ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2018-04-17
              ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠪᠦᠬᠦ ᠠᠷᠠᠳ ᠤᠨ              ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ                    ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ        ︽ᠪᠦᠬᠦ ᠠᠷᠠᠳ ᠤᠨ ᠤᠯᠤᠰ ᠤᠨ ᠠᠮᠦᠷ ᠲᠦᠪᠰᠢᠨ ᠤ ᠬᠦᠮᠦᠵᠢᠯ ᠤᠨ ᠡᠳᠦᠷ︾ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠰᠠᠶᠢᠳᠦᠷ ᠶᠠᠪᠤᠬᠳᠠᠭᠤᠯᠵᠦ᠂ ᠪᠦᠬᠦ ᠠᠷᠠᠳ ᠤᠨᠴᠠᠭᠠᠶᠢᠯᠠᠨ ᠤᠯᠤᠰ ᠤᠨ ᠠᠵᠢᠯᠳᠠᠳ ᠤᠨ ᠤᠯᠤᠰ ᠤᠨ ᠠᠮᠦᠷ ᠲᠦᠪᠰᠢᠨ ᠤ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠪᠦᠬᠦ ᠨᠡᠶᠢᠭᠡᠮ ᠳᠤ ︽ᠤᠯᠤᠰ ᠤᠨ ᠠᠮᠦᠷ ᠲᠦᠪᠰᠢᠨ ᠳᠤ ᠬᠦᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠤᠰᠠᠳᠠ᠂ ᠮᠠᠨ ᠤ ᠬᠤᠰᠢᠭᠤ ᠨᠢ ︽ᠰᠢᠨ᠎ᠡ ᠴᠠᠭ ᠦᠶ᠎ᠡ ᠶᠢᠨ ᠤᠯᠤᠰ ᠤᠨ ᠠᠮᠦᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠬᠦ︾ ᠪᠠᠷ ᠭᠤᠤᠯ ᠰᠡᠳᠦᠪ ᠪᠤᠯᠭᠠᠵᠦ᠂ ︽ᠪᠦᠬᠦ ᠠᠷᠠᠳ ᠤᠨ ᠤᠯᠤᠰ ᠤᠨ ᠠᠮᠦᠷ ᠲᠦᠪᠰᠢᠨ ᠤ ᠬᠦᠮᠦᠵᠢᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠲᠦᠷᠦᠯ ᠤᠨ ᠬᠡᠯᠪᠡᠷᠢ ᠪᠠᠷ ᠦᠷᠨᠢᠬᠦᠯᠪᠡ᠃
   
     
   
      4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠨᠢ ᠤᠯᠤᠰ ᠤᠨ ᠠᠮᠦᠷ ᠲᠦᠪᠰᠢᠨ ᠤ ᠠᠯᠪᠠᠨ ᠭᠡᠷ᠂ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠤᠯᠤᠰ ᠤᠨ ᠬᠠᠮᠠᠭᠠᠯᠠᠯᠳᠠ ᠶᠢᠨ ᠶᠡᠭᠡ ᠠᠩᠬᠢ᠂ ᠬᠦᠴᠦᠷᠭᠡᠭᠯᠡᠯ ᠢ ᠡᠰᠡᠷᠬᠦᠴᠡᠬᠦ ᠶᠡᠭᠡ ᠠᠩᠬᠢ᠂ ᠬᠠᠤᠯᠢ ᠴᠠᠭᠠᠵᠠ ᠶᠢᠨ ᠲᠤᠪᠴᠢᠶ᠎ᠠ᠂ ᠰᠡᠷᠭᠡᠶᠢᠯᠡᠨ ᠪᠡᠯᠡᠳᠬᠡᠬᠦ ᠠᠯᠪᠠᠨ ᠭᠡᠷ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ᠂ ᠮᠢᠩᠭᠠᠨᠳᠦ ᠪᠠᠯᠭᠠᠰᠤᠨ ᠤ ᠴᠠᠭᠠᠠᠨᠠᠭᠤᠷ ᠠᠭᠤᠳᠠᠮ ᠲᠠᠯᠠᠪᠠᠢ ᠳᠤ ︽ᠪᠦᠬᠦ ᠠᠷᠠᠳ ᠤᠨ ᠤᠯᠤᠰ ᠤᠨ ᠠᠮᠦᠷ ᠲᠦᠪᠰᠢᠨ ᠤ ᠬᠦᠮᠦᠵᠢᠯ ᠤᠨ ᠡᠳᠦᠷ︾ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠪᠡ᠃ ᠠᠵᠢᠯᠯᠠᠭᠠᠨ ᠤ ᠲᠤᠮᠳᠠ᠂ ᠡᠯ᠎ᠡ ᠰᠠᠯᠠᠭ᠎ᠠ ᠮᠦᠴᠢᠷ ᠨᠢ ᠠᠵᠢᠯᠯᠠᠭᠠᠨ ᠤ ᠭᠤᠤᠯ ᠰᠡᠳᠦᠪ ᠤᠨ ᠲᠤᠭᠤᠷᠢᠨ ᠳᠤ᠂ ᠬᠦᠨᠳᠡᠯᠡᠨ ᠪᠢᠴᠢᠭᠡᠰᠦ ᠡᠯᠬᠦᠬᠦ᠂ ᠦᠵᠡᠬᠦᠯᠦᠯᠭᠡ ᠶᠢᠨ ᠬᠠᠪᠳᠠᠰᠦ ᠲᠡᠯᠭᠡᠬᠦ᠂ ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ ᠵᠡᠷᠭᠡ ᠬᠡᠯᠪᠡᠷᠢ ᠪᠠᠷ᠂ ᠦᠷᠭᠡᠨ ᠤᠯᠠᠨ ᠺᠠᠳ᠋ᠷ ᠲᠦᠮᠡᠨ ᠳᠤ ᠨᠠᠮ ᠤᠨ ᠲᠦᠪ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠤᠬᠠᠭᠤᠯᠵᠦ᠂ ᠤᠯᠤᠰ ᠤᠨ ᠠᠮᠦᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠬᠦᠴᠡᠬᠦ ᠬᠠᠤᠯᠢ᠂ ᠬᠦᠴᠦᠷᠭᠡᠭᠯᠡᠯ ᠤᠨ ᠦᠵᠡᠯ ᠢ ᠡᠰᠡᠷᠬᠦᠴᠡᠬᠦ ᠬᠠᠤᠯᠢ᠂ ᠲᠤᠤᠷ ᠰᠦᠯᠵᠢᠶᠡᠨ ᠤ ᠠᠮᠦᠷ ᠲᠦᠪᠰᠢᠨ ᠤ ᠬᠠᠤᠯᠢ᠂ ᠬᠢᠯᠢ ᠶᠢᠨ ᠭᠠᠳᠠᠨᠠᠬᠢ ᠵᠠᠰᠠᠭ ᠤᠨ ᠪᠤᠰᠤ ᠵᠤᠬᠢᠶᠠᠨ ᠪᠠᠶᠢᠭᠤᠯᠤᠯᠳᠠ ᠶᠢᠨ ᠮᠠᠨ ᠤ ᠤᠯᠤᠰ ᠤᠨ ᠬᠢᠯᠢ ᠲᠤᠳᠤᠷ᠎ᠠ ᠠᠵᠢᠯᠯᠠᠭ᠎ᠠ ᠦᠷᠨᠢᠬᠦᠯᠬᠦ ᠬᠠᠮᠢᠶᠠᠷᠤᠯᠳᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠦᠷᠢᠮ ᠢ ᠤᠬᠠᠭᠤᠯᠵᠦ᠂ ᠪᠦᠬᠦ ᠨᠡᠶᠢᠭᠡᠮ ᠤᠨ ᠤᠯᠤᠰ ᠤᠨ ᠠᠮᠦᠷ ᠲᠦᠪᠰᠢᠨ ᠤ ᠤᠬᠠᠮᠰᠠᠷ ᠪᠠ ᠨᠢᠭᠤᠴᠠ ᠶᠢ ᠬᠠᠮᠠᠭᠠᠯᠠᠬᠤ ᠲᠠᠨᠢᠯᠳᠠ ᠶᠢ ᠲᠡᠭᠡᠭᠰᠢᠯᠡᠬᠦᠯᠵᠦ᠂ ᠡᠯ᠎ᠡ ᠲᠠᠯ᠎ᠠ ᠶᠢ ᠨᠢᠬᠳᠠᠷᠠᠭᠤᠯᠵᠦ ᠤᠯᠤᠰ ᠤᠨ ᠠᠮᠦᠷ ᠲᠦᠪᠰᠢᠨ ᠢ ᠬᠠᠮᠠᠭᠠᠯᠠᠬᠤ ᠨᠡᠶᠢᠯᠡᠯ ᠬᠦᠴᠦᠨ ᠢ ᠪᠦᠷᠢᠯᠳᠦᠬᠦᠯᠪᠡ᠃ ᠲᠤᠰ ᠤᠳᠠᠭᠠᠨ ᠤ ᠤᠠᠬᠠᠭᠤᠯᠭ᠎ᠠ ᠶᠢᠨ ᠲᠦᠪᠯᠡᠷᠡᠩᠬᠦᠢ ᠠᠵᠢᠯᠯᠠᠭ᠎ᠠ ᠳᠤ ᠨᠡᠶᠢᠳᠡ 18 ᠦᠵᠡᠬᠦᠯᠦᠯᠭᠡ ᠶᠢᠨ ᠬᠠᠪᠳᠠᠰᠦ᠂ 10 ᠭᠠᠷᠤᠢ ᠬᠦᠨᠳᠡᠯᠡᠨ ᠪᠢᠴᠢᠭᠡᠰᠦ ᠲᠡᠯᠭᠡᠨ ᠦᠵᠡᠬᠦᠯᠵᠦ᠂ 5000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ᠂ 200 ᠭᠠᠷᠤᠢ ᠤᠬᠠᠭᠤᠯᠭ᠎ᠠ ᠶᠢᠨ ᠪᠤᠳᠠᠰ ᠲᠠᠷᠬᠠᠭᠠᠵᠦ᠂ 500 ᠭᠠᠷᠤᠢ ᠬᠦᠮᠦᠨ ᠤᠳᠠᠭᠠᠨ ᠤ ᠤᠯᠠᠨ ᠲᠦᠮᠡᠨ ᠤᠷᠤᠯᠴᠠᠵᠦ᠂ ᠲᠤᠬᠠᠢ ᠶᠢᠨ ᠲᠠᠯᠠᠪᠤᠷ ᠤᠨ ᠤᠯᠠᠨ ᠲᠦᠮᠡᠨ ᠤ ᠢᠳᠠᠪᠬᠢᠳᠡᠢ ᠲᠡᠮᠵᠢᠯᠭᠡ ᠶᠢ ᠤᠯᠪᠠ᠃
       ᠡᠬᠦᠨ ᠤ ᠬᠠᠮᠳᠦ᠂ ᠤᠯᠤᠰ ᠤᠨ ᠠᠮᠦᠷ ᠲᠦᠪᠰᠢᠨ ᠤ ᠬᠦᠮᠦᠵᠢᠯ ᠤᠨ ᠠᠵᠢᠯᠯᠠᠭᠠᠨ ᠤ ᠤᠬᠠᠭᠤᠯᠭ᠎ᠠ ᠶᠢᠨ ᠦᠷ᠎ᠡ ᠠᠰᠢᠭ ᠢ ᠨᠡᠮᠡᠭᠳᠡᠬᠦᠯᠬᠦ ᠶᠢᠨ ᠲᠦᠯᠦᠭᠡ᠂ ᠡᠯ᠎ᠡ ᠰᠤᠮᠤ ᠪᠠᠯᠭᠠᠰᠤ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠨᠢ ᠠᠵᠢᠯᠳᠠᠳ ᠢᠶᠠᠨ ᠵᠤᠬᠢᠶᠠᠨ ᠪᠠᠶᠢᠭᠤᠯᠵᠦ᠂ ᠤᠯᠤᠰ ᠤᠨ ᠠᠮᠦᠷ ᠲᠦᠪᠰᠢᠨ ᠤ ᠶᠡᠷᠦᠩᠭᠡᠢ ᠲᠠᠨᠢᠯᠳᠠ ᠶᠢᠨ ᠠᠵᠦ ᠠᠬᠤᠶᠢᠯᠠᠯ᠂ ᠮᠠᠯᠵᠢᠬᠤ ᠲᠠᠷᠢᠶᠠᠯᠠᠬᠤ ᠤᠷᠤᠨ᠂ ᠪᠠᠶᠢᠭᠤᠯᠭ᠎ᠠ ᠨᠢᠭᠡᠴᠡ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠤᠭᠤᠷᠢᠭ᠂ ᠲᠤᠤᠷ ᠰᠦᠯᠵᠢᠶᠡᠨ ᠳᠤ ᠤᠷᠤᠬᠤ ᠠᠵᠢᠯᠯᠠᠭ᠎ᠠ ᠶᠢ ᠢᠳᠠᠪᠬᠢᠳᠡᠢ ᠠᠬᠢᠭᠤᠯᠪᠠ᠃ ᠵᠡᠬᠡᠯᠢ ᠲᠡᠭᠡᠷᠡᠬᠢ ᠤᠬᠠᠭᠤᠯᠭ᠎ᠠ ᠶᠢᠨ ᠭᠠᠵᠠᠷ᠂ LED ᠲᠡᠯᠭᠡᠴᠡ᠂ ᠸᠢᠴᠠᠲ᠂ ᠰᠤᠨᠢᠨ ᠰᠡᠳᠬᠦᠯ᠂ ᠲᠧᠯᠸᠢᠰ᠂ ᠷᠠᠳᠢᠤ᠋ ᠵᠡᠷᠭᠡ ᠠᠷᠭ᠎ᠠ ᠵᠠᠮ ᠢ ᠠᠰᠢᠭᠯᠠᠨ᠂ ᠤᠯᠤᠰ ᠤᠨ ᠠᠮᠦᠷ ᠲᠦᠪᠰᠢᠨ ᠤ ᠭᠤᠤᠯᠳᠠᠯᠭ᠎ᠠ ᠲᠠᠢ ᠬᠠᠤᠯᠢ ᠴᠠᠭᠠᠵᠠ ᠲᠦᠷᠢᠮ ᠲᠤᠭᠲᠠᠭᠠᠯ ᠢ ᠪᠦᠬᠦ ᠲᠠᠯ᠎ᠠ ᠪᠠᠷ ᠤᠬᠠᠭᠤᠯᠵᠦ᠂ ᠪᠦᠬᠦ ᠠᠷᠠᠳ ᠤᠨ ᠤᠯᠤᠰ ᠤᠨ ᠠᠮᠦᠷ ᠲᠦᠪᠰᠢᠨ᠂ ᠲᠠᠩᠨᠠᠭᠤᠯ ᠢ ᠡᠰᠡᠷᠬᠦᠴᠡᠬᠦ᠂ ᠬᠦᠴᠦᠷᠭᠡᠭᠯᠡᠯ ᠤᠨ ᠦᠵᠡᠯ ᠢ ᠡᠰᠡᠷᠬᠦᠴᠡᠬᠦ ᠬᠠᠤᠯᠢ ᠴᠠᠭᠠᠵᠠ ᠶᠢᠨ ᠲᠤᠬᠠᠢ ᠤᠶᠢᠯᠠᠭᠠᠯᠳᠠ ᠶᠢ ᠲᠡᠭᠡᠭᠰᠢᠯᠡᠬᠦᠯᠵᠦ᠂ ᠤᠯᠠᠨ ᠨᠡᠶᠢᠳᠡ ᠶᠢᠨ ᠤᠯᠤᠰ ᠤᠨ ᠠᠮᠦᠷ ᠲᠦᠪᠰᠢᠨ ᠪᠠ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号