠᠯᠠᠵᠦ᠂ ᠭᠤᠷᠪᠠᠨ ᠡᠩᠨᠡᠬᠡᠨ ᠤ ᠪᠠᠶᠢᠭᠤᠯᠣᠯᠳᠠ ᠶᠢ ᠴᠢᠩᠭᠠᠳᠬᠠᠵᠦ᠂ ᠰᠣᠷᠭᠠᠨ ᠬᠦᠮᠦᠵᠢᠯ ᠤᠨ ᠴᠢᠳᠠᠪᠦᠷᠢᠳᠠᠨ ᠤ ᠰᠠᠭᠤᠷᠢ ᠶᠢ ᠪᠠᠳᠣᠳᠬᠠᠵᠦ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠵᠢᠭᠠᠨ ᠰᠣᠷᠭᠠᠯᠳᠠ ᠶᠢᠨ ᠶᠠᠰᠦ ᠴᠢᠨᠠᠷ ᠤᠨ ᠳᠡᠭᠡᠭᠰᠢᠯᠡᠬᠦᠯᠦᠯᠳᠡ ᠶᠢᠨ ᠢᠨᠵᠧᠨ᠋ᠷᠢᠩ ᠤᠨ ᠠᠵᠢᠯ ᠢ ᠪᠦᠬᠦ ᠳᠠᠯ᠎ᠠ ᠪᠠᠷ ᠪᠡᠶᠡᠯᠡᠬᠦᠯᠵᠦ᠂ ᠠᠷᠠᠳ ᠣᠯᠠᠨ ᠤ ᠰᠡᠳᠬᠢᠯ ᠳᠤ ᠨᠡᠶᠢᠴᠡᠭᠰᠡᠨ  ᠰᠣᠷᠭᠠᠭᠤᠯᠢ ᠶᠢ ᠪᠠᠶᠢᠭᠤᠯᠬᠤ ᠬᠡᠷᠡᠭᠳᠡᠢ ᠭᠡᠵᠠᠢ᠃ ᠮᠦᠨ ᠳᠠᠭᠠᠣ ᠳᠤᠨᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠣᠬᠤ ᠣᠳᠣᠷᠢᠳᠣᠯᠭ᠎ᠠ ᠠᠴᠠ ᠪᠠᠶᠢᠴᠠᠭᠠᠨ ᠰᠣᠳᠣᠯᠣᠯᠳᠠ ᠶᠢ ᠬᠦᠨᠵᠡᠭᠡᠢ ᠦᠷᠨᠢᠬᠦᠯᠵᠦ᠂ ᠰᠣᠷᠭᠠᠨ ᠬᠦᠮᠦᠵᠢᠯ ᠤᠨ ᠠᠵᠢᠯ ᠤᠨ ᠳᠣᠮᠳᠠᠬᠢ ᠬᠦᠴᠢᠷᠳᠡᠯ ᠪᠠ ᠭᠤᠣᠯᠳᠠᠯᠭ᠎ᠠ ᠲᠠᠢ ᠠᠵᠢᠯ ᠢ ᠰᠢᠢᠳᠪᠦᠷᠢᠯᠡᠬᠦ ᠬᠡᠷᠡᠭᠳᠡᠢ ᠭᠡᠵᠠᠢ᠃
    ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠴᠢᠮᠡᠭ ᠠᠴᠠ ︽2017 ᠣᠨ ᠤ ᠰᠢᠯᠢᠳᠡᠭ ᠪᠠᠭᠰᠢ᠂ ᠠᠵᠢᠯᠳᠠᠨ᠂ ᠰᠢᠯᠢᠳᠡᠭ ᠠᠩᠬᠢ ᠶᠢᠨ ᠡᠷᠬᠢᠯᠡᠭᠴᠢ᠂ ᠰᠢᠯᠢᠳᠡᠭ ᠰᠣᠶᠣᠯ ᠮᠣᠷᠠᠯ ᠤᠨ ᠠᠵᠢᠯᠳᠠᠨ ᠢ ᠱᠠᠩᠨᠠᠬᠤ ᠳᠣᠬᠠᠢ ᠰᠢᠢᠳᠪᠦᠷᠢ︾ ᠶᠢ ᠣᠩᠰᠢᠵᠦ᠂ ᠬᠠᠮᠢᠶ᠎ᠠ ᠪᠦᠬᠦᠢ ᠬᠦᠮᠦᠰ ᠢ ᠱᠠᠩᠨᠠᠨ ᠬᠦᠬᠢᠬᠦᠯᠵᠠᠢ᠃ ᠱᠠᠩᠨᠠᠨ ᠬᠦᠬᠢᠬᠦᠯᠦᠭᠳᠡᠭᠰᠡᠨ 59 ᠨᠡᠷ᠎ᠡ ᠰᠢᠯᠢᠳᠡᠭ ᠪᠠᠭᠰᠢ ᠠᠵᠢᠯᠳᠠᠨ ᠳᠤ ᠱᠠᠩᠨᠠᠯ ᠤᠨ ᠪᠢᠴᠢᠭ ᠭᠠᠷᠳᠠᠭᠤᠯᠵᠦ᠂ ᠬᠤᠰᠢᠭᠤ ᠮᠣᠩᠭᠤᠯ ᠳᠣᠮᠳᠠᠳᠣ ᠰᠣᠷᠭᠠᠭᠤᠯᠢ᠂ ᠴᠠᠭᠠᠨᠨᠠᠭᠤᠷ ᠳᠣᠮᠳᠠᠳᠣ ᠰᠣᠷᠭᠠᠭᠤᠯᠢ ᠳᠤ ︽ᠬᠤᠰᠢᠭᠤ ᠳᠠᠷᠤᠭ᠎ᠠ ᠶᠢᠨ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠱᠠᠩᠨᠠᠯ︾ ᠭᠠᠷᠳᠠᠭᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ ᠪᠦᠬᠦ ᠬᠤᠰᠢᠭᠤ ᠪᠠᠷ ᠢᠶᠠᠨ ᠰᠣᠷᠭᠠᠨ ᠬᠦᠮᠦᠵᠢᠯ ᠤᠨ ᠠᠵᠢᠯ ᠢ ᠳᠠᠷᠢᠬᠦᠨ ᠪᠠᠶᠢᠷᠢᠨ ᠳᠤ ᠳᠠᠯᠪᠢᠵᠦ᠂ ᠰᠣᠷᠭᠠᠨ ᠬᠦᠮᠦᠵᠢᠯ ᠤᠨ ᠣᠶᠢᠯᠡᠰ ᠤᠨ ᠬᠦᠭᠵᠢᠯᠳᠠ ᠶᠢᠨ ᠳᠣᠬᠠᠢ ᠳᠦᠷᠦ ᠶᠢᠨ ᠪᠣᠳᠣᠯᠭ᠎ᠠ ᠶᠢ ᠴᠢᠩᠭᠠᠳᠬᠠᠨ ᠠᠬᠢᠭᠤᠯᠵᠦ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠣᠶᠢᠯᠡᠰ ᠤᠨ ᠦᠷᠬᠦᠯᠵᠢᠳᠠ ᠬᠦᠭᠵᠢᠯᠳᠠ ᠶᠢ ᠳᠦᠯᠬᠢᠨ ᠠᠬᠢᠭᠤᠯᠬᠤ ᠬᠡᠷᠡᠭᠳᠡᠢ ᠭᠡᠵᠠᠢ᠃ ᠪᠠᠭᠰᠢ ᠶᠢ ᠬᠦᠨᠳᠦᠯᠡᠵᠦ ᠰᠣᠷᠭᠠᠨ ᠬᠦᠮᠦᠵᠢᠯ ᠢ ᠬᠦᠨᠳᠦᠳᠬᠡᠬᠦ ᠰᠠᠶᠢᠨ ᠰᠠᠶᠢᠬᠠᠨ ᠠᠭᠤᠷ ᠣᠷᠣ ᠠᠮᠢᠰᠬᠤᠯ ᠢ ᠪᠣᠢ ᠪᠣᠯᠭᠠᠵᠦ᠂ ᠪᠠᠭᠰᠢ ᠶᠢᠨ ᠡᠩᠨᠡᠭᠡᠨ ᠤ ᠪᠠᠶᠢᠭᠤᠯᠣᠯᠳᠠ ᠶᠢᠨ ᠬᠠᠮᠢᠶᠠᠷᠣᠯᠳᠠ ᠶᠢ ᠴᠢᠩᠭᠠᠳᠬᠠᠵᠦ᠂ ᠰᠣᠷᠭᠠᠨ ᠬᠦᠮᠦᠵᠢᠯ ᠤᠨ ᠣᠶᠢᠯᠡᠰ ᠤᠨ ᠰᠢᠨ᠎ᠠ ᠶᠢ ᠡᠭᠦᠳᠬᠦ ᠬᠦᠭᠵᠢᠯᠳᠡ ᠶᠢ ᠴᠢᠷᠮᠠᠶᠢᠨ ᠠᠬᠢᠭᠤᠯᠵᠦ᠂ ᠵᠢᠭᠠᠨ ᠰᠣᠷᠭᠠᠯᠳᠠ ᠶᠢᠨ ᠶᠠᠰᠣᠳᠠᠨ ᠴᠢᠨᠠᠷ ᠶᠢᠨ ᠳᠡᠭᠡᠭᠰᠢᠯᠡᠯᠳᠡ  ᠶᠢ ᠠᠳᠬᠤᠵᠦ᠂ ᠠᠷᠭ᠎ᠠ ᠪᠣᠳᠣᠯᠭ᠎ᠠ ᠪᠠᠨ ᠰᠢᠨᠡᠴᠢᠯᠡᠵᠦ᠂ ᠳᠣᠳᠠᠭᠳᠠᠯ ᠢᠶᠠᠨ ᠴᠢᠷᠮᠠᠢ ᠨᠦᠬᠦᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢ ᠳᠣᠳᠣᠷᠬᠠᠶᠢᠯᠠᠵᠦ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠣᠶᠢᠯᠡᠰ ᠤᠨ ᠴᠢᠨᠠᠷᠵᠢᠭᠤᠨ ᠳᠦᠷᠭᠡᠨ ᠬᠦᠭᠵᠢᠯᠳᠡ ᠶᠢ ᠪᠦᠬᠦ ᠳᠠᠯ᠎ᠠ ᠪᠠᠷ ᠳᠦᠯᠬᠢᠨ ᠠᠬᠢᠭᠤᠯᠬᠤ ᠬᠡᠷᠡᠭᠳᠡᠢ ᠭᠡᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号