ᠵᠢᠷᠭᠤᠳᠤᠭᠠᠷ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠦᠪᠡᠳᠡᠭᠰᠢ ᠴᠤᠭᠯᠠᠭᠠᠨ ᠳᠠᠬᠢ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠭᠤᠤᠯ ᠰᠡᠳᠦᠪᠳᠦ ᠡᠳᠦᠷ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2018-04-11
        ᠵᠢᠷᠭᠤᠳᠤᠭᠠᠷ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠦᠪᠡᠳᠡᠭᠰᠢ       ᠴᠤᠭᠯᠠᠭᠠᠨ ᠳᠠᠬᠢ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠭᠤᠤᠯ ᠰᠡᠳᠦᠪᠳᠦ                      ᠡᠳᠦᠷ ᠤᠨ ᠠᠵᠢᠯᠯᠠᠭ᠎ᠠ ᠶᠠᠪᠤᠭᠳᠠᠪᠠ        ᠵᠢᠷᠭᠤᠳᠤᠭᠠᠷ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠦᠪᠡᠳᠡᠭᠰᠢ ᠴᠤᠭᠯᠠᠭᠠᠨ ᠤ ᠭᠤᠤᠯ ᠰᠡᠳᠦᠪᠳᠦ ᠠᠵᠢᠯᠯᠠᠭ᠎ᠠ ᠶᠢᠨ ᠦᠷᠨᠢᠬᠦ ᠶᠢ ᠲᠠᠭᠠᠯᠳᠤᠨ᠂ ᠮᠠᠨ ᠤ ᠬᠤᠰᠢᠭᠤᠨ ᠤ ︽ᠨᠢᠭᠡ ᠪᠦᠰᠠ ᠨᠢᠭᠡ ᠵᠠᠮ ᠢ ᠬᠠᠮᠳᠤᠪᠠᠷ ᠡᠳ᠋ᠯᠡᠨ᠂ ᠪᠡᠭᠡᠵᠢᠩ ᠦᠪᠦᠷ ᠮᠤᠩᠭᠤᠯ ᠤᠨ ᠬᠠᠮᠳᠦ ᠶᠢᠨ ᠢᠷᠡᠭᠡᠳᠦᠢ ᠶᠢ ᠴᠤᠭᠴᠠᠯᠠᠶ᠎ᠠ︾ ᠭᠡᠬᠦ ᠭᠤᠤᠯ ᠰᠡᠳᠦᠪᠳᠦ ᠠᠷᠠᠯᠵᠢᠶᠠᠴᠢᠨ ᠤᠷᠢᠬᠤ᠂ ᠵᠤᠭᠠᠴᠠᠯ ᠲᠠᠨᠢᠯᠴᠠᠭᠤᠯᠬᠤ ᠠᠵᠢᠯᠯᠠᠭ᠎ᠠ 4 ᠰᠠᠷ᠎ᠠ ᠶᠢᠨ 7 ᠤ ᠡᠳᠦᠷ ᠪᠡᠭᠡᠵᠢᠩ ᠤᠨ ᠴᠠᠩ ᠫᠢᠩ ᠲᠤᠭᠤᠷᠢᠭ ᠤᠨ ᠬᠦᠵᠡᠯᠵᠡᠭᠡᠨ᠎ᠡ ᠦᠵᠡᠰᠬᠦᠯᠡᠩ ᠤᠨ ᠲᠤᠭᠤᠷᠢᠭ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠴᠧᠨ ᠬᠠᠢ ᠯᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠠᠭᠤᠯᠬᠤ ᠬᠡᠯᠳᠡᠰ ᠤᠨ ᠲᠠᠷᠤᠭ᠎ᠠ ᠯᠢ ᠳ᠋ᠦᠩ ᠯᠢᠨ ᠵᠡᠷᠭᠡ ᠣᠳᠣᠷᠢᠳᠤᠯᠭ᠎ᠠ ᠠᠵᠢᠯᠯᠠᠭ᠎ᠠ ᠳᠤ ᠤᠷᠤᠯᠴᠠᠨ᠂ ᠬᠤᠰᠢᠭᠤ ᠲᠡᠳ᠋ ᠲᠠᠷᠤᠭ᠎ᠠ ᠵᠸᠦ ᠰᠢᠶᠠᠨ ᠵᠢᠶᠦ᠋ᠨ ᠡᠬᠢᠯᠡᠯᠳᠡ ᠶᠢᠨ ᠶᠠᠷᠢᠶ᠎ᠠ ᠲᠠᠯᠪᠢᠪᠠ᠃      ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠧᠩ ᠱᠧᠩ ᠮᠢᠬᠠᠨ ᠤ ᠦᠢᠯᠡᠰ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠲᠠᠯ᠎ᠠ ᠨᠤᠳᠤᠭ ᠤᠨ ᠤᠩᠭᠤᠴᠠ ᠵᠢᠭᠤᠯᠴᠢᠯᠠᠯ ᠤᠨ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠩᠬᠢᠯᠤᠮ᠎ᠠ ᠰᠦ ᠴᠠᠭᠠᠨ ᠢᠳᠡᠭᠡ ᠪᠤᠯᠪᠠᠰᠤᠷᠠᠭᠤᠯᠬᠤ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠯᠦ ᠸᠠᠩ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ ᠺᠠᠢ ᠮᠢᠬᠠᠨ ᠤ ᠦᠢᠯᠡᠰ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠯᠢᠦ ᠴᠢ ᠢᠳᠡᠭᠡᠨ ᠤ ᠦᠢᠯᠡᠳᠪᠦᠷᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠧᠩ ᠶᠤᠸᠠᠨ ᠲᠦᠩ ᠳ᠋ᠠ ᠬᠤᠳᠠᠯᠳᠤᠭ᠎ᠠ ᠠᠷᠠᠯᠵᠢᠶᠠᠨ ᠤ ᠬᠢᠵᠠᠭᠠᠷᠳᠦ ᠺᠤᠮᠫᠠᠨᠢ᠂ ᠴᠠᠬᠠᠷ ᠡᠯᠧᠺᠲᠷᠣᠨ ᠬᠤᠳᠠᠯᠳᠤᠭᠠᠨ ᠤ ᠲᠠᠪᠴᠠᠩ  ᠵᠡᠷᠭᠡ  ᠨᠢᠭᠡᠴᠡ ᠦᠵᠡᠬᠦᠯᠦᠯᠭᠡ ᠳᠤ ᠤᠷᠤᠯᠴᠠᠪᠠ᠃       ᠠᠵᠢᠯᠯᠠᠭᠠᠨ ᠤ ᠲᠤᠮᠳᠠ᠂ ᠬᠤᠰᠢᠭᠤ ᠰᠤᠶᠤᠯ ᠲᠠᠮᠢᠷ ᠷᠠᠳᠢᠤ᠋ ᠲᠧᠯᠸᠢᠰ ᠵᠤᠭᠠᠴᠠᠯ ᠤᠨ ᠲᠤᠪᠴᠢᠶ᠎ᠠ ᠪᠠ ᠪᠦᠸᠧ ᠨᠠ ᠬᠤᠩ ᠶᠧ ᠰᠤᠶᠤᠯ ᠤᠨ ᠬᠦᠭᠵᠢᠬᠦᠯᠦᠯᠳᠡ ᠶᠢᠨ ᠬᠢᠵᠠᠭᠠᠷᠳᠦ ᠺᠤᠮᠫᠠᠨᠢ ᠨᠢ ︽ᠴᠠᠬᠠᠷ ᠮᠠᠯᠵᠢᠯ ᠤᠨ ᠲᠠᠯᠠᠪᠠᠢ︾ ᠶᠢᠨ ᠪᠡᠯᠡ ᠤᠷᠤᠭᠤᠯᠬᠤ ᠠᠩᠬᠠᠨ ᠤ ᠬᠡᠯᠡᠯᠴᠡᠭᠡᠷ ᠢ ᠲᠤᠭᠲᠠᠪᠠ᠃ ᠪᠤᠤ ᠳ᠋ᠢᠩ ᠤᠨ ᠨᠦᠸᠧ ᠬᠤᠸᠠ ᠴᠠᠭᠠᠰᠦᠨ ᠤ ᠦᠢᠯᠡᠰ ᠤᠨ ᠴᠢᠮᠡᠭᠯᠡᠬᠦ ᠬᠢᠵᠠᠭᠠᠷᠳᠦ ᠺᠤᠮᠫᠠᠨᠢ᠂ ᠲᠢᠶᠠᠨᠵᠢᠨ ᠤᠨ ᠰᠢᠨ ᠶᠤᠸᠠᠨ ᠢ ᠲᠤ ᠬᠡᠪᠯᠡᠯ ᠤᠨ ᠬᠢᠵᠠᠭᠠᠷᠳᠦ ᠺᠤᠮᠫᠠᠨᠢ᠂ ᠪᠦᠸᠧ ᠨᠠ ᠬᠤᠩ ᠶᠧ ᠰᠤᠶᠤᠯ ᠤᠨ ᠬᠦᠭᠵᠢᠬᠦᠯᠦᠯᠳᠡ ᠶᠢᠨ ᠬᠢᠵᠠᠭᠠᠷᠳᠦ ᠺᠤᠮᠫᠠᠨᠢ ᠵᠡᠷᠭᠡ ᠭᠤᠷᠪᠠᠨ ᠠᠵᠦ ᠠᠬᠤᠶᠢᠯᠠᠯ ᠨᠢ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ︽ᠪᠡᠭᠡᠵᠢᠩ ᠲᠢᠶᠠᠨᠵᠢᠨ ᠾᠧᠪᠸᠢ ᠶᠢᠨ ᠲᠤᠮᠳᠠ ᠪᠠᠭ᠎ᠠ ᠠᠵᠦ ᠠᠬᠤᠶᠢᠯᠠᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ︾ ᠤᠨ ᠲᠦᠷᠦᠯ ᠵᠤᠶᠢᠯ ᠤᠨ ᠬᠤᠯᠪᠤᠭᠠᠯᠠᠭᠰᠠᠨ ᠴᠤᠭᠴᠠ ᠶᠢᠨ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠲᠠᠯ᠎ᠠ ᠨᠤᠳᠤᠭ ᠤᠨ ᠤᠩᠭᠤᠴᠠ ᠵᠢᠭᠤᠯᠴᠢᠯᠠᠯ ᠤᠨ ᠺᠤᠮᠫᠠᠨᠢ ᠨᠢ ᠢᠩ ᠺᠧ ᠵᠢᠭᠤᠯᠴᠢᠯᠠᠯ ᠤᠨ ᠪᠦᠯᠦᠭᠯᠡᠯ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠲᠠᠪᠠ᠃ 9 ᠲᠦᠮᠡ ᠭᠠᠷᠤᠢ ᠵᠢᠭᠤᠯᠴᠢᠯᠠᠭᠴᠢᠳ ᠦᠵᠡᠰᠬᠦᠯᠡᠩ ᠢ ᠰᠤᠨᠢᠷᠬᠠᠵᠦ᠂ ᠲᠦᠮᠡ ᠭᠠᠷᠤᠢ ᠬᠦᠮᠦᠨ ᠮᠠᠨ ᠤ ᠬᠤᠰᠢᠭᠤᠨ ᠤ ᠪᠦᠳᠦᠭᠡᠭᠳᠡᠬᠦᠨ ᠤ ᠦᠵᠡᠬᠦᠯᠦᠯᠭᠡ ᠶᠢᠨ ᠲᠤᠭᠤᠷᠢᠭ ᠢ ᠲᠤᠭᠤᠷᠢᠨ ᠦᠵᠡᠵᠦ᠂ ᠦᠵᠡᠬᠦᠯᠦᠯᠭᠡ ᠳᠤ ᠤᠷᠤᠯᠴᠠᠭᠰᠠᠨ ᠠᠵᠦ ᠠᠬᠤᠶᠢᠯᠠᠯ ᠤᠨ ᠬᠤᠳᠠᠯᠳᠤᠭᠰᠠᠨ ᠪᠠ ᠬᠦᠷᠭᠡᠭᠰᠡᠨ ᠲᠠᠸᠠᠷ ᠤᠨ ᠦᠷᠳᠡᠭ 7 ᠲᠦᠮᠡ ᠭᠠᠷᠤᠢ ᠲᠦᠬᠦᠷᠢᠭ ᠲᠤ ᠬᠦᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号