ᠡᠪ ᠬᠠᠮᠲᠦ ᠨᠠᠮ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶ᠎ᠠ ᠨᠢ | ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ︵ᠦᠷᠭᠡᠳᠬᠡᠭᠰᠡᠨ︶ | ᠬᠤᠷᠠᠯ ᠵᠢᠴᠢ ᠠᠵᠦ ᠠᠬᠤᠢ ᠶᠢᠨ ᠬᠤᠷᠠᠯᠳᠤᠭᠠᠨ ᠢ ᠬᠤᠷᠠᠯᠳᠤᠵᠠᠢ | | | | 1 ᠰᠠᠷ᠎ᠠ ᠶᠢᠨ 29 ᠤ ᠡᠳᠦᠷ᠂ ᠡᠪ ᠬᠠᠮᠲᠦ ᠨᠠᠮ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ | ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ︵ | ᠦᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠦ ᠠᠬᠤᠢ ᠶᠢᠨ ᠬᠤᠷᠠᠯᠳᠤᠭᠠᠨ ᠨᠢ ᠤᠯᠤᠰ ᠶᠢᠨ ᠲᠤᠭ | ᠤᠨ ᠳᠠᠭᠤᠨ ᠤ ᠳᠤᠮᠳᠠ ᠦᠪᠡᠳᠡᠭᠰᠢ ᠶᠡᠭᠡ ᠢᠶᠠᠷ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠡᠯ᠎ᠡ ᠱᠦᠵᠢ᠂ | ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠭᠡᠰᠢᠭᠦᠨ᠂ ᠤᠷᠤᠯᠠᠭᠴᠢ ᠭᠡᠰᠢᠭᠦᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ | ᠪᠠᠭ ᠤᠨ ᠪᠦᠷᠢᠯᠳᠦᠭᠦᠨ᠂ ᠠᠷᠠᠳ ᠤᠨ ᠰᠢᠭᠦᠭᠦ ᠬᠤᠷᠢᠶ᠎ᠠ ᠪᠤᠯᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ | ᠲᠤᠳᠤᠭᠠᠲᠦ ᠶᠢ ᠬᠠᠮᠠᠭᠠᠯᠠᠬᠤ ᠲᠤᠪᠴᠢᠶᠠᠨ ᠤ ᠺᠤᠮᠢᠰᠰᠤᠷ ᠬᠤᠷᠠᠯ ᠳᠤ ᠤᠷᠤᠯᠴᠠᠭᠰᠠᠨ ᠪᠠᠶᠢᠨ᠎ᠠ᠃ ᠰᠠᠬᠢᠯᠭ᠎ᠠ ᠪᠠᠲᠦ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠭᠡᠰᠢᠭᠦᠨ᠂ ᠡᠯ᠎ᠡ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ᠂ ᠳᠡᠳ᠋ ᠱᠦᠵᠢ᠂ ᠠᠵᠦ ᠦᠢᠯᠡᠳᠪᠦᠷᠢ | ᠠᠵᠦ ᠠᠬᠤᠢ᠂ ᠲᠠᠷᠢᠶᠠᠯᠠᠩ ᠮᠠᠯ ᠠᠵᠦ ᠠᠬᠤᠢ ᠶᠢᠨ ᠠᠵᠢᠯ ᠶᠢ ᠬᠤᠪᠢᠳᠠᠨ ᠬᠠᠮᠢᠶᠠᠷᠴᠦ ᠪᠠᠶᠢᠭ᠎ᠠ ᠳᠡᠳ᠋ ᠰᠤᠮᠤ | ᠪᠠᠯᠭᠠᠰᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠵᠠᠰᠠᠭ ᠤᠨ ᠤᠷᠳᠤᠨ ᠤ ᠡᠯ᠎ᠡ | ᠪᠠᠶᠢᠭᠤᠯᠭ᠎ᠠ ᠨᠢᠭᠡᠴᠡ᠂ ᠡᠯ᠎ᠡ ᠠᠷᠠᠳ ᠤᠨ ᠪᠦᠯᠬᠦᠮ᠂ ᠡᠯ᠎ᠡ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠳᠠ᠂ | ᠬᠤᠰᠢᠭᠤᠨ ᠳᠤ ᠰᠠᠭᠤᠭ᠎ᠠ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ᠂ ᠨᠠᠮ ᠤᠨ | ᠡᠭᠦᠷ ᠤᠨ ᠱᠦᠵᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠡᠳ᠋ | ᠳᠤᠰᠢᠶᠠᠯᠳᠠᠨ᠂ ᠭᠡᠰᠡᠭ ᠠᠵᠦ ᠠᠬᠤᠶᠢᠯᠠᠯ ᠶᠢᠨ ᠲᠦᠯᠦᠭᠡᠯᠡᠭᠴᠢ ᠬᠤᠷᠠᠯ ᠳᠤ ᠤᠷᠤᠯᠴᠠᠵᠠᠢ᠃ ᠬᠤᠰᠢᠭᠤ ᠨᠠᠮ ᠤᠨ | ᠬᠤᠷᠢᠶᠠᠨ ᠤ ᠱᠦᠵᠢ ᠪᠤᠤ ᠯᠢ ᠬᠤᠸᠠ ᠬᠤᠷᠠᠯ ᠢ ᠡᠷᠬᠢᠯᠡᠵᠠᠢ᠃ | | ᠪᠤᠤ ᠯᠢ ᠬᠤᠸᠠ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠬᠤᠷᠠᠯᠳᠤᠭᠠᠨ ᠢ ᠲᠦᠯᠦᠭᠡᠯᠡᠨ | ᠦᠷᠭᠡᠳᠬᠡᠭᠰᠡᠨ ᠬᠤᠷᠠᠯ ᠳᠤ ᠠᠵᠢᠯ ᠤᠨ ᠮᠡᠳᠡᠭᠦᠯᠦᠯᠳᠡ ᠬᠢᠵᠠᠢ᠃ | | ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ | ᠤᠬᠠᠭᠤᠯᠤᠨ ᠲᠤᠤᠱᠯᠠᠭᠤᠯᠬᠤ ᠬᠡᠷᠡᠭᠳᠠᠢ | ᠬᠤᠶᠠᠷ ᠲᠤ᠂ ᠪᠦᠬᠦ ᠬᠦᠴᠦᠨ ᠢᠶᠠᠷ ᠠᠵᠦ ᠠᠬᠤᠢ ᠶᠢᠨ ᠲᠤᠭᠳᠠᠭᠤᠨ ᠢᠶᠠᠷ ᠡᠷᠡᠭᠦᠯ ᠬᠦᠭᠵᠢᠭ᠊ ᠶᠢ | ᠪᠠᠲᠤᠯᠠᠬᠤ ᠬᠡᠷᠡᠭᠳᠠᠢ | ᠭᠤᠷᠪᠠ ᠳᠤ᠂ ᠦᠭᠡᠷᠡᠴᠢᠯᠡᠯᠳᠡ ᠬᠢᠵᠦ ᠴᠢᠯᠦᠭᠡᠳᠠᠢ ᠶᠠᠪᠤᠯᠴᠠᠬᠤ ᠶᠢ ᠭᠦᠨ ᠲᠡᠰᠢ ᠬᠦᠭᠵᠢᠭᠦᠯᠬᠦ ᠶᠢ | ᠯᠠᠪᠳᠠᠭᠤᠨ ᠪᠠᠲᠤᠳᠠᠢ ᠠᠬᠢᠭᠤᠯᠤᠨ᠎ᠠ | ᠲᠦᠷᠪᠡ ᠲᠤ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ | ᠠᠳᠬᠤᠨ᠎ᠠ | | ᠲᠠᠪᠤ ᠳᠤ᠂ ᠡᠯ᠎ᠡ ᠦᠨᠳᠦᠰᠦᠳᠡᠨ ᠤ ᠠᠷᠠᠳ ᠲᠦᠮᠡᠨ ᠤ ᠵᠤᠯ ᠵᠢᠷᠭᠠᠯ ᠢ ᠬᠦᠴᠦᠯᠡᠨ ᠨᠡᠮᠡᠭᠳᠡᠭᠦᠯᠦᠨ᠎ᠡ | | ᠵᠢᠷᠭᠤᠭ᠎ᠠ ᠳᠤ᠂ ᠠᠷᠠᠳᠴᠢᠯᠠᠯᠲᠦ ᠤᠯᠤᠰ ᠲᠦᠷᠦ ᠶᠢᠨ ᠪᠠᠶᠢᠭᠤᠯᠤᠯᠳᠠ ᠶᠢ ᠶᠡᠭᠡ ᠬᠦᠴᠦᠨ ᠢᠶᠠᠷ | ᠲᠦᠯᠬᠢᠨ ᠠᠬᠢᠭᠤᠯᠤᠨ᠎ᠠ | | ᠲᠤᠯᠤᠭ᠎ᠠ ᠲᠤ᠂ ᠪᠦᠬᠦ ᠲᠠᠯ᠎ᠠ ᠢᠶᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠳᠠᠯᠠᠨ᠎ᠠ | | ᠨᠠᠢᠮᠠ ᠳᠤ᠂ ᠦᠪᠡᠷ ᠤᠨ ᠬᠤᠪᠢ ᠪᠡᠶ᠎ᠡ ᠤ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠨ᠎ᠠ | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠤ᠋ | ᠫᠧᠩ 2018 ᠤᠨ ᠤ ᠪᠦᠬᠦ ᠬᠤᠰᠢᠭᠤᠨ ᠤ ᠠᠵᠦ ᠠᠬᠤᠢ ᠶᠢᠨ ᠠᠵᠢᠯ ᠶᠢ ᠪᠤᠳᠠᠳᠠᠢ ᠪᠠᠶᠢᠷᠢᠯᠠᠭᠤᠯᠪᠠ᠃ | ᠨᠢᠭᠡ᠂ 2017 ᠤᠨ ᠤ ᠠᠵᠦ ᠠᠬᠤᠢ ᠶᠢᠨ ᠠᠵᠢᠯ ᠤᠨ ᠡᠷᠭᠢᠴᠡᠭᠦᠯᠦᠯ | ︵ᠨᠢᠭᠡ︶ ᠶᠡᠷᠦᠩᠬᠡᠢ ᠠᠵᠦ ᠠᠬᠤᠢ ᠶᠢᠨ ᠪᠤᠳᠠᠲᠦ ᠬᠦᠴᠦᠨ ᠰᠢᠨ᠎ᠡ ᠳᠡᠭᠡᠭᠰᠢᠯᠡᠯᠳᠡ ᠲᠠᠢ ᠪᠤᠯᠵᠠᠢ | ︵ᠬᠤᠶᠠᠷ︶ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠨᠢ ᠰᠢᠨ᠎ᠡ ᠠᠬᠢᠴᠠ ᠲᠠᠢ | ᠪᠤᠯᠪᠠ | ︵ᠭᠤᠷᠪᠠ︶ ᠦᠨᠳᠦᠰᠦᠨ ᠪᠦᠲᠦᠭᠡᠨ ᠪᠠᠶᠢᠭᠤᠯᠤᠯᠳᠠ ᠨᠢ ᠰᠢᠨ᠎ᠡ ᠦᠷ᠎ᠡ ᠠᠰᠢᠭ ᠶᠢ ᠤᠯᠪᠠ | ︵ᠲᠦᠷᠪᠡ︶ ᠠᠮᠢ ᠠᠬᠤᠢ ᠤᠷᠴᠢᠨ ᠲᠤᠭᠤᠷᠢᠨ ᠤ ᠴᠢᠨᠰᠠᠭ᠎ᠠ ᠰᠢᠨ᠎ᠡ ᠦᠭᠡᠷᠡᠴᠢᠯᠡᠯᠳᠡ ᠲᠠᠢ ᠪᠤᠯᠪᠠ | ︵ᠲᠠᠪᠤ︶ ᠪᠦᠬᠦ ᠲᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠬᠦᠯᠬᠦ ᠨᠢ ᠰᠢᠨ᠎ᠡ ᠠᠬᠢᠯᠳᠠ ᠤᠯᠪᠠ | ︵ᠵᠢᠷᠭᠤᠭ᠎ᠠ︶ ᠠᠷᠠᠳ ᠤᠯᠠᠨ ᠤ ᠠᠮᠢᠳᠤᠷᠠᠯ ᠤᠨ ᠳᠦᠪᠰᠢᠨ ᠰᠢᠨ᠎ᠡ ᠳᠡᠭᠡᠭᠰᠢᠯᠡᠯᠳᠡ ᠲᠠᠢ ᠪᠤᠯᠪᠠ | ︵ᠲᠤᠯᠤᠭ᠎ᠠ︶ ᠨᠡᠶᠢᠭᠡᠮ ᠤᠨ ᠦᠢᠯᠡᠴᠢᠯᠡᠯᠭᠡᠨ ᠤ ᠴᠢᠳᠠᠪᠬᠢ ᠰᠢᠨ᠎ᠡ ᠳᠦᠪᠰᠢᠨ ᠳᠤ ᠬᠦᠷᠪᠡ | ᠬᠤᠶᠠᠷ᠂ 2018 ᠤᠨ ᠤ ᠠᠵᠦ ᠠᠬᠤᠢ ᠶᠢᠨ ᠠᠵᠢᠯ ᠤᠨ ᠭᠤᠤᠯᠳᠠᠯᠭ᠎ᠠ | ᠨᠢᠭᠡ ᠳᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠᠭᠤᠷᠠᠢ ᠲᠠᠯ᠎ᠠ ᠪᠠᠨ | ᠨᠦᠬᠦᠪᠦᠷᠢᠯᠡᠨ᠂《 ᠭᠤᠷᠪᠠᠨ ᠶᠡᠭᠡ ᠪᠠᠬᠢᠯᠡᠯᠳᠡ ᠶᠢᠨ ᠳᠠᠶᠢᠯᠠᠯᠳᠤᠭᠠᠨ》 ᠢ ᠰᠠᠶᠢᠳᠤᠷ ᠬᠢᠨ᠎ᠡ | ᠬᠤᠶᠠᠷ ᠲᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ᠂ ᠠᠵᠦ ᠠᠬᠤᠢ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠲᠠᠢ ᠳᠦᠯᠬᠢᠨ | ᠠᠬᠢᠭᠤᠯᠤᠨ᠎ᠠ | ᠭᠤᠷᠪᠠ ᠳᠤ᠂ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠢ ᠤᠷᠢᠳᠠᠪᠠᠷ ᠬᠦᠭᠵᠢᠭᠦᠯᠬᠦ ᠶᠢ | ᠪᠠᠷᠢᠮᠳᠠᠯᠠᠨ᠂ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ | ᠳᠦᠷᠪᠡ ᠳᠤ᠂ ᠬᠦᠭᠵᠢᠯᠳᠡ ᠶᠢᠨ ᠤᠷᠴᠢᠨ ᠲᠤᠭᠤᠷᠢᠨ ᠪᠠ ᠦᠨᠳᠦᠰᠦᠨ ᠨᠦᠬᠦᠴᠡᠯ ᠢ ᠰᠠᠶᠢᠵᠢᠷᠠᠭᠤᠯᠤᠨ᠂ | ᠲᠦᠪᠯᠡᠷᠡᠭᠦᠯᠬᠦ ᠬᠦᠴᠦᠨ ᠪᠠ ᠠᠴᠢᠶᠠᠯᠠᠬᠤ ᠬᠦᠴᠦᠨ ᠢ ᠳᠡᠭᠡᠭᠰᠢᠯᠡᠭᠦᠯᠦᠨ᠎ᠡ | ᠲᠠᠪᠤ ᠲᠤ᠂ ᠠᠷᠠᠳ ᠲᠦᠮᠡᠨ ᠢᠶᠠᠷ ᠲᠦᠪ ᠪᠤᠯᠭᠠᠬᠤ ᠶᠢ ᠪᠠᠷᠢᠮᠳᠠᠯᠠᠨ᠂ ᠨᠡᠶᠢᠭᠡᠮ ᠤᠨ ᠪᠠᠲᠤᠯᠭ᠎ᠠ ᠪᠠ ᠠᠷᠠᠳ | ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | | ᠬᠤᠷᠠᠯ ᠨᠢ ᠡᠯ᠎ᠡ ᠲᠦᠷᠦᠯ ᠤᠨ ᠬᠦᠳᠦᠯᠪᠦᠷᠢ ᠪᠠᠨ ᠲᠡᠭᠦᠰ ᠠᠮᠵᠢᠯᠳᠠᠢ ᠪᠡᠶᠡᠯᠡᠭᠦᠯᠦᠨ᠂ ᠤᠯᠠᠨ ᠤᠯᠤᠰ ᠤᠨ | ᠳᠠᠭᠤᠨ ᠤ ᠳᠤᠮᠳᠠ ᠠᠮᠵᠢᠯᠳᠠᠢ ᠦᠨᠳᠦᠷᠯᠡᠪᠡ︕ |