ᠰᠢᠯᠤᠭᠤᠨ ᠬᠦᠪᠡᠭᠡᠳᠦ ᠴᠠᠭᠠᠨ ᠬᠤᠰᠢᠭᠤ ᠨᠢ ︽ᠨᠠᠮ ᠤᠨ ᠤᠶᠤᠨᠴᠢ | ᠪᠠᠶᠢᠭᠤᠯᠤᠯᠳᠠ᠂ ᠤᠶᠤᠨᠴᠢ ᠰᠠᠬᠢᠯᠭ᠎ᠠ ᠪᠠᠳᠦ ᠪᠠᠶᠢᠴᠠᠭᠠᠬᠤ᠂ ᠢᠳᠡᠭᠡᠨ ᠡᠮ ᠤᠨ | ᠤᠶᠤᠨᠴᠢ ᠬᠢᠨᠠᠯᠳᠠ︾ ᠵᠢᠴᠢ ᠲᠤᠮᠤ ᠲᠤᠭ᠎ᠠ ᠪᠠᠷᠢᠮᠳᠠ ᠪᠠᠷ ᠤᠨᠤᠪᠴᠢᠳᠠᠢ ᠪᠠᠷ | ᠶᠠᠳᠠᠭᠤ ᠶᠢ ᠲᠡᠳᠬᠦᠬᠦ ᠪᠤᠯᠪᠠᠰᠤᠷᠠᠯ ᠢ ᠡᠷᠬᠢᠯᠡᠪᠠ | | | 3 ᠰᠠᠷ᠎ᠠ ᠶᠢᠨ 16 — 17 ᠤ ᠡᠳᠦᠷ ᠪᠤᠯᠳᠠᠯ᠎ᠠ᠂ ᠰᠢᠯᠦᠭᠤᠨ ᠬᠦᠪᠡᠭᠡᠳᠦ ᠴᠠᠭᠠᠨ ᠬᠤᠰᠢᠭᠤᠨ ᠤ | ᠨᠢᠬᠡᠳᠦᠮᠡᠯ ᠬᠤᠯᠪᠤᠭᠠᠨ ᠤ ᠬᠤᠪᠢᠶᠠᠷᠢ ᠺᠤᠮᠫᠠᠨᠢ ᠨᠢ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠵᠦᠪᠯᠡᠯ᠂ ᠵᠤᠬᠢᠶᠠᠨ | ᠪᠠᠶᠢᠭᠤᠯᠬᠤ ᠬᠡᠯᠳᠡᠰ᠂ ᠢᠳᠡᠭᠡᠨ ᠡᠮ ᠦᠢᠯᠡᠳᠪᠦᠷᠢ ᠬᠤᠳᠠᠯᠳᠤᠭ᠎ᠠ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ | ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠳᠤᠷᠠᠨ ︽ᠨᠠᠮ ᠤᠨ | ᠤᠶᠤᠨᠴᠢ ᠪᠠᠶᠢᠭᠤᠯᠤᠯᠳᠠ᠂ ᠤᠶᠤᠨᠴᠢ ᠰᠠᠬᠢᠯᠭ᠎ᠠ ᠪᠠᠳᠦ ᠪᠠᠶᠢᠴᠠᠭᠠᠬᠤ᠂ ᠢᠳᠡᠭᠡᠨ ᠡᠮ ᠤᠨ ᠤᠶᠤᠨᠴᠢ ᠬᠢᠨᠠᠯᠳᠠ︾ | ᠵᠢᠴᠢ ᠲᠤᠮᠤ ᠲᠤᠭ᠎ᠠ ᠪᠠᠷᠢᠮᠳᠠ ᠪᠠᠷ ᠶᠠᠳᠠᠭᠤ ᠶᠢ ᠤᠨᠤᠪᠴᠢᠳᠠᠢ ᠲᠡᠳᠬᠦᠬᠦ ᠪᠤᠯᠪᠠᠰᠤᠷᠠᠯ ᠢ ᠦᠷᠨᠢᠬᠦᠯᠪᠡ᠃ | ᠦᠪᠦᠷ ᠮᠤᠩᠭᠤᠯ ᠤᠨ ᠨᠢᠭᠡᠳᠦᠮᠡᠯ ᠬᠤᠯᠪᠤᠭᠠᠨ ᠤ ᠺᠤᠮᠫᠠᠨᠢ ᠶᠢᠨ ᠰᠢᠶᠤᠤ ᠯᠢ ᠮᠢᠨ ᠵᠡᠷᠭᠡ ᠬᠡᠳᠦᠨ | ᠮᠡᠷᠭᠡᠵᠢᠯᠳᠡᠨ ᠠᠴᠠ ︽ᠢᠨᠲ᠋ᠧᠷ ᠰᠦᠯᠵᠢᠶ᠎ᠡ +︾ ᠮᠡᠷᠭᠡᠵᠢᠯ ᠢ ᠬᠡᠷᠬᠢᠨ ᠠᠰᠢᠬᠯᠠᠵᠦ᠂ ᠬᠠᠮᠳᠤᠷᠠᠨ ᠠᠯᠪᠠᠯᠠᠬᠤ᠂ | ᠴᠢᠭᠴᠢ ᠵᠠᠰᠠᠭ ᠤᠨ ᠪᠠᠶᠢᠭᠤᠯᠤᠯᠳᠠ ᠶᠢᠨ ᠲᠠᠩᠰᠠ ᠡᠪᠬᠡᠮᠡᠯ ᠤᠨ ᠲᠤᠭ᠎ᠠ ᠪᠠᠷᠢᠮᠳᠠ ᠶᠢᠨ ᠬᠦᠮᠦᠷᠭᠡ᠂ ᠨᠠᠮ ᠵᠠᠰᠠᠭ ᠤᠨ | ᠰᠤᠷᠳᠠᠯ ᠳᠤ ᠡᠳᠦᠷ ᠲᠤᠳᠤᠮ ᠬᠢᠨᠠᠯᠳᠠ ᠲᠠᠯᠪᠢᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠵᠡᠷᠭᠡ ᠶᠢ ᠬᠦᠢᠴᠡᠳᠬᠡᠬᠦ | ︔ ︽ᠢᠳᠡᠭᠡᠨ ᠡᠮ ᠤᠨ ᠤᠶᠤᠨᠴᠢ ᠬᠢᠨᠠᠯᠳᠠ︾ ᠰᠢᠰᠲ᠋ᠧᠮ ᠳᠠᠬᠢ ᠲᠤᠤᠷᠴᠢᠯᠠᠭᠰᠠᠨ ᠬᠠᠮᠢᠶᠠᠷᠤᠯᠳᠠ᠂ ᠡᠳᠦᠷ | ᠲᠤᠳᠤᠮ ᠤᠨ ᠬᠢᠨᠠᠨ ᠬᠠᠮᠢᠶᠠᠷᠤᠯᠳᠠ᠂ ᠬᠠᠮᠳᠤᠷᠠᠭᠰᠠᠨ ᠬᠠᠮᠢᠶᠠᠷᠤᠯᠳᠠ᠂ ᠲᠦᠷᠭᠡᠨ ᠪᠠᠶᠢᠴᠠᠭᠠᠵᠦ ᠲᠡᠭᠡᠭᠰᠢ ᠮᠡᠳᠡᠬᠦᠯᠬᠦ | ᠂ ᠢᠳᠡᠭᠡᠨ ᠤ ᠡᠬᠢ ᠡᠬᠦᠰᠦᠯ ᠢ ᠮᠦᠷᠳᠡᠬᠦ ᠵᠡᠷᠭᠡ ᠬᠡᠰᠡᠭᠯᠡᠯ ᠤᠨ ᠠᠵᠢᠯᠯᠠᠬᠤ ᠬᠠᠮᠢᠶᠠᠷᠤᠯᠳᠠ ᠵᠢᠴᠢ ᠲᠤᠮᠤ ᠲᠤᠭ᠎ᠠ | ᠪᠠᠷᠢᠮᠳᠠ ᠪᠠᠷ ᠶᠠᠳᠠᠭᠤ ᠶᠢ ᠤᠨᠤᠪᠴᠢᠳᠠᠢ ᠲᠡᠳᠬᠦᠬᠦ ᠠᠵᠢᠯ ᠤᠨ ᠲᠤᠮᠳᠠ ᠬᠡᠷᠡᠭᠯᠡᠬᠦ ᠵᠡᠷᠭᠡ ᠭᠤᠤᠯᠳᠠᠯᠭ᠎ᠠ ᠶᠢᠨ | ᠲᠤᠭᠤᠷᠢᠨ ᠳᠤ ᠲᠠᠶᠢᠯᠪᠤᠷᠢᠯᠠᠯᠳᠠ ᠬᠢᠪᠡ᠃ | | | | | | ︽ᠨᠠᠮ ᠤᠨ ᠤᠶᠤᠨᠴᠢ ᠪᠠᠶᠢᠭᠤᠯᠤᠯᠳᠠ︾ ᠪᠤᠯ ︽ᠢᠨᠲ᠋ᠧᠷ ᠰᠦᠯᠵᠢᠶ᠎ᠡ +︾ ᠦᠶ᠎ᠡ ᠶᠢᠨ ᠰᠤᠷᠠᠭ | ᠵᠠᠩᠬᠢ ᠶᠢᠨ ᠮᠡᠷᠭᠡᠵᠢᠯ ᠤᠨ ᠨᠠᠮ ᠤᠨ ᠪᠠᠶᠢᠭᠤᠯᠤᠯᠳᠠ ᠲᠤᠮᠳᠠᠬᠢ ᠰᠢᠨ᠎ᠡ ᠭᠡᠷᠡᠭᠯᠡᠯᠳᠡ ᠪᠤᠯᠤᠨ᠎ᠠ᠂ ᠲᠡᠷᠠ ᠨᠢ ᠢᠨᠲ᠋ᠧᠷ | ᠰᠦᠯᠵᠢᠶ᠎ᠡ᠂ ᠨᠡᠬᠦᠳᠡᠯ ᠰᠦᠯᠵᠢᠶ᠎ᠡ ᠵᠡᠷᠭᠡ ᠮᠡᠷᠭᠡᠵᠢᠯ ᠢ ᠠᠰᠢᠭᠯᠠᠨ᠂ ᠨᠠᠮ ᠤᠨ ᠪᠠᠶᠢᠭᠤᠯᠤᠯᠳᠠ ᠶᠢᠨ ᠠᠵᠢᠯᠯᠠᠭ᠎ᠠ ᠳᠤ | ᠤᠶᠤᠨᠴᠢ ᠬᠠᠮᠢᠶᠠᠷᠤᠯᠳᠠ ᠶᠠᠪᠤᠭᠤᠯᠵᠦ᠂ ᠨᠠᠮ ᠤᠨ ᠬᠡᠰᠢᠬᠦᠨ ᠤ ᠪᠠᠶᠢᠭᠤᠯᠤᠯᠳᠠ ᠶᠢᠨ ᠤᠶᠤᠨᠴᠢ ᠤᠷᠴᠢᠨ ᠢ | ᠪᠦᠷᠢᠯᠳᠦᠬᠦᠯᠦᠨ᠎ᠡ᠃ ᠨᠠᠮ ᠤᠨ ᠤᠶᠤᠨᠴᠢ ᠪᠠᠶᠢᠭᠤᠯᠤᠯᠳᠠ ᠶᠢᠨ ᠲᠠᠪᠴᠠᠩ ᠨᠢ ᠤᠯᠠᠨ ᠲᠦᠮᠡᠨ ᠲᠠᠢ ᠨᠢᠬᠳᠠ | ᠬᠠᠷᠢᠯᠴᠠᠬᠤ᠂ ᠨᠠᠮ ᠤᠨ ᠬᠡᠰᠢᠬᠦᠨ ᠤ ᠬᠠᠮᠢᠶᠠᠷᠤᠯᠳᠠ ᠶᠢ ᠲᠦᠷᠢᠮᠵᠢᠬᠦᠯᠬᠦ᠂ ᠰᠢᠨᠵᠢᠯᠡᠬᠦ ᠤᠬᠠᠭᠠᠨᠴᠢ ᠬᠢᠷᠢ | ᠲᠦᠪᠰᠢᠨ ᠢ ᠲᠡᠭᠡᠭᠰᠢᠯᠡᠬᠦᠯᠬᠦ ᠵᠡᠷᠭᠡ ᠦᠢᠯᠡᠳᠦᠯ ᠲᠠᠢ᠃ | | | ︽ᠤᠶᠤᠨᠴᠢ ᠰᠠᠬᠢᠯᠭ᠎ᠠ ᠪᠠᠳᠦ ᠪᠠᠶᠢᠴᠠᠭᠠᠬᠤ︾ ᠲᠤᠮᠤ ᠲᠤᠭ᠎ᠠ ᠪᠠᠷᠢᠮᠳᠠ ᠨᠢ ᠲᠤᠮᠤ ᠲᠤᠭ᠎ᠠ ᠪᠠᠷᠢᠮᠳᠠ ᠶᠢᠨ | ᠵᠠᠳᠠᠯᠤᠨ ᠰᠤᠳᠤᠯᠵᠦ ᠮᠠᠭᠠᠳᠯᠠᠬᠤ ᠮᠡᠷᠭᠡᠵᠢᠯ ᠢ ᠠᠰᠢᠭᠯᠠᠨ᠂ ᠡᠯ᠎ᠡ ᠲᠦᠷᠦᠯ ᠤᠨ ᠰᠤᠷᠠᠭ ᠵᠠᠩᠬᠢ ᠶᠢᠨ ᠡᠬᠢ | ᠪᠠᠶᠠᠯᠢᠭ ᠢ ᠨᠢᠭᠡᠳᠬᠡᠨ᠂ ᠲᠤᠮᠤ ᠲᠤᠭ᠎ᠠ ᠪᠠᠷᠢᠮᠳᠠ ᠶᠢᠨ ᠲᠠᠪᠴᠠᠩ ᠢ ᠠᠰᠢᠭᠯᠠᠨ ᠰᠠᠬᠢᠯᠭ᠎ᠠ ᠪᠠᠳᠦ ᠶᠢᠨ | ᠬᠦᠢᠴᠡᠳᠭᠡᠯᠳᠡ ᠠᠴᠠ ᠬᠠᠷᠢᠭᠤᠴᠠᠯᠭ᠎ᠠ ᠨᠡᠬᠡᠮᠵᠢᠯᠡᠬᠦ᠂ ᠡᠷᠭᠡ ᠶᠢᠨ ᠶᠠᠪᠤᠭᠳᠠᠯ ᠢ ᠲᠦᠷᠢᠮᠵᠢᠬᠦᠯᠬᠦ᠂ ᠲᠤᠳᠤᠭᠠᠳᠦ ᠶᠢᠨ | ᠬᠠᠮᠢᠶᠠᠷᠤᠯᠳᠠ ᠶᠢ ᠲᠦᠷᠢᠮᠵᠢᠬᠦᠯᠬᠦ ᠵᠡᠷᠭᠡ ᠶᠡᠭᠡ ᠬᠡᠮᠵᠢᠶᠡᠨ ᠤ ᠨᠠᠷᠢᠨ ᠲᠦᠪᠡᠭ ᠪᠤᠳᠤᠯᠢᠶᠠᠨᠳᠠᠢ ᠠᠵᠢᠯ ᠢ ᠪᠡᠶᠡᠯᠡᠬᠦᠯᠵᠦ | ᠂ ᠬᠢᠨᠠᠯᠳᠠ ᠲᠠᠯᠪᠢᠵᠦ ᠰᠠᠬᠢᠯᠭ᠎ᠠ ᠪᠠᠳᠤ ᠶᠢ ᠬᠦᠢᠴᠡᠳᠬᠡᠬᠦ ᠴᠢᠳᠠᠪᠤᠷᠢ ᠪᠠ ᠠᠵᠢᠯ ᠤᠨ ᠠᠰᠢᠭᠯᠠᠮᠵᠢ ᠶᠢ | ᠲᠡᠭᠡᠭᠰᠢᠯᠡᠬᠦᠯᠦᠨ᠎ᠡ᠃ | | | ︽ᠢᠳᠡᠭᠡᠨ ᠡᠮ ᠤᠨ ᠤᠶᠤᠨᠴᠢ ᠬᠢᠨᠠᠯᠳᠠ︾ ᠶᠢᠨ ᠰᠢᠨ᠎ᠡ ᠲᠠᠪᠴᠠᠩ ᠪᠤᠯ ᠢᠨᠲ᠋ᠧᠷ ᠰᠦᠯᠵᠢᠶᠡᠨ ᠤ | ᠮᠡᠷᠭᠡᠵᠢᠯ ᠢ ᠠᠰᠢᠭᠯᠠᠨ᠂ ︽ᠢᠨᠲ᠋ᠧᠷ ᠰᠦᠯᠵᠢᠶ᠎ᠡ +︾᠂ ᠲᠤᠮᠤ ᠲᠤᠭ᠎ᠠ ᠪᠠᠷᠢᠮᠳᠠ ᠪᠠ ᠡᠬᠦᠯᠡᠨ ᠪᠤᠳᠤᠯᠳᠠ ᠶᠢᠨ | ᠮᠡᠷᠭᠡᠵᠢᠯ ᠳᠤ ᠰᠠᠭᠤᠷᠢᠯᠠᠨ᠂ ᠤᠳᠤ ᠪᠠᠶᠢᠭ᠎ᠠ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠨᠢᠭᠡᠳᠬᠡᠨ᠂ ᠢᠳᠡᠭᠡᠨ | ᠡᠮ ᠤᠨ ᠵᠤᠶᠢᠯ ᠤᠨ ᠬᠠᠮᠢᠶᠠᠷᠤᠯᠳᠠ ᠶᠢᠨ ᠰᠦᠯᠵᠢᠶᠡᠴᠢᠭᠰᠡᠨ᠂ ᠤᠶᠤᠨᠴᠢᠯᠠᠭᠰᠠᠨ᠂ ᠦᠢᠯᠡᠴᠢᠯᠡᠭᠰᠡᠨ ᠵᠢᠴᠢ | ᠬᠠᠮᠳᠤᠷᠠᠯᠴᠠᠭᠰᠠᠨ ᠬᠦᠭᠵᠢᠯᠳᠡ ᠶᠢ ᠠᠬᠢᠭᠤᠯᠵᠦ᠂ ᠬᠠᠷᠢᠯᠴᠠᠨ ᠬᠤᠯᠪᠤᠭᠠᠯᠠᠵᠦ ᠨᠡᠪᠳᠡᠷᠡᠯᠴᠡᠭᠰᠡᠨ᠂ ᠰᠤᠷᠠᠭ ᠵᠠᠩᠬᠢ | ᠪᠠᠨ ᠬᠠᠮᠳᠤᠪᠠᠷ ᠡᠳ᠋ᠯᠡᠭᠰᠡᠨ᠂ ᠲᠤᠬᠠᠶᠢᠯᠠᠭᠰᠠᠨ ᠠᠵᠢᠯ ᠢᠶᠠᠨ ᠬᠠᠮᠳᠤᠷᠠᠨ ᠬᠦᠢᠴᠡᠳᠬᠡᠬᠦ᠂ ᠨᠢᠭᠡᠳᠦᠯᠳᠡᠢ ᠦᠨᠳᠦᠷ | ᠦᠷ᠎ᠡ ᠠᠰᠢᠬᠯᠠᠮᠵᠢᠳᠦ ᠰᠤᠷᠠᠭ ᠵᠠᠩᠬᠢᠴᠢᠯᠠᠯᠳᠠ ᠶᠢᠨ ᠰᠢᠰᠲ᠋ᠧᠮ ᠢ ᠪᠦᠷᠢᠯᠳᠦᠬᠦᠯᠵᠦ᠂ ᠰᠤᠷᠠᠭ ᠵᠠᠩᠬᠢ ᠶᠢᠨ | ᠲᠠᠪᠴᠠᠩ ᠤᠨ ᠡᠯᠧᠺᠲᠷᠣᠨ ᠬᠤᠳᠠᠯᠳᠤᠭ᠎ᠠ᠂ ᠵᠠᠰᠠᠭ ᠤᠨ ᠶᠠᠪᠤᠳᠠᠯ ᠢ ᠰᠤᠷᠠᠬᠤ᠂ ᠪᠦᠳᠦᠭᠡᠭᠳᠡᠬᠦᠨ ᠢ ᠮᠦᠷᠳᠡᠬᠦ ᠵᠡᠷᠭᠡ | ᠴᠢᠳᠠᠪᠬᠢ ᠶᠢ ᠬᠦᠨᠵᠡᠬᠡᠢ ᠠᠭᠤᠳᠠᠯᠯᠠᠵᠦ᠂ ᠤᠶᠤᠨᠴᠢ ᠬᠢᠨᠠᠯᠳᠠ ᠲᠠᠯᠪᠢᠬᠤ ᠲᠠᠪᠴᠠᠩ ᠢ ᠤᠯᠠᠨ ᠲᠠᠪᠬᠤᠷᠭ᠎ᠠ ᠳᠤ | ᠭᠡᠷᠡᠭᠯᠡᠬᠦ ᠶᠢ ᠠᠬᠢᠭᠤᠯᠤᠨ᠎ᠠ᠃ | | | | | | ︽ᠤᠶᠤᠨᠴᠢ ᠤᠨᠤᠪᠴᠢᠳᠠᠢ ᠪᠠᠷ ᠶᠠᠳᠠᠭᠤ ᠶᠢ ᠲᠡᠳᠬᠦᠬᠦ︾ ᠲᠤᠮᠤ ᠲᠤᠭ᠎ᠠ ᠪᠠᠷᠢᠮᠳᠠ ᠪᠤᠯ ᠲᠤᠮᠤ ᠲᠤᠭ᠎ᠠ | ᠪᠠᠷᠢᠮᠳᠠ ᠶᠢᠨ ᠮᠡᠷᠭᠡᠵᠢᠯ ᠢ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠤ ᠭᠡᠷᠡᠭᠯᠡᠵᠦ᠂ ᠰᠤᠷᠠᠭ ᠵᠠᠩᠬᠢ ᠶᠢ | ᠴᠤᠭᠯᠠᠭᠤᠯᠬᠤ ᠠᠷᠭ᠎ᠠ ᠵᠠᠮ ᠢ ᠦᠷᠭᠡᠳᠬᠡᠬᠦ᠂ ᠲᠤᠭ᠎ᠠ ᠪᠠᠷᠢᠮᠳᠠ ᠶᠢᠨ ᠵᠠᠳᠠᠯᠬᠤ ᠴᠢᠳᠠᠪᠤᠷᠢ ᠪᠠ ᠪᠤᠯᠪᠠᠰᠤᠷᠠᠭᠤᠯᠬᠤ | ᠦᠷ᠎ᠡ ᠠᠰᠢᠭ ᠢ ᠨᠡᠮᠡᠭᠳᠡᠬᠦᠯᠬᠦ ᠪᠠᠷ ᠲᠠᠮᠵᠢᠨ᠂ ᠵᠠᠰᠠᠭ ᠤᠨ ᠤᠷᠳᠤᠨ ᠪᠠ ᠶᠠᠳᠠᠭᠤ ᠶᠢ ᠲᠡᠳᠬᠦᠬᠦ ᠡᠳᠡᠭᠡᠳ ᠤᠨ | ᠬᠤᠭᠤᠷᠤᠨᠳᠤᠬᠢ ᠰᠤᠷᠠᠭ ᠵᠠᠩᠬᠢ ᠶᠢ ᠨᠢᠬᠳᠠ ᠵᠠᠯᠭᠠᠯᠳᠤᠭᠤᠯᠵᠦ ᠴᠢᠳᠠᠬᠤ ᠪᠠᠷ ᠪᠠᠷᠠᠬᠤ ᠦᠬᠡᠢ ᠶᠠᠳᠠᠭᠤ | ᠬᠦᠴᠢᠷᠳᠡᠯᠳᠡᠢ ᠤᠷᠤᠨ ᠳᠤ ᠰᠤᠷᠠᠭ ᠵᠠᠩᠬᠢ ᠶᠢᠨ ᠦᠢᠯᠡᠴᠢᠯᠡᠭᠡ ᠬᠠᠩᠭᠠᠵᠦ᠂ ᠲᠤᠬᠠᠢ ᠶᠢᠨ ᠭᠠᠵᠠᠷ ᠤᠨ ᠵᠠᠰᠠᠭ ᠤᠨ | ᠤᠷᠳᠤᠨ ᠤ ᠪᠤᠳᠠᠳᠠᠢ ᠪᠠᠨ ᠦᠨᠳᠦᠰᠦᠯᠡᠵᠦ᠂ ᠲᠦᠷᠦᠯ ᠬᠤᠪᠢᠶᠠᠨ ᠠᠷᠭ᠎ᠠ ᠬᠡᠮᠵᠢᠶ᠎ᠡ ᠠᠪᠴᠦ᠂ ᠠᠵᠦ ᠦᠢᠯᠡᠰ ᠢᠶᠠᠨ | ᠬᠦᠭᠵᠢᠬᠦᠯᠵᠦ᠂ ᠠᠵᠢᠯ ᠲᠦᠷᠦᠯ ᠢᠶᠠᠷ ᠶᠠᠳᠠᠭᠤ ᠶᠢ ᠲᠡᠳᠬᠦᠨ᠂ ᠶᠠᠳᠠᠭᠤ ᠠᠴᠠ ᠠᠩᠬᠢᠵᠢᠷᠠᠨ ᠦᠷ᠎ᠡ ᠠᠰᠢᠭ | ᠤᠯᠬᠤ ᠶᠢ ᠪᠠᠳᠤᠯᠠᠨ᠂ ᠡᠬᠦᠨ ᠤ ᠬᠠᠮᠳᠦ ᠪᠠᠰᠠ ᠨᠡᠶᠢᠭᠡᠮ ᠤᠨ ᠬᠦᠴᠦᠨ ᠢ ᠲᠠᠳᠠᠵᠦ᠂ ᠠᠵᠦ ᠦᠢᠯᠡᠰ ᠢᠶᠠᠷ ᠶᠠᠳᠠᠭᠤ | ᠠᠴᠠ ᠠᠩᠬᠢᠵᠢᠷᠠᠭᠤᠯᠬᠤ ᠶᠢ ᠪᠠᠶᠡᠯᠡᠬᠦᠯᠦᠨ᠎ᠡ᠃ | ᠲᠤᠰ ᠤᠳᠠᠭᠠᠨ ᠤ ᠪᠤᠯᠪᠠᠰᠤᠷᠠᠯ ᠢᠶᠠᠷ ᠲᠠᠮᠵᠢᠨ᠂ ᠤᠯᠠᠨ ᠢ ᠢᠨᠲ᠋ᠧᠷ ᠰᠦᠯᠵᠢᠶ᠎ᠡ + ᠪᠠ ᠲᠤᠮᠤ ᠲᠤᠭ᠎ᠠ | ᠪᠠᠷᠢᠮᠳᠠ ᠶᠢᠨ ᠨᠠᠮ ᠤᠨ ᠪᠠᠶᠢᠭᠤᠯᠤᠯᠳᠠ᠂ ᠰᠠᠬᠢᠯᠭ᠎ᠠ ᠪᠠᠳᠤ ᠪᠠᠶᠢᠴᠠᠭᠠᠬᠤ᠂ ᠠᠷᠠᠳ ᠤᠨ ᠠᠮᠢᠳᠤᠷᠠᠯ ᠵᠡᠷᠭᠡ ᠲᠠᠯ᠎ᠠ | ᠳᠠᠬᠢ ᠭᠡᠷᠡᠭᠯᠡᠯᠳᠡ ᠳᠤ ᠴᠤ᠋ ᠰᠢᠨ᠎ᠡ ᠤᠶᠢᠯᠠᠭᠠᠯᠳᠠ ᠲᠠᠨᠢᠯᠳᠠ ᠲᠠᠢ ᠪᠤᠯᠭᠠᠵᠦ᠂ ᠡᠯ᠎ᠡ ᠬᠠᠮᠢᠶ᠎ᠠ ᠪᠦᠬᠦᠢ | ᠪᠠᠶᠢᠭᠤᠯᠭ᠎ᠠ ᠶᠢᠨ ᠢᠨᠲ᠋ᠧᠷ ᠰᠦᠯᠵᠢᠶ᠎ᠡ + ᠰᠤᠷᠠᠭ ᠵᠠᠩᠬᠢ ᠶᠢᠨ ᠪᠠᠶᠢᠭᠤᠯᠤᠯᠳᠠ ᠳᠤ ᠰᠠᠭᠤᠷᠢ ᠲᠠᠯᠪᠢᠪᠠ᠃ | | |