ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠰᠢᠯᠵᠢᠭᠦᠯᠦᠨ ᠨᠡᠭᠦᠯᠭᠡᠨ ᠲᠤᠬᠢᠷᠠᠭᠤᠯᠬᠤ ᠠᠵᠢᠯ ᠶᠢ ᠪᠦᠬᠦ ᠬᠦᠴᠦᠨ ᠢᠶᠠᠷ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-04-03
             ᠰᠢᠯᠤᠭᠤᠨ ᠬᠦᠪᠡᠭᠡᠲᠦ ᠴᠠᠭᠠᠨ ᠬᠤᠰᠢᠭᠤ ᠨᠢ ᠰᠢᠯᠵᠢᠭᠦᠯᠦᠨ ᠨᠡᠭᠦᠯᠭᠡᠨ            ᠲᠤᠬᠢᠷᠠᠭᠤᠯᠬᠤ ᠠᠵᠢᠯ ᠶᠢ ᠪᠦᠬᠦ ᠬᠦᠴᠦᠨ ᠢᠶᠠᠷ ᠬᠡᠷᠡᠭᠵᠢᠭᠦᠯᠵᠦ ᠪᠠᠶᠢᠨ᠎ᠠ                     ᠮᠠᠨ ᠤ ᠬᠤᠰᠢᠭᠤ ᠨᠢ《 ᠲᠠᠪᠤ ᠶᠢ ᠨᠢᠭᠡ ᠴᠤᠭᠵᠢᠭᠤᠯᠤᠨ᠂ ᠵᠢᠷᠭᠤᠭᠠᠨ ᠤᠨᠤᠪᠴᠢᠳᠠᠢ 》ᠶᠠᠳᠠᠭᠤ ᠶᠢ ᠲᠡᠳᠬᠦᠨ ᠪᠤᠭᠤᠮᠳᠠ ᠰᠢᠪᠲᠤᠯᠬᠤ ᠦᠨᠳᠦᠰᠦᠨ ᠱᠠᠭᠠᠷᠳᠠᠯᠭ᠎ᠠ ᠶᠢᠨ ᠶᠤᠰᠤᠭᠠᠷ᠂ ᠤᠨᠴᠠᠭᠠᠶᠢᠯᠠᠨ ᠰᠢᠯᠵᠢᠭᠦᠯᠦᠨ ᠨᠡᠭᠦᠯᠭᠡᠨ ᠲᠤᠬᠢᠷᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠳᠤᠮᠳᠠ᠂ ᠲᠦᠪᠯᠡᠷᠡᠭᠦᠯᠦᠨ ᠳᠤᠬᠢᠷᠠᠭᠤᠯᠬᠤ ᠠᠷᠭ᠎ᠠ ᠢᠶᠠᠷ ᠳᠠᠮᠵᠢᠨ᠂ 2017 ᠤᠨ ᠳᠤ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠠᠢ ᠬᠦᠮᠦᠨ 153 ᠡᠷᠦᠬᠡ 400 ᠬᠦᠮᠦᠨ ᠢ ᠨᠡᠭᠦᠯᠭᠡᠨ ᠰᠢᠯᠵᠢᠭᠦᠯᠬᠦ ᠶᠢ ᠪᠠᠷᠠᠭᠠᠵᠠᠢ᠃          ᠨᠡᠭᠦᠯᠭᠡᠨ ᠰᠢᠯᠵᠢᠭᠦᠯᠬᠦ ᠡᠷᠦᠬᠡ ᠶᠢ ᠢᠯᠭᠠᠨ ᠲᠠᠨᠢᠬᠤ ᠠᠵᠢᠯ ᠶᠢ ᠴᠢᠩᠭ᠎ᠠ ᠠᠳᠬᠤᠨ᠎ᠠ
       
         ᠠᠷᠠᠳ ᠤᠯᠠᠨ ᠰᠠᠶᠢᠨ ᠳᠤᠷ᠎ᠠ ᠠᠴᠠ ᠪᠠᠨ᠂ ᠢᠳᠡᠪᠬᠢ ᠯᠠᠪᠳᠠᠭᠤᠨ ᠵᠠᠷᠴᠢᠮ ᠢ ᠪᠠᠷᠢᠮᠳᠠᠯᠠᠨ᠂《 ᠬᠦᠴᠢᠷᠳᠠᠢ ᠡᠷᠦᠬᠡ ᠡᠷᠡᠮᠯᠵᠡᠯᠡᠨ᠂ ᠭᠠᠴᠠᠭ᠎ᠠ ᠲᠤᠰᠬᠤᠨ ᠨᠡᠷ᠎ᠡ ᠮᠡᠳᠡᠭᠦᠯᠦᠨ᠂ ᠰᠤᠮᠤ ᠪᠠᠯᠭᠠᠰᠤᠨ ᠤ ᠵᠠᠰᠠᠭ ᠤᠨ ᠤᠷᠳᠤᠨ ᠬᠢᠨᠠᠨ ᠬᠠᠷᠭᠤᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠶᠢᠨ ᠰᠤᠷᠠᠭ ᠵᠠᠩᠬᠢ ᠬᠠᠷᠭᠤᠯᠤᠨ ᠬᠢᠨᠠᠵᠦ᠂ ᠬᠤᠰᠢᠭᠤ ᠶᠠᠳᠠᠭᠤ ᠶᠢ ᠳᠡᠳᠬᠦᠬᠦ ᠠᠯᠪᠠᠨ ᠭᠡᠷ ᠬᠢᠨᠠᠨ ᠵᠦᠪᠰᠢᠶᠡᠷᠡᠨ᠂ ᠵᠠᠷᠯᠠᠯ ᠨᠡᠶᠢᠳᠡᠯᠡᠬᠦ》ᠠᠯᠬᠤᠮ ᠳᠠᠷᠠᠭ᠎ᠠ ᠢ ᠴᠢᠩᠭ᠎ᠠ ᠪᠠᠷᠢᠮᠳᠠᠯᠠᠨ᠂ ᠪᠦᠬᠦ ᠬᠤᠰᠢᠭᠤᠨ ᠳᠤ ᠶᠠᠳᠠᠭᠤ ᠬᠦᠴᠢᠷᠳᠡᠯᠳᠡᠢ ᠨᠤᠷᠮ᠎ᠠ ᠦᠨᠳᠦᠷ᠂ ᠨᠤᠳᠤᠭ ᠪᠡᠯᠴᠢᠭᠡᠷ ᠡᠯᠡᠰᠦᠷᠬᠡᠭᠵᠢᠨ ᠮᠠᠭᠤᠳᠠᠭᠰᠠᠨ ᠬᠦᠨᠳᠦ ᠨᠤᠴᠢᠳᠠᠢ ᠭᠠᠵᠠᠷ᠂ ᠬᠦᠷᠦᠰᠦ ᠰᠢᠷᠦᠢ ᠳᠠᠴᠢᠷᠵᠠᠭᠰᠠᠨ᠂ ᠤᠰᠤ ᠰᠢᠷᠦᠢ  ᠶᠢᠨ ᠢᠳᠡᠭᠳᠡᠯ ᠬᠦᠨᠳᠦ ᠨᠤᠴᠢᠳᠠᠢ᠂ ᠲᠠᠷᠢᠶᠠᠯᠠᠩ ᠮᠠᠯ ᠠᠵᠦ ᠠᠬᠤᠢ ᠶᠢᠨ ᠰᠠᠭᠤᠷᠢ ᠪᠦᠲᠦᠭᠡᠨ ᠪᠠᠶᠢᠭᠤᠯᠤᠯᠳᠠ ᠠᠨᠠᠢ ᠂ ᠵᠠᠮ ᠬᠠᠷᠢᠯᠴᠠᠭ᠎ᠠ ᠳᠦᠭᠦᠮ ᠦᠭᠡᠢ ᠭᠠᠴᠠᠭ᠎ᠠ ᠲᠤᠰᠬᠤᠨ ᠤ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠠᠢ ᠡᠷᠦᠬᠡ ᠢ ᠨᠡᠭᠦᠯᠭᠡᠨ ᠰᠢᠯᠵᠢᠭᠦᠯᠬᠦ ᠶᠢ ᠰᠤᠩᠭᠤᠨ᠎ᠠ᠃ ᠵᠢᠯ ᠤᠨ ᠡᠬᠢᠨ ᠳᠤ ᠡᠯ᠎ᠡ ᠰᠤᠮᠤ ᠪᠠᠯᠭᠠᠰᠤ ᠢ ᠵᠤᠬᠢᠶᠠᠨ ᠪᠠᠶᠢᠭᠤᠯᠤᠨ ᠨᠡᠭᠦᠯᠭᠡᠨ ᠰᠢᠯᠵᠢᠭᠦᠯᠬᠦ ᠡᠷᠦᠬᠡ ᠶᠢᠨ ᠨᠡᠷᠡᠰ ᠢ ᠮᠡᠳᠡᠭᠦᠯᠦᠨ᠂ ᠳᠠᠭᠠᠤ ᠳᠤᠨᠢ ᠬᠤᠰᠢᠭᠤ ᠡᠳ᠋ ᠤᠨ ᠵᠠᠰᠠᠭ  ᠤᠨ ᠳᠤᠪᠴᠢᠶ᠎ᠠ᠂ ᠤᠷᠤᠨ ᠰᠠᠭᠤᠴᠠ ᠪᠦᠲᠦᠭᠡᠨ ᠪᠠᠶᠢᠭᠤᠯᠤᠯᠳᠠ ᠶᠢᠨ ᠳᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠨᠢ ᠨᠡᠷᠡᠰ ᠢ ᠬᠠᠷᠢᠴᠠᠭᠤᠯᠤᠨ ᠬᠠᠷᠭᠤᠭᠤᠯᠵᠦ᠂ ᠨᠦᠬᠦᠴᠡᠯ ᠳᠤ ᠨᠡᠶᠢᠴᠡᠬᠦ ᠦᠭᠡᠢ ᠬᠦᠮᠦᠰ ᠢ ᠰᠢᠭᠰᠢᠨ ᠭᠠᠷᠭᠠᠵᠦ᠂ ᠬᠠᠮᠤᠭ ᠰᠡᠭᠦᠯ ᠳᠤ ᠲᠤᠭᠳᠠᠭᠰᠠᠨ ᠨᠡᠷᠡᠰ ᠢ ᠬᠤᠰᠢᠭᠤᠨ ᠳᠤ ᠵᠡᠷᠯᠠᠵᠠᠢ᠃
     
       ᠲᠦᠷᠦᠯ ᠵᠦᠢᠯ ᠢ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠠᠢ        2017 ᠤᠨ ᠤ ᠨᠡᠭᠦᠯᠭᠡᠨ ᠰᠢᠯᠵᠢᠭᠦᠯᠦᠨ ᠲᠤᠬᠢᠷᠠᠭᠤᠯᠬᠤ ᠲᠦᠷᠦᠯ ᠵᠦᠢᠯ ᠤᠨ ᠪᠤᠳᠠᠳᠠᠢ ᠤᠷᠤᠭᠤᠯᠤᠭᠰᠠᠨ ᠪᠡᠯᠡ ᠮᠦᠩᠬᠦ ᠨᠢ 2186.6 ᠲᠦᠮᠡᠨ ᠲᠦᠭᠦᠷᠢᠭ᠂ ᠵᠠᠰᠠᠭ ᠠᠴᠠ ᠨᠢᠭᠡᠳᠦᠯᠳᠠᠢ ᠬᠤᠳᠠᠯᠳᠤᠨ ᠠᠪᠬᠤ ᠬᠡᠯᠪᠡᠷᠢ ᠢᠶᠠᠷ᠂ 153 ᠢᠵᠢ ᠢ ᠬᠤᠳᠠᠯᠳᠤᠨ ᠠᠪᠴᠦ᠂ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠠᠢ 153 ᠡᠷᠦᠬᠡ 400 ᠬᠦᠮᠦᠨ ᠢ ᠰᠢᠯᠵᠢᠭᠦᠯᠵᠠᠢ᠃ ᠨᠡᠭᠦᠵᠦ ᠭᠠᠷᠬᠤ ᠤᠷᠤᠨ ᠨᠢ ᠪᠦᠬᠦ ᠬᠤᠰᠢᠭᠤᠨ ᠤ 5 ᠰᠤᠮᠤ ᠪᠠᠯᠭᠠᠰᠤᠨ ᠤ 52 ᠭᠠᠴᠠᠭ᠎ᠠ ᠲᠤᠰᠬᠤᠨ᠃ ᠨᠡᠭᠦᠵᠦ ᠤᠷᠤᠬᠤ ᠤᠷᠤᠨ ᠨᠢ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠮᠢᠩᠭᠠᠲᠦ ᠪᠠᠯᠭᠠᠰᠤ᠂ ᠪᠠᠭ᠎ᠠ ᠬᠤᠳᠠ ᠪᠠᠯᠭᠠᠰᠤ ᠶᠢ ᠳᠦᠰᠢᠭᠯᠡᠨ ᠳᠤᠬᠢᠷᠠᠭᠤᠯᠤᠨ᠎ᠠ᠃ ᠵᠠᠰᠠᠭ ᠠᠴᠠ ᠨᠢᠭᠡᠳᠦᠯᠳᠠᠢ ᠬᠤᠳᠠᠯᠳᠤᠨ ᠠᠪᠬᠤ ᠬᠡᠯᠪᠡᠷᠢ ᠪᠠᠷ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃    
           
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号