ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ ᠶᠠᠩ ᠵᠢᠶᠠᠨ ᠵᠦᠩ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠬᠦᠨᠵᠡᠬᠡᠶᠢᠷᠡᠵᠦ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-06-01
            ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ            ᠶᠠᠩ ᠵᠢᠶᠠᠨ ᠵᠦᠩ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠬᠦᠨᠵᠡᠬᠡᠶᠢᠷᠡᠵᠦ   ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ         5 ᠰᠠᠷ᠎ᠠ ᠶᠢᠨ 22᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ ᠶᠠᠩ ᠵᠢᠶᠠᠨ ᠵᠦᠩ᠂ ᠠᠶᠢᠮᠠᠭ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ ᠤᠨ ᠲᠡᠳ᠋ ᠡᠷᠬᠢᠯᠡᠭᠴᠢ ᠪᠤᠤ ᠹᠦ᠋ ᠱᠧᠩ ᠨᠡᠷ ᠮᠠᠨ ᠤ ᠬᠤᠰᠢᠭᠤᠨ ᠤ ᠤᠶᠤᠨ ᠤ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠠᠵᠢᠯ ᠤᠨ ᠠᠬᠢᠯᠳᠠ ᠶᠢᠨ ᠪᠠᠶᠢᠳᠠᠯ ᠳᠤ ᠲᠤᠰᠬᠠᠢ ᠪᠠᠶᠢᠴᠠᠭᠠᠨ ᠰᠤᠳᠤᠯᠤᠯᠳᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠯᠢ ᠳ᠋ᠦᠩ ᠯᠢᠨ ᠪᠠᠷ᠎ᠠ ᠪᠤᠯᠵᠦ ᠪᠠᠶᠢᠴᠠᠭᠠᠨ ᠰᠤᠳᠤᠯᠪᠠ᠃         ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠨᠢ ᠬᠤᠰᠢᠭᠤ ᠮᠦᠽᠧᠢ᠂ ᠤᠯᠠᠭᠠᠠᠮᠦ᠋ᠴᠢᠷ ᠤᠨ ᠰᠢᠨ᠎ᠡ ᠪᠤᠯᠪᠠᠰᠤᠷᠠᠯ ᠤᠨ ᠲᠠᠩᠬᠢᠮ᠂ ᠭᠤᠤᠯ ᠤᠨ ᠤᠷᠤᠰᠬᠠᠯ ᠢ ᠦᠭᠡᠷᠡᠴᠢᠯᠡᠨ ᠪᠠᠶᠢᠭᠤᠯᠬᠤ ᠪᠠ ᠦᠵᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ᠂ ᠤᠨᠴᠠ ᠬᠦᠴᠦᠳᠡᠯᠳᠦ ᠴᠠᠬᠢᠯᠭᠠᠨ ᠲᠦᠬᠦᠬᠡᠷᠦᠮᠵᠢ ᠶᠢᠨ ᠦᠪᠦᠷ ᠮᠤᠩᠭᠤᠯ ᠤᠨ ᠡᠨᠧᠷᠬᠢ ᠶᠢᠨ ᠰᠢᠨᠵᠢᠯᠡᠭᠡ ᠮᠡᠷᠬᠡᠵᠢᠯ ᠤᠨ ᠬᠢᠵᠠᠭᠠᠷᠳᠦ ᠺᠤᠮᠫᠠᠨᠢ᠂ ᠪᠤᠯᠠᠭᠠᠠᠲᠤᠬᠤᠢ ᠰᠤᠮᠤᠨ ᠤ ᠲᠤᠯᠢᠨᠪᠤᠯᠠᠭ ᠭᠠᠴᠠᠭ᠎ᠠ ᠂ ᠮᠠᠯᠴᠢᠨ ᠲᠠᠯᠠᠢ ᠶᠢᠨ ᠮᠢᠠᠬᠨ ᠤ ᠦᠭᠡᠷ ᠲᠡᠵᠢᠬᠡᠨ ᠦᠷᠡᠵᠢᠬᠦᠯᠬᠦ ᠮᠠᠯᠵᠢᠯ ᠤᠨ ᠲᠠᠯᠠᠪᠠᠢ ᠪᠠ ᠰᠢᠩ ᠶᠤᠤ ᠪᠠᠯᠭᠠᠰᠤᠨ ᠤ ᠯᠤᠤᠰ ᠤᠨ ᠰᠦᠮ᠎ᠡ ᠲᠤᠰᠬᠤᠨ ᠤ ᠬᠠᠷᠢᠯᠴᠠᠨ ᠬᠠᠪᠰᠤᠷᠤᠯᠴᠠᠵᠦ ᠨᠠᠰᠤᠳᠠᠨ ᠢ ᠠᠰᠠᠷᠠᠬᠤ ᠬᠦᠷᠢᠶᠡᠯᠡᠩ ᠵᠡᠷᠭᠡ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠪᠠ᠃        
        ᠲᠠᠷᠠᠭ᠎ᠠ ᠨᠢ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠬᠤᠷᠠᠯ ᠤᠨ ᠭᠡᠷ ᠲᠤ ᠬᠤᠷᠠᠯ ᠬᠤᠷᠠᠯᠳᠤᠭᠤᠯᠵᠦ᠂ ᠯᠢ ᠳ᠋ᠦᠩ ᠯᠢᠨ ᠠᠴᠠ ᠮᠠᠨ ᠤ ᠬᠤᠰᠢᠭᠤᠨ ᠤ ᠲᠠᠭᠠᠭᠠᠴᠢᠯᠠᠨ ᠡᠷᠬᠢᠯᠡᠵᠦ ᠪᠠᠶᠢᠭ᠎ᠠ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠪᠠ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠦᠷᠨᠢᠬᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠲᠤᠬᠠᠢ ᠨᠠᠷᠢᠨ ᠬᠠᠷᠢᠭᠤ ᠮᠡᠳᠡᠬᠦᠯᠪᠡ᠃      
       ᠬᠤᠷᠠᠯ ᠲᠡᠭᠡᠷ᠎ᠡ᠂ ᠶᠠᠩ ᠵᠢᠶᠠᠨ ᠵᠦᠩ ᠠᠴᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠶᠢᠨ ᠰᠢᠯᠢᠩᠬᠤᠳᠠ ᠤᠷᠤᠨ ᠤ ᠪᠦᠬᠦ ᠤᠯᠤᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠲᠠᠶᠢᠴᠢᠯᠠᠯᠳᠠ ᠶᠢᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠲᠠᠮᠵᠢᠭᠤᠯᠵᠦ᠂ ᠮᠠᠨ ᠤ ᠬᠤᠰᠢᠭᠤᠨ ᠤ ︽ᠬᠤᠷᠠᠯ ᠢ ᠤᠬᠳᠤᠵᠦ ᠬᠤᠳᠠ ᠶᠢ ᠪᠠᠶᠢᠭᠤᠯᠬᠤ︾ ᠠᠵᠢᠯ ᠢ ᠪᠠᠳᠤᠳᠠᠢ ᠨᠤᠳᠠᠯᠠᠨ᠂ ᠡᠬᠦᠨ ᠤ ᠬᠠᠮᠳᠦ ᠪᠠᠰᠠ ᠮᠠᠨ ᠤ ᠬᠤᠰᠢᠭᠤᠨ ᠤ ︽ᠬᠤᠷᠠᠯ ᠢ ᠤᠬᠳᠤᠵᠦ ᠬᠤᠳᠠ ᠶᠢ ᠪᠠᠶᠢᠭᠤᠯᠬᠤ︾ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠵᠢᠯᠤᠭᠤᠳᠤᠯᠭ᠎ᠠ ᠦᠭᠬᠦᠭᠰᠡᠨ ᠪᠠᠶᠢᠨ᠎ᠠ᠃        
       ᠶᠠᠩ ᠵᠢᠶᠠᠨ ᠵᠦᠩ ᠠᠴᠠ ︽ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠤᠬᠳᠤᠵᠦ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ︾ ᠠᠵᠢᠯ ᠨᠢ ᠡᠷᠬᠡᠪᠰᠢ ᠤᠳᠤᠷᠢᠳᠤᠯᠭ᠎ᠠ ᠶᠢᠨ ᠪᠠᠶᠢᠭᠤᠯᠤᠮᠵᠢ ᠪᠠᠨ ᠲᠡᠬᠦᠯᠳᠡᠷᠵᠢᠬᠦᠯᠦᠨ᠂ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠪᠤᠳᠠᠳᠠᠶᠢᠵᠢᠭᠤᠯᠬᠤ ᠭᠡᠷᠡᠭᠳᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠡᠯ᠎ᠡ ᠰᠠᠯᠠᠭ᠎ᠠ ᠮᠦᠴᠢᠷ ᠪᠠᠶᠢᠭᠤᠯᠤᠯᠭ᠎ᠠ ᠎ ᠨᠢ ᠬᠦᠴᠦᠨ ᠴᠢᠳᠠᠯ ᠢᠶᠠᠨ ᠨᠢᠬᠳᠠᠷᠠᠭᠤᠯᠵᠦ᠂ ᠴᠢᠩᠭ᠎ᠠ ᠠᠳᠬᠤᠨ ᠪᠤᠳᠠᠳᠠᠢ ᠠᠵᠢᠯᠯᠠᠵᠦ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠨ᠂ 2017 ᠤᠨ ᠤ ᠦᠪᠡᠷᠳᠡᠭᠡᠨ ᠵᠠᠰᠠᠬᠤ ᠤᠷᠤᠨ ᠠᠴᠠ ᠲᠤᠷᠠᠳᠤᠭᠰᠠᠨ ᠵᠠᠰᠠᠨ ᠴᠡᠭᠴᠡᠯᠡᠬᠦ ᠬᠠᠷᠢᠭᠤ ᠰᠠᠨᠠᠯ ᠢ ᠨᠠᠶᠢᠳᠠᠪᠤᠷᠢᠵᠢᠭᠤᠯᠬᠤ ᠭᠡᠷᠡᠭᠳᠡᠢ᠃ ᠬᠤᠳᠠ ᠶᠢ ᠡᠬᠦᠳᠦᠨ ᠪᠠᠶᠢᠭᠤᠯᠬᠤ ᠠᠯᠪᠠᠨ ᠭᠡᠷ᠂ ᠤᠶᠤᠨ ᠤ ᠪᠤᠯᠪᠠᠰᠤᠨ ᠤ  ᠪᠠᠶᠢᠭᠤᠯᠤᠯᠳᠠ ᠶᠢᠨ ᠠᠯᠪᠠᠨ ᠭᠡᠷ ᠨᠢ ᠵᠤᠬᠢᠶᠠᠨ ᠪᠠᠶᠢᠭᠤᠯᠵᠦ ᠵᠤᠬᠢᠴᠠᠭᠤᠯᠬᠤ ᠦᠢᠯᠡᠳᠦᠯ ᠢᠶᠠᠨ ᠰᠠᠶᠢᠳᠦᠷ ᠪᠠᠳᠠᠷᠠᠭᠤᠯᠵᠦ᠂ ᠬᠤᠯᠪᠤᠭᠳᠠᠯ ᠪᠦᠬᠦᠢ ᠪᠠᠶᠢᠭᠤᠯᠤᠯᠭ᠎ᠠ ᠨᠢᠭᠡᠴᠡ ᠨᠢ ᠬᠤᠯᠪᠤᠭᠠᠯᠠᠨ ᠬᠦᠳᠡᠯᠦᠯᠴᠡᠬᠦ ᠲᠤᠭᠳᠠᠯᠴᠠᠭ᠎ᠠ ᠪᠠᠨ ᠪᠠᠳᠠᠷᠠᠭᠤᠯᠤᠨ᠂ ᠡᠯ᠎ᠡ ᠪᠠᠶᠢᠭᠤᠯᠤᠯᠭ᠎ᠠ ᠨᠢᠭᠡᠴᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠡᠢ᠃ ︽ᠬᠤᠷᠠᠯ ᠢ ᠤᠬᠳᠤᠵᠦ ᠬᠤᠳᠠ ᠶᠢ ᠪᠠᠶᠢᠭᠤᠯᠬᠤ︾ ᠠᠵᠢᠯᠳᠠᠳ ᠤᠨ ᠭᠠᠳᠠᠨ᠎ᠠ ᠭᠠᠵᠠᠷ ᠲᠤᠭᠤᠷᠢᠨ ᠰᠤᠷᠤᠯᠴᠠᠬᠤ ᠶᠢ ᠢᠳᠠᠪᠬᠢᠳᠡᠢ ᠵᠤᠬᠢᠶᠠᠨ ᠪᠠᠶᠢᠭᠤᠯᠵᠦ᠂ ᠲᠡᠷᠢᠬᠦᠨ ᠤ ᠭᠠᠵᠠᠷ ᠤᠷᠤᠨ ᠤ ︽ᠬᠤᠷᠠᠯ ᠢ ᠤᠬᠳᠤᠵᠦ ᠬᠤᠳᠠ ᠶᠢ ᠪᠠᠶᠢᠭᠤᠯᠬᠤ︾ ᠠᠵᠢᠯ ᠤᠨ ᠲᠤᠷᠰᠢᠯᠭ᠎ᠠ ᠶᠢ ᠵᠢᠬᠡᠯᠡᠨ ᠠᠰᠢᠭᠯᠠᠬᠤ ᠭᠡᠷᠡᠭᠳᠡᠢ᠃ ᠰᠤᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠦ᠂ ᠶᠠᠷᠢᠶ᠎ᠠ ᠬᠡᠯᠡᠯᠴᠡᠭᠡᠨ ᠤ ᠦᠳᠬᠡᠨ ᠠᠭᠤᠷ ᠠᠮᠢᠰᠬᠤᠯ ᠢ ᠪᠦᠷᠢᠯᠳᠦᠬᠦᠯᠦᠨ᠂ ᠨᠡᠶᠢᠳᠡ ᠶᠢᠨ ᠠᠰᠠᠷᠠᠮᠵᠢ ᠶᠢᠨ ᠵᠠᠷ ᠤᠨ ᠪᠦᠷᠬᠦᠯᠳᠡ ᠶᠢᠨ ᠨᠤᠷᠮ᠎ᠠ ᠶᠢ ᠶᠡᠬᠡᠰᠬᠡᠵᠦ᠂ ︽ᠬᠤᠷᠠᠯ‌ᠢ ᠤᠬᠳᠤᠵᠦ ᠬᠤᠳᠠ ᠶᠢ ᠪᠠᠶᠢᠭᠤᠯᠬᠤ︾ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号