ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2017/9/20
            ᠵᠠᠰᠠᠭ ᠤᠨ ᠣᠷᠳᠣᠨ ᠤ ᠠᠯᠪᠠᠨ ᠭᠡᠷᠭᠤᠣᠯ ᠡᠭᠦᠷᠭᠡ ᠬᠠᠷᠢᠭᠤᠴᠠᠯᠭ᠎ᠠ        ᠨᠢᠭᠡ ᠳᠤ ᠵᠠᠰᠠᠭ ᠤᠨ ᠣᠷᠳᠣᠨ ᠤ ᠡᠯ᠎ᠠ ᠲᠦᠷᠦᠯ ᠤᠨ ᠬᠤᠷᠠᠯ ᠴᠣᠭᠯᠠᠭᠠᠨ ᠤ ᠵᠣᠬᠢᠶᠠᠨ ᠪᠠᠶᠢᠭᠤᠯᠵᠦ ᠪᠡᠯᠡᠳᠬᠡᠬᠦ ᠠᠵᠢᠯ ᠶᠢ ᠬᠦᠢᠴᠡᠳᠬᠡᠵᠦ᠂ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠳᠣᠬᠢᠷᠠᠭᠤᠯᠣᠭᠰᠠᠨ ᠠᠯᠪᠠᠨ ᠶᠠᠪᠣᠳᠠᠯ ᠪᠠ ᠬᠤᠷᠠᠯ ᠤᠨ ᠰᠢᠢᠳᠪᠦᠷᠢ ᠶᠢ ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠠ᠃    ᠬᠤᠶᠠᠷ ᠲᠤ ᠵᠠᠰᠠᠭ ᠤᠨ ᠣᠷᠳᠣᠨ ᠤ ᠣᠳᠣᠷᠢᠳᠣᠯᠭ᠎ᠠ ᠢ ᠬᠠᠪᠰᠣᠷᠣᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠬᠠᠭᠠᠬᠤ ᠠᠯᠪᠠᠨ ᠪᠢᠴᠢᠭ ᠢ ᠪᠢᠴᠢᠭᠯᠡᠨ ᠳᠣᠭᠤᠷᠪᠢᠬᠤ᠂ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠶᠠᠷᠢᠶ᠎ᠠ ᠶᠢ ᠪᠢᠴᠢᠵᠦ ᠪᠡᠯᠡᠳᠬᠡᠬᠦ ᠵᠡᠷᠭᠡ ᠠᠵᠢᠯ ᠢ ᠬᠦᠢᠴᠡᠳᠬᠡᠨ᠎ᠠ᠃    ᠭᠤᠷᠪᠠ ᠳᠤ᠂  ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠵᠢᠭᠠᠪᠦᠷᠢ ᠪᠠᠷ ᠵᠠᠰᠠᠭ ᠤᠨ ᠣᠷᠳᠣᠨ ᠤ ᠰᠠᠯᠠᠭ᠎ᠠ ᠮᠦᠴᠢᠷ ᠪᠠ ᠰᠣᠮᠣ ᠪᠠᠯᠭᠠᠰᠣ ᠶᠢᠨ ᠵᠠᠰᠠᠭ ᠤᠨ ᠣᠷᠳᠣᠨ ᠤ ᠴᠢᠬᠤᠯᠠ ᠠᠰᠠᠭᠤᠳᠠᠯ ᠢ ᠵᠣᠬᠢᠴᠠᠭᠤᠯᠵᠦ᠂ ᠵᠠᠰᠠᠭ ᠤᠨ ᠣᠷᠳᠣᠨ ᠤ ᠣᠳᠣᠷᠢᠳᠣᠯᠭ᠎ᠠ ᠳᠤ ᠮᠡᠳᠡᠬᠦᠯᠵᠦ ᠰᠢᠢᠳᠪᠦᠷᠢᠯᠡᠨ᠎ᠠ᠃    ᠳᠦᠷᠪᠠ ᠳᠤ᠂ ᠵᠠᠰᠠᠭ ᠤᠨ ᠣᠷᠳᠣᠨ ᠤ ᠬᠠᠣᠯᠢ ᠪᠠᠷ ᠵᠠᠰᠠᠬᠤ ᠠᠵᠢᠯ ᠢ ᠦᠷᠨᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠠ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠦᠨᠡᠯᠡᠬᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠶᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠲᠦᠷᠢᠮᠵᠢᠭᠰᠡᠨ ᠪᠢᠴᠢᠭ ᠮᠠᠲ᠋ᠧᠷᠢᠶᠠᠯ ᠢ ᠬᠢᠨᠠᠨ ᠬᠠᠮᠢᠶᠠᠷᠬᠤ᠂ ᠵᠠᠰᠠᠭ ᠤᠨ ᠶᠠᠪᠣᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠵᠦ᠂ ᠵᠠᠰᠠᠭ ᠤᠨ ᠣᠷᠳᠣᠨ ᠤ ᠣᠳᠣᠷᠢᠳᠣᠯᠭ᠎ᠠ  ᠶᠢ ᠬᠠᠪᠰᠣᠷᠣᠨ ᠬᠠᠣᠯᠢ ᠶᠢᠨ ᠠᠵᠢᠯ ᠶᠠᠪᠣᠳᠠᠯ ᠢ ᠬᠦᠢᠴᠡᠳᠬᠡᠨ᠎ᠠ᠃    ᠳᠠᠪᠤ ᠳᠤ᠂ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠠᠴᠠ ᠰᠢᠢᠳᠦᠭᠰᠡᠨ ᠶᠠᠪᠣᠳᠠᠯ ᠣᠴᠢᠷ ᠵᠢᠴᠢ ᠵᠠᠰᠠᠭ ᠤᠨ ᠣᠷᠳᠣᠨ ᠤ ᠣᠳᠣᠷᠢᠳᠣᠯᠭ᠎ᠠ ᠠᠴᠠ ᠵᠢᠭᠠᠪᠦᠷᠢᠯᠠᠭᠰᠠᠨ ᠠᠵᠢᠯ ᠶᠠᠪᠣᠳᠠᠯ ᠤᠨ ᠬᠦᠢᠴᠡᠳᠬᠡᠵᠦ ᠪᠠᠶᠢᠭ᠎ᠠ ᠪᠠᠶᠢᠳᠠᠯ ᠳᠤ ᠱᠠᠭᠠᠷᠳᠠᠨ ᠪᠠᠶᠢᠴᠠᠭᠠᠬᠤ ᠪᠠ ᠴᠠᠭ ᠳᠣᠬᠠᠢ ᠳᠤᠨᠢ ᠵᠠᠰᠠᠭ ᠤᠨ ᠣᠷᠳᠣᠨ ᠤ ᠣᠳᠣᠷᠢᠳᠣᠯᠭ᠎ᠠ ᠳᠤ ᠬᠠᠷᠢᠭᠤ ᠮᠡᠳᠡᠬᠦᠯᠦᠨ᠎ᠠ᠃ ᠵᠠᠰᠠᠭ ᠤᠨ ᠣᠷᠳᠣᠨ ᠤ ᠰᠠᠯᠠᠭ᠎ᠠ ᠮᠦᠴᠢᠷ ᠠᠴᠠ ᠬᠦᠢᠴᠡᠳᠬᠡᠬᠦ ᠶᠣᠰᠣᠳᠠᠢ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠨ ᠤ ᠰᠠᠨᠠᠯ ᠰᠠᠨᠠᠭᠤᠯᠭ᠎ᠠ ᠶᠢ ᠵᠣᠬᠢᠶᠠᠨ ᠪᠠᠶᠢᠭᠤᠯᠵᠦ ᠵᠢᠯᠣᠭᠤᠳᠣᠯᠭ᠎ᠠ ᠬᠢᠨ᠎ᠠ᠃    ᠵᠢᠷᠭᠤᠭ᠎ᠠ ᠳᠤ᠂ ᠵᠠᠰᠠᠭ ᠤᠨ ᠶᠠᠪᠣᠳᠠᠯ ᠤᠨ ᠰᠣᠷᠠᠭ ᠵᠠᠩᠬᠢ ᠶᠢ ᠬᠤᠷᠢᠶᠠᠨ ᠴᠣᠭᠯᠠᠭᠤᠯᠬᠤ᠂ ᠡᠮᠬᠢᠯᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠦ᠂ ᠵᠠᠰᠠᠭ ᠤᠨ ᠣᠷᠳᠣᠨ ᠤ ᠣᠳᠣᠷᠢᠳᠣᠯᠭ᠎ᠠ ᠠᠴᠠ ᠰᠢᠢᠳᠪᠦᠷᠢ ᠪᠣᠳᠣᠯᠭ᠎ᠠ ᠳᠣᠭᠳᠠᠭᠠᠬᠤ ᠳᠤ ᠯᠠᠪᠯᠠᠯᠳᠠ ᠪᠣᠯᠭᠠᠨ᠎ᠠ᠃    ᠳᠣᠯᠤᠭ᠎ᠠ ᠳᠤ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠳᠣᠬᠠᠢ ᠬᠠᠮᠢᠶᠠᠷᠣᠯᠳᠠ ᠪᠠ ᠶᠡᠷᠦᠩᠬᠡᠢ ᠵᠢᠵᠢᠬᠦᠷ ᠤᠨ ᠠᠵᠢᠯ ᠢ ᠬᠠᠷᠢᠭᠤᠴᠠᠵᠦ᠂ ᠴᠠᠭ ᠳᠣᠬᠠᠢ ᠳᠤᠨᠢ ᠵᠠᠰᠠᠭ ᠤᠨ ᠣᠷᠳᠣᠨ ᠤ ᠣᠳᠣᠷᠢᠳᠣᠯᠭ᠎ᠠ  ᠳᠤ ᠬᠦᠨᠳᠦ ᠴᠢᠬᠤᠯᠠ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠠᠵᠢᠯ ᠢ ᠬᠠᠪᠰᠣᠷᠣᠨ ᠬᠦᠢᠴᠡᠳᠬᠡᠨ᠎ᠠ᠃    ᠨᠠᠢᠮᠠ ᠳᠤ ᠵᠠᠰᠠᠭ ᠤᠨ ᠣᠷᠳᠣᠨ ᠤ ᠡᠯ᠎ᠠ ᠲᠦᠷᠦᠯ ᠤᠨ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠢ ᠮᠣᠩᠭᠤᠯᠴᠢᠯᠠᠬᠤ ᠠᠵᠢᠯ ᠢ ᠬᠠᠷᠢᠭᠤᠴᠠᠨ᠎ᠠ᠃    ᠶᠢᠰᠦ ᠳᠤ᠂ᠬᠠᠮᠢᠶ᠎ᠠ ᠪᠦᠬᠦᠢ ᠪᠠᠶᠢᠭᠤᠯᠭ᠎ᠠ ᠶᠢ ᠵᠢᠯᠣᠭᠤᠳᠣᠨ  ᠭᠠᠳᠠᠭᠠᠳᠣ ᠳᠤ ᠬᠤᠯᠪᠣᠭᠳᠠᠭᠰᠠᠨ ᠣᠴᠢᠷ ᠪᠠ ᠭᠠᠳᠠᠭᠠᠳᠣ ᠶᠢᠨ ᠢᠷᠭᠡᠳ ᠤᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃    ᠠᠷᠪᠠ ᠳᠤ᠂ ᠣᠯᠣᠰ ᠤᠨ ᠭᠠᠳᠠᠭᠠᠳᠣ ᠳᠤ ᠰᠠᠭᠤᠭ᠎ᠠ ᠠᠷᠠᠳ ᠢᠷᠭᠡᠳ ᠤᠨ ᠠᠵᠢᠯ ᠤᠨ ᠳᠣᠬᠠᠢ ᠴᠢᠭᠯᠡᠯ᠂ ᠳᠦᠷᠦ ᠶᠢᠨ ᠪᠣᠳᠣᠯᠭ᠎ᠠ᠂ ᠬᠠᠣᠯᠢ ᠴᠠᠭᠠᠵᠠ᠃ ᠬᠠᠣᠯᠢ ᠲᠦᠷᠢᠮ ᠶᠢ ᠬᠡᠷᠡᠭᠵᠢᠬᠦᠯᠵᠦ᠂ ᠣᠯᠣᠰ ᠲᠠᠭᠠᠨ ᠬᠠᠷᠢᠵᠦ ᠢᠷᠡᠭᠰᠡᠨ ᠳᠣᠮᠳᠠᠳᠣ ᠶᠢᠨ ᠬᠠᠷᠢᠶᠠᠳᠣ ᠢᠷᠭᠡᠳ᠂ ᠳᠡᠳᠡᠨ ᠤ ᠭᠡᠷ ᠪᠦᠯᠢ ᠶᠢᠨ ᠬᠢᠨᠢ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠳᠠᠭᠠᠳᠣ ᠳᠤ ᠰᠠᠭᠤᠭ᠎ᠠ ᠢᠷᠭᠡᠨ ᠪᠠ ᠳᠣᠮᠳᠠᠳᠣ ᠶᠢᠨ ᠬᠠᠷᠢᠶᠠᠳᠣ ᠶᠢ ᠪᠦᠯᠬᠦᠮᠳᠡᠨ ᠳᠠᠶᠢᠴᠢᠯᠠᠬᠤ ᠪᠠ ᠬᠠᠷᠢᠯᠴᠠᠬᠤ ᠠᠵᠢᠯᠯᠠᠭ᠎ᠠ ᠦᠷᠨᠢᠬᠦᠯᠵᠦ᠂ ᠬᠠᠷᠢᠯᠴᠠᠭ᠎ᠠ ᠰᠣᠯᠢᠯᠴᠠᠭ᠎ᠠ ᠶᠢ ᠦᠷᠭᠡᠳᠬᠡᠨ᠎ᠠ᠃    ᠠᠷᠪᠠᠨ ᠨᠢᠭᠡ ᠳᠤ ᠵᠠᠰᠠᠭ ᠵᠠᠬᠢᠷᠭᠠᠨ ᠤ ᠠᠵᠢᠯ ᠶᠠᠪᠣᠳᠠᠯ ᠶᠢ ᠬᠠᠷᠢᠭᠤᠴᠠᠵᠦ᠂ ᠵᠠᠰᠠᠭ ᠤᠨ ᠣᠷᠳᠣᠨ ᠤ ᠣᠳᠣᠷᠢᠳᠣᠯᠭ᠎ᠠ ᠪᠠ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠳᠠᠳ ᠳᠤ ᠣᠶᠢᠯᠡᠴᠢᠯᠡᠨ᠎ᠠ᠃ᠠᠷᠪᠠᠨ ᠬᠤᠶᠠᠷ ᠲᠤ᠂ ᠵᠠᠰᠠᠭ ᠤᠨ ᠣᠷᠳᠣᠨ ᠠᠴᠠ ᠳᠠᠷᠬᠠᠭᠠᠬᠤ ᠲᠦᠷᠢᠮᠵᠢᠭᠰᠡᠨ ᠪᠢᠴᠢᠭ ᠮᠠᠲ᠋ᠧᠷᠢᠶᠠᠯ ᠢ ᠳᠦᠰᠦᠪᠯᠡᠬᠦ ᠂ ᠨᠣᠣᠷᠠᠭᠯᠠᠬᠤ᠂ ᠬᠢᠨ᠎ᠠ ᠪᠠᠶᠢᠴᠠᠭᠠᠬᠤ᠂ ᠵᠠᠰᠠᠨ ᠰᠢᠨᠡᠳᠬᠡᠬᠦ ᠠᠵᠢᠯ ᠢ  ᠬᠠᠷᠢᠭᠤᠴᠠᠵᠦ  ᠲᠦᠪ᠂ ᠦᠪᠡᠷᠳᠡᠭᠡᠨ ᠵᠠᠰᠠᠬᠤ ᠣᠷᠣᠨ ᠠᠴᠠ ᠳᠣᠷᠣᠭᠰᠢ ᠪᠠᠭᠤᠯᠭᠠᠭᠰᠠᠨ ᠬᠠᠣᠯᠢ ᠴᠠᠭᠠᠵᠠ᠂ ᠬᠠᠣᠯᠢ ᠲᠦᠷᠢᠮ᠂ ᠲᠦᠷᠢᠮ ᠳᠣᠭᠳᠠᠭᠠᠯ ᠤᠨ ᠰᠠᠨᠠᠯ ᠬᠤᠷᠢᠶᠠᠬᠤ ᠵᠡᠷᠭᠡ ᠶᠡᠷᠦᠩᠬᠡᠶᠢᠯᠡᠭᠰᠡᠨ ᠬᠠᠷᠢᠭᠤ ᠮᠡᠳᠡᠬᠦᠯᠦᠯᠳᠠ ᠶᠢᠨ ᠠᠵᠢᠯ ᠢ ᠬᠠᠷᠢᠭᠤᠴᠠᠨ᠎ᠠ᠃᠂    ᠠᠷᠪᠠᠨ ᠬᠤᠶᠠᠷ ᠲᠤ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠳᠣᠰᠢᠶᠠᠨ ᠭᠦᠢᠴᠡᠳᠬᠡᠬᠦ᠂ ᠬᠢᠨᠠᠨ ᠭᠦᠢᠴᠡᠳᠬᠡᠬᠦ᠂ ᠳᠠᠰᠣᠯᠣᠨ ᠰᠢᠢᠳᠬᠡᠬᠦ ᠵᠡᠷᠭᠡ ᠠᠵᠢᠯ ᠪᠠ ᠲᠦᠪ᠂ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠴᠢᠭᠯᠡᠯᠳᠡ᠂ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠨ ᠳᠣᠣᠱᠯᠠᠭᠤᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠠ ᠰᠠᠯᠠᠭ᠎ᠠ ᠮᠦᠴᠢᠷ᠂ ᠠᠷᠠᠳᠴᠢᠯᠠᠭᠰᠠᠨ ᠪᠦᠯᠬᠦᠮ ᠪᠠ ᠰᠣᠮᠣ ᠪᠠᠯᠭᠠᠰᠣᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠶᠢ ᠬᠢᠨᠠᠨ ᠵᠢᠯᠣᠭᠤᠳᠣᠨ᠎ᠠ᠃ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠵᠣᠬᠢᠴᠠᠭᠤᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠵᠣᠬᠢᠴᠠᠭᠤᠯᠬᠤ ᠲᠦᠷᠢᠮᠵᠢᠯ ᠢ ᠪᠠᠶᠢᠭᠤᠯᠣᠨ ᠳᠡᠬᠦᠯᠳᠡᠷᠵᠢᠬᠦᠯᠵᠦ᠂ ᠰᠣᠮᠣ ᠪᠠᠯᠭᠠᠰᠣ ᠪᠠ ᠰᠠᠯᠠᠭ᠎ᠠ ᠮᠦᠴᠢᠷ ᠤᠨ ᠵᠠᠬᠢᠳᠠᠯ ᠰᠣᠷᠪᠣᠯᠵᠢᠯᠠᠭ᠎ᠠ ᠶᠢᠨ ᠳᠣᠪᠣᠶᠢᠮ᠎ᠠ ᠠᠰᠠᠭᠤᠳᠠᠯ ᠪᠠ ᠣᠯᠠᠨ ᠲᠦᠮᠡᠨᠴᠠᠶᠢᠬᠤ ᠬᠡᠷᠡᠭ ᠶᠠᠪᠣᠳᠠᠯ ᠢ ᠬᠢᠨᠠᠨ ᠵᠢᠯᠣᠭᠤᠳᠴᠦ ᠡᠯ᠎ᠠ ᠰᠠᠯᠠᠭ᠎ᠠ ᠮᠦᠴᠢᠷ ᠪᠠ ᠰᠣᠮᠣ ᠪᠠᠯᠭᠠᠰᠣᠨᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠵᠣᠬᠢᠴᠠᠭᠤᠯᠣᠨ᠎ᠠ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠣᠷᠠᠳᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠴᠠᠭᠠᠨ ᠰᠣᠳᠣᠯᠣᠯᠳᠠ ᠶᠢ ᠦᠷᠨᠢᠬᠦᠯᠵᠦ᠂ ᠴᠢᠭᠯᠡᠯᠳᠡ ᠲᠦᠷᠦ ᠶᠢᠨ ᠪᠣᠳᠣᠯᠭ᠎ᠠ᠂ ᠬᠠᠣᠯᠢ ᠴᠠᠭᠠᠵᠠ᠂ ᠬᠠᠣᠯᠢ ᠲᠦᠷᠢᠮ ᠢ ᠳᠣᠭᠳᠠᠭᠠᠬᠤ᠂ ᠳᠡᠬᠦᠯᠳᠡᠷᠵᠢᠬᠦᠯᠬᠦ ᠰᠠᠨᠠᠯ ᠰᠠᠨᠠᠭᠤᠯᠭ᠎ᠠ ᠳᠣᠷᠠᠳᠴᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠰᠣᠷᠠᠭ ᠵᠠᠩᠬᠢ ᠶᠢ ᠬᠤᠷᠢᠶᠠᠨ ᠴᠣᠭᠯᠠᠭᠤᠯᠬᠤ᠂ ᠵᠠᠳᠠᠯᠣᠨ ᠰᠢᠨᠵᠢᠯᠡᠬᠦ ᠵᠡᠷᠭᠡ ᠠᠵᠢᠯ ᠢ ᠬᠦᠢᠴᠡᠳᠬᠡᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠰᠣᠷᠠᠭ ᠵᠠᠩᠬᠢ ᠶᠢᠨ ᠰᠢᠰᠲ᠋ᠧᠮ ᠢ ᠵᠢᠯᠣᠭᠤᠳᠬᠤ ᠪᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠵᠦ᠂ ᠵᠠᠬᠢᠳᠠᠯ ᠰᠣᠷᠪᠣᠯᠵᠢᠯᠠᠭ᠎ᠠ ᠶᠢᠨ ᠣᠳᠠᠰᠣᠨ᠂ ᠰᠦᠯᠵᠢᠶᠠᠨ ᠳᠡᠭᠡᠷᠡᠬᠢ ᠵᠠᠬᠢᠳᠠᠯ ᠰᠣᠷᠪᠣᠯᠵᠢᠯᠠᠭ᠎ᠠ ᠶᠢᠨ ᠶᠠᠪᠣᠳᠠᠯ ᠢ ᠬᠦᠯᠢᠶᠡᠨ ᠠᠪᠬᠤ᠂ ᠰᠢᠢᠳᠪᠦᠷᠢᠯᠡᠬᠦ᠂ ᠳᠠᠰᠣᠯᠣᠨ ᠬᠦᠢᠴᠡᠳᠬᠡᠬᠦ ᠵᠡᠷᠭᠡ ᠠᠵᠢᠯ ᠢ ᠬᠦᠢᠴᠡᠳᠬᠡᠨ᠎ᠠ᠃    ᠠᠷᠪᠠᠨ ᠭᠤᠷᠪᠠ ᠳᠤ᠂ᠲᠦᠪ᠂ ᠦᠪᠡᠷᠳᠡᠭᠡᠨ ᠵᠠᠰᠠᠬᠤ ᠣᠷᠣᠨ ᠤ ᠠᠭᠠᠷ ᠤᠨ ᠰᠡᠷᠬᠡᠶᠢᠯᠡᠯᠳᠠ ᠶᠢᠨ ᠠᠵᠢᠯ ᠤᠨ ᠴᠢᠭᠯᠡᠯᠳᠡ᠂ ᠲᠦᠷᠦ ᠶᠢᠨ ᠪᠣᠳᠣᠯᠭ᠎ᠠ᠂ ᠬᠠᠣᠯᠢ ᠴᠠᠭᠠᠵᠠ ᠬᠠᠣᠯᠢ ᠲᠦᠷᠢᠮ ᠢ ᠬᠡᠷᠡᠭᠵᠢᠬᠦᠯᠦᠨ᠎ᠡ᠃ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠳᠠ ᠶᠢᠨ ᠣᠷᠳᠣ ᠬᠤᠭᠤᠴᠠᠭᠠᠨ ᠤ ᠳᠦᠯᠦᠪᠯᠡᠯᠭᠡ ᠪᠠ ᠵᠢᠯ ᠤᠨ ᠳᠦᠰᠦᠯ ᠢ ᠨᠠᠶᠢᠷᠠᠭᠤᠯᠵᠦ᠂ ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠡ᠃ ᠬᠠᠮᠢᠶ᠎ᠠ ᠪᠦᠬᠦᠢ ᠪᠠᠶᠢᠭᠤᠯᠭ᠎ᠠ ᠶᠢ ᠬᠠᠪᠰᠣᠷᠣᠨ ᠭᠠᠮᠰᠢᠭ ᠠᠴᠠ ᠰᠡᠷᠭᠡᠶᠢᠯᠡᠬᠦ᠂ ᠭᠠᠮᠰᠢᠭ ᠲᠠᠢ ᠳᠡᠮᠡᠴᠡᠬᠦ ᠳᠦᠯᠦᠪᠯᠡᠯᠭᠡ ᠶᠢ ᠨᠣᠣᠷᠠᠭᠯᠠᠬᠤ ᠪᠠ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠳᠦᠰᠦᠯ ᠢ ᠳᠣᠭᠳᠠᠵᠦ᠂ ᠬᠢᠨᠠᠨ ᠪᠠᠶᠢᠴᠠᠭᠠᠵᠦ ᠬᠡᠷᠡᠭᠵᠢᠬᠦᠯᠦᠨ᠎ᠡ᠃ ᠣᠳᠣᠬᠠᠨ ᠤ ᠠᠷᠠᠳ ᠤᠨ ᠠᠭᠠᠷ ᠤᠨ ᠰᠡᠷᠭᠡᠶᠢᠯᠡᠯᠳᠠ ᠶᠢᠨ ᠰᠢᠰᠲ᠋ᠧᠮ᠂ ᠡᠬᠢ ᠪᠨᠠᠶᠠᠯᠢᠭ᠂ ᠳᠣᠮᠨᠤᠭ ᠳᠦᠬᠦᠭᠡᠷᠡᠮᠵᠢ ᠶᠢ ᠠᠰᠢᠭᠯᠠᠵᠦ ᠂ ᠭᠠᠮᠰᠢᠭ ᠢ ᠡᠰᠡᠷᠬᠦᠴᠡᠬᠦ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ ᠣᠷᠣᠯᠴᠠᠨ᠎ᠠ᠃ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠵᠢᠯᠴᠠᠨ᠂ ᠳᠣᠣᠷ ᠰᠦᠯᠵᠢᠶ᠎ᠡ ᠪᠠ ᠠᠭᠠᠷ ᠤᠨ ᠰᠡᠷᠬᠡᠶᠢᠯᠡᠯᠳᠠ ᠭᠠᠮᠰᠢᠭ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷ ᠤᠨ ᠠᠵᠢᠯ ᠤᠨ ᠲᠦᠷᠢᠮ ᠢ ᠬᠠᠷᠢᠭᠤᠴᠠᠨ᠎ᠠ᠃ ᠠᠭᠠᠷ ᠤᠨ ᠰᠡᠷᠭᠡᠶᠢᠯᠡᠯᠳᠠ ᠶᠢᠨ ᠢᠨᠵᠧᠨ᠋ᠷᠢᠩ ᠤᠨ ᠪᠠᠶᠢᠭᠤᠯᠣᠯᠳᠠ ᠶᠢ ᠬᠤᠳᠠ ᠪᠠᠯᠭᠠᠰᠣᠨ ᠤ ᠶᠡᠷᠦᠩᠬᠡᠢ ᠳᠦᠯᠦᠪᠵᠢᠬᠦᠯᠭᠡ ᠳᠤ ᠣᠷᠣᠭᠤᠯᠵᠦ᠂ ᠠᠭᠠᠷ ᠤᠨ ᠰᠡᠷᠭᠡᠶᠢᠯᠡᠯᠳᠠ ᠶᠢᠨ ᠪᠠᠷᠢᠯᠭ᠎ᠠ ᠶᠢᠨ ᠠᠩᠬᠠᠨ ᠤ ᠳᠦᠰᠦᠪ ᠪᠠ ᠵᠢᠷᠤᠭ ᠳᠦᠯᠦᠪᠯᠡᠯᠭᠡ ᠶᠢ ᠬᠢᠨᠠᠨ᠎ᠠ᠃ ᠬᠠᠣᠯᠢ ᠶᠣᠰᠣᠭᠠᠷ ᠠᠭᠠᠷ ᠤᠨ ᠰᠡᠷᠭᠡᠶᠢᠯᠡᠯᠳᠠ ᠶᠢᠨ ᠠᠵᠢᠯ ᠤᠨ ᠴᠢᠨᠠᠷ ᠴᠢᠨᠰᠠᠭ᠎ᠠ ᠳᠤ ᠪᠠᠶᠢᠴᠠᠭᠠᠯᠳᠠ ᠬᠢᠵᠦ᠂ ᠣᠷᠣᠨ ᠰᠠᠭᠤᠴᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠭᠠᠵᠠᠷ ᠳᠣᠣᠷᠠᠬᠢ ᠠᠭᠠᠷ ᠤᠨ ᠰᠡᠷᠭᠡᠶᠢᠯᠡᠯᠳᠠ ᠶᠢᠨ ᠳᠦᠰᠦᠪ᠂ ᠠᠰᠢᠭᠯᠠᠯᠳᠠ ᠪᠠ ᠬᠢᠨᠠᠨ ᠵᠦᠪᠰᠢᠶᠡᠷᠡᠬᠦ ᠵᠢᠴᠢ ᠬᠠᠮᠢᠶᠠᠷᠣᠯᠳᠠ  ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠭᠠᠷ ᠤᠨ ᠰᠡᠷᠭᠡᠶᠢᠯᠡᠯᠳᠠ ᠶᠢᠨ ᠰᠣᠷᠠᠭ ᠵᠠᠩᠬᠢ ᠶᠢᠨ ᠰᠢᠰᠲ᠋ᠧᠮ ᠤᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠵᠦ᠂ ᠰᠣᠮᠣ ᠪᠠᠯᠭᠠᠰᠣᠨ ᠤ ᠠᠭᠠᠷ ᠤᠨ ᠰᠡᠷᠭᠡᠶᠢᠯᠡᠯᠳᠠ ᠶᠢᠨ ᠠᠵᠢᠯ ᠢ ᠬᠠᠷᠢᠭᠤᠴᠠᠵᠦ᠂ ᠰᠣᠮᠣ ᠪᠠᠯᠭᠠᠰᠣᠨ ᠤ ᠠᠷᠠᠳ ᠤᠨ ᠠᠭᠠᠷ ᠤᠨ ᠰᠡᠷᠭᠡᠶᠢᠯᠡᠯᠳᠠ ᠶᠢᠨ ᠠᠵᠢᠯ ᠢ ᠵᠢᠯᠣᠭᠤᠳᠣᠨ᠎ᠠ᠃ ᠬᠤᠳᠠ ᠪᠠᠯᠭᠠᠰᠣᠨ ᠤ ᠠᠭᠠᠷ ᠤᠨ ᠰᠡᠷᠭᠡᠶᠢᠯᠡᠯᠳᠠ ᠶᠢᠨ ᠳᠦᠰᠦᠪ ᠪᠠ ᠪᠠᠳᠣᠯᠠᠭᠠᠨ ᠤ ᠳᠦᠯᠦᠪᠯᠡᠯᠭᠡ ᠶᠢ ᠵᠣᠬᠢᠶᠠᠨ ᠪᠠᠶᠢᠭᠤᠯᠵᠦ ᠳᠣᠭᠳᠠᠨ ᠬᠢᠨᠠᠨ ᠪᠠᠶᠢᠴᠠᠭᠠᠵᠦ ᠵᠢᠯᠣᠭᠤᠳᠣᠨ᠎ᠠ᠃ ᠠᠭᠠᠷ ᠤᠨ ᠰᠡᠷᠭᠡᠶᠢᠯᠡᠯᠳᠠ ᠶᠢᠨ ᠳᠣᠰᠬᠠᠢ ᠮᠡᠷᠭᠡᠵᠢᠯ ᠤᠨ ᠪᠠᠶᠢᠭᠤᠯᠣᠯᠳᠠ ᠪᠠ ᠬᠠᠮᠢᠶᠠᠷᠣᠯᠳᠠ ᠶᠢ ᠬᠠᠷᠢᠭᠤᠴᠠᠵᠦ᠂ ᠣᠬᠠᠭᠤᠯᠭ᠎ᠠ ᠰᠣᠷᠳᠠᠯᠴᠢᠯᠠᠭ᠎ᠠ᠂ ᠬᠦᠮᠦᠵᠢᠯ ᠤᠨ ᠠᠵᠢᠯ ᠢ ᠬᠦᠢᠴᠡᠳᠬᠡᠵᠦ᠂ ᠰᠣᠷᠢᠯᠳᠠ ᠪᠣᠯᠪᠠᠰᠣᠷᠠᠯ ᠪᠠ ᠰᠣᠳᠣᠯᠭᠠᠨ ᠢ ᠭᠠᠷᠳᠠᠨ ᠶᠠᠪᠣᠭᠳᠠᠭᠤᠯᠣᠨ᠎ᠠ᠃ ᠠᠭᠠᠷ ᠤᠨ ᠰᠡᠷᠭᠡᠶᠢᠯᠡᠯᠳᠠ ᠶᠢᠨ ᠪᠠᠶᠢᠭᠤᠯᠣᠯᠳᠠ ᠶᠢᠨ ᠵᠠᠷᠣᠳᠠᠯ ᠢ ᠴᠣᠭᠯᠠᠭᠤᠯᠬᠤ ᠪᠠ ᠬᠠᠮᠢᠶᠠᠷᠴᠦ᠂ ᠠᠭᠠᠷ ᠤᠨ ᠰᠡᠷᠭᠡᠶᠢᠯᠡᠯᠳᠠ ᠶᠢᠨ ᠰᠢᠰᠲ᠋ᠧᠮ ᠤᠨ ᠣᠯᠣᠰ ᠤᠨ ᠦᠮᠴᠢᠯᠡᠯ ᠤᠨ ᠡᠳ᠋ ᠬᠦᠷᠦᠩᠬᠡ ᠶᠢᠨ ᠳᠣᠰᠬᠠᠢ ᠬᠠᠮᠢᠶᠠᠷᠣᠯᠳᠠ ᠶᠢ ᠬᠠᠷᠢᠭᠤᠴᠠᠨ᠎ᠠ᠃    ᠠᠷᠪᠠᠨ ᠳᠦᠷᠪᠠ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠣᠰᠢᠶᠠᠭᠰᠠᠨ ᠪᠣᠰᠣᠳ ᠠᠵᠢᠯ ᠡᠭᠦᠷᠭᠡ ᠶᠢ ᠬᠦᠢᠴᠡᠳᠬᠡᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号