ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠳᠠᠨᠢᠯᠴᠠᠭᠤᠯᠭ᠎ᠠ—— ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠ
ᠨᠡᠶᠢᠲᠡᠯᠡᠭᠰᠡᠨ ᠴᠠᠭ᠄
2017/9/22
        ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠣᠪᠴᠢᠶ᠎ᠠᠭᠤᠣᠯ ᠡᠭᠦᠷᠭᠡ ᠬᠠᠷᠢᠭᠤᠴᠠᠯᠭ᠎ᠠ    ᠨᠢᠭᠡ ᠳᠤ᠂ ᠦᠨᠳᠦᠰᠦᠳᠡᠨ ᠱᠠᠰᠢᠨ ᠰᠣᠷᠳᠠᠬᠤᠨ᠂ ᠴᠦᠬᠡᠨ ᠳᠣᠭᠠᠳᠣ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠠᠵᠢᠯ ᠤᠨ ᠳᠣᠬᠠᠢ‌‍ᠴᠢᠭᠯᠡᠯᠳᠡ᠂ ᠲᠦᠷᠦ ᠶᠢᠨ ᠪᠣᠳᠣᠯᠭ᠎ᠠ ᠶᠢ ᠳᠣᠣᠱᠯᠠᠭᠤᠯᠣᠨ ᠬᠡᠷᠡᠭᠵᠢᠬᠦᠯᠵᠦ᠂ ᠬᠠᠮᠢᠶ᠎ᠠ ᠪᠦᠬᠦᠢ ᠣᠬᠠᠭᠤᠯᠭ᠎ᠠ ᠰᠣᠷᠳᠠᠯᠴᠢᠯᠠᠭ᠎ᠠ ᠶᠢᠨ ᠠᠵᠢᠯ ᠢ ᠬᠦᠢᠴᠡᠳᠬᠡᠵᠦ᠂ ᠦᠨᠳᠦᠰᠦᠳᠡᠨ ᠱᠠᠰᠢᠨ ᠰᠣᠷᠳᠠᠬᠤᠨ᠂ ᠴᠦᠬᠡᠨ ᠳᠣᠭᠠᠳᠣ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠳᠣᠬᠠᠢ ᠬᠠᠣᠯᠢ ᠴᠠᠭᠠᠵᠠ᠂ ᠬᠠᠣᠯᠢ ᠲᠦᠷᠢᠮ᠂ ᠲᠦᠷᠦ ᠶᠢᠨ ᠪᠣᠳᠣᠯᠭ᠎ᠠ ᠶᠢᠨ ᠬᠡᠷᠡᠭᠵᠢᠬᠦᠯᠦᠭᠳᠡᠵᠦ ᠪᠠᠶᠢᠭ᠎ᠠ ᠪᠠᠶᠢᠳᠠᠯ ᠳᠤ ᠱᠠᠭᠠᠷᠳᠠᠨ ᠪᠠᠶᠢᠴᠠᠭᠠᠵᠦ ᠂ ᠬᠠᠮᠢᠶ᠎ᠠ ᠪᠦᠬᠦᠢ ᠪᠠᠶᠢᠴᠠᠭᠠᠨ ᠰᠣᠳᠣᠯᠣᠯᠳᠠ ᠬᠢᠵᠦ᠂ ᠰᠠᠨᠠᠯ ᠳᠣᠷᠠᠳᠣᠯᠭ᠎ᠠ ᠳᠣᠷᠠᠳᠨ᠎ᠠ᠂ ᠪᠦᠬᠦ ᠬᠤᠰᠢᠭᠤᠨ ᠤ ᠦᠨᠳᠦᠰᠦᠳᠡᠨ ᠱᠠᠰᠢᠨ ᠰᠣᠷᠳᠠᠬᠤᠨ᠂ ᠴᠦᠬᠡᠨ ᠳᠣᠭᠠᠳᠣ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠳᠣᠬᠠᠢ ᠲᠦᠷᠦ ᠶᠢᠨ ᠪᠣᠳᠣᠯᠭ᠎ᠠ ᠶᠢ ᠳᠣᠭᠳᠠᠭᠠᠨ ᠬᠡᠷᠡᠭ᠌ᠵᠢᠬᠦᠯᠦᠨ᠎ᠠ᠃    ᠬᠤᠶᠠᠷ ᠲᠤ᠂ ᠦᠨᠳᠦᠰᠦᠳᠡᠨ ᠤ ᠭᠠᠵᠠᠷ ᠣᠷᠣᠨ ᠤ ᠦᠪᠡᠷᠳᠡᠭᠡᠨ ᠵᠠᠰᠠᠬᠤ ᠪᠠᠶᠢᠭᠤᠯᠣᠯ ᠤᠨ ᠪᠠᠶᠢᠭᠤᠯᠣᠯᠳᠠ ᠶᠢ ᠪᠦᠷᠢᠨᠰᠢᠬᠦᠯᠦᠨ ᠬᠡᠷᠡᠭᠵᠢᠬᠦᠯᠦᠭᠳᠡᠵᠦ ᠪᠠᠶᠢᠭ᠎ᠠ ᠪᠠᠶᠢᠳᠠᠯ ᠳᠤ ᠬᠢᠨᠠᠯᠳᠠ ᠬᠢᠵᠦ᠂ ᠴᠦᠬᠡᠨ ᠳᠣᠭᠠᠳᠣ ᠦᠨᠳᠦᠰᠦᠳᠡᠨ ᠤ ᠡᠷᠬᠡ ᠠᠰᠢᠭ ᠲᠤ ᠬᠤᠯᠪᠣᠭᠳᠠᠭᠰᠠᠨ ᠣᠴᠢᠷ ᠶᠠᠪᠣᠳᠠᠯ ᠢ ᠬᠢᠨᠠᠨ ᠬᠦᠢᠴᠡᠳᠬᠡᠨ᠎ᠠ᠃ ᠦᠨᠳᠦᠰᠦᠳᠡᠨ ᠤ ᠬᠠᠷᠢᠴᠠᠭ᠎ᠠ  ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠳᠣᠷᠠᠳᠴᠦ᠂ ᠬᠠᠮᠢᠶ᠎ᠠ ᠪᠦᠬᠦᠢ ᠴᠢᠬᠤᠯᠠ ᠶᠠᠪᠣᠳᠠᠯ ᠢ ᠰᠢᠢᠳᠪᠦᠷᠢᠯᠡᠨ᠎ᠠ᠂ ᠨᠡᠶᠢᠬᠡᠮ ᠤᠨ ᠠᠮᠣᠷ ᠳᠣᠭᠳᠠᠭᠤᠨ ᠢ ᠵᠣᠬᠢᠴᠠᠭᠤᠯᠬᠤ ᠠᠵᠢᠯ ᠳᠤ ᠣᠷᠣᠯᠴᠠᠵᠦ᠂ ᠡᠯ᠎ᠠ ᠦᠨᠳᠦᠰᠦᠳᠡᠨ ᠤ ᠪᠦᠯᠬᠦᠮᠳᠡᠨ ᠳᠠᠪᠰᠢᠵᠦ᠂ ᠬᠠᠮᠳᠣᠪᠠᠷ ᠬᠦᠭᠵᠢᠨ ᠴᠡᠴᠡᠭᠯᠡᠵᠦ ᠣᠯᠣᠰ ᠣᠷᠣᠨ ᠤ ᠨᠢᠭᠡᠳᠦᠮᠡᠯ ᠪᠠᠶᠢᠳᠠᠯ ᠢ ᠬᠠᠮᠠᠭᠠᠯᠠᠬᠤ ᠶᠢ ᠠᠬᠢᠭᠤᠯᠣᠨ᠎ᠠ᠃    ᠭᠤᠷᠪᠠ ᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠦᠨᠳᠦᠰᠦᠳᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠪᠠᠶᠢᠭ᠎ᠠ ᠪᠠᠶᠢᠳᠠᠯ ᠢ ᠵᠣᠬᠢᠴᠠᠭᠤᠯᠣᠨ ᠱᠠᠭᠠᠷᠳᠠᠬᠤ ᠶᠢ ᠬᠠᠷᠢᠭᠤᠴᠠᠵᠦ᠂ ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠠᠵᠦ ᠠᠬᠤᠢ ᠶᠢᠨ ᠬᠦᠭᠵᠢᠯᠳᠡ ᠪᠠ ᠨᠡᠶᠢᠬᠡᠮ ᠤᠨ ᠠᠵᠢᠯ ᠣᠶᠢᠯᠡᠰ ᠤᠨ ᠬᠦᠷᠢᠶ᠎ᠠ ᠬᠡᠪᠴᠢᠶᠠᠨ ᠳᠤ ᠬᠡᠷᠡᠭᠵᠢᠬᠦᠯᠦᠭᠳᠡᠬᠦ ᠶᠢ ᠠᠬᠢᠭᠤᠯᠣᠨ᠎ᠠ᠂ ᠴᠦᠬᠡᠨ ᠳᠣᠭᠠᠳᠣ ᠦᠨᠳᠦᠰᠦᠳᠡᠨ  ᠤ ᠭᠠᠵᠠᠷ ᠣᠷᠣᠨ ᠪᠠ ᠴᠦᠬᠡᠨ ᠳᠣᠭᠠᠳᠣ ᠦᠨᠳᠦᠰᠦᠳᠡᠨ ᠳᠦᠪᠯᠡᠷᠡᠩᠭᠦᠢ ᠰᠠᠭᠤᠷᠢᠰᠢᠭᠰᠠᠨ ᠣᠷᠣᠨ ᠤ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢᠨ ᠳᠠᠯ᠎ᠠ ᠶᠢᠨ ᠠᠰᠠᠭᠤᠳᠠᠯ ᠳᠤ ᠪᠠᠶᠢᠴᠠᠭᠠᠨ ᠰᠣᠳᠣᠯᠣᠯᠳᠠ ᠵᠠᠳᠠᠯᠣᠯᠳᠠ ᠬᠢᠵᠦ᠂ ᠲᠦᠷᠦ ᠶᠢᠨ ᠪᠣᠳᠣᠯᠭ᠎ᠠ ᠳᠣᠭᠳᠠᠬᠤ ᠳᠤ ᠰᠠᠨᠠᠯ ᠰᠠᠨᠠᠭᠤᠯᠭ᠎ᠠ ᠳᠣᠰᠬᠠᠨ᠎ᠠ᠃ ᠰᠢᠨᠵᠢᠯᠡᠬᠦ ᠮᠡᠷᠭᠡᠵᠢᠯ᠂ ᠦᠨᠳᠦᠰᠦᠳᠡᠨ  ᠤ ᠠᠷᠠᠯᠵᠢᠶ᠎ᠠ ᠬᠤᠳᠠᠯᠳᠤᠭ᠎ᠠ᠂ ᠦᠨᠳᠦᠰᠦᠳᠡᠨ ᠤ ᠣᠨᠴᠠ ᠬᠡᠷᠡᠭᠴᠡᠭᠡᠲᠦ ᠪᠣᠳᠠᠰ ᠤᠨ ᠣᠶᠢᠯᠡᠳᠪᠦᠷᠢᠯᠡᠯ ᠵᠡᠷᠭᠡ ᠠᠵᠢᠯ ᠢ ᠵᠣᠬᠢᠴᠠᠭᠤᠯᠬᠤ ᠳᠤ ᠣᠷᠣᠯᠴᠠᠵᠦ᠂ ᠯᠠᠯᠣ ᠶᠢᠨ ᠱᠠᠰᠢᠨᠳᠠᠨ ᠤ ᠢᠳᠡᠭᠡᠨ ᠤ ᠣᠶᠢᠯᠡᠳᠪᠦᠷᠢᠯᠡᠯ᠂ ᠡᠵᠡᠩᠨᠡᠯᠳᠠ ᠂ ᠪᠣᠷᠣᠯᠠᠭᠤᠯᠭ᠎ᠠ ᠳᠤ ᠬᠢᠨᠠᠨ ᠬᠠᠮᠢᠶᠠᠷᠤᠯᠳᠠ ᠶᠢᠨ ᠠᠵᠢᠯ ᠢ ᠬᠢᠨ᠎ᠠ᠃    ᠳᠦᠷᠪᠡ ᠳᠤ᠂ ᠴᠦᠬᠡᠨ ᠳᠣᠭᠠᠳᠣ ᠦᠨᠳᠦᠰᠦᠳᠡᠨ ᠤ ᠠᠵᠢᠯ ᠦᠢᠯᠡᠰ ᠤᠨ ᠳᠣᠬᠠᠢ ᠳᠣᠰᠬᠠᠢ ᠳᠦᠯᠦᠪᠵᠢᠬᠦᠯᠭᠡ ᠶᠢᠨ ᠶᠠᠪᠤᠭᠳᠠᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠠᠮᠢᠶ᠎ᠠ ᠪᠦᠬᠦᠢ ᠬᠦᠷᠢᠶ᠎ᠠ ᠬᠡᠪᠴᠢᠶᠠᠨ ᠲᠠᠬᠢ ᠬᠦᠭᠵᠢᠯᠳᠡ ᠶᠢᠨ ᠳᠦᠯᠦᠪᠵᠢᠬᠦᠯᠭᠡ ᠶᠢ ᠪᠢᠴᠢᠭᠯᠡᠬᠦ ᠳᠤ ᠣᠷᠣᠯᠴᠠᠵᠦ᠂ ᠴᠦᠬᠡᠨ ᠳᠣᠭᠠᠳᠣ ᠦᠨᠳᠦᠰᠦᠳᠡᠨ ᠤ ᠠᠵᠢᠯ ᠣᠶᠢᠯᠡᠰ ᠤᠨ ᠬᠦᠭᠵᠢᠯᠳᠡ ᠶᠢᠨ ᠶᠡᠷᠦᠩᠬᠡᠶᠢᠯᠡᠭᠰᠡᠨ ᠦᠨᠡᠯᠡᠯᠳᠡ ᠶᠢᠨ ᠰᠢᠰᠲ᠋ᠧᠮ ᠢ ᠪᠠᠶᠢᠭᠤᠯᠵᠦ᠂ ᠦᠨᠳᠦᠰᠦᠳᠡᠨ ᠤ ᠠᠵᠢᠯ ᠣᠶᠢᠯᠡᠰ ᠪᠠ ᠦᠨᠳᠦᠰᠦᠳᠡᠨ ᠤ ᠠᠵᠢᠯ ᠶᠠᠪᠣᠳᠠᠯ ᠤᠨ ᠬᠠᠮᠢᠶᠠᠷᠣᠯᠳᠠ ᠶᠢᠨ ᠰᠣᠷᠠᠭ ᠵᠠᠩᠬᠢᠴᠢᠯᠳᠠ ᠶᠢᠨ ᠪᠠᠶᠢᠭᠤᠯᠣᠯᠳᠠ ᠶᠢ ᠠᠬᠢᠭᠤᠯᠣᠨ᠎ᠠ᠃    ᠳᠠᠪᠤ ᠳᠤ᠂ ᠰᠣᠮᠣ ᠪᠠᠯᠭᠠᠰᠣᠨ ᠤ ᠦᠨᠳᠦᠰᠦᠳᠡᠨ ᠱᠠᠰᠢᠨ ᠰᠣᠷᠳᠠᠬᠤᠨ ᠤ ᠠᠵᠢᠯ ᠶᠠᠪᠣᠳᠠᠯ ᠤᠨ ᠳᠣᠬᠠᠢ ᠵᠢᠭᠠᠨ ᠵᠢᠯᠣᠭᠤᠳᠣᠯᠭ᠎ᠠ ᠪᠠᠨ ᠴᠢᠩᠭᠠᠳᠬᠠᠵᠦ᠂ ᠪᠦᠬᠦ ᠬᠤᠰᠢᠭᠤᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢ ᠬᠦᠬᠢᠬᠦᠯᠬᠦ ᠠᠵᠢᠯᠯᠠᠭ᠎ᠠ ᠦᠷᠨᠢᠬᠦᠯᠵᠦ᠂ ᠴᠦᠭᠡᠨ ᠳᠣᠭᠠᠳᠣ ᠦᠨᠳᠦᠰᠦᠳᠡᠨ ᠤ ᠰᠣᠷᠣᠯᠴᠠᠯᠭ᠎ᠠ᠂ ᠪᠠᠶᠢᠴᠠᠭᠠᠯᠳᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠣᠨ᠎ᠠ᠃    ᠵᠢᠷᠭᠤᠭ᠎ᠠ ᠳᠤ᠂ ᠮᠣᠩᠭᠤᠯ ᠦᠭᠡ ᠬᠡᠯᠡ ᠦᠰᠦᠭ ᠪᠢᠴᠢᠭ ᠢ ᠰᠣᠷᠣᠯᠴᠠᠵᠦ ᠬᠡᠷᠡᠭᠯᠡᠬᠦ᠂ ᠬᠦᠭᠵᠢᠯᠬᠦᠬᠦ᠂ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠦᠨᠳᠦᠰᠦᠳᠡᠨ ᠤ ᠬᠦᠮᠦᠵᠢᠯ᠂ ᠣᠷᠴᠢᠭᠤᠯᠭ᠎ᠠ᠂ ᠬᠡᠪᠯᠡᠯ ᠰᠡᠳᠬᠦᠯ᠂ ᠷᠠᠳᠢᠣ᠋ ᠲᠧᠯᠸᠢᠰ ᠪᠠ ᠦᠨᠳᠦᠰᠦᠳᠡᠨ ᠤ ᠬᠠᠭᠤᠴᠢ ᠰᠣᠳᠣᠯᠣᠯᠳᠠ ᠶᠢᠨ ᠬᠤᠷᠢᠶᠠᠨ ᠴᠣᠭᠯᠠᠭᠤᠯᠬᠤ᠂ ᠡᠮᠬᠢᠯᠡᠨ ᠳᠡᠪᠳᠡᠷᠯᠡᠬᠦ᠂ ᠬᠡᠪᠯᠡᠯ ᠳᠤ ᠭᠠᠷᠭᠠᠬᠤ ᠵᠡᠷᠭᠡ ᠠᠵᠢᠯ ᠢ ᠬᠠᠷᠢᠭᠤᠴᠠᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠰᠠᠶᠢᠰᠢᠶᠠᠨ ᠬᠦᠬᠢᠬᠦᠯᠬᠦ ᠠᠵᠢᠯᠯᠠᠭ᠎ᠠ ᠶᠢ ᠭᠠᠷᠳᠠᠨ ᠬᠦᠢᠴᠡᠳᠬᠡᠨ᠎ᠠ᠃    ᠳᠣᠯᠤᠭ᠎ᠠ ᠳᠤ᠂ ᠬᠠᠣᠯᠢ ᠶᠣᠰᠣᠭᠠᠷ ᠱᠠᠰᠢᠨ ᠰᠣᠷᠳᠠᠬᠤᠨ ᠤ ᠠᠵᠢᠯ ᠶᠠᠪᠣᠳᠠᠯ ᠢ ᠬᠠᠮᠢᠶᠠᠷᠴᠦ᠂ ᠬᠠᠣᠯᠢ ᠶᠣᠰᠣᠭᠠᠷ ᠰᠢᠲᠦᠯᠭᠡ ᠲᠠᠢ ᠣᠯᠠᠨ ᠲᠦᠮᠡᠨ ᠤ ᠱᠠᠰᠢᠨ ᠰᠢᠲᠦᠯᠭᠡ ᠶᠢᠨ ᠡᠷᠬᠡ ᠴᠢᠯᠦᠭᠡ ᠶᠢ ᠬᠠᠮᠠᠭᠠᠯᠠᠵᠦ᠂ ᠵᠦᠢ ᠶᠣᠰᠣᠨ ᠤ ᠱᠠᠰᠢᠨ ᠰᠢᠳᠦᠯᠭᠡ ᠶᠢᠨ ᠠᠵᠢᠯᠯᠠᠭ᠎ᠠ ᠶᠢ ᠬᠠᠮᠠᠭᠠᠯᠠᠵᠦ᠂ ᠱᠠᠰᠢᠨ ᠰᠢᠳᠦᠯᠭᠡ ᠶᠢᠨ ᠬᠦᠷᠢᠶᠠᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠂ ᠱᠠᠰᠢᠨ ᠰᠢᠳᠦᠯᠭᠡ ᠶᠢᠨ ᠬᠠᠷᠢᠴᠠᠭᠠᠨ ᠤ ᠡᠶ᠎ᠡ ᠨᠠᠶᠢᠷᠠᠮᠳᠠᠭᠤ ᠪᠠᠶᠢᠬᠤ ᠶᠢ ᠠᠬᠢᠭᠤᠯᠣᠨ᠎ᠠ᠃    ᠨᠠᠢᠮᠠ ᠳᠤ᠂ ᠱᠠᠰᠢᠨ ᠰᠢᠳᠦᠯᠭᠡ ᠶᠢᠨ ᠪᠦᠯᠬᠦᠮ ᠤᠨ ᠬᠠᠣᠯᠢ ᠲᠦᠷᠢᠮ ᠤᠨ ᠶᠣᠰᠣᠭᠠᠷ ᠠᠵᠢᠯᠯᠠᠭ᠎ᠠ ᠦᠷᠨᠢᠬᠦᠯᠬᠦ  ᠶᠢ ᠵᠢᠯᠣᠭᠤᠳᠣᠨ ᠳᠠᠭᠠᠭᠤᠯᠵᠦ᠂ ᠱᠠᠰᠢᠨ ᠰᠢᠳᠦᠯᠭᠡ ᠶᠢᠨ ᠪᠦᠯᠬᠦᠮ ᠤᠨ ᠦᠪᠡᠷ ᠤᠨ ᠬᠤᠪᠢ ᠪᠡᠶᠡᠨ ᠤ ᠪᠠᠶᠢᠭᠤᠯᠣᠯᠳᠠ ᠪᠠᠨ ᠴᠢᠩᠭᠠᠳᠬᠠᠬᠤ ᠶᠢ ᠳᠡᠮᠵᠢᠨ ᠱᠠᠰᠢᠨ ᠰᠢᠳᠦᠯᠭᠡ ᠶᠢᠨ ᠪᠦᠯᠬᠦᠮ ᠤᠨ ᠣᠯᠣᠰ ᠢᠶᠠᠨ ᠬᠠᠶᠢᠷᠠᠯᠠᠬᠤ᠂ ᠨᠡᠶᠢᠬᠡᠮ ᠵᠢᠷᠣᠮᠳᠣ ᠦᠵᠡᠯ᠂ ᠣᠯᠣᠰ ᠬᠦᠷᠦᠨ ᠤ ᠡᠪ ᠨᠢᠭᠡᠳᠦᠯ ᠢ ᠬᠠᠮᠠᠭᠠᠯᠠᠬᠤ ᠪᠠ ᠦᠨᠳᠦᠰᠦᠳᠡᠨ ᠤ ᠪᠦᠯᠬᠦᠮᠳᠡᠯ ᠢ, ᠬᠠᠮᠠᠭᠠᠯᠠᠬᠤ ᠬᠦᠮᠦᠵᠢᠯ ᠦᠷᠨᠢᠬᠦᠯᠬᠦ ᠶᠢ ᠠᠬᠢᠭᠤᠯᠵᠦ᠂ ᠱᠠᠰᠢᠨ ᠰᠣᠷᠳᠠᠬᠤᠨ ᠤ ᠪᠦᠯᠬᠦᠮ ᠤᠨ ᠵᠠᠰᠠᠭ ᠤᠨ ᠳᠠᠯ᠎ᠠ ᠠᠴᠠ ᠪᠡᠶᠡᠯᠡᠬᠦᠯᠬᠦ ᠠᠵᠢᠯ ᠢ ᠵᠣᠬᠢᠴᠠᠭᠤᠯᠵᠦ᠂ ᠬᠦᠨᠳᠦ ᠴᠢᠬᠤᠯᠠ ᠱᠠᠰᠢᠨ ᠰᠣᠷᠳᠠᠬᠤᠨ ᠤ ᠶᠠᠪᠣᠳᠠᠯ ᠢ ᠰᠢᠢᠳᠪᠦᠷᠢᠯᠡᠨ᠎ᠠ᠃ ᠱᠠᠰᠢᠨ ᠰᠣᠷᠳᠠᠬᠤᠨ ᠢ ᠠᠰᠢᠭᠯᠠᠵᠤ ᠬᠠᠣᠯᠢ ᠪᠣᠰᠣ ᠠᠵᠢᠯᠯᠠᠭ᠎ᠠ ᠬᠢᠬᠦ ᠪᠣᠶᠣ ᠬᠠᠣᠯᠢ ᠵᠦᠷᠢᠴᠡᠬᠦ ᠠᠵᠢᠯᠯᠠᠭ᠎ᠠ ᠬᠢᠬᠦ ᠶᠢ ᠰᠡᠷᠭᠡᠶᠢᠯᠡᠵᠦ᠂ ᠬᠢᠯᠢ ᠶᠢᠨ ᠭᠠᠳᠠᠨᠠᠬᠢ ᠱᠠᠰᠢᠨ ᠰᠣᠷᠳᠠᠬᠤᠨ ᠤ ᠨᠡᠪᠳᠡᠷᠡᠯ ᠤᠨ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠨ᠎ᠠ᠃    ᠶᠢᠰᠦ ᠳᠤ ᠬᠤᠰᠢᠭᠤᠨ ᠤ ᠳᠣᠳᠣᠷ᠎ᠠ ᠭᠠᠳᠠᠨᠠᠬᠢ ᠱᠠᠰᠢᠨ ᠰᠣᠷᠳᠠᠬᠤᠨ ᠤ ᠪᠣᠳᠠᠳᠠᠢ ᠪᠠᠶᠢᠳᠠᠯ ᠢ ᠰᠣᠳᠣᠯᠵᠦ᠂ ᠱᠠᠰᠢᠨ ᠰᠣᠷᠳᠠᠬᠤᠨ ᠤ ᠰᠣᠷᠠᠭ ᠵᠠᠩᠬᠢ ᠶᠢ ᠬᠤᠷᠢᠶᠠᠩᠭᠤᠶᠢᠯᠠᠵᠦ᠂ ᠱᠠᠰᠢᠨᠳᠠᠨ ᠪᠠ ᠱᠠᠰᠢᠨ ᠰᠣᠷᠳᠠᠬᠤᠨ ᠤ ᠠᠵᠢᠯᠳᠠᠨ ᠤ ᠬᠦᠮᠦᠵᠢᠯ ᠪᠣᠯᠪᠠᠰᠣᠷᠠᠯ ᠤᠨ ᠠᠵᠢᠯᠯᠠᠭ᠎ᠠ ᠶᠢ ᠬᠠᠷᠢᠭᠤᠴᠠᠵᠦ᠂ ᠦᠨᠳᠦᠰᠦᠳᠡᠨ ᠤ ᠠᠵᠢᠯ ᠤᠨ ᠬᠦᠷᠢᠶ᠎ᠠ ᠬᠡᠪᠴᠢᠶᠠᠨ ᠤ ᠭᠠᠳᠠᠭᠠᠳᠣ ᠬᠠᠷᠢᠯᠴᠠᠭ᠎ᠠ ᠪᠠ ᠰᠣᠯᠢᠯᠴᠠᠭ᠎ᠠ ᠶᠢᠨ ᠠᠵᠢᠯ ᠪᠠ ᠦᠨᠳᠦᠰᠦᠳᠡᠨ ᠤ ᠣᠴᠢᠷ ᠶᠠᠪᠣᠳᠠᠯ᠂ ᠱᠠᠰᠢᠨ ᠰᠣᠷᠳᠠᠬᠤᠨ ᠤ ᠭᠠᠳᠠᠭᠠᠳᠣ ᠣᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃    ᠠᠷᠪᠠ ᠳᠤ᠂ ᠴᠦᠬᠡᠨ ᠳᠣᠭᠠᠳᠣ ᠦᠨᠳᠦᠰᠦᠳᠡᠨ ᠤ ᠴᠢᠳᠠᠪᠦᠷᠢᠳᠠᠨ ᠤ ᠡᠩᠨᠡᠭᠡ ᠶᠢᠨ ᠪᠠᠶᠢᠭᠤᠯᠣᠯᠳᠠ ᠶᠢᠨ ᠳᠦᠯᠦᠪᠵᠢᠬᠦᠯᠬᠡ ᠶᠢ ᠳᠣᠭᠳᠠᠬᠤ ᠳᠤ ᠣᠷᠣᠯᠴᠠᠵᠦ᠂ ᠴᠦᠬᠡᠨ ᠳᠣᠭᠠᠳᠣ ᠦᠨᠳᠦᠰᠦᠳᠡᠨ ᠤ ᠺᠠᠳ᠋ᠷ ᠲᠠᠢ ᠬᠠᠷᠢᠯᠴᠠᠵᠦ ᠂ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠵᠢᠯᠴᠠᠨ ᠴᠦᠬᠡᠨ ᠳᠣᠭᠠᠳᠣ ᠦᠨᠳᠦᠰᠦᠳᠡᠨ ᠤ ᠺᠠᠳ᠋ᠷ ᠤᠨ ᠬᠦᠮᠦᠵᠢᠯ᠂ ᠪᠣᠯᠪᠠᠰᠣᠷᠠᠯ ᠪᠠ ᠰᠣᠩᠭᠤᠨ ᠬᠡᠷᠡᠭᠯᠡᠬᠦ ᠠᠵᠢᠯ ᠢ ᠬᠢᠨ᠎ᠠ᠃    ᠠᠷᠪᠠᠨ ᠨᠢᠭᠡ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠳᠣᠨ ᠤ ᠳᠣᠰᠢᠶᠠᠭᠰᠠᠨ ᠪᠣᠰᠣᠳ ᠲᠦᠷᠦᠯ ᠤᠨ ᠠᠵᠢᠯ ᠢ ᠬᠠᠷᠢᠭᠤᠴᠠᠨ᠎ᠠ ᠬᠦᠢᠴᠡᠳᠬᠡᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号