ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠲᠦᠷᠪᠡᠨ ᠵᠤᠶᠢᠯ ᠤᠨ ᠠᠷᠭ᠎ᠠ ᠬᠡᠮᠵᠢᠶ᠎ᠠ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠳᠡ ᠶᠢ ᠯᠠᠪᠳᠠᠭᠤᠨ ᠠᠬᠢᠭᠤᠯᠵᠦ ᠪᠤᠢ
ᠨᠡᠶᠢᠲᠡᠯᠡᠭᠰᠡᠨ ᠴᠠᠭ᠄
2018-06-01
                 ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠲᠦᠷᠪᠡᠨ ᠵᠤᠶᠢᠯ ᠤᠨ               ᠠᠷᠭ᠎ᠠ ᠬᠡᠮᠵᠢᠶ᠎ᠠ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ              ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠳᠡ ᠶᠢ ᠯᠠᠪᠳᠠᠭᠤᠨ ᠠᠬᠢᠭᠤᠯᠵᠦ ᠪᠤᠢ                  
      ᠡᠨᠡ ᠵᠢᠯ ᠠᠴᠠ ᠨᠠᠰᠢ᠂ ᠮᠠᠨ ᠤ ᠬᠤᠰᠢᠭᠤ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠬᠦᠯᠦᠯᠳᠡ ᠳᠤ ᠲᠤᠷᠠᠳᠤᠭᠰᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠯ ᠲᠠᠷᠢᠶᠠᠯᠠᠩ ᠦᠢᠯᠡᠰ ᠢ ᠤᠷᠢᠳᠠᠪᠠᠷ ᠬᠦᠭᠵᠢᠬᠦᠯᠬᠦ ᠶᠢ ᠪᠠᠷᠢᠮᠳᠠᠯᠠᠨ᠂ ᠮᠠᠯ ᠲᠠᠷᠢᠶᠠᠯᠠᠩ ᠦᠢᠯᠡᠰ ᠤᠨ ᠪᠦᠬᠦ ᠡᠯᠧᠮᠧᠨ᠋ᠲ᠂ ᠪᠦᠬᠦ ᠠᠵᠦ ᠦᠢᠯᠡᠰ ᠢᠶᠠᠷ ᠨᠢ ᠲᠡᠰ ᠲᠡᠪᠰᠢᠬᠦᠯᠬᠦ ᠶᠢ ᠲᠤᠪᠤᠶᠢᠮ᠎ᠠ ᠠᠳᠬᠤᠵᠦ᠂ ᠤᠯᠠᠨ ᠵᠤᠶᠢᠯ ᠤᠨ ᠠᠷᠭ᠎ᠠ ᠬᠡᠮᠵᠢᠶ᠎ᠡ ᠪᠠᠷ ᠮᠠᠯ ᠲᠠᠷᠢᠶᠠᠯᠠᠩ ᠦᠢᠯᠡᠰ ᠢ ᠬᠦᠴᠦᠷᠭᠡᠭᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠢ ᠭᠤᠶᠤᠵᠢᠭᠤᠯᠵᠦ᠂ ᠮᠠᠯᠴᠢᠨ ᠲᠠᠷᠢᠶᠠᠴᠢᠳ ᠢ ᠪᠠᠶᠠᠵᠢᠭᠤᠯᠬᠤ ᠬᠠᠷᠠᠯᠳᠠ ᠶᠢ ᠲᠦᠷᠭᠡᠨ ᠪᠡᠶᠡᠯᠡᠬᠦᠯᠵᠦ ᠪᠤᠢ᠃      
      ᠨᠢᠭᠡ ᠳᠤ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠳᠬᠤᠵᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠳᠤ ᠬᠦᠴᠦᠨ ᠨᠡᠮᠡᠷᠢᠯᠡᠨ᠎ᠡ᠃ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠤᠷᠢᠳᠠᠯ ᠪᠤᠯᠤᠨ᠎ᠠ᠃ ᠮᠠᠨ ᠤ ᠬᠤᠰᠢᠭᠤ ᠨᠢ ᠶᠠᠳᠠᠭᠤ ᠬᠦᠴᠢᠷᠳᠡᠯᠳᠡᠢ ᠤᠯᠠᠨ ᠲᠦᠮᠡᠨ ᠢ ᠲᠡᠳᠬᠦᠨ ᠲᠤᠰᠠᠯᠠᠵᠦ᠂ ᠤᠯᠠᠨ ᠡᠰᠢᠵᠢᠭᠰᠡᠨ ᠠᠵᠦ ᠦᠢᠯᠡᠰ ᠢ ᠬᠦᠭᠵᠢᠬᠦᠯᠦᠨ᠂ ᠰᠢᠯᠢᠳᠡᠭ ᠡᠬᠦᠯᠳᠡᠷ ᠤᠨ ᠮᠠᠯ ᠢ ᠦᠰᠭᠡᠨ ᠦᠷᠡᠵᠢᠬᠦᠯᠬᠦ ᠪᠠ ᠮᠢᠬᠠᠨ ᠤ ᠦᠭᠡᠷ᠂ ᠬᠤᠨᠢ ᠪᠤᠷᠳᠤᠨ ᠲᠠᠷᠭᠤᠯᠠᠭᠤᠯᠬᠤ ᠶᠢ ᠠᠬᠢᠭᠤᠯᠵᠦ᠂ ᠠᠵᠦ ᠠᠬᠤᠢ ᠶᠢᠨ ᠲᠠᠷᠢᠮᠠᠯ ᠤᠨ ᠲᠦᠷᠦᠯ ᠵᠤᠶᠢᠯ ᠢ ᠰᠢᠯᠢᠳᠡᠭᠵᠢᠬᠦᠯᠦᠨ ᠲᠡᠵᠢᠭᠡᠯ ᠪᠤᠷᠳᠤᠭᠠᠨ ᠤ ᠲᠠᠷᠢᠮᠠᠯ ᠢ ᠦᠷᠭᠡᠳᠬᠡᠬᠦ ᠶᠢ ᠲᠦᠷᠭᠡᠳᠬᠡᠨ᠂ ᠤᠨᠴᠠᠯᠢᠬᠳᠦ ᠲᠠᠷᠢᠮᠠᠯ ᠤᠨ ᠦᠢᠯᠡᠰ ᠢ ᠬᠦᠭᠵᠢᠬᠦᠯᠵᠦ᠂ ︽ᠨᠢᠭᠡ ᠲᠤᠰᠬᠤᠨ ᠳᠤ ᠨᠢᠭᠡ ᠠᠵᠦ ᠦᠢᠯᠡᠰ ᠲᠠᠢ᠂ ᠨᠢᠭᠡ ᠡᠷᠦᠭᠡ ᠳᠤ ᠨᠢᠭᠡ ᠵᠢᠱᠢᠶ᠎ᠡ  ᠲᠠᠢ ᠪᠠᠶᠢᠬᠤ︾ ᠵᠠᠷᠴᠢᠮ ᠶᠤᠰᠤᠭᠠᠷ᠂ ᠵᠠᠬᠢᠶᠠᠯᠠᠭ᠎ᠠ ᠮᠠᠶ᠋ᠢᠭ ᠤᠨ ᠶᠠᠳᠠᠭᠤ ᠶᠢ ᠲᠡᠳᠬᠦᠬᠦ ᠶᠢ ᠤᠯᠠᠮ ᠨᠢᠭᠡ ᠠᠯᠬᠤᠮ ᠲᠦᠬᠡᠮᠡᠯᠵᠢᠬᠦᠯᠦᠨ᠂ ᠶᠠᠳᠠᠭᠤ ᠡᠷᠦᠭᠡ ᠠᠴᠠ ᠠᠵᠦ ᠦᠢᠯᠡᠰ ᠢ ᠴᠢᠯᠦᠭᠡᠳᠡᠢ ᠰᠤᠩᠭᠤᠵᠦ᠂ ᠠᠷᠠᠳ ᠢ ᠪᠠᠶᠠᠵᠢᠭᠤᠯᠬᠤ ᠠᠵᠦ ᠦᠢᠯᠡᠰ ᠢᠶᠠᠷ ᠶᠠᠳᠠᠭᠤ ᠡᠷᠦᠭᠡ ᠶᠢ ᠪᠦᠬᠦᠨ ᠢ ᠪᠦᠷᠬᠦᠬᠦ ᠶᠢ ᠴᠢᠷᠮᠠᠶᠢᠨ ᠪᠠᠶᠠᠯᠡᠬᠦᠯᠵᠦ᠂ ᠶᠠᠳᠠᠭᠤ ᠤᠯᠠᠨ ᠲᠦᠮᠡᠨ ᠤ ᠶᠠᠳᠠᠭᠤ ᠠᠴᠠ ᠠᠩᠬᠢᠵᠢᠷᠠᠬᠤ ᠲᠤᠳᠤᠭᠠᠳᠦ ᠬᠦᠳᠡᠯᠬᠡᠬᠦ ᠬᠦᠴᠦᠨ ᠢ ᠲᠡᠭᠡᠭᠰᠢᠯᠡᠬᠦᠯᠦᠨ᠎ᠡ᠃ ︽1+3+4︾ ᠠᠵᠦ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠮᠠᠶ᠋ᠢᠭ ᠢ ᠪᠤᠢ ᠪᠤᠯᠭᠠᠨ᠂ ᠶᠠᠳᠠᠭᠤ ᠡᠷᠦᠭᠡ ᠪᠦᠷᠢ ᠨᠢ ᠨᠢᠭᠡ ᠲᠤᠯᠤᠭᠠᠶᠢᠯᠠᠭᠴᠢ ᠠᠵᠦ ᠠᠬᠤᠶᠢᠯᠠᠯ ᠳᠤ ᠲᠦᠰᠢᠭᠯᠡᠬᠦ ᠪᠤᠶᠤ ᠡᠵᠡᠩᠨᠡᠯᠳᠡ ᠶᠢᠨ ᠵᠤᠬᠢᠶᠠᠨ ᠪᠠᠶᠢᠭᠤᠯᠤᠯᠳᠠ ᠠᠴᠠ ᠲᠠᠶᠢᠴᠢᠯᠠᠬᠤ‌‍ᠶᠢ ᠪᠠᠳᠤᠯᠠᠵᠦ᠂ ᠰᠢᠯᠢᠳᠡᠭ ᠡᠬᠦᠯᠳᠡᠷ ᠤᠨ ᠮᠢᠬᠠᠨ ᠤ ᠦᠭᠡᠷ᠂ ᠴᠠᠬᠠᠷ ᠬᠤᠨᠢ ᠪᠠ ᠤᠨᠴᠠᠯᠢᠬᠳᠦ ᠲᠠᠷᠢᠮᠠᠯ ᠵᠡᠷᠭᠡ ᠮᠠᠯ ᠲᠠᠷᠢᠶᠠᠯᠠᠩ ᠤᠨ 3 ᠤᠨᠴᠠᠯᠢᠬᠳᠦ ᠠᠵᠦ ᠦᠢᠯᠡᠰ ᠢ ᠬᠦᠭᠵᠢᠬᠦᠯᠬᠦ ᠪᠠᠷ ᠲᠠᠮᠵᠢᠨ᠂ ᠦᠢᠯᠡᠳᠪᠦᠷᠢᠯᠡᠯ ᠤᠨ ᠴᠢᠨᠠᠷᠳᠠᠢ᠂ ᠡᠳ᠋ ᠬᠦᠷᠦᠩᠭᠡ ᠶᠢᠨ ᠴᠢᠨᠠᠷᠳᠠᠢ᠂ ᠬᠦᠳᠡᠯᠮᠦᠷᠢ ᠶᠢᠨ ᠴᠢᠨᠠᠷᠳᠠᠢ ᠪᠠ ᠪᠡᠯᠡ ᠬᠦᠷᠦᠩᠭᠡ ᠶᠢᠨ ᠴᠢᠨᠠᠷᠳᠠᠢ ᠵᠡᠷᠭᠡ ᠲᠦᠷᠪᠡᠨ ᠲᠠᠯ᠎ᠠ ᠶᠢᠨ ᠠᠰᠢᠭ ᠬᠦᠷᠳᠡᠭᠡᠨ᠎ᠡ᠃ ᠰᠢᠯᠢ ᠶᠢᠨ ᠭᠤᠤᠯ ᠠᠶᠢᠮᠠᠭ ᠤᠨ ᠡᠷᠳᠡᠨᠢ ᠢᠳᠡᠭᠡᠨ ᠤ ᠬᠢᠵᠠᠭᠠᠷᠳᠦ ᠺᠤᠮᠫᠠᠨᠢ᠂ ᠪᠡᠭᠡᠵᠢᠩ ᠤᠨ ᠶᠤᠸᠠᠢ ᠱᠧᠩ ᠵᠠᠢ ᠢᠳᠡᠭᠡᠨ ᠤ ᠬᠢᠵᠠᠭᠠᠷᠳᠦ ᠺᠤᠮᠫᠠᠨᠢ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠧᠩ ᠱᠧᠩ ᠮᠢᠬᠠᠨ ᠤ ᠲᠦᠷᠦᠯ ᠤᠨ ᠬᠢᠵᠠᠭᠠᠷᠳᠦ ᠺᠤᠮᠫᠠᠨᠢ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠤᠨ ᠲᠠᠶᠢᠴᠢᠯᠠᠯᠳᠠ ᠳᠤ ᠲᠦᠰᠢᠭᠯᠡᠵᠦ᠂ ᠶᠠᠳᠠᠭᠤ ᠬᠦᠮᠦᠰ ᠲᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠦᠷ᠎ᠡ ᠠᠰᠢᠭ ᠢ ᠡᠳ᠋ᠯᠡᠬᠦᠯᠦᠨ᠎ᠡ᠃ ᠪᠦᠬᠦ ᠬᠤᠰᠢᠭᠤᠨ ᠤ 22 ᠭᠠᠴᠠᠭ᠎ᠠ ᠲᠤᠰᠬᠤᠨ ᠳᠤ ᠤᠯᠠᠨ ᠭᠠᠴᠠᠭ᠎ᠠ ᠲᠤᠰᠬᠤᠨ ᠬᠤᠯᠪᠤᠭᠠᠯᠠᠨ ᠪᠠᠶᠢᠭᠤᠯᠬᠤ ᠬᠡᠯᠪᠡᠷᠢ ᠪᠠᠷ ᠶᠡᠷᠦᠩᠭᠡᠢ ᠬᠡᠪᠴᠢᠶ᠎ᠡ 6433 ᠺᠢᠯᠤᠸᠠᠲ ᠤᠨ ᠭᠠᠴᠠᠭ᠎ᠠ ᠲᠤᠰᠬᠤᠨ ᠤ ᠲᠡᠰ ᠤᠨ ᠨᠠᠷᠠᠨ ᠤ ᠡᠨᠧᠷᠬᠢ ᠪᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ ᠶᠢ ᠪᠠᠶᠢᠭᠤᠯᠵᠦ᠂ ᠵᠢᠯ ᠳᠤ 544 ᠲᠦᠮᠡᠨ ᠲᠦᠬᠦᠷᠢᠭ ᠤᠨ ᠠᠰᠢᠭ ᠡᠬᠦᠳᠦᠨ᠂ ᠶᠠᠳᠠᠭᠤ ᠡᠷᠦᠭᠡ ᠶᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠬᠦ ᠶᠢ ᠪᠡᠶᠡᠯᠡᠬᠦᠯᠦᠨ᠎ᠡ᠃ ᠭᠠᠵᠠᠷ ᠰᠢᠷᠦᠢ ᠶᠢ ᠨᠢᠬᠡᠳᠬᠡᠬᠦ ᠳᠤ ︽ᠲᠠᠷᠢᠵᠦ ᠲᠡᠵᠢᠭᠡᠬᠦ ᠶᠢ ᠤᠶᠠᠯᠳᠤᠭᠤᠯᠵᠦ ᠲᠠᠷᠢᠬᠤ ᠪᠠᠷ ᠲᠡᠵᠢᠭᠡᠬᠦ ᠶᠢ ᠲᠠᠶᠢᠴᠢᠯᠠᠬᠤ︾ ᠠᠵᠦ ᠦᠢᠯᠡᠰ ᠤᠨ ᠬᠦᠭᠵᠢᠯᠳᠡ ᠶᠢᠨ ᠠᠷᠭ᠎ᠠ ᠮᠠᠶ᠋ᠢᠭ ᠶᠤᠰᠤᠭᠠᠷ᠂ ᠪᠦᠬᠦ ᠬᠤᠰᠢᠭᠤᠨ ᠤ ᠤᠳᠤ ᠪᠠᠶᠢᠭ᠎ᠠ 4.2 ᠲᠦᠮᠡᠨ ᠮᠦ ᠠᠰᠢᠭᠯᠠᠭᠳᠠᠭ᠎ᠠ ᠦᠬᠡᠢ ᠬᠠᠭᠤᠷᠠᠢ ᠲᠠᠷᠢᠶ᠎ᠠ‌‍ᠶᠢ ᠨᠢᠭᠡᠳᠬᠡᠨ ᠡᠵᠡᠩᠨᠡᠬᠦ ᠪᠠᠷ ᠲᠦᠯᠦᠪᠯᠡᠵᠦ᠂ ᠲᠠᠵᠢᠭᠡᠯ ᠡᠪᠡᠰᠦ ᠪᠤᠷᠳᠤᠭ᠎ᠠ ᠲᠠᠷᠢᠨ᠂ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠰᠡᠯᠬᠦᠬᠡᠨ ᠮᠠᠯᠵᠢᠬᠤ᠂ ᠡᠪᠦᠯ ᠤᠨ ᠤᠯᠠᠷᠢᠯ ᠤᠨ ᠭᠠᠮᠰᠢᠭ ᠵᠤᠳ ᠢ ᠡᠰᠡᠷᠬᠦᠴᠡᠬᠦ ᠦᠶ᠎ᠡ ᠳᠠᠬᠢ ᠡᠪᠡᠰᠦ ᠪᠤᠷᠳᠤᠭᠠᠨ ᠤ ᠬᠠᠩᠭᠠᠯᠭ᠎ᠠ ᠶᠢ ᠲᠤᠭᠳᠠᠭᠤᠨ ᠪᠠᠶᠢᠯᠭᠠᠨ᠎ᠠ᠃
       ᠬᠤᠶᠠᠷ ᠲᠤ᠂ ᠠᠵᠦ ᠦᠢᠯᠡᠳᠪᠦᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ ᠶᠢ ᠠᠬᠢᠭᠤᠯᠵᠦ᠂ ᠠᠵᠦ ᠠᠬᠤᠢ ᠶᠢᠨ ᠴᠢᠨᠠᠷᠯᠢᠭ ᠬᠦᠭᠵᠢᠯᠳᠡ ᠳᠤ ᠬᠦᠴᠦᠨ ᠨᠡᠮᠡᠷᠢᠯᠡᠨ᠎ᠡ᠃ ᠴᠢᠨᠠᠷᠯᠢᠭ ᠬᠦᠭᠵᠢᠯᠳᠡ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠲᠤᠯᠭᠠᠭᠤᠷᠢᠯᠠᠯ ᠪᠤᠯᠤᠨ᠎ᠠ᠃ ᠮᠠᠨ ᠤ ᠬᠤᠰᠢᠭᠤ ᠨᠢ ᠴᠡᠪᠡᠷ ᠡᠨᠧᠷᠬᠢ ᠂ ᠲᠤᠨᠤᠭ ᠲᠦᠬᠦᠬᠡᠷᠦᠮᠵᠢ ᠦᠢᠯᠡᠳᠬᠦ᠂ ᠪᠠᠶᠢᠭᠠᠯᠢᠯᠢᠭ ᠮᠠᠯ ᠲᠠᠷᠢᠶᠠᠯᠠᠩ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠠᠭᠤᠷᠬᠠᠢ ᠶᠢᠨ ᠪᠤᠯᠠᠭᠳᠠᠴᠠ ᠶᠢ ᠰᠤᠩᠭᠤᠨ ᠪᠤᠯᠪᠠᠰᠤᠷᠠᠭᠤᠯᠬᠤ ᠵᠡᠷᠭᠡ ᠲᠦᠷᠪᠡᠨ ᠶᠡᠭᠡ ᠲᠤᠯᠭᠠᠭᠤᠷᠢᠯᠠᠬᠤ ᠠᠵᠦ ᠦᠢᠯᠡᠰ ᠢ ᠠᠩᠬ᠎ᠠ ᠠᠯᠬᠤᠮ ᠪᠦᠷᠢᠯᠳᠦᠬᠦᠯᠵᠦ᠂ ᠴᠡᠪᠡᠷ ᠡᠨᠧᠷᠬᠢ ᠶᠢᠨ ᠠᠵᠦ ᠦᠢᠯᠡᠰ ᠴᠢᠬᠤᠯᠠ ᠠᠬᠢᠯᠳᠠ ᠲᠠᠢ ᠪᠤᠯᠵᠦ᠂ ᠤᠨᠴᠠ ᠦᠨᠳᠦᠷ ᠬᠦᠴᠦᠳᠡᠯ ᠤᠨ ᠰᠠᠯᠬᠢᠨ ᠴᠠᠬᠢᠯᠭᠠᠨ ᠢ ᠭᠠᠳᠠᠭᠰᠢ ᠬᠦᠷᠬᠡᠬᠦ᠂ ᠡᠷᠢᠶᠠᠨ ᠤ ᠪᠢᠴᠢᠯ ᠴᠠᠬᠢᠯᠭᠠᠨ ᠲᠤᠤᠷ ᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠠᠬᠢ ᠴᠤᠭᠯᠠᠷᠠᠯ᠂ ᠵᠧᠩ ᠳ᠋ᠢᠶᠠᠨ ᠰᠢᠨ᠎ᠡ ᠡᠨᠧᠷᠬᠢ ᠶᠢᠨ ᠲᠠᠷᠠᠬᠠᠢ ᠮᠠᠶ᠋ᠢᠭ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠤᠶᠢᠯ ᠨᠢ ᠴᠦᠮ ᠵᠦᠪᠰᠢᠶᠡᠷᠡᠭᠳᠡᠨ᠂ ᠡᠮᠦᠨᠡᠬᠢ ᠬᠤᠭᠤᠴᠠᠭᠠᠨ ᠤ  ᠠᠵᠢᠯ ᠨᠢ ᠠᠯᠬᠤᠮ ᠲᠠᠷᠠᠭ᠎ᠠ ᠲᠠᠢ ᠠᠬᠢᠪᠠ᠃ ᠲᠤᠨᠤᠭ ᠲᠦᠬᠦᠬᠡᠷᠦᠮᠵᠢ ᠦᠢᠯᠡᠳᠬᠦ ᠠᠵᠦ ᠦᠢᠯᠡᠰ ᠨᠢ ᠪᠠᠶᠢᠬᠤ ᠦᠬᠡᠢ ᠠᠴᠠ ᠪᠠᠨ ᠪᠠᠶᠢᠬᠤ ᠪᠤᠯᠵᠦ ᠬᠡᠪᠴᠢᠶᠡᠵᠢᠨ ᠪᠦᠷᠢᠯᠳᠦᠵᠦ᠂ ᠤᠨᠴᠠ ᠬᠦᠴᠦᠳᠡᠯᠳᠦ ᠴᠠᠬᠢᠯᠭᠠᠨ ᠲᠦᠬᠦᠬᠡᠷᠦᠮᠵᠢ᠂ ᠶᠢᠨ ᠹᠧᠩ ᠰᠢᠨᠵᠢᠯᠡᠭᠡ ᠮᠡᠷᠭᠡᠵᠢᠯ᠂ ᠵᠢᠶᠠᠨ ᠠᠨ ᠴᠧᠩ ᠵᠡᠷᠭᠡ ᠤᠯᠤᠰ ᠤᠨ ᠲᠤᠳᠤᠭᠠᠳᠦ ᠶᠢᠨ ᠲᠡᠷᠢᠬᠦᠨ ᠤ ᠠᠵᠦ ᠠᠬᠤᠶᠢᠯᠠᠯ ᠮᠠᠨ ᠤ ᠬᠤᠰᠢᠭᠤᠨ ᠳᠤ ᠰᠠᠭᠤᠷᠢᠰᠢᠵᠦ᠂ ᠤᠳᠤ ᠨᠢᠬᠡᠨᠳᠡ ᠦᠢᠯᠡᠳᠪᠦᠷᠢᠯᠡᠬᠦ ᠨᠦᠬᠦᠴᠡᠯ ᠢ ᠪᠦᠷᠢᠯᠳᠦᠬᠦᠯᠪᠡ᠃ ᠪᠠᠶᠢᠭᠠᠯᠢᠯᠢᠭ ᠮᠠᠯ ᠲᠠᠷᠢᠶᠠᠯᠠᠩ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠦ ᠦᠢᠯᠡᠰ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠵᠦ᠂ ᠮᠧᠩ ᠱᠧᠩ ᠮᠢᠬᠠᠨ ᠤ ᠦᠢᠯᠡᠰ᠂ ᠢ ᠱᠧᠩ ᠮᠢᠬᠠᠨ ᠤ ᠦᠢᠯᠡᠰ ᠨᠢ ᠤᠯᠤᠰ ᠤᠨ ᠤᠷᠭᠠᠨᠢᠭ ᠦᠭᠡᠷ ᠬᠤᠨᠢ ᠲᠡᠵᠢᠭᠡᠨ ᠦᠷᠡᠵᠢᠬᠦᠯᠬᠦ ᠪᠠ ᠤᠷᠭᠠᠨᠢᠭ ᠦᠭᠡᠷ ᠬᠤᠨᠢᠨ ᠤ ᠮᠢᠬ᠎ᠠ ᠪᠤᠯᠪᠠᠰᠤᠷᠠᠭᠤᠯᠬᠤ ᠵᠦᠪᠰᠢᠶᠡᠷᠡᠯ ᠢ ᠤᠯᠪᠠ᠃ ᠠᠭᠤᠷᠬᠠᠢ ᠶᠢᠨ ᠪᠤᠯᠠᠭᠳᠠᠴᠠ ᠶᠢ ᠰᠤᠩᠭᠤᠨ ᠪᠤᠯᠪᠠᠰᠤᠷᠠᠭᠤᠯᠬᠤ ᠦᠢᠯᠡᠰ ᠤᠯᠠᠮ ᠬᠡᠪᠴᠢᠶᠡᠵᠢᠵᠦ᠂ ᠢ ᠬᠤᠤ ᠠᠭᠤᠷᠬᠠᠢ ᠶᠢᠨ ᠦᠢᠯᠡᠰ᠂ ᠷᠦᠢ ᠰᠢᠨ ᠲᠡᠮᠦᠷ ᠤᠨ ᠠᠭᠤᠷᠬᠠᠢ᠂ ᠬᠤᠸᠠ ᠯᠢ ᠲᠡᠮᠦᠷ ᠬᠠᠶᠢᠯᠤᠭᠤᠯᠬᠤ ᠺᠤᠮᠫᠠᠨᠢ ᠨᠢ ᠮᠡᠷᠭᠡᠵᠢᠯ ᠤᠨ ᠦᠭᠡᠷᠡᠴᠢᠯᠡᠯᠳᠡ ᠪᠠᠨ ᠪᠡᠶᠡᠯᠡᠬᠦᠯᠪᠡ᠃ ᠴᠢᠶᠠᠨ ᠶᠢᠨ ᠳ᠋ᠠ ᠠᠭᠤᠷᠬᠠᠢ ᠶᠢᠨ ᠦᠢᠯᠡᠰ ᠨᠢ ᠮᠠᠯᠳᠠᠬᠤ ᠵᠦᠭ ᠰᠢᠯᠵᠢᠬᠦ ᠭᠠᠷ ᠬᠦᠢᠴᠡᠳᠬᠡᠯ ᠢ ᠪᠡᠶᠡᠯᠡᠬᠦᠯᠵᠦ᠂ ᠲᠤᠨᠤᠭᠯᠠᠬᠤ ᠶᠢ ᠵᠦᠪᠰᠢᠶᠡᠷᠡᠬᠦᠯᠬᠦ ᠠᠵᠢᠯ ᠪᠦᠬᠦ ᠲᠠᠯ᠎ᠠ ᠪᠠᠷ ᠲᠭᠤᠰᠪᠠ᠃ ᠡᠬᠦᠨ ᠠᠴᠠ ᠭᠠᠳᠠᠨ᠎ᠠ᠂ ᠭᠦᠭᠵᠢᠭᠰᠡᠨ ᠭᠠᠵᠠᠷ ᠤᠷᠤᠨ ᠤ ᠠᠵᠦ ᠦᠢᠯᠡᠰ ᠤᠨ ᠰᠢᠯᠵᠢᠬᠦᠯᠦᠯᠳᠡ ᠶᠢ  ᠵᠠᠯᠭᠠᠵᠦ ᠠᠪᠬᠤ ᠪᠠᠷ ᠭᠤᠤᠯᠳᠠᠯᠭ᠎ᠠ ᠪᠤᠯᠭᠠᠵᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ᠂ ᠪᠠᠶᠢᠭᠠᠯᠢᠯᠢᠭ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠠᠯ᠎ᠠ ᠪᠠᠷ ᠰᠢᠨ᠎ᠡ ᠰᠢᠪᠳᠤᠯᠤᠯᠳᠠ ᠲᠠᠢ ᠪᠤᠯᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠬᠦᠯᠪᠡ᠃ 2018 ᠤᠨ ᠤ ᠠᠷᠠᠯᠵᠢᠶᠠᠴᠢᠨ ᠤᠷᠢᠬᠤ ᠭᠤᠤᠯᠳᠠᠯᠭ᠎ᠠ ᠲᠠᠢ ᠲᠦᠷᠦᠯ ᠵᠤᠶᠢᠯ ᠤᠨ ᠠᠩᠬᠠᠳᠤᠭᠠᠷ ᠤᠳᠠᠭᠠᠨ ᠤ ᠲᠦᠪᠯᠡᠷᠡᠬᠦᠯᠦᠨ ᠭᠠᠷ ᠤᠨ ᠦᠰᠦᠭ ᠵᠢᠷᠤᠬᠤ ᠶᠤᠰᠤᠯᠠᠯ ᠢ ᠵᠤᠬᠢᠶᠠᠨ ᠪᠠᠶᠢᠭᠤᠯᠵᠦ᠂ ᠪᠠᠯ ᠴᠠᠬᠢᠯᠠᠭᠤᠷ᠂ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠪᠠ ᠰᠢᠢᠳᠪᠦᠷᠢᠯᠡᠬᠦ᠂ ᠪᠢᠯᠢᠭ ᠲᠤᠶᠢᠯ ᠤᠨ ᠪᠠᠯᠵᠢᠬᠰᠠᠨ ᠦᠢᠯᠡᠳᠪᠦᠷᠢᠯᠡᠯ ᠤᠨ ᠱᠤᠭᠤᠮ ᠵᠡᠷᠭᠡ ᠠᠷᠠᠯᠵᠢᠶᠠᠴᠢᠨ ᠤᠷᠢᠬᠤ ᠲᠠᠪᠤᠨ ᠭᠤᠤᠯᠳᠠᠯᠭ᠎ᠠ ᠲᠠᠢ ᠲᠦᠷᠦᠯ ᠵᠤᠶᠢᠯ ᠳᠤ ᠭᠠᠷ ᠤᠨ ᠦᠰᠦᠭ ᠵᠢᠷᠤᠵᠦ᠂ ᠮᠠᠨ ᠤ ᠬᠤᠰᠢᠭᠤᠨ ᠤ ᠰᠢᠨ᠎ᠡ ᠮᠠᠲ᠋ᠧᠷᠢᠶᠠᠯ᠂ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠬᠦᠷᠢᠶ᠎ᠡ ᠴᠡᠷ᠎ᠡ ᠶᠢᠨ ᠠᠵᠦ ᠦᠢᠯᠡᠰ ᠤᠨ ᠬᠦᠭᠵᠢᠯᠳᠡ ᠶᠢᠨ ᠬᠤᠭᠤᠰᠤᠨ ᠢ ᠨᠦᠬᠦᠪᠦᠷᠢᠯᠡᠨ᠂ ᠪᠦᠬᠦ ᠬᠤᠰᠢᠭᠤᠨ ᠤ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠳᠤ ᠭᠦᠰᠢᠶ᠎ᠡ ᠲᠤᠷᠠᠰᠬᠠᠯ ᠤᠨ   ᠴᠢᠨᠠᠷᠳᠠᠢ ᠠᠴᠢ ᠬᠤᠯᠪᠤᠭᠳᠠᠯ   ᠲᠠᠢ᠃
      ᠭᠤᠷᠪᠠ ᠳᠤ᠂ ᠮᠠᠯ ᠲᠠᠷᠢᠶᠠᠯᠠᠩ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠬᠡᠳᠬᠡᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠳᠤ ᠬᠦᠴᠦᠨ ᠨᠡᠮᠡᠷᠢᠯᠡᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠤᠯ ᠱᠤᠭᠤᠮ ᠪᠤᠯᠤᠨ᠎ᠠ᠃ ᠮᠠᠨ ᠤ ᠬᠤᠰᠢᠭᠤ ᠨᠢ ᠮᠠᠯ ᠲᠠᠷᠢᠶᠠᠯᠠᠩ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠵᠦ᠂ ︽ᠬᠤᠨᠢ ᠶᠢ ᠴᠦᠭᠡᠳᠬᠡᠨ ᠦᠭᠡᠷ ᠢ ᠨᠡᠮᠡᠭᠳᠡᠬᠦᠯᠬᠦ︾ ᠪᠠ ︽ᠠᠵᠦ ᠠᠬᠤᠢ ᠶᠢᠨ ᠲᠠᠷᠢᠮᠠᠯ ᠤᠨ ᠲᠦᠷᠦᠯ ᠵᠤᠶᠢᠯ ᠤᠨ ᠪᠦᠳᠦᠴᠡ ᠶᠢ ᠰᠢᠯᠢᠳᠡᠭᠵᠢᠬᠦᠯᠵᠦ ᠲᠠᠵᠢᠭᠡᠯ ᠪᠤᠷᠳᠤᠭᠠᠨ ᠤ ᠲᠠᠷᠢᠮᠠᠯ ᠢ ᠦᠷᠭᠡᠳᠬᠡᠬᠦ︾ ᠬᠤᠤᠰ ᠬᠦᠷᠳᠦᠳᠦ ᠬᠦᠳᠡᠯᠬᠡᠬᠦᠷ ᠢ ᠪᠠᠷᠢᠮᠳᠠᠯᠠᠵᠦ᠂ ᠰᠢᠯᠢᠳᠡᠭ ᠡᠬᠦᠯᠳᠡᠷ ᠤᠨ ᠮᠢᠬᠠᠨ ᠤ ᠦᠭᠡᠷ᠂ ᠴᠠᠬᠠᠷ ᠬᠤᠨᠢ᠂ ᠤᠨᠴᠠᠯᠢᠬᠳᠦ ᠲᠠᠷᠢᠮᠠᠯ ᠵᠡᠷᠭᠡ ᠭᠤᠷᠪᠠᠨ ᠶᠡᠭᠡ ᠤᠨᠴᠠᠯᠢᠬᠳᠦ ᠠᠵᠦ ᠦᠢᠯᠡᠰ ᠢᠶᠠᠷ ᠠᠴᠢᠶᠠᠯᠠᠪᠤᠷᠢ ᠪᠤᠯᠭᠠᠨ᠂ ᠤᠳᠤ ᠦᠶ᠎ᠡ ᠶᠢᠨ ᠮᠠᠯ ᠲᠠᠷᠢᠶᠠᠯᠠᠩ ᠦᠢᠯᠡᠰ ᠤᠨ ᠬᠦᠭᠵᠢᠯᠳᠡ ᠶᠢᠨ ᠰᠢᠰᠲ᠋ᠧᠮ ᠢ ᠬᠦᠴᠦᠯᠡᠨ ᠪᠠᠶᠢᠭᠤᠯᠵᠦ᠂ ᠤᠳᠤ ᠦᠶ᠎ᠡ ᠶᠢᠨ ᠮᠠᠯ ᠲᠠᠷᠢᠶᠠᠯᠠᠩ ᠦᠢᠯᠡᠰ ᠤᠨ ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ ᠰᠢᠯᠢᠳᠡᠭ ᠡᠬᠦᠯᠳᠡᠷ ᠤᠨ ᠮᠢᠬᠠᠨ ᠤ ᠦᠭᠡᠷ ᠤᠨ ᠠᠵᠦ ᠦᠢᠯᠡᠰ᠂ ᠴᠠᠬᠠᠷ ᠮᠢᠬᠠᠨ ᠤ ᠬᠤᠨᠢᠨ ᠤ ᠠᠵᠦ ᠦᠢᠯᠡᠰ ᠪᠠ ᠬᠠᠮᠳᠦ ᠶᠢᠨ ᠭᠠᠵᠠᠷ ᠰᠢᠷᠤᠢ ᠶᠢ ᠴᠡᠭᠴᠡᠯᠡᠬᠦ ᠵᠢᠴᠢ ᠰᠢᠯᠵᠢᠬᠦᠯᠬᠦ ᠭᠤᠷᠪᠠᠨ ᠵᠤᠶᠢᠯ ᠤᠨ ᠭᠡᠷᠡᠭᠵᠢᠬᠦᠯᠬᠦ ᠲᠦᠰᠦᠯ ᠢ ᠲᠤᠬᠳᠠᠭᠠᠵᠦ᠂ ᠪᠦᠬᠦ ᠬᠤᠰᠢᠭᠤᠨ ᠤ ᠮᠠᠯ ᠲᠠᠷᠢᠶᠠᠯᠠᠩ ᠦᠢᠯᠡᠰ ᠤᠨ ᠲᠠᠷᠠᠭᠠᠴᠢ ᠶᠢᠨ ᠠᠯᠬᠤᠮ ᠤᠨ ᠬᠦᠭᠵᠢᠯᠳᠡ ᠶᠢᠨ ᠴᠢᠭᠯᠡᠯ ᠢ ᠲᠤᠳᠤᠷᠬᠠᠶᠢᠯᠠᠵᠦ ᠦᠭᠪᠡ᠃ ᠮᠠᠯᠵᠢᠯ ᠤᠨ ᠤᠨ ᠤ ᠦᠭᠡᠷ ᠤᠨ ᠤᠨᠳᠤᠷᠤᠭᠤᠯᠬᠤ ᠬᠡᠮᠵᠢᠶ᠎ᠡ ᠶᠢ 10.9 ᠲᠦᠮᠡ ᠪᠤᠯᠭᠠᠨ ᠨᠡᠮᠡᠭᠳᠡᠬᠦᠯᠵᠦ᠂ ᠬᠤᠨᠢᠨ ᠤ ᠤᠨᠳᠤᠷᠤᠭᠤᠯᠬᠤ ᠬᠡᠮᠵᠢᠶ᠎ᠡ ᠶᠢ 38.6 ᠲᠦᠮᠡ ᠪᠤᠯᠭᠠᠨ ᠴᠦᠬᠡᠳᠬᠡᠵᠦ᠂ ᠬᠤᠨᠢ ᠶᠢ ᠴᠦᠬᠡᠳᠭᠡᠨ ᠦᠬᠡᠷ ᠢ ᠨᠡᠮᠡᠭᠳᠡᠬᠦᠯᠬᠦ ᠠᠷᠭ᠎ᠠ ᠬᠡᠮᠵᠢᠶ᠎ᠡ ᠠᠩᠬ᠎ᠠ ᠠᠯᠬᠤᠮ ᠤᠨ ᠦᠷ᠎ᠡ ᠠᠰᠢᠭ ᠢᠯᠡᠷᠡᠪᠡ᠃ ᠰᠢᠯᠢᠳᠡᠭ ᠡᠬᠦᠯᠳᠡᠷ ᠤᠨ ᠮᠢᠬᠠᠨ ᠤ ᠦᠭᠡᠷ ᠢ ᠬᠤᠳᠠᠯᠳᠤᠨ ᠤᠷᠤᠭᠤᠯᠬᠤ ᠪᠠ ᠪᠡᠯᠡᠳᠬᠡᠯ ᠦᠨᠢᠶ᠎ᠡ ᠶᠢ ᠬᠠᠮᠠᠭᠠᠯᠠᠬᠤ ᠶᠢ ᠬᠠᠮᠳᠦ ᠳᠤᠨᠢ ᠴᠢᠬᠤᠯᠠᠴᠢᠯᠠᠬᠤ ᠶᠢ ᠪᠠᠷᠢᠮᠳᠠᠯᠠᠵᠦ᠂ ᠰᠢᠯᠢᠳᠡᠭ ᠡᠬᠦᠯᠳᠡᠷ ᠤᠨ ᠮᠢᠬᠠᠨ ᠤ ᠦᠭᠡᠷ ᠢ ᠦᠰᠬᠡᠨ ᠦᠷᠡᠵᠢᠬᠦᠯᠬᠦ ᠶᠢ ᠰᠠᠶᠢᠳᠦᠷ ᠬᠢᠵᠦ᠂ ᠬᠠᠰᠢᠶᠠᠯᠠᠨ ᠲᠡᠵᠢᠬᠡᠬᠦ ᠬᠦᠷᠢᠶ᠎ᠡ ᠬᠡᠪᠴᠢᠶ᠎ᠡ ᠶᠢ ᠦᠷᠭᠡᠳᠬᠡᠨ᠂ ᠲᠡᠵᠢᠭᠡᠨ ᠦᠷᠡᠵᠢᠬᠦᠯᠦᠭᠰᠡᠨ ᠦᠷ᠎ᠡ ᠠᠰᠢᠭ ᠢ ᠲᠡᠭᠡᠭᠰᠢᠯᠡᠬᠦᠯᠵᠦ᠂ 2000 ᠦᠭᠡᠷ ᠠᠴᠠ ᠲᠡᠭᠡᠭᠰᠢᠬᠢ ᠬᠡᠪᠴᠢᠶᠡᠵᠢᠭᠰᠡᠨ ᠦᠰᠬᠡᠨ ᠦᠷᠡᠵᠢᠬᠦᠯᠬᠦ ᠰᠠᠭᠤᠷᠢᠨ 1 ᠶᠢ ᠪᠠᠶᠢᠭᠤᠯᠵᠦ᠂ 300 ᠦᠭᠡᠷ ᠠᠴᠠ ᠲᠡᠭᠡᠭᠰᠢᠬᠢ ᠬᠡᠪᠴᠢᠶᠡᠵᠢᠭᠰᠡᠨ ᠲᠤᠰᠬᠠᠢ ᠬᠤᠷᠰᠢᠶᠠᠵᠢᠯ 3᠂ 50 ᠦᠭᠡᠷ ᠠᠴᠠ ᠲᠡᠭᠡᠭᠰᠢᠬᠢ ᠬᠡᠪᠴᠢᠶᠡᠵᠢᠭᠰᠡᠨ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 100 ᠡᠷᠦᠭᠡ ᠶᠢ ᠲᠡᠳᠬᠦᠨ ᠬᠦᠭᠵᠢᠬᠦᠯᠵᠦ᠂ ᠰᠢᠮᠧᠨ᠋ᠲ᠋ᠧᠷ ᠦᠭᠡᠷ ᠤᠨ 4 ᠭᠤᠤᠯᠯᠠᠬᠤ ᠰᠥᠷᠦᠭ ᠢ ᠲᠤᠭᠳᠠᠭᠠᠪᠠ᠃ ︽ᠬᠤᠴᠠ ᠶᠢᠨ ᠲᠠᠯᠠᠪᠠᠢ + ᠲᠤᠰᠬᠠᠢ ᠬᠤᠷᠰᠢᠶᠠᠵᠢᠯ + ᠮᠠᠯᠴᠢᠨ ᠡᠷᠦᠭᠡ︾ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠮᠠᠶ᠋ᠢᠭ ᠢ ᠠᠬᠢᠭᠤᠯᠵᠦ᠂ ᠴᠠᠬᠠᠷ ᠮᠢᠬᠠᠨ ᠤ ᠬᠤᠨᠢ ᠶᠢ ᠬᠦᠭᠵᠢᠬᠦᠯᠬᠦ ᠰᠢᠰᠲ᠋ᠧᠮ ᠢ ᠪᠦᠷᠢᠯᠳᠦᠬᠦᠯᠵᠦ᠂ ᠲᠡᠵᠢᠭᠡᠨ ᠦᠷᠡᠵᠢᠬᠦᠯᠬᠦ ᠦᠷ᠎ᠡ ᠠᠰᠢᠭ ᠢ ᠲᠡᠭᠡᠭᠰᠢᠯᠡᠬᠦᠯᠦᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠲᠠᠶᠢᠴᠢᠯᠠᠵᠦ᠂ ᠴᠠᠬᠠᠷ ᠬᠤᠨᠢᠨ ᠤ ᠬᠤᠴᠠᠨ ᠤ ᠲᠠᠯᠠᠪᠠᠢ 2 ᠶᠢ ᠪᠠᠶᠢᠭᠤᠯᠵᠦ᠂ ᠴᠠᠬᠠᠷ ᠬᠤᠨᠢᠨ ᠤ ᠭᠤᠤᠯᠯᠠᠬᠤ ᠰᠦᠷᠦᠭ ᠢ ᠰᠢᠨ᠎ᠡ ᠪᠠᠷ 6 ᠪᠤᠶᠢᠵᠢᠭᠤᠯᠤᠨ᠂ ᠨᠡᠶᠢᠳᠡ 71 ᠰᠥᠷᠦᠭ ᠪᠤᠯᠪᠠ᠃ ᠲᠦᠬᠦᠬᠡᠷᠦᠮᠵᠢᠳᠦ ᠲᠠᠷᠢᠶᠠᠯᠠᠩ ᠪᠠ ᠤᠰᠤ ᠠᠷᠪᠢᠯᠠᠬᠤ ᠲᠠᠷᠢᠶᠠᠯᠠᠩ ᠤᠨ ᠦᠢᠯᠡᠰ ᠢ ᠢᠳᠠᠪᠬᠢᠳᠡᠢ ᠬᠦᠭᠵᠢᠬᠦᠯᠵᠦ᠂ 10 ᠲᠦᠮᠡᠨ ᠮᠦ ᠶᠢᠨ ᠢᠳᠠᠰᠢᠨ ᠨᠤᠭᠤᠭ᠎ᠠ ᠲᠠᠷᠢᠬᠤ ᠰᠠᠭᠤᠷᠢᠨ ᠢ ᠰᠢᠯᠢᠳᠡᠭᠵᠢᠬᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢ ᠨᠢᠬᠡᠳᠬᠡᠨ ᠰᠢᠯᠵᠢᠬᠦᠯᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠵᠦ᠂ ᠤᠯᠠᠨ ᠬᠡᠯᠪᠡᠷᠢ ᠶᠢᠨ ᠲᠤᠬᠢᠳᠠᠢ ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠦᠨ᠂ ᠬᠠᠮᠳᠦ ᠶᠢᠨ ᠠᠵᠦ ᠠᠬᠤᠢ ᠶᠢ ᠲᠠᠰᠤᠷᠠᠯᠳᠠ ᠦᠬᠡᠢ ᠪᠤᠵᠠᠭᠠᠶᠢᠷᠠᠭᠤᠯᠤᠨ᠎ᠠ᠃
       
      ᠲᠦᠷᠪᠡ ᠳᠤ᠂ ᠠᠮᠢ ᠠᠬᠤᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠬᠠᠷᠠᠯᠳᠠ ᠪᠤᠯᠤᠨ᠎ᠠ᠃ ᠮᠠᠨ ᠤ ᠬᠤᠰᠢᠭᠤ ᠨᠢ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠦ᠂ ᠡᠬᠡ ᠤᠯᠤᠰ ᠤᠨ ᠤᠮᠠᠷᠠᠳᠦ ᠬᠢᠵᠠᠭᠠᠷ ᠲᠤ ᠲᠦᠮᠡᠨ ᠭᠠᠵᠠᠷ ᠤᠨ  ᠪᠠᠶᠢᠭᠠᠯᠢ ᠶᠢᠨ ᠤᠷᠳᠦ ᠴᠠᠭᠠᠨ ᠬᠡᠷᠡᠮ ᠢ ᠪᠠᠶᠢᠭᠤᠯᠤᠨ᠎ᠠ᠃ ᠪᠡᠬᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠬᠢᠨᠠᠮᠠᠭᠠᠢ ᠭᠡᠷᠡᠭᠵᠢᠬᠦᠯᠵᠦ᠂ ᠡᠯᠡᠰᠦ ᠶᠢ ᠬᠤᠷᠢᠭᠯᠠᠬᠤ ᠬᠠᠯᠬᠠᠪᠴᠢ ᠶᠢ 7000 ᠮᠦ ᠪᠠᠶᠢᠭᠤᠯᠵᠦ᠂ 4000 ᠮᠦ ᠶᠢ ᠪᠢᠳᠡᠬᠦᠮᠵᠢᠯᠡᠨ ᠤᠶᠢᠵᠢᠭᠤᠯᠵᠦ᠂ 1175 ᠮᠦ ᠭᠤᠤᠯᠳᠠᠯᠭ᠎ᠠ ᠲᠠᠢ ᠤᠷᠤᠨ ᠲᠤᠭᠤᠷᠢᠭ ᠢ ᠤᠶᠢᠵᠢᠭᠤᠯᠤᠨ ᠨᠤᠭᠤᠭᠠᠷᠠᠭᠤᠯᠵᠦ᠂ 519 ᠮᠦ ᠠᠭᠤᠷᠬᠠᠢ ᠶᠢᠨ ᠤᠷᠴᠢᠨ ᠲᠤᠭᠤᠷᠢᠨ ᠢ ᠰᠡᠷᠬᠦᠬᠡᠨ ᠴᠡᠭᠴᠡᠯᠡᠪᠡ᠃ 2285 ᠲᠦᠮᠡᠨ ᠲᠦᠬᠦᠷᠢᠭ ᠤᠨ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ᠂ 1017 ᠲᠦᠮᠡᠨ ᠲᠦᠬᠦᠷᠢᠭ ᠤᠨ ᠬᠠᠭᠠᠯᠪᠤᠷᠢᠯᠠᠬᠤ ᠶᠢ ᠵᠤᠭᠰᠤᠭᠠᠨ ᠤᠶᠢᠵᠢᠭᠤᠯᠬᠤ ᠨᠦᠬᠦᠪᠦᠷᠢ ᠶᠢ ᠲᠠᠷᠬᠠᠭᠠᠪᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠤᠭᠳᠠᠯᠴᠠᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ 4 ᠰᠤᠮᠤ ᠪᠠᠯᠭᠠᠰᠤᠨ ᠤ 56 ᠭᠠᠴᠠᠭᠠᠨ ︵ᠬᠤᠪᠢᠶᠠᠷᠢ ᠲᠠᠯᠠᠪᠠᠢ︶ ᠤ 10694 ᠡᠷᠦᠭᠡ ᠶᠢᠨ 28356 ᠬᠦᠮᠦᠨ ᠳᠤ ᠬᠤᠯᠪᠤᠬᠳᠠᠵᠦ᠂ ᠱᠠᠩᠨᠠᠵᠦ ᠨᠦᠬᠦᠪᠦᠷᠢᠯᠡᠭᠰᠡᠨ ᠲᠠᠯ᠎ᠠ ᠨᠤᠳᠤᠭ ᠤᠨ ᠶᠡᠷᠦᠩᠭᠡᠢ ᠲᠠᠯᠠᠪᠠᠢ 752.91 ᠲᠦᠮᠡᠨ ᠮᠦ ᠳᠤ ᠬᠦᠷᠴᠦ᠂ ᠡᠬᠦᠨ ᠳᠤ ᠪᠡᠯᠴᠢᠭᠡᠷᠯᠡᠬᠦᠯᠬᠦ ᠶᠢ ᠵᠤᠭᠰᠤᠭᠠᠭᠰᠠᠨ ᠲᠤᠭᠤᠷᠢᠭ 19 ᠭᠠᠴᠠᠭ᠎ᠠ ᠪᠠᠭᠳᠠᠵᠦ᠂ ᠪᠡᠯᠴᠢᠭᠡᠷᠯᠡᠬᠦᠯᠬᠦ ᠶᠢ ᠵᠤᠭᠰᠤᠭᠠᠭᠰᠠᠨ ᠲᠠᠯᠠᠪᠠᠢ 326.6 ᠲᠦᠮᠡᠨ ᠮᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠲᠤᠭᠤᠷᠢᠭ 37 ᠭᠠᠴᠠᠭ᠎ᠠ ︵ᠬᠤᠪᠢᠶᠠᠷᠢ ᠲᠠᠯᠠᠪᠠᠢ︶ ᠪᠠᠭᠳᠠᠵᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠭᠰᠠᠨ ᠲᠠᠯᠠᠪᠠᠢ 426.3 ᠲᠦᠮᠡᠨ ᠮᠦ ᠳᠤ ᠬᠦᠷᠴᠦ᠂ ᠪᠦᠬᠦ ᠬᠤᠰᠢᠭᠤᠨ ᠤ ᠪᠦᠬᠦᠶᠢᠯᠡ ᠮᠠᠯᠵᠢᠬᠤ ᠭᠠᠴᠠᠭ᠎ᠠ ᠶᠢ ᠬᠠᠮᠤᠷᠪᠠ᠃ ᠪᠡᠯᠴᠢᠭᠡᠷᠯᠡᠬᠦᠯᠬᠦ ᠶᠢ ᠵᠤᠭᠰᠤᠭᠠᠭᠰᠠᠨ ᠲᠤᠭᠤᠷᠢᠭ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠲᠤᠭᠤᠷᠢᠭ ᠤᠨ ᠬᠡᠪᠰᠢᠭᠰᠡᠨ ᠲᠤᠭᠤᠷᠢᠨ ᠪᠠᠶᠢᠴᠠᠭᠠᠯᠳᠠ ᠶᠢ ᠴᠢᠩᠭᠠᠳᠬᠠᠨ᠂ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠪᠡ᠃ ᠪᠡᠯᠴᠢᠭᠡᠷᠯᠡᠬᠦᠯᠬᠦ ᠶᠢ ᠵᠤᠭᠰᠤᠭᠠᠬᠤ᠂ ᠰᠠᠯᠬᠦᠬᠡᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠡᠨᠡ ᠵᠢᠯ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠰᠡᠯᠬᠦᠬᠡᠨ ᠮᠠᠯᠵᠢᠭᠰᠠᠨ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠠᠢ 426.31 ᠲᠦᠮᠡᠨ ᠮᠦ  ᠳᠤ ᠬᠦᠷᠴᠦ᠂ ᠰᠠᠯᠬᠦᠬᠡᠨ ᠮᠠᠯᠵᠢᠬᠤ ᠬᠤᠭᠤᠴᠠᠭ᠎ᠠ ᠶᠢ 30 ᠡᠳᠦᠷ ᠢᠶᠠᠷ ᠲᠤᠬᠳᠠᠭᠠᠵᠦ᠂ ᠮᠠᠯᠵᠢᠬᠤ ᠤᠷᠤᠨ ᠤ 18 ᠭᠠᠴᠠᠭ᠎ᠠ ᠪᠠ ᠲᠠᠷᠢᠶᠠᠯᠠᠬᠤ ᠤᠷᠤᠨ ᠳᠤ ᠪᠦᠬᠦ ᠵᠢᠯ ᠢᠶᠠᠷ ᠪᠡᠯᠴᠢᠭᠡᠷᠯᠡᠬᠦᠯᠬᠦ ᠶᠢ ᠵᠤᠭᠰᠤᠭᠠᠬᠤ ᠶᠢ ᠴᠢᠩᠭ᠎ᠠ ᠭᠡᠷᠡᠭᠵᠢᠬᠦᠯᠵᠦ᠂ ᠰᠠᠯᠬᠦᠬᠡᠨ ᠮᠠᠯᠵᠢᠬᠤ ᠶᠢ ᠭᠡᠷᠡᠭᠵᠢᠬᠦᠯᠵᠦ ᠪᠠᠶᠢᠭ᠎ᠠ ᠮᠠᠯᠴᠢᠨ ᠡᠷᠦᠭᠡ ᠳᠤ ᠰᠠᠯᠬᠦᠬᠡᠨ ᠮᠠᠯᠵᠢᠭᠰᠠᠨ ᠨᠤᠳᠤᠭ ᠪᠡᠯᠴᠢᠭᠡᠷ ᠤᠨ ᠲᠠᠯᠠᠪᠠᠢ ᠪᠠᠷ ᠨᠢ ᠨᠦᠬᠦᠪᠦᠷᠢ ᠤᠯᠭᠤᠵᠦ᠂ ᠮᠦ ᠪᠦᠷᠢ 0.75 ᠲᠦᠬᠦᠷᠢᠭ ᠢᠶᠠᠷ ᠪᠠᠷᠢᠮᠵᠢᠶᠠᠯᠠᠪᠠ᠃ ᠭᠤᠤᠯ ᠤᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠯᠠᠪᠳᠠᠭᠤᠨ ᠠᠬᠢᠭᠤᠯᠵᠦ᠂ ᠤᠰᠤ ᠵᠠᠰᠠᠬᠤ ᠠᠵᠢᠯ ᠤᠨ ᠬᠡᠪᠰᠢᠵᠦ ᠤᠷᠳᠦ ᠬᠤᠭᠤᠴᠠᠭᠠᠨ ᠤ ᠦᠷ᠎ᠡ ᠠᠰᠢᠬᠳᠦ ᠪᠠᠶᠢᠳᠠᠯ ᠲᠠᠢ ᠪᠤᠯᠬᠤ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号