ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠤᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠦ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠤᠨ ᠪᠤᠳᠠᠳᠦ ᠦᠷ᠎ᠡ ᠠᠰᠢᠭ ᠤᠯᠬᠤ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2018-04-16
                        ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠤᠯᠠᠨ ᠲᠠᠯ᠎ᠠ ᠶᠢᠨ                        ᠠᠷᠭ᠎ᠠ ᠬᠡᠮᠵᠢᠶ᠎ᠡ ᠠᠪᠴᠦ ᠠᠷᠠᠯᠵᠢᠶᠠᠴᠢᠨ ᠤᠷᠢᠵᠦ ᠪᠡᠯᠡ ᠤᠷᠤᠭᠤᠯᠬᠤ                         ᠠᠵᠢᠯ ᠤᠨ ᠪᠤᠳᠠᠳᠦ ᠦᠷ᠎ᠡ ᠠᠰᠢᠭ ᠤᠯᠬᠤ ᠶᠢ ᠠᠬᠢᠭᠤᠯᠵᠦ ᠪᠤᠢ       2013 ᠣᠨ ᠠᠴᠠ ᠨᠠᠰᠢ᠂ ᠮᠠᠨ ᠤ ᠬᠤᠰᠢᠭᠤ ᠨᠢ ᠠᠷᠠᠯᠵᠢᠶᠠᠴᠢᠨ ᠤᠷᠢᠬᠤ ᠶᠢ ᠠᠳᠬᠤᠬᠤ ᠨᠢ ᠲᠠᠷᠤᠢ ᠬᠦᠭᠵᠢᠯᠳᠡ ᠶᠢ ᠠᠳᠬᠤᠵᠦ ᠪᠠᠶᠢᠬᠤ ᠭᠡᠬᠦ ᠲᠠᠨᠢᠯᠳᠠ ᠶᠢ ᠪᠤᠢ ᠪᠤᠯᠭᠠᠵᠦ᠂ ᠠᠵᠦ ᠦᠢᠯᠡᠰ ᠤᠨ ᠪᠦᠳᠦᠴᠡ ᠳ᠋ᠠᠩ ᠴᠤᠯᠭᠤᠢ᠂ ᠡᠬᠢ ᠪᠠᠶᠠᠯᠢᠭ ᠴᠤᠬᠠᠭ ᠵᠡᠷᠭᠡ ᠬᠢᠵᠠᠭᠠᠷᠯᠠᠬᠤ ᠡᠯᠧᠮᠧᠨ᠋ᠲ ᠢ ᠬᠦᠴᠦᠯᠡᠨ ᠲᠠᠪᠠᠵᠦ᠂ ᠤᠯᠠᠨ ᠲᠠᠯ᠎ᠠ ᠶᠢᠨ ᠠᠷᠭ᠎ᠠ ᠬᠡᠮᠵᠢᠶ᠎ᠠ ᠠᠪᠴᠦ᠂ ᠤᠯᠠᠨ ᠴᠡᠭ ᠢᠶᠠᠷ ᠬᠦᠴᠦᠯᠡᠨ ᠪᠠᠶᠢᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠠᠬᠢᠭᠤᠯᠵᠦ᠂ ᠢᠯᠡᠳᠳᠡ ᠦᠷ᠎ᠡ ᠠᠰᠢᠭ ᠤᠯᠪᠠ᠃ ᠲᠠᠪᠤᠨ ᠵᠢᠯ ᠤᠨ ᠲᠤᠷᠰᠢ᠂ ᠪᠦᠬᠦ ᠬᠤᠰᠢᠭᠤ ᠨᠢ ᠨᠡᠶᠢᠳᠡ 39 ᠠᠷᠠᠯᠵᠢᠶᠠᠴᠢᠨ ᠤᠷᠢᠵᠦ ᠪᠡᠯᠡ ᠤᠷᠤᠭᠤᠯᠬᠤ ᠲᠦᠷᠦᠯ ᠵᠤᠶᠢᠯ ᠢ ᠭᠡᠷᠡᠭᠵᠢᠬᠦᠯᠵᠦ᠂ 89.2 ᠳ᠋ᠦᠩᠰᠢᠭᠤᠷ ᠲᠦᠬᠦᠷᠢᠭ ᠢ ᠤᠷᠤᠭᠤᠯᠵᠦ᠂ ᠲᠡᠭᠡᠷ᠎ᠡ ᠲᠠᠪᠤᠨ ᠵᠢᠯ ᠤᠨ 2.19 ᠲᠠᠬᠢᠨ ᠪᠠᠶᠢᠪᠠ᠃ ᠬᠡᠯᠡᠯᠴᠡᠭᠡᠷ ᠲᠤᠭᠳᠠᠭᠰᠠᠨ ᠠᠷᠠᠯᠵᠢᠶᠠᠴᠢᠨ ᠤᠷᠢᠬᠤ ᠲᠦᠷᠦᠯ ᠵᠤᠶᠢᠯ 11᠂ ᠲᠦᠷᠦᠯ ᠵᠤᠶᠢᠯ ᠤᠨ ᠬᠡᠯᠡᠯᠴᠡᠭᠡᠷ ᠢ ᠪᠡᠶᠡᠯᠡᠬᠦᠯᠦᠭᠰᠡᠨ ᠨᠤᠷᠮ᠎ᠠ 82%᠂ ᠲᠦᠷᠦᠯ ᠵᠤᠶᠢᠯ ᠤᠨ ᠠᠵᠢᠯ ᠡᠬᠢᠯᠡᠭᠰᠡᠨ ᠨᠤᠷᠮ᠎ᠠ 91%  ᠬᠦᠷᠴᠦ᠂ ᠭᠤᠤᠯᠯᠠᠬᠤ ᠠᠵᠦ ᠦᠢᠯᠡᠰ ᠢ ᠰᠢᠨᠡᠴᠢᠯᠡᠵᠦ ᠬᠠᠳᠠᠭᠠᠯᠠᠭᠰᠠᠨ ᠲᠦᠷᠦᠯ ᠵᠤᠶᠢᠯ 104 ᠪᠤᠢ᠃      
      ᠨᠢᠭᠡ ᠳᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠤᠨ ᠨᠡᠶᠢᠯᠡᠯ ᠬᠦᠴᠦᠨ ᠢ ᠪᠦᠷᠢᠯᠳᠦᠬᠦᠯᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠢᠶᠠᠷ ᠦᠵᠡᠵᠦ᠂ ᠬᠤᠰᠢᠭᠤ ᠨᠠᠮ ᠵᠠᠰᠠᠭ ᠤᠨ ᠤᠳᠤᠷᠢᠳᠤᠯᠭ᠎ᠠ ᠨᠢ ᠦᠪᠡᠷ ᠤᠨ ᠪᠡᠶ᠎ᠡ ᠪᠠᠨ ᠢᠶᠠᠨ ᠲᠦᠷᠦᠬᠦᠯᠡᠵᠦ᠂ ᠦᠪᠡᠷ ᠤᠨ ᠪᠡᠶ᠎ᠡ ᠪᠠᠷ ᠢᠶᠠᠨ ᠬᠦᠢᠴᠡᠳᠬᠡᠵᠦ᠂ ᠭᠤᠤᠯ ᠤᠳᠤᠷᠢᠳᠤᠯᠭ᠎ᠠ ᠨᠢ ᠪᠦᠬᠦ ᠬᠦᠴᠦᠨ ᠢᠶᠠᠷ ᠤᠷᠤᠯᠴᠠᠵᠦ᠂ ᠦᠷᠬᠦᠯᠵᠢᠳᠡ ᠴᠢᠩᠭ᠎ᠠ ᠠᠳᠬᠤᠵᠦ᠂ ᠠᠷᠠᠯᠵᠢᠶᠠᠴᠢᠨ ᠤᠷᠢᠭᠰᠠᠨ ᠭᠤᠤᠯᠳᠠᠯᠭ᠎ᠠ ᠲᠠᠢ ᠲᠦᠷᠦᠯ ᠵᠤᠶᠢᠯ ᠳᠤ ᠬᠤᠰᠢᠭᠤ ᠲᠡᠰ ᠤᠨ ᠤᠳᠤᠷᠢᠳᠤᠯᠭ᠎ᠠ ᠬᠠᠷᠢᠯᠴᠠᠵᠦ᠂ ᠰᠠᠯᠠᠭ᠎ᠠ ᠮᠦᠴᠢᠷ ᠨᠢ ᠮᠦᠷᠳᠡᠨ ᠦᠢᠯᠡᠴᠢᠯᠡᠬᠦ ᠪᠠ ᠲᠦᠷᠦᠯ ᠵᠤᠶᠢᠯ ᠤᠨ ᠨᠠᠷᠢᠨ ᠪᠢᠴᠢᠭᠡᠴᠢ ᠶᠢᠨ ᠲᠦᠷᠢᠮ ᠢ ᠭᠡᠷᠡᠭᠵᠢᠬᠦᠯᠵᠦ᠂ ᠲᠦᠷᠦᠯ ᠵᠤᠶᠢᠯ ᠢ ᠵᠤᠬᠢᠴᠠᠭᠤᠯᠤᠨ ᠠᠬᠢᠭᠤᠯᠬᠤ ᠬᠤᠷᠠᠯ ᠢ ᠲᠤᠭᠳᠠᠭᠰᠠᠨ ᠬᠤᠭᠤᠴᠠᠭ᠎ᠠ ᠲᠠᠢ ᠬᠤᠷᠠᠯᠳᠤᠭᠤᠯᠵᠦ᠂ ᠤᠳᠤᠷᠢᠳᠤᠯᠭ᠎ᠠ ᠶᠢᠨ ᠵᠤᠬᠢᠴᠠᠭᠤᠯᠬᠤ ᠴᠢᠳᠠᠪᠬᠢ ᠶᠢ ᠰᠠᠶᠢᠳᠦᠷ ᠪᠠᠳᠠᠷᠠᠭᠤᠯᠪᠠ᠃ ᠠᠷᠠᠯᠵᠢᠶᠠᠴᠢᠨ ᠤᠷᠢᠭᠰᠠᠨ ᠭᠤᠤᠯᠳᠠᠯᠭ᠎ᠠ ᠲᠠᠢ ᠲᠦᠷᠦᠯ ᠵᠤᠶᠢᠯ ᠢ ᠠᠬᠢᠭᠤᠯᠬᠤ ᠲᠡᠭᠡᠷ᠎ᠡ᠂ ︽ᠨᠢᠭᠡ ᠭᠤᠤᠯᠳᠠᠯᠭᠠᠳᠦ ᠲᠦᠷᠦᠯ ᠵᠤᠶᠢᠯ᠂ ᠨᠢᠭᠡ ᠬᠤᠰᠢᠭᠤ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠡᠴᠦᠰ ᠲᠤᠨᠢ ᠲᠤᠯᠳᠠᠯ᠎ᠠ ᠠᠳᠬᠤᠬᠤ︾ ᠲᠦᠷᠦᠯ ᠵᠤᠶᠢᠯ ᠢ ᠠᠬᠢᠭᠤᠯᠬᠤ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠲᠦᠷᠦᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ᠂ ᠠᠵᠢᠯ ᠡᠬᠢᠯᠡᠨ ᠪᠠᠶᠢᠭᠤᠯᠬᠤ ᠠᠴᠠ ᠦᠢᠯᠡᠳᠪᠦᠷᠢᠯᠡᠯ ᠢ ᠪᠡᠶᠡᠯᠡᠬᠦᠯᠵᠦ ᠦᠷ᠎ᠡ ᠠᠰᠢᠭ ᠭᠠᠷᠭᠠᠬᠤ ᠬᠦᠷᠳᠡᠯ᠎ᠡ ᠪᠦᠬᠦ ᠶᠠᠪᠤᠴᠠ ᠶᠢ ᠱᠠᠭᠠᠷᠳᠠᠨ ᠬᠦᠢᠴᠡᠳᠭᠡᠵᠦ᠂ ᠲᠦᠷᠦᠯ ᠵᠤᠶᠢᠯ ᠤᠨ ᠪᠠᠶᠢᠭᠤᠯᠤᠯᠳᠠ ᠲᠤᠮᠳᠠᠬᠢ ᠬᠦᠴᠢᠷᠳᠡᠯ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃      
     
     ᠬᠤᠶᠠᠷ ᠲᠤ᠂ ᠬᠦᠭᠵᠢᠯᠳᠡ ᠶᠢᠨ ᠪᠠᠶᠢᠷᠢ ᠪᠠᠨ ᠲᠤᠳᠤᠷᠬᠠᠢ ᠪᠤᠯᠭᠠᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢᠨ ᠪᠤᠳᠠᠳᠦ ᠦᠷ᠎ᠡ ᠠᠰᠢᠭ ᠢ ᠨᠡᠮᠡᠭᠳᠡᠬᠦᠯᠪᠡ᠃ ᠤᠯᠤᠰ ᠤᠨ ︽ᠨᠢᠭᠡ ᠪᠦᠰᠠ ᠨᠢᠭᠡ ᠵᠠᠮ︾ ᠤᠨ ᠲᠤᠮᠳᠠᠳᠦ ᠮᠤᠩᠭᠤᠯ ᠤᠨ ᠠᠵᠦ ᠠᠬᠤᠢ ᠶᠢᠨ ᠬᠤᠩᠬᠢᠯ᠂ ᠪᠡᠭᠡᠵᠢᠩ ᠦᠪᠦᠷ ᠮᠤᠩᠭᠤᠯ ᠤᠨ ᠬᠠᠮᠳᠤᠷᠠᠨ ᠠᠵᠢᠯᠯᠠᠬᠤ ᠪᠠᠶᠢᠯᠳᠤᠬᠤ ᠪᠤᠳᠤᠯᠭ᠎ᠠ ᠪᠠᠷ ᠠᠵᠠ ᠲᠤᠬᠢᠶᠠᠯ ᠪᠤᠯᠭᠠᠵᠦ᠂ ᠤᠳᠤᠬᠠᠨ ᠤ ᠠᠵᠦ ᠦᠢᠯᠡᠰ ᠤᠨ ᠰᠢᠯᠵᠢᠬᠦᠯᠦᠯᠳᠡ ᠪᠠ  ᠪᠡᠯᠡ ᠮᠦᠩᠬᠦᠨ ᠤ ᠬᠦᠳᠡᠯᠦᠯ ᠤᠨ ᠰᠢᠨ᠎ᠡ ᠬᠠᠨᠳᠤᠰᠢ᠂ ᠰᠢᠨ᠎ᠡ ᠤᠨᠴᠠᠯᠢᠭ ᠢ ᠬᠦᠨ ᠰᠤᠳᠤᠯᠵᠦ᠂ ᠤᠶᠠᠯᠳᠤᠯ ᠤᠨ ᠴᠡᠭ ᠢ ᠤᠨᠤᠪᠴᠢᠳᠠᠢ ᠡᠷᠢᠵᠦ᠂ ᠲᠤᠭᠳᠠᠭᠰᠠᠨ ᠴᠢᠭᠯᠡᠯ ᠲᠠᠢ ᠠᠷᠠᠯᠵᠢᠶᠠᠴᠢᠨ ᠤᠷᠢᠬᠤ ᠶᠢ ᠭᠤᠤᠯ ᠠᠷᠭ᠎ᠠ ᠵᠠᠮ ᠪᠤᠯᠭᠠᠵᠦ᠂ ᠭᠠᠵᠠᠷ ᠤᠷᠤᠨ ᠤ ᠨᠦᠬᠦᠴᠡᠯ ᠳᠤ  ᠲᠤᠬᠢᠷᠠᠭᠰᠠᠨ ᠰᠢᠯᠢᠳᠡᠭ ᠦᠢᠯᠡᠳᠪᠦᠷᠢᠯᠡᠯ ᠤᠨ ᠴᠢᠳᠠᠪᠬᠢ ᠲᠠᠢ ᠲᠦᠷᠦᠯ ᠵᠤᠶᠢᠯ ᠢ ᠬᠦᠳᠡᠯᠦᠩᠬᠦᠢ ᠪᠠᠷ ᠵᠠᠯᠭᠠᠯᠳᠤᠭᠤᠯᠤᠨ ᠲᠠᠭᠠᠭᠠᠴᠢᠯᠠᠵᠦ᠂ ᠰᠠᠶᠢᠨ ᠦᠷ᠎ᠡ ᠠᠰᠢᠭ ᠤᠯᠪᠠ᠃ ᠴᠡᠪᠡᠷ ᠡᠨᠧᠷᠬᠢ ᠶᠢᠨ ᠦᠢᠯᠡᠰ ᠴᠢᠬᠤᠯᠠ ᠬᠦᠭᠵᠢᠯᠳᠡ   ᠪᠠᠨ ᠤᠯᠵᠦ᠂ ᠰᠠᠯᠬᠢᠨ ᠭᠡᠷᠡᠯ ᠢᠶᠠᠷ ᠴᠠᠬᠢᠯᠭᠠᠨ ᠭᠠᠷᠭᠠᠬᠤ ᠶᠡᠷᠦᠩᠭᠡᠢ ᠲᠤᠨᠤᠭᠯᠠᠯ ᠤᠨ ᠪᠠᠭᠳᠠᠭᠠᠮᠵᠢ 28 ᠲᠦᠮᠡᠨ ᠺᠢᠯᠤᠸᠠᠲ ᠲᠤ ᠬᠦᠷᠴᠦ᠂ ᠤᠨᠴᠠ ᠦᠨᠳᠦᠷ ᠬᠦᠴᠦᠳᠡᠯ ᠤᠨ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ᠂ ᠡᠷᠢᠶᠠᠨ ᠤ ᠪᠠᠭ᠎ᠠ ᠬᠡᠯᠪᠡᠷᠢ ᠶᠢᠨ ᠴᠠᠬᠢᠯᠭᠠᠨ ᠲᠤᠤᠷ ᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠴᠤᠭᠯᠠᠷᠠᠯ᠂ ᠵᠧᠩ ᠳ᠋ᠢᠶᠠᠨ ᠰᠢᠨ᠎ᠡ ᠡᠨᠧᠷᠬᠢ ᠶᠢᠨ ᠲᠠᠷᠠᠬᠠᠢ ᠪᠠᠷ ᠭᠡᠷᠡᠯ ᠤᠨ ᠴᠠᠬᠢᠯᠭᠠᠨ ᠭᠠᠷᠭᠠᠬᠤ ᠵᠡᠷᠭᠡ ᠲᠦᠷᠦᠯ ᠵᠤᠶᠢᠯ ᠵᠦᠪᠰᠢᠶᠡᠷᠡᠭᠳᠡᠨ᠂ ᠲᠤᠨᠤᠭᠯᠠᠯ ᠤᠨ ᠪᠠᠭᠳᠠᠭᠠᠮᠵᠢ 124 ᠲᠦᠮᠡᠨ ᠺᠢᠯᠤᠸᠠᠲ ᠲᠤ ᠬᠦᠷᠪᠡ︔ ᠲᠤᠨᠤᠭ ᠲᠦᠬᠦᠬᠡᠷᠦᠮᠵᠢ ᠦᠢᠯᠡᠳᠬᠦ ᠦᠢᠯᠡᠰ ᠨᠢ ᠪᠠᠶᠢᠬᠤ ᠦᠬᠡᠢ ᠠᠴᠠ ᠪᠠᠶᠢᠬᠤ ᠪᠤᠯᠵᠦ᠂ ᠬᠡᠪᠴᠢᠶᠠᠵᠢᠨ ᠪᠦᠷᠢᠯᠳᠦᠵᠦ᠂ ᠤᠨᠴᠠ ᠬᠦᠴᠦᠳᠡᠯ ᠦᠭᠡᠷᠡᠴᠢᠯᠡᠬᠦ ᠴᠠᠬᠢᠯᠭᠠᠨ ᠦᠢᠯᠡᠳᠪᠦᠷᠢ᠂ ᠶᠢᠨ ᠹᠧᠩ ᠰᠢᠨᠵᠢᠯᠡᠬᠦ ᠮᠡᠷᠭᠡᠵᠢᠯ᠂ ᠵᠢᠶᠠᠨ ᠠᠨ ᠴᠧᠩ ᠵᠡᠷᠭᠡ ᠤᠯᠤᠰ ᠤᠨ ᠲᠡᠷᠢᠬᠦᠨ ᠤ ᠠᠵᠦ ᠠᠬᠤᠶᠢᠯᠠᠯ ᠪᠠᠶᠢᠭᠤᠯᠤᠭᠳᠠᠨ ᠦᠢᠯᠡᠳᠪᠦᠷᠢᠯᠡᠬᠦ ᠨᠦᠬᠦᠴᠡᠯ ᠢ ᠪᠦᠷᠢᠯᠳᠦᠬᠦᠯᠵᠦ᠂ ᠡᠬᠦᠨ ᠳᠤ ᠵᠢᠶᠠᠨ ᠠᠨ ᠴᠧᠩ ︵ᠦᠪᠦᠷ ᠮᠤᠩᠭᠤᠯ︶ ᠡᠨᠧᠷᠬᠢ  ᠶᠢᠨ ᠬᠢᠵᠠᠭᠠᠷᠲᠦ ᠺᠤᠮᠫᠠᠨᠢ ᠨᠢ ᠬᠡᠪᠴᠢᠶᠡᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠵᠦ᠂ ᠤᠯᠤᠰ ᠤᠨ ᠲᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠤᠨ ᠨᠡᠷᠡᠰ ᠲᠤ ᠰᠤᠩᠭᠤᠭᠳᠠᠨ ᠤᠷᠤᠪᠠ︔ ᠪᠠᠶᠢᠭᠠᠯᠢᠯᠢᠭ ᠮᠠᠯ ᠲᠠᠷᠢᠶᠠᠯᠠᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ ᠠᠵᠦ ᠦᠢᠯᠡᠰ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠵᠦ᠂ ᠮᠧᠩ ᠱᠧᠩ ᠮᠢᠬᠠᠨ ᠤ ᠦᠢᠯᠡᠰ᠂ ᠯᠦ ᠸᠠᠩ ᠺᠤᠮᠫᠠᠨᠢ᠂ ᠰᠢᠨ ᠺᠠᠢ ᠮᠢᠬᠠᠨ ᠤ ᠦᠢᠯᠡᠰ ᠨᠢ ᠮᠡᠷᠭᠡᠵᠢᠯ ᠤᠨ ᠦᠭᠡᠷᠡᠴᠢᠯᠡᠯᠳᠡ ᠪᠠᠨ ᠪᠡᠶᠡᠯᠡᠬᠦᠯᠵᠦ᠂ ᠬᠤᠩ ᠶᠧ ᠨᠤᠤᠰᠤᠨ ᠨᠡᠭᠡᠮᠡᠯ ᠤᠨ ᠦᠢᠯᠡᠳᠪᠦᠷᠢ ᠤᠷᠤᠭᠰᠢᠳᠠᠢ ᠪᠠᠶᠢᠭᠤᠯᠤᠭᠳᠠᠨ᠂ ᠶᠤᠸᠠᠢ ᠱᠧᠩ ᠵᠠᠢ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠤᠳᠤ ᠦᠶ᠎ᠡ ᠶᠢᠨ ᠮᠠᠯ ᠠᠵᠦ ᠦᠢᠯᠡᠰ ᠤᠨ ᠬᠦᠷᠢᠶᠡᠯᠡᠩ ᠤᠨ ᠲᠦᠷᠦᠯ ᠵᠤᠶᠢᠯ ᠯᠠᠪᠳᠠᠭᠤᠨ ᠠᠬᠢᠵᠦ᠂ ᠮᠧᠩ ᠱᠧᠩ ᠮᠢᠬᠠᠨ ᠤ ᠦᠢᠯᠡᠰ᠂ ᠢ ᠱᠧᠩ ᠮᠢᠬᠠᠨ ᠤ ᠦᠢᠯᠡᠰ ᠨᠢ ᠣᠯᠣᠰ ᠤᠨ ᠤᠷᠭᠠᠨᠢᠭ ᠦᠭᠡᠷ ᠬᠤᠨᠢ ᠲᠡᠵᠢᠭᠡᠨ ᠦᠷᠡᠵᠢᠬᠦᠯᠬᠦ ᠪᠠ ᠤᠷᠭᠠᠨᠢᠭ ᠦᠭᠡᠷ ᠬᠤᠨᠢᠨ ᠮᠢᠬ᠎ᠠ ᠪᠤᠯᠪᠠᠰᠤᠷᠠᠭᠤᠯᠬᠤ ᠵᠦᠪᠰᠢᠶᠡᠷᠡᠯ ᠢ ᠤᠯᠪᠠ︔ ᠠᠭᠤᠷᠬᠠᠢ ᠨᠡᠭᠡᠭᠡᠨ ᠪᠤᠯᠪᠠᠰᠤᠷᠠᠭᠤᠯᠬᠤ ᠦᠢᠯᠡᠰ ᠤᠯᠠᠮ ᠬᠡᠪᠴᠢᠶᠡᠵᠢᠵᠦ᠂ ᠪᠤᠤ ᠰᠢ ᠠᠵᠦ ᠠᠬᠤᠶᠢᠯᠠᠯ᠂ ᠬᠦᠸᠧ ᠠᠢ ᠨᠢᠺᠧᠯ ᠤᠨ ᠦᠢᠯᠡᠰ ᠨᠢ ᠪᠠᠶᠢᠭᠤᠯᠤᠭᠳᠠᠨ ᠠᠰᠢᠭᠯᠠᠯᠳᠠ ᠳᠤ ᠤᠷᠤᠵᠦ᠂ ᠴᠢᠶᠠᠨ ᠶᠢᠨ ᠳ᠋ᠠ ᠠᠭᠤᠷᠬᠠᠢ ᠨᠢ ᠨᠡᠬᠡᠬᠡᠬᠦ ᠨᠦᠬᠦᠴᠡᠯ ᠢ ᠪᠦᠷᠢᠯᠳᠦᠬᠦᠯᠵᠦ᠂ ᠪᠤᠯᠠᠭᠠᠠᠲᠤᠬᠤᠢ ᠶᠢᠨ ᠨᠡᠬᠦᠷᠡᠰᠦ ᠶᠢ ᠬᠠᠷᠭᠤᠭᠤᠯᠤᠨ ᠵᠦᠪᠰᠢᠶᠡᠷᠡᠬᠦᠯᠬᠦ ᠵᠤᠶᠢᠯᠡᠰ ᠢ ᠦᠨᠳᠦᠰᠦᠨ ᠳᠤᠨᠢ ᠪᠡᠶᠡᠯᠡᠬᠦᠯᠪᠡ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠠᠯᠭᠤᠮ ᠪᠤᠵᠠᠭᠠᠶᠢᠷᠠᠵᠦ᠂ ᠵᠢᠯ ᠤᠨ ᠭᠠᠷᠤᠯᠳᠠ 30 ᠲᠦᠮᠡᠨ ᠰᠠᠭᠤᠷᠢ ᠴᠠᠬᠢᠯᠭᠠᠨᠵᠢᠭᠤᠯᠤᠭᠰᠠᠨ ᠬᠦᠷᠦᠯᠴᠡᠬᠦ ᠲᠤᠤᠷ ᠤᠨ ᠬᠦᠨᠳᠡᠢ ᠪᠠᠭᠠᠨ᠎ᠠ ᠶᠢᠨ ᠲᠦᠷᠦᠯ ᠵᠤᠶᠢᠯ ᠯᠠᠪᠳᠠᠭᠤᠨ ᠠᠬᠢᠵᠦ᠂ ᠸᠠᠨ ᠺᠠᠩ ᠴᠢᠯᠠᠭᠤᠯᠢᠭ ᠮᠢᠨᠳᠠᠰᠦ ᠦᠢᠯᠡᠳᠪᠦᠷᠢᠯᠡᠯ ᠡᠬᠢᠯᠡᠵᠦ᠂ ᠲᠠᠢ ᠠᠨ ᠲᠤᠭᠤᠰᠬᠠᠨ ᠦᠢᠯᠡᠳᠪᠦᠷᠢ ᠶᠢᠨ ᠬᠦᠨᠳᠡᠢ ᠲᠤᠭᠤᠰᠬ᠎ᠠ ᠶᠢᠨ ᠮᠡᠷᠭᠡᠵᠢᠯ ᠤᠨ ᠦᠬᠡᠷᠡᠴᠢᠯᠡᠯᠳᠡ ᠶᠢᠨ ᠲᠦᠷᠦᠯ ᠵᠤᠶᠢᠯ ᠠᠰᠢᠭᠯᠠᠯᠳᠠ ᠳᠤ ᠤᠷᠤᠵᠦ ᠦᠷ᠎ᠡ ᠠᠰᠢᠭ ᠡᠬᠦᠳᠦᠪᠡ᠃ ᠪᠦᠬᠦ ᠠᠶᠢᠮᠠᠭ ᠤᠨ ᠴᠠᠬᠢᠯᠭᠠᠨ ᠬᠦᠴᠦᠨ ᠤ ︽ᠭᠤᠤᠯ ᠭᠠᠵᠠᠷ︾ ᠤᠨ ᠲᠠᠪᠠᠭᠤᠯᠢᠭ ᠲᠤ ᠲᠦᠰᠢᠭᠯᠡᠨ᠂ ᠬᠦᠨᠳᠦ ᠭᠡᠴᠡᠬᠦᠦ ᠶᠠᠳᠠᠭᠤ ᠬᠦᠴᠢᠷᠳᠡᠢ ᠭᠠᠵᠠᠷ ᠤᠷᠤᠨ ᠳᠤ ᠠᠵᠦ ᠠᠬᠤᠶᠢᠯᠠᠯ ᠤᠨ ᠬᠤᠪᠢ ᠤᠷᠤᠭᠤᠯᠤᠭᠰᠠᠨ ᠲᠡᠮᠳᠡᠭ ᠲᠠᠷᠬᠠᠭᠠᠬᠤ᠂ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠬᠢᠨᠠᠨ ᠵᠦᠪᠰᠢᠶᠡᠷᠡᠬᠦᠯᠬᠦ ᠳᠤ ᠰᠠᠭᠠᠳ ᠦᠬᠡᠢ ᠪᠠᠶᠢᠳᠠᠭ ᠲᠤᠬᠢᠶᠠᠯ ᠢ ᠠᠰᠢᠭᠯᠠᠨ᠂ ᠡᠨᠧᠷᠬᠢ ᠶᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ᠂ ᠰᠢᠨ᠎ᠡ ᠡᠨᠧᠷᠬᠢ ᠶᠢᠨ ᠮᠠᠲ᠋ᠧᠷᠢᠶᠠᠯ ᠤᠨ ᠠᠵᠦ ᠦᠢᠯᠡᠰ ᠢ ᠢᠳᠡᠪᠬᠢᠳᠠᠢ ᠬᠦᠭᠵᠢᠬᠦᠯᠵᠦ᠂ ᠪᠡᠭᠡᠵᠢᠩ ᠤᠨ ᠳ᠋ᠦᠩ ᠹᠠᠩ ᠴᠡᠴᠡᠷᠯᠢᠭ ᠤᠨ ᠤᠷᠴᠢᠨ ᠲᠤᠭᠤᠷᠢᠨ ᠤ ᠬᠤᠪᠢ ᠤᠷᠤᠭᠤᠯᠤᠭᠰᠠᠨ ᠬᠢᠵᠠᠭᠠᠷᠳᠦ ᠺᠤᠮᠫᠠᠨᠢ᠂ ᠲᠢᠶᠠᠨᠵᠢᠨ ᠤᠨ ᠷᠧᠨ ᠰᠢᠨ ᠪᠦᠯᠦᠭᠯᠡᠯ᠂ ᠱᠠᠨ ᠰᠢ ᠶᠢᠨ ᠯᠦ ᠰᠢᠨ ᠡᠨᠧᠷᠬᠢ ᠶᠢᠨ ᠪᠦᠯᠦᠭᠯᠡᠯ᠂ ᠳ᠋ᠠᠯᠢᠶᠠᠨ ᠤ ᠬᠤᠩ ᠭᠤᠸᠠᠩ ᠯᠢᠲ᠋ᠢ ᠶᠢᠨ ᠦᠢᠯᠡᠰ ᠤᠨ ᠺᠤᠮᠫᠠᠨᠢ ᠵᠡᠷᠭᠡ ᠨᠢᠭᠡ ᠪᠦᠯᠦᠭ ᠠᠵᠦ ᠠᠬᠤᠶᠢᠯᠠᠯ ᠲᠠᠢ ᠬᠠᠮᠳᠤᠷᠠᠨ ᠠᠵᠢᠯᠯᠠᠬᠤ ᠬᠠᠨᠳᠤᠯᠭ᠎ᠠ ᠲᠠᠢ ᠪᠤᠯᠪᠠ᠃      
      ᠭᠤᠷᠪᠠ ᠳᠤ᠂ ᠠᠷᠠᠯᠵᠢᠶᠠᠴᠢᠨ ᠤᠷᠢᠬᠤ ᠠᠷᠭ᠎ᠠ ᠵᠠᠮ ᠢ ᠦᠷᠭᠡᠳᠬᠡᠨ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢᠨ ᠤᠯᠠᠨ ᠡᠰᠢᠵᠢᠯᠳᠡ ᠶᠢ ᠪᠡᠶᠡᠯᠡᠬᠦᠯᠪᠡ᠃ ᠮᠠᠨ ᠤ ᠬᠤᠰᠢᠭᠤ ᠨᠢ ︽ᠭᠠᠷᠴᠦ ᠶᠠᠪᠤᠬᠤ︾ ᠪᠠ ︽ᠵᠠᠯᠠᠵᠦ ᠤᠷᠤᠭᠤᠯᠬᠤ︾ ᠶᠢ ᠴᠢᠭᠯᠡᠯᠳᠡᠢ ᠶᠠᠪᠤᠬᠳᠠᠭᠤᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢ ᠲᠤᠳᠤᠨᠤᠴᠢᠯᠠᠬᠤ᠂ ᠲᠤᠤᠷ ᠰᠦᠯᠵᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠬᠡᠯᠪᠡᠷᠢ ᠪᠠᠷ᠂ ᠤᠯᠠᠨ ᠠᠷᠭ᠎ᠠ ᠵᠠᠮ᠂ ᠤᠯᠠᠨ ᠲᠡᠰ ᠲᠠᠪᠬᠤᠷᠭ᠎ᠠ᠂ ᠤᠯᠠᠨ ᠬᠦᠷᠢᠶ᠎ᠡ ᠬᠡᠪᠴᠢᠶᠡᠨ ᠳᠤ ᠠᠷᠠᠯᠵᠢᠶᠠᠴᠢᠨ ᠤᠷᠢᠬᠤ ᠠᠵᠢᠯᠯᠠᠭ᠎ᠠ ᠶᠢ ᠦᠷᠨᠢᠬᠦᠯᠪᠡ᠃ ᠨᠢᠭᠡ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠨᠢ ᠦᠪᠡᠷ ᠤᠨ ᠪᠡᠶ᠎ᠡ ᠪᠠᠷ ᠢᠶᠠᠨ ᠲᠠᠭᠠᠭᠤᠯᠵᠦ᠂ ᠪᠦᠬᠦ ᠤᠯᠤᠰ ᠤᠨ ᠡᠯ᠎ᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯᠯᠠᠭ᠎ᠠ ᠶᠢ ᠦᠷᠨᠢᠬᠦᠯᠵᠦ᠂ ᠠᠵᠦ ᠠᠬᠤᠢ ᠶᠢᠨ ᠪᠤᠳᠠᠳᠦ ᠬᠦᠴᠦᠨ ᠴᠢᠩᠭ᠎ᠠ᠂ ᠮᠡᠷᠭᠡᠵᠢᠯ ᠤᠨ ᠠᠭᠤᠯᠤᠭᠳᠠᠴᠠ ᠦᠨᠳᠦᠷ ᠭᠡᠰᠡᠭ ᠠᠵᠦ ᠠᠬᠤᠶᠢᠯᠠᠯ ᠲᠠᠢ ᠵᠤᠯᠭᠠᠨ ᠵᠠᠯᠭᠠᠯᠳᠤᠪᠠ᠃ ᠬᠤᠶᠠᠷ ᠲᠤ᠂ ᠲᠡᠭᠡᠳᠦ ᠱᠠᠳᠤᠨ  ᠠᠴᠠ ᠵᠤᠬᠢᠶᠠᠨ ᠪᠠᠶᠢᠭᠤᠯᠤᠭᠰᠠᠨ ᠲᠦᠷᠦᠯ ᠵᠤᠶᠢᠯ ᠲᠠᠨᠢᠯᠴᠠᠭᠤᠯᠬᠤ ᠪᠠ ᠭᠠᠳᠠᠨ᠎ᠠ ᠭᠠᠵᠠᠷ ᠬᠦᠷᠴᠦ ᠲᠦᠷᠦᠯ ᠵᠤᠶᠢᠯ ᠢ ᠵᠤᠯᠭᠠᠭᠤᠯᠬᠤ ᠡᠯ᠎ᠡ ᠲᠦᠷᠦᠯ ᠤᠨ ᠠᠵᠢᠯᠯᠠᠭ᠎ᠠ ᠳᠤ ᠢᠳᠠᠪᠬᠢᠳᠡᠢ ᠤᠷᠤᠯᠴᠠᠵᠦ᠂ ᠤᠯᠤᠰ ᠤᠨ ᠲᠤᠳᠤᠭᠠᠳᠤᠬᠢ ᠤᠯᠠᠨ ᠨᠡᠷᠡᠳᠦ ᠠᠵᠦ ᠠᠬᠤᠶᠢᠯᠠᠯ ᠤᠨ ᠲᠡᠭᠡᠳᠦ ᠲᠠᠪᠬᠤᠷᠭᠠᠳᠠᠨ᠂ ᠬᠤᠳᠠᠯᠳᠤᠭᠠᠨ ᠤ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠪᠠ ᠠᠵᠢᠯ ᠲᠦᠷᠦᠯ ᠤᠨ ᠨᠡᠶᠢᠭᠡᠮᠯᠢᠭ ᠲᠠᠢ ᠵᠤᠯᠭᠠᠯᠴᠠᠭᠰᠠᠨ ᠪᠠᠶᠢᠨ᠎ᠠ᠃ ᠭᠤᠷᠪᠠ ᠳᠤ᠂ ᠲᠤᠤᠷ ᠰᠦᠯᠵᠢᠶ᠎ᠡ ᠪᠠᠷ ᠠᠷᠠᠯᠵᠢᠶᠠᠴᠢᠨ ᠤᠷᠢᠬᠤ ᠶᠢᠨ ᠪᠦᠷᠬᠦᠬᠦ ᠬᠡᠪᠴᠢᠶ᠎ᠡ ᠦᠷᠭᠡᠨ᠂ ᠠᠵᠢᠯᠯᠠᠬᠤ ᠦᠷᠳᠡᠭ ᠲᠤᠤᠷ᠎ᠠ ᠪᠠᠶᠢᠳᠠᠭ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠬᠤᠰᠢᠭᠤ ᠵᠠᠰᠠᠭ ᠤᠨ ᠶᠠᠪᠤᠳᠠᠯ ᠤᠨ ᠰᠦᠯᠵᠢᠶ᠎ᠡ᠂ ᠭᠠᠳᠠᠭᠰᠢ ᠤᠬᠠᠭᠤᠯᠬᠤ ᠰᠦᠯᠵᠢᠶ᠎ᠡ᠂ ᠠᠷᠠᠯᠵᠢᠶᠠᠴᠢᠨ ᠤᠷᠢᠬᠤ ᠲᠤᠪᠴᠢᠶᠠᠨ ᠤ sina ᠪᠦᠷᠭᠡ᠂ ᠸᠢᠴᠠᠲ ᠤᠨ ᠨᠡᠶᠢᠳᠡ ᠶᠢᠨ ᠨᠤᠮᠧᠷ ᠵᠡᠷᠭᠡ ᠲᠤᠤᠷ ᠰᠦᠯᠵᠢᠶᠡᠨ ᠤ ᠲᠠᠪᠴᠠᠩ ᠢ ᠠᠰᠢᠭᠯᠠᠨ᠂ ᠠᠷᠠᠯᠵᠢᠶᠠᠴᠢᠨ ᠤᠷᠢᠬᠤ ᠪᠠ ᠤᠬᠠᠭᠤᠯᠤᠨ ᠲᠠᠨᠢᠯᠴᠠᠭᠤᠯᠬᠤ ᠠᠵᠢᠯ ᠢ ᠴᠢᠩᠭᠠᠳᠬᠠᠪᠠ᠃ ᠲᠦᠷᠪᠡ ᠳᠤ᠂ ᠮᠦᠩᠬᠦᠨ ᠬᠦᠢᠯᠭᠡᠭᠡ ᠪᠠᠷ ᠠᠷᠠᠯᠵᠢᠶᠠᠴᠢᠨ ᠤᠷᠢᠬᠤ ᠶᠢ ᠢᠳᠠᠪᠬᠢᠳᠡᠢ ᠰᠦᠪᠡᠭᠴᠢᠯᠡᠵᠦ᠂ ᠨᠡᠶᠢᠭᠡᠮ ᠤᠨ ᠪᠡᠯᠡ ᠮᠦᠩᠬᠦ ᠶᠢᠨ ᠲᠤᠯᠠᠭᠠᠭᠤᠷᠢᠯᠠᠬᠤ ᠦᠢᠯᠡᠳᠦᠯ ᠢ ᠠᠰᠢᠬᠯᠠᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠲᠦᠷᠦᠯ ᠵᠤᠶᠢᠯ ᠤᠨ ᠪᠡᠯᠡ ᠴᠤᠭᠯᠠᠭᠤᠯᠬᠤ ᠳᠤ ᠬᠦᠴᠢᠷ᠂ ᠦᠨᠡᠳᠡᠢ ᠪᠠᠶᠢᠳᠠᠭ ᠬᠦᠴᠢᠷᠳᠡᠯ ᠢ ᠰᠢᠢᠳᠪᠦᠷᠢᠯᠡᠵᠦ ᠦᠭᠪᠡ᠃        
       ᠲᠦᠷᠪᠡ ᠳᠤ᠂ ᠬᠦᠷᠢᠶᠡᠯᠡᠩ ᠲᠤᠭᠤᠷᠢᠭ ᠤᠨ ᠪᠠᠶᠢᠭᠤᠯᠤᠯᠳᠠ ᠶᠢ ᠴᠢᠩᠭᠠᠳᠬᠠᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠲᠠᠭᠠᠭᠠᠴᠠ ᠲᠠᠪᠴᠠᠩ ᠢ ᠪᠠᠶᠢᠭᠤᠯᠪᠠ᠃ ᠮᠠᠨ ᠤ ᠬᠤᠰᠢᠭᠤ ᠨᠢ ︽ᠬᠦᠷᠦᠩᠭᠡ ᠤᠷᠤᠭᠤᠯᠤᠭᠴᠢᠳ ᠲᠤ ᠨᠦᠬᠦᠴᠡᠯ ᠬᠠᠩᠭᠠᠬᠤ︾ ᠢᠨᠵᠧᠨᠧᠷᠢᠩ ᠢ ᠬᠦᠴᠦᠯᠡᠨ ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠠᠷᠠᠯᠵᠢᠶᠠᠴᠢᠨ ᠤᠷᠢᠵᠦ ᠪᠡᠯᠡ ᠤᠷᠤᠭᠤᠯᠬᠤ᠂ ᠲᠦᠷᠦᠯ ᠵᠤᠶᠢᠯ ᠢ ᠲᠠᠭᠠᠭᠠᠴᠢᠯᠠᠬᠤ ᠭᠤᠤᠯ ᠲᠠᠪᠴᠠᠩ ᠪᠤᠯᠭᠠᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠬᠡᠨ᠂ ᠶᠡᠷᠦᠩᠭᠡᠶᠢᠯᠡᠭᠰᠡᠨ ᠢᠵᠢ ᠪᠦᠷᠢᠳᠦᠭᠰᠡᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠪᠡ᠃ ᠮᠢᠩᠭᠠᠨᠳᠦ ᠠᠵᠦ ᠦᠢᠯᠡᠳᠪᠦᠷᠢ ᠶᠢᠨ ᠲᠤᠭᠤᠷᠢᠭ ᠤᠨ ᠶᠡᠷᠦᠩᠭᠡᠢ ᠲᠦᠯᠦᠪᠵᠢᠬᠦᠯᠭᠡ᠂ ᠠᠵᠦ ᠦᠢᠯᠡᠰ ᠤᠨ ᠬᠦᠭᠵᠢᠬᠦᠯᠦᠯᠳᠡ ᠶᠢᠨ ᠲᠦᠯᠦᠪᠵᠢᠬᠦᠯᠭᠡ ᠶᠢ ᠦᠨᠳᠦᠷ ᠡᠬᠢᠯᠡᠯᠳᠡ ᠶᠢᠨ ᠴᠡᠭ ᠠᠴᠠ ᠨᠠᠶᠢᠷᠠᠭᠤᠯᠤᠨ ᠲᠤᠭᠤᠷᠪᠢᠵᠦ᠂ ᠲᠦᠯᠦᠪᠵᠢᠬᠦᠯᠭᠡ ᠶᠢᠨ ᠤᠷᠴᠢᠨ ᠲᠤᠭᠤᠷᠢᠨ ᠤ ᠦᠨᠡᠯᠡᠯᠳᠡ᠂ ᠤᠰᠤᠨ ᠤ ᠡᠬᠢ ᠪᠠᠶᠠᠯᠢᠭ ᠤᠨ ᠨᠤᠳᠠᠯᠠᠯᠳᠠ᠂ ᠠᠮᠢ ᠠᠬᠤᠢ ᠶᠢᠨ ᠬᠢᠨᠠᠨ ᠪᠠᠶᠢᠴᠠᠭᠠᠯᠳᠠ ᠶᠢᠨ ᠰᠠᠨᠠᠯ ᠵᠠᠷᠭᠡ ᠦᠨᠳᠦᠰᠦᠨ ᠴᠢᠨᠠᠷᠳᠠᠢ ᠠᠵᠢᠯ ᠢ ᠪᠡᠶᠡᠯᠡᠬᠦᠯᠵᠦ᠂ ᠨᠡᠶᠢᠳᠡ 1.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠮᠢᠩᠭᠠᠨᠳᠦ ᠠᠵᠦ ᠦᠢᠯᠡᠳᠪᠦᠷᠢ ᠶᠢᠨ ᠲᠤᠭᠤᠷᠢᠭ ᠤᠨ ᠤᠰᠤ᠂ ᠴᠠᠬᠢᠯᠭᠠᠨ᠂ ᠵᠠᠮ᠂ ᠴᠢᠮᠡᠭᠡ ᠨᠡᠪᠳᠡᠷᠡᠯᠭᠡ ᠵᠢᠴᠢ ᠨᠤᠭᠤᠭᠠᠷᠠᠭᠤᠯᠤᠯᠳᠠ᠂ ᠭᠡᠷᠡᠯᠳᠦᠬᠦᠯᠭᠡ ᠵᠡᠷᠭᠡ ᠠᠵᠢᠯ ᠢ ᠭᠡᠷᠡᠭᠵᠢᠬᠦᠯᠵᠦ᠂ 2014 ᠤᠨ ᠳᠤ ᠠᠶᠢᠮᠠᠭ ᠤᠨ ᠲᠡᠰ ᠤᠨ ᠠᠵᠦ ᠦᠢᠯᠡᠳᠪᠦᠷᠢ ᠶᠢᠨ ᠲᠤᠭᠤᠷᠢᠭ ᠪᠤᠯᠤᠨ ᠲᠡᠪᠰᠢᠪᠡ᠃        
      ᠲᠠᠪᠤ ᠳᠤ᠂ ᠦᠢᠯᠡᠴᠢᠯᠡᠭᠡᠨ ᠤ ᠤᠷᠴᠢᠨ ᠢ ᠰᠢᠯᠢᠭᠳᠡᠵᠢᠬᠦᠯᠦᠨ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠰᠠᠶᠢᠨ ᠠᠭᠤᠷ ᠠᠮᠢᠰᠬᠤᠯ ᠢ ᠪᠤᠢ ᠪᠤᠯᠭᠠᠪᠠ᠃ ᠨᠢᠭᠡ ᠳᠤ᠂ ᠨᠢᠭᠡᠨᠳᠡ ᠭᠡᠷ᠎ᠡ ᠲᠤᠬᠳᠠᠵᠦ ᠤᠷᠤᠭᠤᠯᠵᠦ ᠠᠪᠴᠢᠷᠠᠭᠰᠠᠨ ᠲᠦᠷᠦᠯ ᠵᠤᠶᠢᠯ ᠳᠤ ᠬᠤᠰᠢᠭᠤ ᠲᠡᠰ ᠤᠨ ᠤᠳᠤᠷᠢᠳᠤᠯᠭ᠎ᠠ ᠬᠠᠷᠢᠯᠴᠠᠬᠤ᠂ ᠰᠠᠯᠠᠭ᠎ᠠ ᠮᠦᠴᠢᠷ ᠨᠢ ᠮᠦᠷᠳᠡᠨ ᠦᠢᠯᠡᠴᠢᠯᠡᠬᠦ᠂ ᠲᠦᠷᠦᠯ ᠵᠤᠶᠢᠯ ᠤᠨ ᠨᠠᠷᠢᠨ ᠪᠢᠴᠢᠭᠡᠴᠢ ᠵᠡᠷᠭᠡ ᠲᠦᠷᠢᠮ ᠪᠠ ᠬᠤᠰᠢᠭᠤ᠂ ᠰᠠᠯᠠᠭ᠎ᠠ ᠮᠦᠴᠢᠷ᠂ ᠠᠵᠦ ᠠᠬᠤᠶᠢᠯᠠᠯ ︽1+1+1︾ ᠠᠵᠢᠯᠯᠠᠬᠤ ᠲᠤᠭᠳᠠᠯᠴᠠᠭ᠎ᠠ ᠶᠢ ᠦᠷᠬᠦᠯᠵᠢᠯᠡᠨ ᠭᠡᠷᠡᠭᠵᠢᠬᠦᠯᠵᠦ᠂ ᠵᠤᠬᠢᠴᠠᠭᠤᠯᠬᠤ᠂ ᠦᠢᠯᠡᠴᠢᠯᠡᠬᠦ ᠪᠠ ᠲᠤᠬᠢᠷᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠲᠦᠷᠦᠯ ᠵᠤᠶᠢᠯ ᠤᠨ ᠠᠬᠢᠯᠳᠠ ᠲᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ᠬᠤᠶᠠᠷ ᠲᠤ᠂ ᠬᠤᠰᠢᠭᠤ ᠨᠢ ︽ᠲᠤᠮᠳᠠ ᠪᠠᠭ᠎ᠠ ᠠᠵᠦ ᠠᠬᠤᠶᠢᠯᠠᠯ ᠤᠨ ᠬᠦᠭᠵᠢᠯᠳᠡ ᠳᠤ ᠬᠦᠦ ᠮᠦᠩᠬᠦ ᠶᠢ ᠲᠦᠯᠦᠬᠦ ᠲᠡᠮᠵᠢᠯᠭᠡ ᠦᠵᠡᠬᠦᠯᠬᠦ ᠲᠤᠬᠠᠢ ᠲᠦᠷ ᠭᠡᠷᠡᠭᠵᠢᠬᠦᠯᠬᠦ ᠠᠷᠭ᠎ᠠ︾᠂ ︽ᠲᠤᠬᠠᠢ ᠶᠢᠨ ᠵᠢᠯ ᠳᠤ ᠬᠢᠵᠠᠭᠠᠷᠯᠠᠯ ᠠᠴᠠ ᠲᠡᠭᠡᠭᠰᠢᠬᠢ ᠬᠡᠪᠴᠢᠶᠡᠨ ᠳᠤ ᠤᠷᠤᠭᠰᠠᠨ ᠰᠢᠨ᠎ᠡ ᠠᠵᠦ ᠠᠬᠤᠶᠢᠯᠠᠯ ᠢ ᠬᠦᠬᠢᠬᠦᠯᠬᠦ ᠠᠷᠭ᠎ᠠ︾᠂ ︽ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠦᠢᠯᠡᠴᠢᠯᠡᠭᠡᠨ ᠤ ᠠᠷᠭ᠎ᠠ ︵ᠲᠦᠷ ᠭᠡᠷᠡᠭᠵᠢᠬᠦᠯᠬᠦ︶︾ ᠵᠡᠷᠭᠡ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠨ ᠲᠠᠷᠬᠠᠭᠠᠵᠦ᠂ ᠪᠦᠬᠦ ᠬᠤᠰᠢᠭᠤᠨ ᠤ ᠪᠡᠯᠡ ᠤᠷᠤᠭᠤᠯᠬᠤ ᠤᠷᠴᠢᠨ ᠢ ᠤᠯᠠᠮ ᠰᠢᠯᠢᠳᠡᠭᠵᠢᠬᠦᠯᠪᠡ᠃ ᠭᠤᠷᠪᠠ ᠳᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠤᠶᠢᠯ ᠪᠠ ᠠᠵᠦ ᠠᠬᠤᠶᠢᠯᠠᠯ ᠳᠤ ᠬᠤᠯᠪᠤᠭᠳᠠᠭᠰᠠᠨ ᠰᠦᠢᠳᠬᠡᠯ ᠬᠤᠷᠢᠶᠠᠬᠤ ᠲᠦᠷᠦᠯ ᠵᠤᠶᠢᠯ ᠢ ᠪᠦᠬᠦ ᠲᠠᠯ᠎ᠠ ᠪᠠᠷ ᠴᠡᠪᠡᠷᠯᠡᠨ ᠲᠦᠷᠢᠮᠵᠢᠬᠦᠯᠵᠦ᠂ ᠠᠵᠦ ᠠᠬᠤᠶᠢᠯᠠᠯ ᠳᠤ ᠲᠦᠬᠦᠮ ᠠᠰᠢᠬᠯᠠᠮᠵᠢᠳᠡᠢ ᠵᠠᠰᠠᠭ ᠤᠨ ᠶᠠᠪᠤᠳᠠᠯ ᠤᠨ ᠤᠷᠴᠢᠨ ᠬᠠᠩᠭᠠᠪᠠ᠃ 2013 ᠤᠨ ᠠᠴᠠ ᠨᠠᠰᠢ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ 92 ᠲᠦᠷᠦᠯ ᠵᠤᠶᠢᠯ ᠢ ᠴᠡᠪᠡᠷᠯᠡᠨ ᠵᠤᠬᠰᠤᠭᠠᠵᠦ᠂ 7 ᠲᠦᠷᠦᠯ ᠢ ᠨᠢᠭᠡᠳᠬᠡᠵᠦ᠂ 195 ᠲᠦᠷᠦᠯ ᠢ ᠦᠯᠡᠳᠡᠭᠡᠪᠡ  ᠃ ᠵᠠᠰᠠᠭ ᠵᠠᠬᠢᠷᠭᠠᠨ ᠤ ᠠᠵᠦ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠬᠤ 57 ᠲᠦᠷᠦᠯ ᠵᠤᠶᠢᠯ ᠢ ᠵᠤᠬᠰᠤᠭᠠᠵᠦ᠂ 185 ᠲᠦᠷᠦᠯ ᠢ ᠦᠯᠡᠳᠡᠭᠡᠵᠦ᠂ ᠪᠠᠶᠢᠳᠠᠯ ᠢ ᠪᠦᠬᠦᠨ ᠢ ᠢᠯᠠ ᠨᠡᠶᠢᠳᠡᠯᠡᠵᠦ᠂ ᠢᠯᠠ ᠲᠤᠳᠤᠷᠬᠠᠢ ᠪᠠᠶᠢᠬᠤ ᠶᠢ ᠪᠡᠶᠡᠯᠡᠬᠦᠯᠪᠡ᠃ ᠲᠦᠷᠪᠡ ᠳᠤ᠂ ᠵᠠᠰᠠᠭ ᠠᠷᠠᠯᠵᠢᠶᠠᠴᠢᠨ ︽ᠲᠤᠳᠤᠨᠤ︾᠂ ︽ᠴᠢᠭᠴᠢ︾  ᠪᠠᠷ ᠦᠢᠯᠡᠳᠦᠯᠴᠡᠬᠦ᠂ ᠬᠦᠭᠵᠢᠯᠳᠡ ᠶᠢ ᠬᠠᠮᠳᠤᠪᠡᠷ ᠲᠦᠯᠦᠪᠯᠡᠬᠦ ᠰᠠᠶᠢᠨ ᠤᠷᠴᠢᠨ ᠢ ᠢᠳᠠᠪᠬᠢᠳᠡᠢ ᠪᠦᠷᠢᠯᠳᠦᠬᠦᠯᠵᠦ᠂ ᠵᠠᠰᠠᠭ ᠬᠤᠳᠠᠯᠳᠤᠭᠠᠴᠢᠨ ᠤ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠠᠬᠢᠭᠤᠯᠵᠦ᠂ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠪᠠ᠃ ︽ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠺᠠᠳ᠋ᠷᠴᠤᠳ ᠤᠨ ᠠᠵᠢᠯ ᠤᠨ ᠰᠤᠷᠳᠠᠯ ᠤᠨ ᠨᠠᠷᠢᠯᠢᠬᠵᠢᠭᠰᠠᠨ ᠬᠠᠮᠢᠶᠠᠷᠤᠯᠳᠠ ᠶᠢᠨ ᠠᠷᠭ᠎ᠠ ︵ᠲᠤᠷᠰᠢᠨ ᠭᠡᠷᠡᠭᠵᠢᠬᠦᠯᠬᠦ︶︾ ᠶᠢ ᠲᠠᠷᠬᠠᠭᠠᠵᠦ᠂ ᠪᠦᠬᠦ ᠬᠤᠰᠢᠭᠤᠨ ᠤ ᠺᠠᠳ᠋ᠷ ᠠᠵᠢᠯᠳᠠᠳ ᠤᠨ ᠨᠠᠷᠢᠯᠢᠭᠵᠢᠬᠰᠠᠨ ᠬᠠᠮᠢᠶᠠᠷᠤᠯᠳᠠ ᠶᠢᠨ ᠤᠷᠳᠦ ᠬᠤᠭᠤᠴᠠᠭᠠᠳᠦ ᠲᠤᠭᠳᠠᠯᠴᠠᠭ᠎ᠠ ᠶᠢ ᠪᠠᠶᠢᠭᠤᠯᠵᠦ᠂ ᠦᠢᠯᠡᠴᠢᠯᠡᠭᠡᠨ ᠤ ᠲᠦᠪᠰᠢᠨ ᠮᠡᠳᠡᠭᠳᠡᠮ᠎ᠡ ᠲᠡᠭᠡᠭᠰᠢᠯᠡᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠦᠷᠨᠢᠬᠦᠯᠬᠦ ᠳᠤ ᠠᠷᠢᠭᠤᠨ ᠴᠢᠭᠴᠢ ᠦᠨᠳᠦᠷ ᠠᠰᠢᠬᠯᠠᠮᠵᠢᠳᠦ ᠵᠠᠰᠠᠭ ᠤᠨ ᠶᠠᠪᠤᠳᠠᠯ ᠤᠨ ᠤᠷᠴᠢᠨ᠂ ᠲᠦᠪ ᠭᠤᠤᠯᠴᠢ ᠢᠯᠠ ᠲᠤᠳᠤᠷᠬᠠᠢ ᠬᠠᠤᠯᠢ ᠶᠢᠨ ᠤᠷᠴᠢᠨ ᠪᠠ ᠢᠳᠡᠭᠡᠯ ᠨᠠᠶᠢᠳᠠᠪᠤᠷᠢᠳᠡᠢ ᠨᠡᠶᠢᠭᠡᠮ ᠤᠨ ᠤᠷᠴᠢᠨ ᠢ ᠪᠤᠢ ᠪᠤᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号