ᠨᠠᠮ ᠤᠨ ᠬᠤᠷᠢᠶᠠᠨ ᠤ ᠭᠡᠰᠢᠭᠦᠨ
ᠨᠡᠶᠢᠲᠡᠯᠡᠭᠰᠡᠨ ᠴᠠᠭ᠄
2018-05-03
ᠴᠧᠨ ᠬᠠᠢ ᠯᠢᠩ᠂ ᠡᠮᠡᠭᠳᠡᠢ᠂ ᠬᠢᠳᠡᠳ ᠦᠨᠳᠦᠰᠦᠳᠡᠨ᠂ 1973 ᠤᠨ ᠤ 4 ᠰᠠᠷ᠎ᠠ ᠳᠤ ᠲᠦᠷᠦᠪᠡ᠂ ᠤᠭ ᠨᠤᠳᠤᠭ ᠨᠢ ᠦᠪᠦᠷ ᠮᠤᠩᠭᠤᠯ ᠤᠨ ᠰᠢᠯᠤᠭᠤᠨ ᠬᠦᠪᠡᠭᠡᠳᠦ ᠴᠠᠭᠠᠨ ᠬᠤᠰᠢᠭᠤ᠃ ᠠᠵᠢᠯ ᠲᠡᠭᠡᠷ᠎ᠡ ᠪᠠᠨ ᠰᠤᠷᠤᠯᠴᠠᠭᠰᠠᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ  ᠂ 1999 ᠤᠨ ᠤ 11 ᠰᠠᠷ᠎ᠠ ᠳᠤ ᠲᠤᠮᠳᠠᠳᠦ ᠤᠯᠤᠰ ᠤᠨ ᠡᠪ ᠬᠠᠮᠳᠦ ᠨᠠᠮ ᠳᠤ ᠤᠷᠤᠵᠦ᠂ 1993 ᠤᠨ ᠤ 10 ᠰᠠᠷ᠎ᠠ ᠳᠤ ᠠᠵᠢᠯ ᠳᠤ ᠤᠷᠤᠪᠠ᠃ 1990.09--1993.07   ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠮᠡᠷᠭᠡᠵᠢᠯ ᠤᠨ ᠠᠵᠢᠯᠳᠠᠨ ᠤ ᠰᠤᠷᠭᠠᠭᠠᠤᠯᠢ ᠶᠢᠨ ᠬᠤᠭᠤᠯᠠ ᠵᠠᠭᠤᠰᠢ ᠪᠡᠯᠡᠳᠬᠦ ᠮᠡᠷᠭᠡᠵᠢᠯ ᠳᠤ ᠰᠤᠷᠤᠯᠴᠠᠪᠠ᠃ 1993.07--1993.10   ᠠᠵᠢᠯ ᠬᠦᠯᠢᠶᠡᠪᠡ᠃ 1993.10--1999.10   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠤᠨ ᠰᠤᠷᠭᠠᠭᠤᠯᠢ ᠳᠤ ᠠᠵᠢᠯᠯᠠᠪᠠ᠂ ( ᠡᠨᠡ ᠬᠤᠭᠤᠴᠠᠭᠠᠨ ᠳᠤ : 1995.09--1997.04   ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠮᠡᠷᠭᠡᠵᠢᠯ ᠤᠨ ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠩᠬᠢ ᠳᠤ ᠰᠤᠷᠤᠯᠴᠠᠪᠠ︔ 1998.09--2003.04 ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠮᠡᠷᠭᠡᠵᠢᠯ ᠤᠨ ᠵᠢᠩᠬᠢᠨᠢ ᠠᠩᠬᠢ ᠳᠤ ᠰᠤᠷᠤᠯᠴᠠᠪᠠ )᠃ 1999.10--2002.05   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ᠃ 2002.05--2006.11   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠡᠷᠬᠡᠶᠢᠯᠡᠨ ᠪᠡᠯᠡᠳᠬᠡᠬᠦ ᠠᠯᠪᠠᠨ ᠭᠡᠷ ᠤᠨ ᠲᠡᠳ᠋ ᠡᠷᠬᠢᠯᠡᠭᠴᠢ᠂ ( ᠡᠨᠡ ᠬᠤᠭᠤᠴᠠᠭᠠᠨ ᠳᠤ : 2003.06   ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠲᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ )᠃ 2006.11--2012.04   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠲᠡᠳ᠋ ᠡᠷᠬᠢᠯᠡᠭᠴᠢ᠂ ᠰᠡᠷᠬᠡᠶᠢᠯᠡᠨ ᠪᠡᠯᠡᠳᠬᠡᠬᠦ ᠠᠯᠪᠠᠨ ᠭᠡᠷ ᠤᠨ ᠡᠷᠬᠢᠯᠡᠭᠴᠢ ︵ᠵᠢᠩᠬᠢᠨᠢ ᠰᠠᠯᠠᠭᠠᠨ ᠲᠡᠰ︶᠂ ( ᠡᠨᠡ ᠬᠤᠭᠤᠴᠠᠭᠠᠨ ᠳᠤ : 2008.06--2010.06 ᠲᠤᠮᠳᠠᠳᠦ ᠤᠯᠤᠰ ᠤᠨ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠢᠷᠭᠡᠨ ᠤ ᠬᠤᠳᠠᠯᠳᠤᠭᠠᠨ ᠤ ᠬᠠᠤᠯᠢ ᠶᠢᠨ ᠮᠡᠷᠭᠡᠵᠢᠯ ᠤᠨ ᠰᠤᠳᠤᠯᠬᠤ ᠰᠤᠷᠤᠭᠴᠢ ᠶᠢᠨ ᠮᠡᠷᠭᠡᠵᠢᠯ ᠲᠡᠭᠡᠭᠰᠢᠯᠡᠬᠦᠯᠬᠦ ᠠᠩᠬᠢ ᠳᠤ ᠰᠤᠷᠤᠯᠴᠠᠪᠠ )᠃ 2012.04--2016.05   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠯᠵᠢᠶᠠᠴᠢᠨ ᠤᠷᠢᠬᠤ ᠲᠤᠪᠴᠢᠶᠠᠨ ᠤ ᠲᠤᠪᠴᠢᠶᠠᠨ ᠲᠠᠷᠤᠭ᠎ᠠ᠂ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠲᠤᠪᠴᠢᠶᠠᠨ ᠤ   ᠲᠡᠳ᠋ ᠲᠤᠪᠴᠢᠶᠠᠨ ᠲᠠᠷᠤᠭ᠎ᠠ᠂ ( ᠡᠨᠡ ᠬᠤᠭᠤᠴᠠᠭᠠᠨ ᠳᠤ :  2014.08--2017.01 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠵᠦ ᠠᠬᠤᠢ ᠶᠢᠨ ᠬᠠᠮᠢᠶᠠᠷᠤᠯᠳᠠ ᠶᠢᠨ ᠮᠡᠷᠭᠡᠵᠢᠯ ᠤᠨ ᠰᠤᠳᠤᠯᠤᠨ ᠰᠤᠷᠤᠭᠴᠢ ᠶᠢᠨ ᠠᠩᠬᠢ ᠳᠤ ᠰᠤᠷᠤᠯᠴᠠᠪᠠ )᠃ 2016.05--2017.10   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠯᠵᠢᠶᠠᠴᠢᠨ ᠤᠷᠢᠬᠤ ᠲᠤᠪᠴᠢᠶᠠᠨ ᠤ ᠲᠤᠪᠴᠢᠶᠠᠨ ᠲᠠᠷᠤᠭ᠎ᠠ  ᠃ 2017.10--                 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号