ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠣᠷᠣᠨ ᠰᠠᠭᠤᠴᠠ ᠬᠤᠳᠠ ᠬᠦᠳᠡᠭᠡ ᠶᠢᠨ ᠳᠦᠯᠦᠪᠵᠢᠬᠦᠯᠦᠯᠳᠠ ᠶᠢᠨ ᠳᠣᠪᠴᠢᠶ᠎ᠠ
ᠨᠡᠶᠢᠲᠡᠯᠡᠭᠰᠡᠨ ᠴᠠᠭ᠄
2017/9/20
           ᠣᠷᠣᠨ ᠰᠠᠭᠤᠴᠠ ᠪᠠ ᠬᠤᠳᠠ ᠬᠦᠳᠡᠭᠡ ᠶᠢᠨ ᠳᠦᠯᠦᠪᠵᠢᠬᠦᠯᠭᠡ ᠶᠢᠨ ᠳᠣᠪᠴᠢᠶ᠎ᠠ     ᠭᠤᠣᠯ ᠡᠭᠦᠷᠭᠡ ᠬᠠᠷᠢᠭᠤᠴᠠᠯᠭ᠎ᠠ    ᠨᠢᠭᠡ ᠳᠤ᠂ ᠪᠦᠬᠦ ᠬᠤᠰᠢᠭᠤᠨ ᠤ ᠣᠷᠣᠨ ᠰᠠᠭᠤᠴᠠ ᠪᠠ ᠬᠤᠳᠠ ᠬᠦᠳᠡᠭᠡᠨ ᠤ ᠪᠠᠶᠢᠭᠤᠯᠣᠯᠳᠠ ᠬᠠᠮᠢᠶᠠᠷᠣᠯᠳᠠ  ᠶᠢ ᠬᠠᠷᠢᠭᠤᠴᠠᠵᠦ᠂ ᠲᠦᠪ᠂ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠦᠬᠦᠢ ᠣᠷᠣᠨ ᠰᠠᠭᠤᠴᠠ ᠪᠠᠳᠣᠯᠠᠭ᠎ᠠ᠂ ᠳᠦᠰᠦᠪ ᠳᠦᠯᠦᠪᠯᠡᠯᠭᠡ᠂ ᠢᠨᠵᠧᠨ᠋ᠷᠢᠩ ᠤᠨ ᠪᠠᠶᠢᠭᠤᠯᠣᠯᠳᠠ᠂ ᠬᠤᠳᠠ ᠪᠠᠯᠭᠠᠰᠣᠨ ᠤ ᠪᠠᠶᠢᠭᠤᠯᠣᠯᠳᠠ᠂ ᠬᠦᠳᠡᠭᠡ ᠳᠣᠰᠬᠤᠨ ᠤ ᠪᠠᠶᠢᠭᠤᠯᠣᠯᠳᠠ᠂ ᠪᠠᠷᠢᠯᠭ᠎ᠠ ᠶᠢᠨ ᠠᠵᠢᠯ ᠲᠦᠷᠦᠯ᠂ ᠠᠰᠠᠷ ᠪᠠᠷᠢᠯᠭ᠎ᠠ᠂ ᠵᠢᠷᠣᠭᠯᠠᠨ ᠳᠦᠰᠦᠪᠯᠡᠵᠦ ᠳᠦᠯᠦᠪᠯᠡᠬᠦ᠂ ᠨᠡᠶᠢᠳᠡ ᠶᠢᠨ ᠣᠶᠢᠯᠡᠴᠢᠯᠡᠯᠬᠡᠨ ᠤ ᠪᠠᠷᠢᠯᠭ᠎ᠠ᠂ ᠬᠠᠣᠯᠢ ᠴᠠᠭᠠᠵᠠ ᠣᠯᠢ ᠲᠦᠷᠢᠮ ᠢ ᠬᠡᠷᠡᠭᠵᠢᠬᠦᠯᠵᠦ᠂ ᠪᠦᠬᠦ ᠬᠤᠰᠢᠭᠤᠨ ᠤ ᠣᠷᠣᠨ ᠰᠠᠭᠤᠴᠠ ᠶᠢᠨ ᠬᠠᠮᠢᠶ᠎ᠠ ᠪᠦᠬᠦᠢ ᠲᠦᠷᠢᠮᠵᠢᠭᠰᠡᠨ ᠪᠢᠴᠢᠭ ᠮᠠᠲ᠋ᠧᠷᠢᠶᠠᠯ ᠢ ᠨᠠᠶᠢᠷᠠᠭᠤᠯᠵᠦ᠂ ᠪᠦᠬᠦ ᠬᠤᠰᠢᠭᠤᠨ ᠤ ᠬᠤᠳᠠ ᠬᠦᠳᠡᠭᠡ ᠶᠢᠨ ᠪᠠᠶᠢᠭᠤᠯᠣᠯᠳᠠ ᠶᠢᠨ ᠠᠵᠢᠯ ᠲᠦᠷᠦᠯ ᠤᠨ ᠬᠦᠭᠵᠢᠯᠳᠠ ᠶᠢᠨ ᠳᠦᠰᠦᠪ ᠳᠦᠯᠦᠪᠯᠡᠯᠭᠡ ᠶᠢ ᠳᠣᠭᠳᠠᠨ ᠬᠡᠷᠡᠭᠵᠢᠬᠦᠯᠦᠨ᠎ᠡ᠃     ᠬᠤᠶᠠᠷ ᠲᠤ᠂ ᠬᠤᠳᠠ ᠪᠠᠯᠭᠠᠰᠣᠨ ᠤ ᠳᠣᠣᠷ᠎ᠠ ᠪᠠᠳᠣᠯᠠᠭᠠᠳᠣ ᠡᠷᠦᠬᠡ ᠶᠢᠨ ᠣᠷᠣᠨ ᠰᠠᠭᠤᠴᠠ ᠶᠢᠨ ᠪᠠᠳᠣᠯᠠᠭ᠎ᠠ  ᠶᠢ ᠬᠠᠷᠢᠭᠤᠴᠠᠵᠦ᠂ ᠪᠦᠬᠦ ᠬᠤᠰᠢᠭᠤᠨ ᠤ ᠪᠠᠳᠣᠯᠠᠭᠠᠨ ᠤ ᠭᠡᠷ ᠰᠠᠭᠤᠴᠠ ᠶᠢᠨ ᠳᠦᠯᠦᠪᠯᠡᠯᠭᠡ ᠪᠠ ᠵᠢᠯ ᠤᠨ ᠳᠦᠰᠦᠯ ᠢ ᠭᠠᠷᠭᠠᠵᠦ ᠵᠣᠬᠢᠶᠠᠨ ᠪᠠᠶᠢᠭᠤᠯᠵᠦ ᠬᠡᠷᠡᠭᠵᠢᠬᠦᠯᠦᠨ᠎ᠡ᠃ ᠲᠦᠪ᠂ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠦᠬᠦᠢ ᠪᠠᠳᠣᠯᠠᠭᠠᠨ ᠤ ᠣᠷᠣᠨ ᠰᠠᠭᠤᠴᠠ ᠶᠢᠨ ᠳᠣᠰᠬᠠᠢ ᠵᠠᠷᠣᠳᠠᠯ ᠢ ᠵᠣᠬᠢᠴᠠᠭᠤᠯᠣᠨ᠎ᠠ᠃ ᠪᠠᠳᠣᠯᠠᠭᠠᠨ ᠤ ᠣᠷᠣᠨ ᠰᠠᠭᠤᠴᠠ ᠶᠢᠨ ᠬᠠᠮᠢᠶᠠᠷᠣᠯᠳᠠ᠂ ᠬᠤᠪᠢᠶᠠᠷᠢᠯᠠᠯᠳᠠ᠂ ᠬᠢᠨᠠᠨ ᠵᠦᠪᠰᠢᠶᠡᠷᠢᠯᠡᠯᠳᠠ ᠵᠢᠴᠢ ᠬᠤᠳᠠ ᠪᠠᠯᠭᠠᠰᠣᠨ ᠤ ᠨᠣᠣᠷᠬᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ ᠬᠦᠳᠡᠭᠡ ᠳᠣᠰᠬᠤᠨ ᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠢ ᠵᠢᠯᠣᠭᠤᠳᠣᠨ ᠬᠠᠷᠢᠭᠤᠴᠠᠨ᠎ᠠ᠃ ᠪᠦᠬᠦ ᠬᠤᠰᠢᠭᠤᠨ ᠤ ᠣᠷᠣᠨ ᠰᠠᠭᠤᠴᠠ ᠶᠢᠨ ᠲᠦᠷᠢᠮ ᠤᠨ ᠦᠭᠡᠷᠡᠴᠢᠯᠡᠯᠳᠠ ᠶᠢᠨ ᠠᠵᠢᠯ ᠢ ᠵᠢᠯᠣᠭᠤᠳᠣᠨ ᠠᠬᠢᠭᠤᠯᠣᠨ᠎ᠠ᠃     ᠭᠤᠷᠪᠠ ᠳᠤ᠂ ᠬᠠᠣᠯᠢ ᠶᠣᠰᠣᠭᠠᠷ ᠬᠤᠳᠠ ᠬᠦᠳᠡᠭᠡ ᠶᠢᠨ ᠪᠠᠶᠢᠭᠤᠯᠣᠯᠳᠠ ᠶᠢᠨ ᠳᠦᠰᠦᠪ ᠶᠢ ᠵᠣᠬᠢᠶᠠᠨ ᠪᠠᠶᠢᠭᠤᠯᠵᠦ ᠬᠡᠷᠡᠭᠵᠢᠬᠦᠯᠵᠦ᠂ ᠪᠦᠬᠦ ᠬᠤᠰᠢᠭᠤᠨ ᠤ ᠬᠤᠳᠠ ᠬᠦᠳᠡᠭᠡ ᠶᠢᠨ ᠳᠦᠰᠦᠪ ᠤᠨ ᠲᠦᠷᠢᠮ ᠳᠣᠭᠳᠠᠭᠠᠯ ᠢ ᠳᠣᠭᠳᠠᠭᠠᠨ ᠬᠡᠷᠡᠭᠵᠢᠬᠦᠯᠵᠦ᠂ ᠵᠣᠬᠢᠶᠠᠨ ᠪᠠᠶᠢᠭᠤᠯᠵᠦ ᠬᠢᠨᠠᠨ ᠵᠢᠯᠣᠭᠤᠳᠣᠨ᠎ᠠ᠃ ᠬᠤᠳᠠ ᠪᠠᠯᠭᠠᠰᠣᠨ ᠤ ᠪᠠᠶᠢᠭᠤᠯᠣᠯᠳᠠ ᠶᠢᠨ ᠳᠠᠩᠰᠠ ᠡᠪᠬᠡᠮᠡᠯ ᠤᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃     ᠳᠦᠷᠪᠠ ᠳᠤ᠂ ᠪᠠᠷᠢᠯᠭ᠎ᠠ ᠶᠢᠨ ᠶᠠᠰᠣᠳᠠᠨ ᠴᠢᠨᠠᠷ ᠤᠨ ᠪᠠᠷᠢᠮᠵᠢᠶ᠎ᠠ ᠶᠢ ᠬᠢᠨᠠᠨ ᠪᠠᠶᠢᠴᠠᠭᠠᠬᠤ ᠶᠢ ᠬᠠᠷᠢᠭᠤᠴᠠᠵᠦ᠂ ᠦᠪᠡᠷᠳᠡᠭᠡᠨ ᠵᠠᠰᠠᠬᠤ ᠣᠷᠣᠨ ᠤ ᠨᠢᠭᠡᠳᠦᠯᠳᠠᠢ ᠠᠵᠢᠯ ᠲᠦᠷᠦᠯ ᠤᠨ ᠪᠠᠷᠢᠮᠵᠢᠶ᠎ᠠ ᠶᠢ ᠳᠣᠣᠱᠯᠠᠭᠤᠯᠵᠦ᠂ ᠬᠠᠮᠢᠶ᠎ᠠ ᠪᠦᠬᠦᠢ ᠠᠵᠢᠯ ᠤᠨ ᠠᠷᠭ᠎ᠠ ᠬᠡᠯᠪᠡᠷᠢ᠂ ᠪᠠᠷᠢᠮᠵᠢᠶ᠎ᠠ ᠳᠣᠭᠳᠠᠭᠠᠯ᠂ ᠬᠠᠮᠢᠶᠠᠷᠣᠯᠳᠠ ᠶᠢ ᠳᠣᠭᠳᠠᠨ᠎ᠠ᠃     ᠳᠠᠪᠤ ᠳᠤ᠂ ᠠᠰᠠᠷ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠲᠦᠷᠢᠮᠵᠢᠬᠦᠨ ᠡᠮᠬᠢ ᠴᠡᠭᠴᠡ ᠲᠠᠢ ᠪᠠᠶᠢᠬᠤ ᠶᠢ ᠬᠠᠷᠢᠭᠤᠴᠠᠵᠦ᠂ ᠬᠢᠨᠠᠨ ᠬᠠᠮᠢᠶᠠᠷᠣᠯᠳᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠴᠠᠵᠦ᠂ ᠪᠦᠬᠦ ᠬᠤᠰᠢᠭᠤᠨ ᠤ ᠬᠢᠨ᠎ᠠ ᠬᠠᠮᠢᠶᠠᠷᠣᠯᠳᠠ ᠶᠢᠨ ᠲᠦᠷᠦ ᠶᠢᠨ ᠪᠣᠳᠣᠯᠭ᠎ᠠ ᠶᠢ ᠳᠣᠭᠳᠠᠨ ᠬᠡᠷᠡᠭᠵᠢᠬᠦᠯᠦᠨ᠎ᠡ᠃ ᠬᠤᠳᠠ ᠪᠠᠯᠭᠠᠰᠣ ᠶᠢᠨ ᠭᠠᠵᠠᠷ ᠰᠢᠷᠣᠢ ᠢ ᠠᠰᠢᠭᠯᠠᠬᠤ ᠡᠷᠬᠡ ᠶᠢᠨ ᠰᠢᠯᠵᠢᠬᠦᠯᠦᠯᠳᠠ ᠪᠠ ᠠᠰᠠᠷ ᠪᠠᠷᠢᠯᠭ᠎ᠠ ᠶᠢᠨ ᠭᠠᠵᠠᠷ ᠰᠢᠷᠣᠢ ᠨᠡᠭᠡᠭᠡᠨ ᠠᠰᠢᠭᠯᠠᠬᠤ ᠠᠵᠢᠯ ᠢ ᠵᠢᠯᠣᠭᠤᠳᠴᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠳᠣᠭᠳᠠᠵᠣ᠂ ᠭᠡᠷ ᠪᠠᠷᠢᠯᠭ᠎ᠠ ᠶᠢᠨ ᠦᠮᠴᠢᠯᠡᠯ ᠤᠨ ᠡᠷᠬᠡ ᠶᠢᠨ ᠬᠠᠮᠢᠶᠠᠷᠣᠯᠳᠠ᠂ ᠳᠦᠷᠢᠶᠡᠰᠦᠯᠡᠬᠦ᠂ ᠭᠡᠷ ᠪᠠᠶᠢᠰᠢᠩ ᠤᠨ ᠳᠠᠯᠠᠪᠠᠢ ᠶᠢᠨ ᠬᠠᠮᠢᠶᠠᠷᠣᠯᠳᠠ᠂ ᠦᠨᠡᠯᠡᠯᠳᠠ ᠬᠠᠮᠢᠶᠠᠷᠣᠯᠳᠠ᠂ ᠭᠡᠷ ᠪᠠᠶᠢᠰᠢᠩ ᠢ ᠳᠠᠳᠠᠪᠦᠷᠢᠯᠡᠬᠤ ᠨᠡᠬᠦᠯᠬᠡᠬᠦ ᠵᠡᠷᠭᠡ ᠳᠦᠷᠢᠮ ᠳᠣᠭᠳᠠᠭᠠᠯ ᠢ ᠳᠣᠭᠳᠠᠭᠠᠨ ᠬᠢᠨᠠᠨ‌‍ᠬᠡᠷᠡᠭᠵᠢᠬᠦᠯᠦᠨ᠎ᠡ᠃     ᠵᠢᠷᠭᠤᠭ᠎ᠠ ᠳᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠦ᠂ ᠪᠦᠬᠦ ᠬᠤᠰᠢᠭᠤᠨ ᠤ ᠪᠠᠷᠢᠯᠭ᠎ᠠ ᠶᠢᠨ ᠠᠵᠢᠯᠯᠠᠭ᠎ᠠ ᠶᠢ ᠵᠢᠯᠣᠭᠤᠳᠣᠨ᠂ ᠠᠰᠠᠷ ᠪᠠᠷᠢᠯᠭ᠎ᠠ ᠪᠠ ᠬᠤᠳᠠ ᠪᠠᠯᠭᠠᠰᠣᠨ ᠤ ᠢᠨᠵᠧᠨ᠋ᠷᠢᠩ ᠤᠨ ᠲᠦᠷᠦᠯ ᠵᠦᠢᠯ ᠤᠨ ᠳᠠᠭᠠᠭᠠᠴᠢᠯᠠᠯᠳᠠ ᠵᠠᠷᠯᠠᠯᠳᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠬᠢᠨᠠᠨ ᠬᠠᠮᠢᠶᠠᠷᠣᠨ᠎ᠠ᠂ ᠬᠠᠮᠢᠶ᠎ᠠ ᠪᠦᠬᠦᠢ ᠵᠢᠷᠣᠭᠯᠠᠨ ᠳᠦᠰᠦᠪᠯᠡᠬᠦ᠂ ᠠᠵᠢᠯᠯᠠᠬᠤ᠂ ᠭᠡᠷ ᠤᠨ ᠳᠣᠳᠣᠷ᠎ᠠ ᠭᠠᠳᠠᠨᠠᠬᠢ ᠣᠷᠠᠯᠠᠯ᠂ ᠪᠠᠶᠢᠭᠤᠯᠣᠯᠳᠠ ᠶᠢᠨ ᠬᠢᠨᠠᠯᠳᠠ ᠶᠢᠨ ᠳᠣᠬᠠᠢ ᠲᠦᠷᠢᠮ ᠳᠣᠭᠳᠠᠭᠠᠯ ᠪᠠ ᠳᠣᠬᠠᠢ ᠶᠢᠨ ᠠᠵᠢᠯ ᠲᠦᠷᠦᠯ ᠤᠨ ᠬᠤᠶᠢᠰᠢᠳᠠ ᠶᠢᠨ ᠬᠦᠭᠵᠢᠯᠳᠡ ᠶᠢᠨ ᠳᠦᠰᠦᠪ ᠢ ᠳᠣᠭᠳᠠᠭᠠᠨ ᠬᠡᠷᠡᠭᠵᠢᠬᠦᠯᠦᠨ᠎ᠡ᠃     ᠳᠣᠯᠤᠭ᠎ᠠ ᠳᠤ᠂ ᠬᠤᠳᠠ ᠪᠠᠯᠭᠠᠰᠣᠨ ᠤ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠢ ᠵᠢᠯᠣᠭᠤᠳᠣᠨ᠎ᠠ᠃ ᠨᠣᠣᠷᠬᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠠᠵᠢᠯ ᠪᠠ ᠬᠤᠳᠠ ᠪᠠᠯᠭᠠᠰᠣᠨ ᠤ ᠦᠨᠳᠦᠰᠦᠨ ᠰᠠᠭᠤᠷᠢ ᠳᠦᠬᠦᠭᠡᠷᠡᠮᠵᠢ ᠶᠢᠨ ᠪᠦᠳᠦᠭᠡᠨ ᠪᠠᠶᠢᠭᠤᠯᠣᠯᠳᠠ ᠶᠢᠨ ᠠᠵᠢᠯ ᠢ ᠬᠠᠷᠢᠭᠤᠴᠠᠨ᠎ᠠ᠃     ᠨᠠᠢᠮᠠ ᠳᠤ᠂ ᠬᠦᠳᠡᠭᠡ ᠳᠣᠰᠬᠤᠨ ᠤ ᠪᠠᠶᠢᠭᠤᠯᠣᠯᠳᠠ ᠶᠢ ᠲᠦᠷᠢᠮᠵᠢᠬᠦᠯᠵᠦ ᠵᠢᠯᠣᠭᠤᠳᠣᠨ᠎ᠠ᠃ ᠬᠦᠳᠡᠭᠡ ᠳᠣᠰᠬᠤᠨ ᠤ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠨ ᠬᠦᠢᠴᠡᠳᠬᠡᠨ᠎ᠠ᠃     ᠶᠢᠰᠦ ᠳᠤ᠂  ᠪᠠᠷᠢᠯᠭ᠎ᠠ ᠶᠢᠨ ᠮᠠᠲ᠋ᠧᠷᠢᠶᠠᠯ ᠤᠨ ᠡᠨᠧᠷᠬᠢ ᠠᠷᠪᠢᠯᠠᠬᠤ ᠠᠵᠢᠯ ᠢ ᠵᠢᠯᠣᠭᠤᠳᠣᠨ᠂ ᠬᠠᠮᠢᠶ᠎ᠠ ᠪᠦᠬᠦᠢ ᠳᠣᠭᠳᠠᠭᠠᠯ ᠢ ᠳᠣᠭᠳᠠᠭᠠᠨ ᠬᠢᠨᠠᠨ ᠬᠡᠷᠡᠭᠵᠢᠬᠦᠯᠦᠨ᠎ᠡ᠃     ᠠᠷᠪᠠ ᠳᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠣᠯᠳᠠ ᠶᠢᠨ ᠬᠠᠮᠢᠶ᠎ᠠ ᠪᠦᠬᠦᠢ ᠭᠠᠳᠠᠭᠠᠳᠣ ᠬᠠᠷᠢᠯᠴᠠᠭ᠎ᠠ᠂ ᠬᠠᠮᠳᠣᠷᠠᠯᠴᠠᠭ᠎ᠠ ᠶᠢ ᠦᠷᠨᠢᠬᠦᠯᠦᠨ᠎ᠠᠠᠷᠪᠠᠨ ᠨᠢᠭᠡ ᠳᠤ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠳᠣᠨ ᠤ ᠳᠣᠰᠢᠶᠠᠭᠰᠠᠨ ᠪᠣᠰᠣᠳ ᠠᠵᠢᠯ ᠡᠭᠦᠷᠭᠡ ᠶᠢ ᠬᠦᠢᠴᠡᠳᠬᠡᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号