ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠲᠠᠪᠤᠨ ᠲᠦᠷᠦᠯ ᠤᠨ ᠠᠷᠭ᠎ᠠ ᠬᠡᠮᠵᠢᠶ᠎ᠡ ᠪᠠᠷ ᠤᠢ ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠬᠦ ᠠᠵᠢᠯ ᠶᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2018-03-15
                  ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠲᠠᠪᠤᠨ ᠲᠦᠷᠦᠯ ᠤᠨ                 ᠠᠷᠭ᠎ᠠ ᠬᠡᠮᠵᠢᠶ᠎ᠡ ᠪᠠᠷ ᠤᠢ ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠬᠦ                             ᠠᠵᠢᠯ ᠶᠢ ᠰᠠᠶᠢᠳᠤᠷ ᠬᠢᠵᠦ ᠪᠠᠶᠢᠨ᠎ᠠ         ᠠᠭᠤᠷ ᠠᠮᠢᠰᠬᠤᠯ ᠲᠤᠯᠠᠭᠠᠷᠠᠬᠤ ᠶᠢ ᠳᠠᠭᠠᠯᠳᠤᠨ᠂ ᠰᠠᠯᠬᠢᠨ ᠲᠠᠢ ᠴᠠᠭ ᠠᠭᠠᠷ ᠤᠯᠠᠰᠢᠷᠠᠨ᠂ ᠭᠠᠯ ᠶᠢᠨ ᠠᠶᠤᠯ ᠡᠭᠦᠰᠬᠦ ᠨᠤᠷᠮ᠎ᠠ ᠲᠠᠰᠣᠷᠠᠯᠳᠠ ᠦᠭᠡᠢ ᠳᠡᠭᠡᠭᠰᠢᠯᠡᠨ᠂ 3 ᠰᠠᠷ᠎ᠠ ᠶᠢᠨ 15 ᠤ ᠡᠳᠦᠷ ᠠᠴᠠ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠬᠦ ᠬᠤᠭᠤᠴᠠᠭ᠎ᠠ ᠡᠬᠢᠯᠡᠵᠠᠢ᠃ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠢ ᠪᠦᠲᠦᠮᠵᠢᠳᠠᠢ ᠰᠡᠷᠭᠡᠶᠢᠯᠡᠬᠦ ᠪᠠ ᠡᠵᠡᠮᠳᠡᠬᠦ ᠶᠢᠨ ᠲᠤᠯᠠᠳᠠ᠂ ᠦᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠢ ᠬᠠᠮᠠᠭᠠᠯᠠᠨ᠂ ᠮᠠᠨ ᠤ ᠬᠤᠰᠢᠭᠤ ᠨᠢ ᠲᠠᠪᠤᠨ ᠲᠦᠷᠦᠯ ᠤᠨ ᠠᠷᠭ᠎ᠠ ᠬᠡᠮᠵᠢᠶ᠎ᠡ ᠠᠪᠴᠦ ᠪᠦᠬᠦ ᠬᠦᠴᠦᠨ ᠢᠶᠠᠷ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠦᠯ ᠢ ᠰᠡᠷᠭᠡᠶᠢᠯᠡᠬᠦ ᠠᠵᠢᠯ ᠢ ᠰᠠᠶᠢᠳᠤᠷ ᠬᠢᠵᠦ ᠪᠠᠶᠢᠨ᠎ᠠ᠃
            ᠨᠢᠭᠡ ᠳᠤ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠢ ᠰᠡᠷᠭᠡᠶᠢᠯᠡᠬᠦ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠱᠠᠳᠤ ᠳᠠᠷᠠᠭᠠᠯᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠶᠢ ᠳᠤᠭᠳᠠᠨ ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠠᠷᠠᠯᠳᠠ  ᠪᠠᠨ ᠲᠤᠳᠤᠷᠬᠠᠶᠢᠯᠠᠨ᠂ ᠡᠭᠦᠷᠭᠡ ᠪᠠᠨ ᠵᠠᠳᠠᠯᠵᠦ᠂ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠂ ᠰᠠᠬᠢᠯᠭ᠎ᠠ ᠪᠠᠲᠦ ᠪᠠᠨ ᠲᠤᠳᠤᠳᠬᠠᠨ᠎ᠠ᠃       ᠬᠤᠶᠠᠷ ᠲᠤ᠂ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠤᠢ ᠰᠢᠭᠤᠢ ᠲᠠᠯ᠎ᠠ ᠨᠤᠳᠤᠭ ᠤᠨ ᠬᠠᠤᠯᠢ ᠳᠦᠷᠢᠮ ᠵᠢᠴᠢ ᠭᠠᠯ ᠰᠡᠷᠭᠡᠶᠢᠯᠡᠨ ᠭᠠᠯ ᠤᠨᠳᠠᠷᠠᠭᠠᠬᠤ ᠮᠡᠳᠡᠯᠭᠡ ᠪᠤᠯᠪᠠᠰᠤᠷᠠᠯ ᠢ ᠭᠠᠴᠠᠭ᠎ᠠ ᠲᠤᠰᠬᠤᠨ᠂ ᠮᠠᠯᠴᠢᠨ ᠲᠠᠷᠢᠶᠠᠴᠢᠨ᠂ ᠦᠢᠯᠡᠳᠪᠦᠷᠢ᠂ ᠰᠤᠷᠭᠠᠭᠤᠯᠢ ᠳᠤ ᠬᠦᠷᠭᠡᠬᠦ ᠠᠵᠢᠯ ᠶᠢ ᠬᠦᠴᠦᠯᠡᠨ ᠴᠢᠩᠭᠠᠳᠬᠠᠨ᠂ ᠪᠦᠬᠦ ᠨᠡᠶᠢᠭᠡᠮ ᠤᠨ ᠭᠠᠯ ᠢ ᠰᠡᠷᠭᠡᠶᠢᠯᠡᠬᠦ ᠤᠬᠠᠮᠰᠠᠷ ᠪᠠ ᠭᠠᠯ ᠤᠨᠳᠠᠷᠠᠭᠠᠬᠤ ᠴᠢᠳᠠᠪᠬᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃       ᠭᠤᠷᠪᠠ ᠳᠤ᠂ ᠭᠠᠯ ᠤᠨ ᠡᠬᠢ ᠡᠭᠦᠰᠪᠦᠷᠢ ᠶᠢ ᠴᠢᠩᠭ᠎ᠠ ᠬᠠᠮᠢᠶᠠᠷᠦᠨ᠎ᠠ᠃ ᠠᠵᠢᠯ ᠤᠨ ᠬᠦᠮᠦᠰ ᠪᠠ ᠲᠡᠷᠭᠡ ᠤᠨᠠᠭᠠᠨ ᠤ ᠬᠠᠮᠢᠶᠠᠷᠤᠯᠳᠠ ᠢ ᠦᠨᠡᠨᠬᠦ ᠴᠢᠩᠭᠠᠳᠬᠠᠨ᠂ ᠤᠢ ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠨ ᠬᠢᠨᠠᠨ ᠵᠢᠯᠤᠭᠤᠳᠤᠬᠤ ᠠᠵᠢᠯ ᠶᠢ ᠦᠷᠨᠢᠭᠦᠯᠤᠨ᠂ ᠪᠦᠲᠦᠮᠵᠢᠳᠠᠢ ᠠᠷᠭ᠎ᠠ ᠬᠡᠮᠵᠢᠶ᠎ᠡ ᠠᠪᠤᠨ᠂ ᠭᠠᠯ ᠤᠨ ᠡᠬᠢ ᠡᠭᠦᠰᠪᠦᠷᠢ ᠶᠢ ᠴᠢᠩᠭ᠎ᠠ ᠬᠠᠮᠢᠶᠠᠷᠤᠨ᠎ᠠ᠃        ᠳᠦᠷᠪᠡ ᠳᠤ᠂ ᠡᠮᠬᠢ ᠴᠤᠭᠴᠠ ᠲᠠᠢ ᠲᠤᠬᠢᠷᠠᠭᠤᠯᠤᠨ ᠵᠤᠬᠢᠴᠠᠭᠤᠯᠬᠤ ᠶᠢ ᠪᠠᠲᠤᠯᠠᠨ᠎ᠠ᠃ ᠭᠠᠯ ᠢ ᠰᠡᠷᠭᠡᠶᠢᠯᠡᠬᠦ ᠬᠤᠭᠤᠴᠠᠭᠠᠨ ᠤ 24 ᠴᠠᠭ ᠤᠨ ᠵᠢᠵᠢᠭᠦᠷᠯᠡᠬᠦ ᠳᠦᠷᠢᠮ ᠶᠢ ᠴᠢᠩᠭ᠎ᠠ ᠬᠡᠷᠡᠭᠵᠢᠭᠦᠯᠦᠨ᠂ ᠭᠠᠯ ᠤᠨ ᠠᠶᠦᠯ ᠭᠠᠷᠤᠭᠰᠠᠨ ᠤ ᠳᠠᠷᠠᠭ᠎ᠠ ᠨᠢᠭᠡᠳᠦᠭᠡᠷ ᠬᠤᠭᠤᠴᠠᠭᠠᠨ ᠳᠤ ᠬᠤᠰᠢᠭᠤ ᠭᠠᠯ ᠢ ᠰᠡᠷᠭᠡᠶᠢᠯᠡᠬᠦ ᠵᠢᠯᠤᠭᠤᠳᠤᠯᠭ᠎ᠠ ᠬᠡᠯᠳᠡᠰ ᠳᠤ ᠮᠡᠳᠡᠭᠦᠯᠦᠨ᠂ ᠳᠠᠭᠠᠤ ᠳᠤᠨᠢ ᠭᠠᠯ ᠤᠨᠳᠠᠷᠠᠭᠠᠬᠤ ᠠᠩᠭᠢ ᠶᠢ ᠵᠤᠬᠢᠶᠠᠨ ᠪᠠᠶᠢᠭᠤᠯᠤᠨ ᠴᠠᠭ ᠳᠠᠷᠤᠢ ᠳᠤᠨᠢ ᠭᠠᠯ ᠤᠨᠳᠠᠷᠠᠭᠠᠬᠤ ᠬᠦᠳᠡᠯᠭᠡᠭᠡᠨ ᠳᠤ ᠤᠷᠤᠯᠴᠠᠨ᠎ᠠ᠃ ᠠᠮᠠᠷᠠᠯᠳᠠ ᠴᠢᠯᠦᠭᠡᠨ ᠤ ᠬᠤᠭᠤᠴᠠᠭᠠᠨ ᠳᠤ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠤᠨ《 ᠠᠮᠤᠷ ᠲᠦᠪᠰᠢᠨ ᠤ ᠮᠡᠳᠡᠭᠦᠯᠦᠯᠳᠡ》 ᠶᠢᠨ ᠳᠦᠷᠢᠮ ᠶᠢ ᠬᠡᠷᠡᠭᠵᠢᠭᠦᠯᠦᠨ ᠂ ᠰᠤᠷᠠᠭ ᠵᠠᠩᠬᠢ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ ᠬᠡᠷᠡᠭᠳᠠᠢ᠃        ᠲᠠᠪᠤ ᠳᠤ᠂ ᠳᠠᠯᠳᠠ ᠭᠡᠮ ᠢ ᠠᠷᠢᠯᠭᠠᠬᠤ ᠶᠢ ᠴᠢᠩᠭᠠᠳᠬᠠᠨ᠎ᠠ᠃ ᠴᠠᠭᠳᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠭᠤᠤᠯᠳᠠᠯᠭᠠᠲᠦ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠤ ᠭᠠᠯ ᠰᠡᠷᠭᠡᠶᠢᠯᠡᠬᠦ ᠠᠵᠢᠯ ᠢ ᠦᠨᠡᠨᠬᠦ ᠬᠢᠨᠠᠯᠳᠠ ᠲᠠᠯᠪᠢᠨ ᠬᠠᠮᠢᠶᠠᠷᠴᠦ᠂ ᠬᠡᠭᠡᠷ᠎ᠡ ᠭᠠᠳᠠᠨ᠎ᠠ ᠭᠠᠯ ᠰᠡᠷᠭᠡᠶᠢᠯᠡᠬᠦ ᠶᠢ ᠡᠷᠡᠰ ᠬᠤᠷᠢᠭᠯᠠᠨ᠂ ᠤᠨᠴᠠᠭᠠᠶᠢᠯᠠᠨ ᠬᠡᠭᠡᠷ᠎ᠡ ᠭᠠᠳᠠᠨ᠎ᠠ ᠱᠤᠷᠤᠯᠭ᠎ᠠ ᠰᠢᠷᠠᠬᠤ ᠪᠠ ᠬᠤᠭ ᠨᠤᠪᠰᠢ ᠰᠢᠳᠠᠭᠠᠬᠤ ᠶᠢ ᠡᠷᠡᠰ ᠡᠰᠡᠷᠭᠦᠴᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号