ᠡᠪ ᠬᠠᠮᠲᠦ ᠨᠠᠮ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶ᠎ᠠ ᠨᠢ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ︵ᠦᠷᠭᠡᠳᠬᠡᠭᠰᠡᠨ︶  ᠬᠤᠷᠠᠯ ᠵᠢᠴᠢ ᠠᠵᠦ ᠠᠬᠤᠢ ᠶᠢᠨ ᠬᠤᠷᠠᠯᠳᠤᠭᠠᠨ ᠢ ᠬᠤᠷᠠᠯᠳᠤᠵᠠᠢ
ᠨᠡᠶᠢᠲᠡᠯᠡᠭᠰᠡᠨ ᠴᠠᠭ᠄
2018-02-02
            ᠡᠪ ᠬᠠᠮᠲᠦ ᠨᠠᠮ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶ᠎ᠠ ᠨᠢ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ︵ᠦᠷᠭᠡᠳᠬᠡᠭᠰᠡᠨ︶  ᠬᠤᠷᠠᠯ ᠵᠢᠴᠢ ᠠᠵᠦ ᠠᠬᠤᠢ ᠶᠢᠨ ᠬᠤᠷᠠᠯᠳᠤᠭᠠᠨ ᠢ ᠬᠤᠷᠠᠯᠳᠤᠵᠠᠢ
     
     1 ᠰᠠᠷ᠎ᠠ ᠶᠢᠨ 29 ᠤ ᠡᠳᠦᠷ᠂ ᠡᠪ ᠬᠠᠮᠲᠦ ᠨᠠᠮ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ︵ᠦᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠦ ᠠᠬᠤᠢ ᠶᠢᠨ ᠬᠤᠷᠠᠯᠳᠤᠭᠠᠨ ᠨᠢ ᠤᠯᠤᠰ ᠶᠢᠨ ᠲᠤᠭ  ᠤᠨ ᠳᠠᠭᠤᠨ ᠤ ᠳᠤᠮᠳᠠ ᠦᠪᠡᠳᠡᠭᠰᠢ ᠶᠡᠭᠡ ᠢᠶᠠᠷ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠡᠯ᠎ᠡ ᠱᠦᠵᠢ᠂ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠭᠡᠰᠢᠭᠦᠨ᠂ ᠤᠷᠤᠯᠠᠭᠴᠢ ᠭᠡᠰᠢᠭᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ᠂ ᠠᠷᠠᠳ ᠤᠨ ᠰᠢᠭᠦᠭᠦ ᠬᠤᠷᠢᠶ᠎ᠠ ᠪᠤᠯᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ ᠲᠤᠳᠤᠭᠠᠲᠦ ᠶᠢ ᠬᠠᠮᠠᠭᠠᠯᠠᠬᠤ ᠲᠤᠪᠴᠢᠶᠠᠨ ᠤ ᠺᠤᠮᠢᠰᠰᠤᠷ ᠬᠤᠷᠠᠯ ᠳᠤ ᠤᠷᠤᠯᠴᠠᠭᠰᠠᠨ ᠪᠠᠶᠢᠨ᠎ᠠ᠃ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠰᠢᠭᠦᠨ᠂ ᠡᠯ᠎ᠡ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ᠂ ᠳᠡᠳ᠋ ᠱᠦᠵᠢ᠂ ᠠᠵᠦ ᠦᠢᠯᠡᠳᠪᠦᠷᠢ ᠠᠵᠦ ᠠᠬᠤᠢ᠂ ᠲᠠᠷᠢᠶᠠᠯᠠᠩ ᠮᠠᠯ ᠠᠵᠦ ᠠᠬᠤᠢ ᠶᠢᠨ ᠠᠵᠢᠯ ᠶᠢ ᠬᠤᠪᠢᠳᠠᠨ ᠬᠠᠮᠢᠶᠠᠷᠴᠦ ᠪᠠᠶᠢᠭ᠎ᠠ ᠳᠡᠳ᠋ ᠰᠤᠮᠤ ᠪᠠᠯᠭᠠᠰᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ ᠨᠢᠭᠡᠴᠡ᠂ ᠡᠯ᠎ᠡ ᠠᠷᠠᠳ ᠤᠨ ᠪᠦᠯᠬᠦᠮ᠂ ᠡᠯ᠎ᠡ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠳᠠ᠂ ᠬᠤᠰᠢᠭᠤᠨ ᠳᠤ ᠰᠠᠭᠤᠭ᠎ᠠ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ᠂ ᠨᠠᠮ ᠤᠨ ᠡᠭᠦᠷ ᠤᠨ ᠱᠦᠵᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠡᠳ᠋ ᠳᠤᠰᠢᠶᠠᠯᠳᠠᠨ᠂ ᠭᠡᠰᠡᠭ ᠠᠵᠦ ᠠᠬᠤᠶᠢᠯᠠᠯ ᠶᠢᠨ ᠲᠦᠯᠦᠭᠡᠯᠡᠭᠴᠢ ᠬᠤᠷᠠᠯ ᠳᠤ ᠤᠷᠤᠯᠴᠠᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠬᠤᠷᠠᠯ ᠢ ᠡᠷᠬᠢᠯᠡᠵᠠᠢ᠃
     
      ᠪᠤᠤ ᠯᠢ ᠬᠤᠸᠠ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠬᠤᠷᠠᠯᠳᠤᠭᠠᠨ ᠢ ᠲᠦᠯᠦᠭᠡᠯᠡᠨ ᠦᠷᠭᠡᠳᠬᠡᠭᠰᠡᠨ ᠬᠤᠷᠠᠯ ᠳᠤ ᠠᠵᠢᠯ ᠤᠨ ᠮᠡᠳᠡᠭᠦᠯᠦᠯᠳᠡ ᠬᠢᠵᠠᠢ᠃              ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠤᠬᠠᠭᠤᠯᠤᠨ ᠲᠤᠤᠱᠯᠠᠭᠤᠯᠬᠤ ᠬᠡᠷᠡᠭᠳᠠᠢ       ᠬᠤᠶᠠᠷ ᠲᠤ᠂ ᠪᠦᠬᠦ ᠬᠦᠴᠦᠨ ᠢᠶᠠᠷ ᠠᠵᠦ ᠠᠬᠤᠢ ᠶᠢᠨ ᠲᠤᠭᠳᠠᠭᠤᠨ ᠢᠶᠠᠷ ᠡᠷᠡᠭᠦᠯ ᠬᠦᠭᠵᠢᠭ᠊ ᠶᠢ ᠪᠠᠲᠤᠯᠠᠬᠤ ᠬᠡᠷᠡᠭᠳᠠᠢ       ᠭᠤᠷᠪᠠ ᠳᠤ᠂ ᠦᠭᠡᠷᠡᠴᠢᠯᠡᠯᠳᠡ ᠬᠢᠵᠦ ᠴᠢᠯᠦᠭᠡᠳᠠᠢ ᠶᠠᠪᠤᠯᠴᠠᠬᠤ ᠶᠢ ᠭᠦᠨ ᠲᠡᠰᠢ ᠬᠦᠭᠵᠢᠭᠦᠯᠬᠦ ᠶᠢ ᠯᠠᠪᠳᠠᠭᠤᠨ ᠪᠠᠲᠤᠳᠠᠢ ᠠᠬᠢᠭᠤᠯᠤᠨ᠎ᠠ       ᠲᠦᠷᠪᠡ ᠲᠤ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ ᠠᠳᠬᠤᠨ᠎ᠠ              ᠲᠠᠪᠤ ᠳᠤ᠂ ᠡᠯ᠎ᠡ ᠦᠨᠳᠦᠰᠦᠳᠡᠨ ᠤ ᠠᠷᠠᠳ ᠲᠦᠮᠡᠨ ᠤ ᠵᠤᠯ ᠵᠢᠷᠭᠠᠯ ᠢ ᠬᠦᠴᠦᠯᠡᠨ ᠨᠡᠮᠡᠭᠳᠡᠭᠦᠯᠦᠨ᠎ᠡ               ᠵᠢᠷᠭᠤᠭ᠎ᠠ ᠳᠤ᠂ ᠠᠷᠠᠳᠴᠢᠯᠠᠯᠲᠦ ᠤᠯᠤᠰ ᠲᠦᠷᠦ ᠶᠢᠨ ᠪᠠᠶᠢᠭᠤᠯᠤᠯᠳᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠤᠨ᠎ᠠ               ᠲᠤᠯᠤᠭ᠎ᠠ ᠲᠤ᠂ ᠪᠦᠬᠦ ᠲᠠᠯ᠎ᠠ ᠢᠶᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠳᠠᠯᠠᠨ᠎ᠠ                 ᠨᠠᠢᠮᠠ ᠳᠤ᠂ ᠦᠪᠡᠷ ᠤᠨ ᠬᠤᠪᠢ ᠪᠡᠶ᠎ᠡ ᠤ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠨ᠎ᠠ
     
     
      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠤ᠋ ᠫᠧᠩ 2018 ᠤᠨ ᠤ ᠪᠦᠬᠦ ᠬᠤᠰᠢᠭᠤᠨ ᠤ ᠠᠵᠦ ᠠᠬᠤᠢ ᠶᠢᠨ ᠠᠵᠢᠯ ᠶᠢ ᠪᠤᠳᠠᠳᠠᠢ ᠪᠠᠶᠢᠷᠢᠯᠠᠭᠤᠯᠪᠠ᠃       ᠨᠢᠭᠡ᠂ 2017 ᠤᠨ ᠤ ᠠᠵᠦ ᠠᠬᠤᠢ ᠶᠢᠨ ᠠᠵᠢᠯ ᠤᠨ ᠡᠷᠭᠢᠴᠡᠭᠦᠯᠦᠯ       ︵ᠨᠢᠭᠡ︶  ᠶᠡᠷᠦᠩᠬᠡᠢ ᠠᠵᠦ ᠠᠬᠤᠢ ᠶᠢᠨ ᠪᠤᠳᠠᠲᠦ ᠬᠦᠴᠦᠨ ᠰᠢᠨ᠎ᠡ ᠳᠡᠭᠡᠭᠰᠢᠯᠡᠯᠳᠡ ᠲᠠᠢ ᠪᠤᠯᠵᠠᠢ       ︵ᠬᠤᠶᠠᠷ︶ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠨᠢ ᠰᠢᠨ᠎ᠡ ᠠᠬᠢᠴᠠ ᠲᠠᠢ ᠪᠤᠯᠪᠠ       ︵ᠭᠤᠷᠪᠠ︶ ᠦᠨᠳᠦᠰᠦᠨ ᠪᠦᠲᠦᠭᠡᠨ ᠪᠠᠶᠢᠭᠤᠯᠤᠯᠳᠠ ᠨᠢ ᠰᠢᠨ᠎ᠡ ᠦᠷ᠎ᠡ ᠠᠰᠢᠭ ᠶᠢ ᠤᠯᠪᠠ       ︵ᠲᠦᠷᠪᠡ︶ ᠠᠮᠢ ᠠᠬᠤᠢ ᠤᠷᠴᠢᠨ ᠲᠤᠭᠤᠷᠢᠨ ᠤ ᠴᠢᠨᠰᠠᠭ᠎ᠠ ᠰᠢᠨ᠎ᠡ ᠦᠭᠡᠷᠡᠴᠢᠯᠡᠯᠳᠡ ᠲᠠᠢ ᠪᠤᠯᠪᠠ       ︵ᠲᠠᠪᠤ︶ ᠪᠦᠬᠦ ᠲᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠬᠦᠯᠬᠦ ᠨᠢ ᠰᠢᠨ᠎ᠡ ᠠᠬᠢᠯᠳᠠ ᠤᠯᠪᠠ       ︵ᠵᠢᠷᠭᠤᠭ᠎ᠠ︶ ᠠᠷᠠᠳ ᠤᠯᠠᠨ ᠤ ᠠᠮᠢᠳᠤᠷᠠᠯ ᠤᠨ ᠳᠦᠪᠰᠢᠨ ᠰᠢᠨ᠎ᠡ ᠳᠡᠭᠡᠭᠰᠢᠯᠡᠯᠳᠡ ᠲᠠᠢ ᠪᠤᠯᠪᠠ       ︵ᠲᠤᠯᠤᠭ᠎ᠠ︶ ᠨᠡᠶᠢᠭᠡᠮ ᠤᠨ ᠦᠢᠯᠡᠴᠢᠯᠡᠯᠭᠡᠨ ᠤ ᠴᠢᠳᠠᠪᠬᠢ ᠰᠢᠨ᠎ᠡ ᠳᠦᠪᠰᠢᠨ ᠳᠤ ᠬᠦᠷᠪᠡ       ᠬᠤᠶᠠᠷ᠂ 2018 ᠤᠨ ᠤ ᠠᠵᠦ ᠠᠬᠤᠢ ᠶᠢᠨ ᠠᠵᠢᠯ ᠤᠨ ᠭᠤᠤᠯᠳᠠᠯᠭ᠎ᠠ       ᠨᠢᠭᠡ ᠳᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠᠭᠤᠷᠠᠢ ᠲᠠᠯ᠎ᠠ ᠪᠠᠨ ᠨᠦᠬᠦᠪᠦᠷᠢᠯᠡᠨ᠂《 ᠭᠤᠷᠪᠠᠨ ᠶᠡᠭᠡ ᠪᠠᠬᠢᠯᠡᠯᠳᠡ ᠶᠢᠨ ᠳᠠᠶᠢᠯᠠᠯᠳᠤᠭᠠᠨ》 ᠢ ᠰᠠᠶᠢᠳᠤᠷ ᠬᠢᠨ᠎ᠡ       ᠬᠤᠶᠠᠷ ᠲᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠵᠦ ᠠᠬᠤᠢ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠲᠠᠢ ᠳᠦᠯᠬᠢᠨ ᠠᠬᠢᠭᠤᠯᠤᠨ᠎ᠠ       ᠭᠤᠷᠪᠠ ᠳᠤ᠂ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠢ ᠤᠷᠢᠳᠠᠪᠠᠷ ᠬᠦᠭᠵᠢᠭᠦᠯᠬᠦ ᠶᠢ ᠪᠠᠷᠢᠮᠳᠠᠯᠠᠨ᠂ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ       ᠳᠦᠷᠪᠡ ᠳᠤ᠂ ᠬᠦᠭᠵᠢᠯᠳᠡ ᠶᠢᠨ ᠤᠷᠴᠢᠨ ᠲᠤᠭᠤᠷᠢᠨ ᠪᠠ ᠦᠨᠳᠦᠰᠦᠨ ᠨᠦᠬᠦᠴᠡᠯ ᠢ ᠰᠠᠶᠢᠵᠢᠷᠠᠭᠤᠯᠤᠨ᠂ ᠲᠦᠪᠯᠡᠷᠡᠭᠦᠯᠬᠦ ᠬᠦᠴᠦᠨ ᠪᠠ ᠠᠴᠢᠶᠠᠯᠠᠬᠤ ᠬᠦᠴᠦᠨ ᠢ ᠳᠡᠭᠡᠭᠰᠢᠯᠡᠭᠦᠯᠦᠨ᠎ᠡ       ᠲᠠᠪᠤ ᠲᠤ᠂ ᠠᠷᠠᠳ ᠲᠦᠮᠡᠨ ᠢᠶᠠᠷ ᠲᠦᠪ ᠪᠤᠯᠭᠠᠬᠤ ᠶᠢ ᠪᠠᠷᠢᠮᠳᠠᠯᠠᠨ᠂ ᠨᠡᠶᠢᠭᠡᠮ ᠤᠨ ᠪᠠᠲᠤᠯᠭ᠎ᠠ ᠪᠠ ᠠᠷᠠᠳ  ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ
     
      ᠬᠤᠷᠠᠯ ᠨᠢ ᠡᠯ᠎ᠡ ᠲᠦᠷᠦᠯ ᠤᠨ ᠬᠦᠳᠦᠯᠪᠦᠷᠢ ᠪᠠᠨ ᠲᠡᠭᠦᠰ ᠠᠮᠵᠢᠯᠳᠠᠢ ᠪᠡᠶᠡᠯᠡᠭᠦᠯᠦᠨ᠂ ᠤᠯᠠᠨ ᠤᠯᠤᠰ ᠤᠨ ᠳᠠᠭᠤᠨ ᠤ ᠳᠤᠮᠳᠠ ᠠᠮᠵᠢᠯᠳᠠᠢ ᠦᠨᠳᠦᠷᠯᠡᠪᠡ︕  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号