ᠰᠢᠯᠤᠭᠤᠨ ᠬᠦᠪᠡᠭᠡᠲᠦ ᠴᠠᠭᠠᠨ ᠬᠤᠰᠢᠭᠤ ᠨᠢ 2018 ᠤᠨ ᠤ ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠵᠠᠢ
ᠨᠡᠶᠢᠲᠡᠯᠡᠭᠰᠡᠨ ᠴᠠᠭ᠄
2018-03-01
                 ᠰᠢᠯᠤᠭᠤᠨ ᠬᠦᠪᠡᠭᠡᠲᠦ ᠴᠠᠭᠠᠨ ᠬᠤᠰᠢᠭᠤ ᠨᠢ 2018 ᠤᠨ ᠤ             ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ          ᠪᠡᠯᠴᠢᠭᠡᠷ ᠰᠡᠷᠭᠦᠭᠡᠬᠦ ᠠᠵᠢᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠵᠠᠢ
       
       2 ᠰᠠᠷ᠎ᠠ ᠶᠢᠨ 28 ᠤ ᠡᠳᠦᠷ᠂ ᠬᠤᠰᠢᠭᠤ ᠤᠬᠠᠭᠤᠯᠬᠤ ᠬᠡᠯᠳᠡᠰ᠂ ᠠᠮᠢ ᠠᠬᠤᠢ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠳᠤᠪᠴᠢᠶ᠎ᠠ ᠬᠠᠮᠳᠤᠷᠠᠨ ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠵᠦ᠂ 2018 ᠤᠨ ᠤ ᠪᠦᠬᠦ ᠬᠤᠰᠢᠭᠤᠨ ᠤ ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠪᠠᠶᠢᠷᠢᠯᠠᠭᠤᠯᠤᠭᠰᠠᠨ ᠪᠠᠶᠢᠳᠠᠯ ᠳᠤ ᠨᠡᠶᠢᠳᠡᠯᠡᠯ ᠬᠢᠵᠠᠢ᠃ ᠬᠤᠰᠢᠭᠤ ᠤᠬᠠᠭᠤᠯᠬᠤ ᠬᠡᠯᠳᠡᠰ ᠤᠨ ᠳᠡᠳ᠋ ᠳᠠᠷᠤᠭ᠎ᠠ᠂ ᠭᠠᠳᠠᠭᠠᠲᠦ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ ᠰᠢᠭᠤᠷᠭᠠᠨ ᠬᠤᠷᠠᠯ ᠢ ᠡᠷᠬᠢᠯᠡᠵᠠᠢ᠃
     
       ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ ᠠᠯᠪᠠᠨ ᠭᠡᠷ ᠠᠴᠠ《2018 ᠤᠨ ᠤ ᠪᠦᠬᠦ ᠠᠶᠢᠮᠠᠭ  ᠤᠨ ᠬᠠᠪᠤᠷ ᠤᠨ ᠤᠯᠠᠷᠢᠯ ᠶᠢᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠬᠡᠷᠡᠭᠵᠢᠭᠦᠯᠬᠦ ᠲᠦᠰᠦᠪ ᠤᠨ ᠮᠡᠳᠡᠭᠳᠡᠯ》︵ᠰᠢᠯᠢ ᠵᠠᠰᠠᠭ ᠠᠯᠪᠠᠨ ᠲᠠᠷᠬᠠᠭᠠᠭᠰᠠᠨ〔2018〕7 ᠲᠤᠭᠠᠳᠦ︶ ᠢ ᠦᠨᠳᠦᠰᠦᠯᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ 2018 ᠤᠨ ᠠᠴᠠ ᠡᠬᠢᠯᠡᠨ ᠪᠦᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢᠰᠢᠯ ᠤᠨ ᠤᠷᠤᠨ ᠳᠤ ᠬᠠᠪᠤᠷ ᠤᠨ ᠤᠯᠠᠷᠢᠯ ᠶᠢᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠡᠬᠢᠯᠡᠨ ᠶᠠᠪᠤᠭᠳᠠᠭᠤᠯᠬᠤ ᠪᠠᠷ ᠪᠤᠯᠵᠦ᠂ ᠰᠢᠨ᠎ᠡ ᠨᠢᠭᠡ ᠡᠭᠡᠯᠵᠢᠨ ᠤ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢ ᠮᠦᠩᠭᠦ ᠦᠭᠬᠦ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ᠂ ᠪᠦᠬᠦ ᠬᠤᠰᠢᠭᠤᠨ ᠤ 4 ᠰᠤᠮᠤ ᠪᠠᠯᠭᠠᠰᠤ᠂ 38 ᠭᠠᠴᠠᠭᠠᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠤᠷᠤᠨ ᠳᠤ ᠡᠬᠢᠯᠡᠨ ᠬᠡᠷᠡᠭᠯᠡᠵᠦ᠂ ᠪᠡᠯᠴᠢᠭᠡᠷ ᠰᠡᠷᠭᠦᠭᠡᠬᠦ ᠲᠠᠯ᠎ᠠ ᠨᠤᠳᠤᠭ ᠤᠨ ᠲᠠᠯᠠᠪᠠᠢ 426.31 ᠲᠦᠮᠡᠨ ᠮᠤ᠋ ᠪᠠᠶᠢᠵᠦ᠂ ᠬᠠᠪᠤᠷ ᠤᠨ ᠤᠯᠠᠷᠢᠯ ᠶᠢᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 1 ᠤ ᠡᠳᠦᠷ ᠬᠦᠷᠳᠡᠯ᠎ᠡ ᠪᠤᠯᠤᠨ᠎ᠠ᠃        ᠬᠠᠪᠤᠷ ᠤᠨ ᠤᠯᠠᠷᠢᠯ ᠶᠢᠨ ᠪᠡᠯᠴᠢᠭᠡᠷ ᠰᠡᠷᠭᠦᠭᠡᠬᠦ ᠠᠵᠢᠯ ᠤᠨ ᠪᠤᠳᠠᠳᠠᠢ ᠦᠷ᠎ᠡ ᠠᠰᠢᠭ ᠤᠯᠬᠤ ᠶᠢ ᠪᠠᠲᠤᠯᠠᠬᠤ ᠶᠢᠨ ᠲᠦᠯᠦᠭᠡ᠂ 0.75 ᠲᠦᠭᠦᠷᠢᠭ / ᠮᠤ᠋ ︵ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠤ ᠪᠠᠷᠢᠮᠵᠢᠶ᠎ᠠ ︶ ᠶᠢᠨ ᠪᠠᠷᠢᠮᠵᠢᠶ᠎ᠠ ᠢᠶᠠᠷ ᠪᠡᠯᠴᠢᠭᠡᠷ ᠰᠡᠷᠭᠦᠭᠡᠬᠦ ᠡᠷᠦᠬᠡ ᠳᠤ ᠪᠡᠯᠴᠢᠭᠡᠷ ᠰᠡᠷᠭᠦᠭᠡᠬᠦ ᠲᠠᠯ᠎ᠠ ᠨᠤᠳᠤᠭ ᠤᠨ ᠲᠠᠯᠠᠪᠠᠢ ᠢᠶᠠᠷ ᠨᠦᠬᠦᠪᠦᠷᠢ ᠤᠯᠭᠤᠵᠦ᠂ ᠬᠡᠷᠡᠭᠰᠡᠬᠦ ᠪᠡᠯᠡ ᠮᠦᠩᠭᠦ ᠶᠢ ᠠᠶᠢᠮᠠᠭ᠂ ᠬᠤᠰᠢᠭᠤ ᠬᠤᠶᠠᠷ ᠱᠠᠳᠤ 4᠄ 6 ᠶᠢᠨ ᠬᠠᠷᠢᠴᠠᠯ  ᠢᠶᠠᠷ ᠡᠭᠦᠷᠭᠡᠯᠡᠵᠦ᠂ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠮᠠᠨ ᠤ ᠬᠤᠰᠢᠭᠤᠨ ᠤ ᠪᠡᠯᠴᠢᠭᠡᠷ ᠰᠡᠷᠭᠦᠭᠡᠬᠦ ᠨᠦᠬᠦᠪᠦᠷᠢ ᠶᠢᠨ ᠪᠡᠯᠡ ᠮᠦᠩᠭᠦ ᠶᠢᠨ ᠬᠠᠮᠢᠶᠠᠷᠤᠯᠳᠠ ᠪᠠ ᠲᠠᠷᠬᠠᠭᠠᠬᠤ ᠠᠵᠢᠯ ᠢ ᠬᠠᠷᠢᠭᠤᠴᠠᠨ᠎ᠠ᠂ ᠴᠠᠭ ᠲᠤᠬᠠᠢ ᠳᠤᠨᠢ ᠨᠦᠬᠦᠪᠦᠷᠢ ᠶᠢᠨ ᠪᠡᠯᠡ ᠮᠦᠩᠭᠦ ᠶᠢᠨ ᠡᠷᠦᠬᠡ ᠳᠤ ᠬᠦᠷᠦᠭᠰᠡᠨ ᠪᠠᠶᠢᠳᠠᠯ ᠢ ᠬᠢᠨᠠᠵᠦ᠂《 ᠪᠦᠷᠢᠨ ᠡᠷᠬᠡᠲᠦ ᠺᠠᠷᠲ》 ᠢᠶᠠᠷ ᠴᠠᠭ ᠲᠤᠬᠠᠢ ᠳᠤᠨᠢ ᠮᠠᠯᠴᠢᠨ ᠡᠷᠦᠬᠡ ᠳᠤ ᠳᠠᠷᠬᠠᠭᠠᠨ᠎ᠠ᠃      
     
       ᠳᠠᠭᠠᠤ ᠳᠤ ᠨᠢ᠂ ᠬᠤᠰᠢᠭᠤ ᠠᠮᠢ ᠠᠬᠤᠢ ᠶᠢᠨ ᠳᠣᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠵᠤᠷᠢᠯᠭ᠎ᠠ᠂ ᠬᠦᠷᠢᠶ᠎ᠡ ᠬᠡᠪᠴᠢᠶ᠎ᠡ ᠴᠠᠭ ᠬᠤᠭᠤᠴᠠᠭ᠎ᠠ᠂ ᠨᠦᠬᠦᠪᠦᠷᠢ ᠤᠯᠭᠤᠬᠤ ᠪᠠᠷᠢᠮᠵᠢᠶ᠎ᠠ᠂ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠲᠠᠯ᠎ᠠ  ᠳᠤ ᠰᠤᠷᠪᠤᠯᠵᠢᠯᠠᠭᠴᠢ ᠶᠢᠨ ᠠᠰᠠᠭᠤᠯᠳᠠ ᠢ ᠬᠠᠷᠢᠭᠤᠯᠵᠠᠢ᠃ ᠲᠤᠰ ᠤᠳᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠵᠢᠴᠢ ᠰᠤᠨᠢᠨ ᠮᠡᠳᠡᠭᠡ ᠵᠠᠭᠤᠴᠢᠯᠠᠭᠤᠷ ᠤᠨ ᠤᠬᠠᠭᠤᠯᠭ᠎ᠠ ᠮᠡᠳᠡᠭᠡᠯᠡᠯ ᠢᠶᠠᠷ ᠳᠠᠮᠵᠢᠨ᠂ ᠦᠷᠭᠡᠨ ᠤᠯᠠᠨ ᠮᠠᠯᠴᠢᠨ ᠲᠦᠮᠡᠨ ᠤ ᠬᠠᠪᠤᠷ ᠶᠢᠨ ᠤᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠴᠢᠬᠤᠯᠠ ᠴᠢᠨᠠᠷ ᠪᠠ ᠬᠠᠮᠢᠶ᠎ᠠ ᠪᠦᠬᠦᠢ ᠱᠠᠭᠠᠷᠳᠠᠯᠭ᠎ᠠ ᠢ ᠤᠶᠢᠯᠠᠭᠠᠭᠤᠯᠵᠦ᠂ ᠪᠡᠯᠴᠢᠭᠡᠷ ᠰᠡᠷᠭᠦᠭᠡᠬᠦ ᠲᠦᠷᠦ ᠶᠢᠨ ᠪᠤᠳᠤᠯᠭ᠎ᠠ ᠡᠷᠦᠬᠡ ᠪᠤᠯᠭᠠᠨ ᠳᠤ ᠨᠡᠪᠲᠡᠷᠡᠨ᠂ ᠬᠦᠮᠦᠨ ᠪᠤᠯᠭᠠᠨ ᠮᠡᠳᠡᠵᠦ᠂ ᠪᠡᠯᠴᠢᠭᠡᠷ ᠰᠡᠷᠭᠦᠭᠡᠬᠦ ᠠᠵᠢᠯ ᠪᠤᠳᠠᠳᠠᠢ ᠦᠷ᠎ᠡ ᠠᠰᠢᠭ ᠤᠯᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号