ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠠᠷᠪᠠᠨ ᠲᠠᠪᠤᠳᠤᠭᠠᠷ ᠤᠳᠠᠭᠠᠨ ᠤ ᠨᠡᠶᠢᠳᠡ ᠶᠢᠨ ᠲᠦᠷᠢᠶᠡᠰᠦᠨ ᠭᠡᠷ ᠢ ᠬᠤᠪᠢᠶᠠᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-04-13
                 ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠠᠷᠪᠠᠨ ᠲᠠᠪᠤᠳᠤᠭᠠᠷ                 ᠤᠳᠠᠭᠠᠨ ᠤ ᠨᠡᠶᠢᠳᠡ ᠶᠢᠨ ᠲᠦᠷᠢᠶᠡᠰᠦᠨ ᠭᠡᠷ ᠢ ᠬᠤᠪᠢᠶᠠᠬᠤ ᠠᠬᠤᠢ                              ᠲᠠᠯᠠᠪᠠᠢ ᠶᠢᠨ ᠬᠤᠷᠠᠯ ᠢ ᠬᠤᠷᠠᠯᠳᠤᠭᠤᠯᠪᠠ      ᠤᠶᠢᠷ᠎ᠠ ᠶᠢᠨ ᠡᠳᠦᠷ᠂ ᠮᠠᠨ ᠤ ᠬᠤᠰᠢᠭᠤ ᠨᠢ ᠠᠷᠪᠠᠨ ᠲᠠᠪᠤᠳᠤᠭᠠᠷ ᠤᠳᠠᠭᠠᠨ ᠤ ᠨᠡᠶᠢᠳᠡ ᠶᠢᠨ ᠲᠦᠷᠢᠶᠡᠰᠦᠨ ᠭᠡᠷ ᠢ ᠬᠤᠪᠢᠶᠠᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠵᠦ᠂ ᠰᠢᠪᠠᠭ᠎ᠠ ᠲᠠᠲᠠᠬᠤ ᠬᠡᠯᠪᠡᠷᠢ ᠪᠠᠷ 108 ᠨᠡᠶᠢᠳᠡ ᠶᠢᠨ ᠲᠦᠷᠢᠶᠡᠰᠦᠨ ᠭᠡᠷ ᠢ ᠬᠤᠳᠠ ᠪᠠᠯᠭᠠᠰᠤᠨ ᠤ ᠲᠤᠤᠷ᠎ᠠ ᠪᠠᠳᠤᠯᠠᠭᠠᠳᠦ ᠡᠷᠦᠭᠡ ᠳᠤ ᠬᠤᠪᠢᠶᠠᠵᠦ ᠦᠭᠬᠦᠭᠰᠡᠨ ᠪᠠᠶᠢᠨ᠎ᠠ᠃      ᠲᠤᠰ ᠤᠳᠠᠭᠠᠨ ᠤ ᠬᠤᠪᠢᠶᠠᠷᠢᠯᠠᠭᠰᠠᠨ ᠨᠡᠶᠢᠳᠡ ᠶᠢᠨ ᠲᠦᠷᠢᠶᠡᠰᠦᠨ ᠭᠡᠷ ᠤᠨ ᠢᠷᠡᠯᠳᠡ ᠨᠢ ᠰᠤᠪᠤᠷᠭᠠᠳᠦ ᠠᠭᠤᠯᠠ ᠨᠡᠶᠢᠭᠡᠮ ᠲᠤᠭᠤᠷᠢᠭ ᠤᠨ ᠰᠢᠨ ᠢ ᠵᠢᠶᠠ ᠶᠤᠸᠠᠨ ᠲᠤᠭᠤᠷᠢᠭ ᠪᠤᠯᠤᠨ᠎ᠠ᠃ ᠬᠤᠪᠢᠶᠠᠷᠢᠯᠠᠯᠳᠠ ᠶᠢᠨ ᠠᠬᠤᠢ ᠲᠠᠯᠠᠪᠠᠢ ᠶᠢᠨ ᠬᠤᠷᠠᠯ ᠲᠡᠭᠡᠷ᠎ᠡ᠂ ᠬᠤᠰᠢᠭᠤ ᠤᠷᠤᠨ ᠰᠠᠭᠤᠴᠠ᠂ ᠠᠷᠠᠳ ᠤᠨ ᠶᠠᠪᠤᠳᠠᠯ᠂ ᠨᠡᠶᠢᠭᠡᠮ ᠲᠤᠭᠤᠷᠢᠭ ᠵᠡᠷᠭᠡ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ︽ᠡᠷᠭᠡ ᠲᠡᠭᠰᠢ᠂ ᠲᠦᠪ ᠭᠤᠤᠯᠴᠢ᠂ ᠢᠯᠡ ᠪᠠᠶᠢᠯᠭᠠᠬᠤ︾ ᠵᠠᠷᠴᠢᠮ ᠢᠶᠠᠷ᠂ ᠰᠢᠪᠠᠭ᠎ᠠ ᠰᠤᠭᠤᠯᠬᠤ ᠳᠤ ᠤᠷᠤᠯᠴᠠᠭᠰᠠᠨ ᠭᠤᠶᠤᠴᠢᠯᠠᠭᠴᠢ ᠶᠢ ᠴᠢᠩᠭ᠎ᠠ ᠬᠢᠨᠠᠨ ᠰᠢᠯᠭᠠᠵᠦ᠂ ᠡᠨᠡ ᠤᠳᠠᠭᠠᠨ ᠤ ᠨᠡᠶᠢᠳᠡ ᠶᠢᠨ ᠲᠦᠷᠢᠶᠡᠰᠦᠨ ᠭᠡᠷ ᠤᠨ ᠬᠤᠪᠢᠶᠠᠷᠢᠯᠠᠯᠳᠠ ᠶᠢᠨ ᠰᠢᠪᠠᠭ᠎ᠠ ᠰᠤᠭᠤᠯᠬᠤ ᠶᠠᠪᠤᠴᠠ ᠳᠤ ᠪᠦᠬᠦ ᠲᠠᠯ᠎ᠠ ᠪᠠᠷ ᠬᠢᠨᠠᠯᠳᠠ ᠶᠠᠪᠤᠭᠤᠯᠪᠠ᠃ ᠪᠡᠶ᠎ᠡ ᠶᠢᠨ ᠭᠠᠷᠤᠯ ᠢ ᠰᠢᠯᠭᠠᠨ ᠪᠠᠶᠢᠴᠠᠭᠠᠬᠤ᠂ ᠲᠡᠷᠠᠭᠠᠯᠠᠯ ᠤᠨ ᠨᠤᠮᠧᠷ᠂ ᠭᠡᠷ ᠤᠨ ᠨᠤᠮᠧᠷ ᠰᠤᠭᠤᠯᠬᠤ ᠵᠡᠷᠭᠡ ᠶᠠᠪᠤᠴᠠ ᠶᠢ ᠲᠠᠮᠵᠢᠭᠠᠳ᠂ ᠬᠤᠳᠠ ᠪᠠᠯᠭᠠᠰᠤᠨ ᠤ 108 ᠲᠤᠤᠷ᠎ᠠ ᠪᠠᠳᠤᠯᠠᠭᠠᠳᠦ ᠭᠡᠷ ᠪᠦᠯᠢ ᠨᠢ ᠨᠡᠶᠢᠳᠡ ᠶᠢᠨ ᠲᠦᠷᠢᠶᠡᠰᠦᠨ ᠭᠡᠷ ᠤᠨ ᠨᠤᠮᠧᠷ ᠤᠯᠤᠭᠰᠠᠨ ᠪᠠᠶᠢᠨ᠎ᠠ᠃     ᠤᠶᠢᠷ᠎ᠠ ᠶᠢᠨ ᠵᠢᠯ ᠠᠴᠠ᠂ ᠮᠠᠨ ᠤ ᠬᠤᠰᠢᠭᠤ ᠨᠢ ᠬᠢᠮᠳᠡ ᠲᠦᠷᠢᠶᠡᠰᠦᠨ ᠤᠷᠤᠨ ᠰᠠᠭᠤᠴᠠ᠂ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢᠨ ᠪᠠᠶᠢᠭᠤᠯᠤᠯᠳᠠ ᠶᠢ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠢᠨᠵᠧᠨᠧᠷᠢᠩ ᠳᠤ ᠤᠷᠤᠭᠤᠯᠤᠨ ᠬᠦᠴᠦᠯᠡᠨ ᠠᠬᠢᠭᠤᠯᠵᠦ᠂ ᠬᠤᠳᠠ ᠪᠠᠯᠭᠠᠰᠤᠨ ᠤ ᠬᠡᠰᠡᠭ ᠲᠤᠤᠷ᠎ᠠ ᠪᠠᠳᠤᠯᠠᠭᠠᠳᠦ ᠭᠡᠷ ᠪᠦᠯᠢ ᠶᠢᠨ ᠤᠷᠤᠨ ᠰᠠᠭᠤᠴᠠ ᠶᠢᠨ ᠬᠦᠴᠢᠷᠳᠡᠯ ᠢ ᠪᠤᠳᠠᠳᠠᠢ ᠰᠢᠢᠳᠪᠦᠷᠢᠯᠡᠵᠦ᠂ ᠲᠡᠳᠡᠨ ᠤ ᠤᠷᠤᠨ ᠰᠠᠭᠤᠴᠠ ᠶᠢᠨ ᠨᠦᠬᠦᠴᠡᠯ ᠪᠠ ᠠᠮᠢᠳᠤᠷᠠᠯ ᠤᠨ ᠴᠢᠨᠠᠷ ᠴᠢᠨᠰᠠᠭ᠎ᠠ ᠨᠢ ᠢᠯᠡᠳᠳᠡ ᠲᠡᠭᠡᠭᠰᠢᠯᠡᠪᠡ᠃     ᠤᠷᠤᠨ ᠰᠠᠭᠤᠴᠠ ᠶᠢ ᠬᠤᠪᠢᠶᠠᠷᠢᠯᠠᠬᠤ ᠶᠠᠪᠤᠴᠠ ᠳᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠭᠤᠶᠤᠴᠢᠯᠠᠨ ᠮᠡᠳᠡᠬᠦᠯᠬᠦ᠂ ᠬᠢᠨᠠᠨ ᠵᠦᠪᠰᠢᠶᠡᠷᠡᠬᠦ᠂ ᠬᠠᠮᠢᠶᠠᠷᠬᠤ ᠲᠦᠷᠢᠮ ᠢ ᠤᠯᠠᠮ ᠪᠦᠷᠢᠨᠰᠢᠬᠦᠯᠵᠦ᠂ ᠠᠵᠢᠯ ᠤᠨ ᠶᠠᠪᠤᠴᠠ ᠶᠢ ᠲᠦᠷᠢᠮᠵᠢᠬᠦᠯᠦᠨ᠂ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠂ ᠢᠯᠠ ᠲᠤᠳᠤᠷᠬᠠᠢ ᠠᠵᠢᠯᠯᠠᠬᠤ ᠶᠢ ᠭᠡᠷᠡᠭᠵᠢᠬᠦᠯᠦᠨ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠡᠯ᠎ᠡ ᠲᠦᠷᠦᠯ ᠤᠨ ᠲᠦᠷᠦ ᠪᠤᠳᠤᠯᠭ᠎ᠠ ᠠᠷᠭ᠎ᠠ ᠬᠡᠮᠵᠢᠶ᠎ᠠ ᠶᠢᠨ ᠪᠤᠳᠠᠳᠠᠢ ᠨᠠᠶᠢᠳᠠᠪᠤᠷᠢᠵᠢᠭᠤᠯᠤᠯᠳᠠ ᠶᠢ ᠪᠠᠳᠤᠯᠠᠭᠰᠠᠨ ᠪᠠᠶᠢᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号