ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠤᠨ ᠡᠬᠢᠯᠡᠯᠳᠡ ᠶᠢᠨ ᠶᠤᠰᠤᠯᠠᠯ ᠢ ᠦᠷᠨᠢᠬᠦᠯᠪᠡ | | | | 6 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠭᠤᠤᠯᠯᠠᠨ | ᠡᠷᠬᠢᠯᠡᠵᠦ᠂ ᠬᠤᠰᠢᠭᠤ ᠨᠠᠮ ᠤᠨ ᠰᠤᠷᠭᠠᠭᠤᠯᠢ᠂ ᠴᠠᠭᠠᠠᠨᠠᠭᠤᠷ ᠲᠤᠮᠳᠠᠳᠦ ᠰᠤᠷᠭᠠᠭᠤᠯᠢ ᠠᠴᠠ ᠲᠠᠭᠠᠭᠠᠴᠢᠯᠠᠨ | ᠡᠷᠬᠢᠯᠡᠭᠰᠡᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠤᠨ ᠡᠬᠢᠯᠡᠯᠳᠡ ᠶᠢᠨ | ᠶᠤᠰᠤᠯᠠᠯ ᠨᠢ ᠴᠠᠭᠠᠠᠨᠠᠭᠤᠷ ᠲᠤᠮᠳᠠᠳᠦ ᠰᠤᠷᠭᠠᠭᠤᠯᠢ ᠳᠤ ᠶᠠᠪᠤᠭᠳᠠᠪᠠ᠃ ᠡᠨᠡ ᠤᠳᠠᠭᠠᠨ ᠤ ᠨᠡᠶᠢᠭᠡᠮ ᠤᠨ ᠰᠢᠨᠵᠢᠯᠡᠬᠦ | ᠤᠬᠠᠭᠠᠨ ᠢ ᠲᠦᠬᠡᠮᠡᠯᠵᠢᠬᠦᠯᠬᠦ ᠭᠠᠷᠠᠭ ᠤᠨ ᠭᠤᠤᠯ ᠰᠡᠳᠦᠪ ᠪᠤᠯ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠦ ᠤᠯᠤᠰ ᠤᠨ ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ | ᠰᠠᠭᠤᠭᠳᠠᠭᠤᠯᠬᠤ ᠶᠢ ᠠᠬᠢᠭᠤᠯᠬᠤ︾ ᠪᠤᠯᠤᠨ᠎ᠠ᠂ ᠠᠵᠢᠯᠯᠠᠭ᠎ᠠ ᠨᠢ ᠭᠤᠤᠯ ᠰᠡᠳᠦᠪᠳᠦ ᠲᠠᠶᠢᠯᠤᠮᠵᠢ ᠬᠢᠬᠦ ᠵᠡᠷᠭᠡ | ᠬᠡᠯᠪᠡᠷᠢ ᠪᠠᠷ ᠰᠢᠨᠵᠢᠯᠡᠬᠦ ᠤᠬᠠᠭᠠᠨ ᠰᠤᠶᠤᠯ ᠤᠨ ᠮᠡᠳᠡᠯᠭᠡ ᠶᠢ ᠲᠦᠬᠡᠮᠡᠯᠵᠢᠬᠦᠯᠵᠦ᠂ ᠰᠢᠨᠵᠢᠯᠡᠬᠦ ᠤᠬᠠᠭᠠᠨ ᠤ ᠦᠵᠡᠯ | ᠰᠠᠨᠠᠭ᠎ᠠ ᠶᠢ ᠤᠯᠠᠮᠵᠢᠯᠠᠨ᠂ ᠪᠦᠬᠦ ᠠᠷᠠᠳ ᠤᠨ ᠬᠡᠪ ᠴᠢᠨᠠᠷ ᠢ ᠲᠡᠭᠡᠭᠰᠢᠯᠡᠬᠦᠯᠦᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠦ ᠤᠯᠤᠰ ᠤᠨ ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠦᠮᠦᠰ ᠤᠨ | ᠰᠡᠳᠬᠢᠯ ᠳᠤ ᠰᠠᠭᠤᠭᠳᠠᠬᠤ ᠶᠢ ᠪᠦᠬᠦ ᠲᠠᠯ᠎ᠠ ᠪᠠᠷ ᠠᠬᠢᠭᠤᠯᠪᠠ᠃ | | | | | ᠬᠤᠷᠠᠯ ᠠᠴᠠ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠪᠤᠯ ᠰᠠᠭᠤᠷᠢ ᠪᠤᠯᠬᠤ | ᠢᠨᠵᠧᠨᠧᠷᠢᠩ ᠪᠠᠶᠢᠵᠦ᠂ ᠨᠡᠶᠢᠭᠡᠮ ᠤᠨ ᠰᠢᠨᠵᠢᠯᠡᠬᠦ ᠤᠬᠠᠭᠠᠨ ᠢ ᠦᠷᠨᠢᠨ ᠬᠦᠭᠵᠢᠬᠦᠯᠬᠦ ᠳᠤ ᠴᠢᠬᠤᠯᠠ ᠠᠬᠢᠭᠤᠯᠬᠤ | ᠦᠢᠯᠡᠳᠦᠯ ᠦᠵᠡᠬᠦᠯᠦᠨ᠎ᠡ᠃ ᠡᠨᠡ ᠤᠳᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠤᠬᠠᠭᠤᠯᠤᠨ | ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠨᠢ ᠮᠠᠨ ᠤ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠹᠷᠤᠨᠲ ᠪᠠ | ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ | ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ᠂ ᠰᠢ ᠶᠢᠨ ᠫᠢᠩ ᠶᠡᠷᠦᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠤᠨ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠯᠳᠡ ᠳᠤ ᠤᠷᠤᠯᠴᠠᠭᠰᠠᠨ | ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ ᠪᠠᠶᠢᠭ᠎ᠠ ᠨᠢᠭᠡ | ᠤᠳᠠᠭᠠᠨ ᠤ ᠪᠤᠳᠠᠳᠦ ᠠᠵᠢᠯᠯᠠᠭ᠎ᠠ ᠪᠤᠯᠤᠨ᠎ᠠ᠂ ᠮᠦᠨᠴᠦ ᠮᠠᠨ ᠤ ᠬᠤᠰᠢᠭᠤᠨ ᠤ ᠬᠦᠨ ᠤᠬᠠᠭᠠᠨ᠂ ᠨᠡᠶᠢᠭᠡᠮ ᠤᠨ | ᠰᠢᠨᠵᠢᠯᠡᠬᠦ ᠤᠬᠠᠭᠠᠨ ᠢ ᠦᠷᠨᠢᠨ ᠬᠦᠭᠵᠢᠬᠦᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ | ᠲᠦᠬᠡᠮᠡᠯᠵᠢᠯ ᠢ ᠤᠯᠠᠮ ᠠᠬᠢᠭᠤᠯᠤᠨ᠂ ᠬᠦᠮᠦᠡᠯᠢᠭ ᠰᠤᠶᠤᠯ ᠤᠨ ᠬᠡᠪ ᠴᠢᠨᠠᠷ ᠤᠨ ᠲᠡᠭᠡᠭᠰᠢᠯᠡᠯᠳᠡ ᠶᠢ ᠲᠦᠷᠭᠡᠳᠬᠡᠬᠦ | ᠴᠢᠬᠤᠯᠠ ᠨᠢᠭᠡ ᠠᠷᠭ᠎ᠠ ᠬᠡᠮᠵᠢᠶ᠎ᠡ ᠪᠤᠯᠤᠨ᠎ᠠ᠃ ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠨᠡᠶᠢᠭᠡᠮ ᠤᠨ | ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠨᠢ ᠰᠢᠨᠵᠢᠯᠡᠬᠦ ᠤᠬᠠᠭᠠᠨ ᠤ ᠤᠨᠤᠯ ᠢ ᠤᠬᠠᠭᠤᠯᠬᠤ᠂ ᠰᠢᠯᠢᠳᠡᠭ | ᠰᠤᠶᠤᠯ ᠢ ᠤᠯᠠᠮᠵᠢᠯᠠᠬᠤ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠰᠤᠷᠳᠠᠯᠴᠢᠯᠠᠬᠤ᠂ ᠰᠠᠶᠢᠨ ᠰᠠᠶᠢᠬᠠᠨ ᠦᠵᠡᠯ | ᠰᠠᠨᠠᠭ᠎ᠠ ᠶᠢ ᠪᠤᠢ ᠪᠤᠯᠭᠠᠬᠤ᠂ ᠨᠡᠶᠢᠭᠡᠮ ᠤᠨ ᠲᠦᠪ ᠶᠤᠰᠤ ᠶᠢ ᠪᠠᠳᠠᠷᠠᠭᠤᠯᠬᠤ ᠲᠠᠯ᠎ᠠ ᠳᠤ᠂ ᠨᠡᠶᠢᠭᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠳᠡ ᠶᠢᠨ ᠰᠢᠰᠲ᠋ᠧᠮ ᠢᠶᠠᠷ ᠨᠡᠶᠢᠭᠡᠮ ᠤᠨ ᠦᠵᠡᠯ ᠰᠠᠨᠠᠭᠠᠨ ᠤ ᠤᠷᠤᠰᠬᠠᠯ ᠢ | ᠵᠢᠯᠤᠭᠤᠳᠬᠤ᠂ ᠨᠡᠶᠢᠭᠡᠮ ᠤᠨ ᠬᠠᠮᠳᠦ ᠶᠢᠨ ᠲᠠᠨᠢᠯᠳᠠ ᠶᠢ ᠨᠢᠬᠳᠠᠷᠠᠭᠤᠯᠬᠤ ᠲᠠᠯ᠎ᠠ ᠳᠤ᠂ ᠠᠷᠠᠳ ᠤᠯᠠᠨ ᠤ ᠦᠵᠡᠯ | ᠰᠠᠨᠠᠭ᠎ᠠ ᠶᠤᠰᠤ ᠮᠤᠷᠠᠯ ᠤᠨ ᠬᠡᠪ ᠴᠢᠨᠠᠷ ᠪᠠ ᠰᠢᠨᠵᠢᠯᠡᠬᠦ ᠤᠬᠠᠭᠠᠨ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ | ᠲᠠᠯ᠎ᠠ ᠳᠤ ᠴᠦᠮ ᠴᠢᠬᠤᠯᠠ ᠦᠢᠯᠡᠳᠦᠯ ᠭᠠᠷᠭᠠᠪᠠ ᠭᠡᠵᠡᠢ᠃ | | | | | ᠬᠤᠷᠠᠯ ᠠᠴᠠ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ᠂ ᠨᠡᠶᠢᠭᠡᠮ ᠤᠨ ᠡᠯ᠎ᠡ | ᠡᠳᠡᠭᠡᠳ ᠤᠨ ᠬᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ | ᠠᠵᠢᠯ ᠢ ᠲᠦᠯᠦᠪᠯᠡᠨ ᠦᠷᠨᠢᠬᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ | ᠰᠢᠰᠲ᠋ᠧᠮ ᠢ ᠪᠦᠳᠦᠭᠡᠨ ᠪᠠᠶᠢᠭᠤᠯᠬᠤ᠂ ᠤᠯᠠᠨ ᠨᠠᠶᠢᠳᠠ ᠶᠢᠨ ᠬᠦᠮᠦᠡᠯᠢᠭ ᠰᠤᠶᠤᠯ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠪᠠᠷ ᠡᠬᠦᠷᠭᠡ ᠬᠠᠷᠢᠭᠤᠴᠠᠯᠭ᠎ᠠ ᠪᠤᠯᠭᠠᠨ᠂ ᠨᠡᠶᠢᠭᠡᠮ ᠤᠨ ᠰᠢᠨᠵᠢᠯᠡᠬᠦ | ᠤᠬᠠᠭᠠᠨ ᠢ ᠲᠦᠬᠡᠮᠡᠯᠵᠢᠬᠦᠯᠬᠦ ᠠᠵᠢᠯ ᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠦᠷᠭᠡ ᠪᠤᠯᠭᠠᠨ | ᠴᠢᠩᠭ᠎ᠠ ᠠᠳᠬᠤᠵᠦ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠵᠢᠷᠤᠮᠵᠢᠭᠤᠯᠬᠤ᠂ | ᠲᠦᠷᠢᠮᠵᠢᠬᠦᠯᠬᠦ᠂ ᠬᠡᠪᠰᠢᠵᠢᠬᠦᠯᠬᠦ ᠶᠢ ᠲᠠᠰᠤᠷᠠᠯᠳᠠ ᠦᠬᠡᠢ ᠠᠬᠢᠭᠤᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ | ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠳᠤᠨ ᠳᠤ ᠲᠠᠯᠪᠢᠵᠦ᠂ ᠮᠡᠳᠡᠯᠭᠡ ᠶᠢᠨ ᠲᠦᠬᠡᠮᠡᠯᠵᠢᠯ ᠢ ᠤᠯᠠᠨ | ᠲᠦᠮᠡᠨ ᠵᠦᠭ ᠴᠢᠭᠯᠡᠬᠦᠯᠵᠦ᠂ ᠰᠢᠨᠵᠢᠯᠡᠬᠦ ᠤᠬᠠᠭᠠᠨᠴᠢ ᠪᠠᠷ ᠲᠦᠯᠦᠪᠯᠡᠨ᠂ ᠨᠢᠮᠪᠠᠢ ᠪᠠᠶᠢᠷᠢᠯᠠᠭᠤᠯᠵᠦ᠂ ᠰᠠᠶᠢᠳᠦᠷ | ᠵᠤᠬᠢᠶᠠᠨ ᠪᠠᠶᠢᠭᠤᠯᠤᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠷᠭ᠎ᠠ ᠮᠠᠶ᠋ᠢᠭ ᠢ ᠴᠠᠭ ᠦᠶ᠎ᠡ | ᠲᠠᠢ ᠬᠠᠮᠳᠦ ᠪᠠᠷ ᠰᠢᠨᠡᠳᠬᠡᠵᠦ᠂ ᠪᠤᠳᠠᠳᠠᠢ ᠳᠤ ᠤᠶᠢᠷᠠᠳᠤᠭᠰᠠᠨ᠂ ᠠᠮᠢᠳᠤᠷᠠᠯ ᠳᠤ ᠤᠶᠢᠷᠠᠳᠤᠭᠰᠠᠨ᠂ ᠤᠯᠠᠨ ᠲᠦᠮᠡᠨ | ᠲᠠᠢ ᠤᠶᠢᠷᠠᠳᠤᠭᠰᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠢᠳᠠᠪᠬᠢᠳᠡᠢ ᠦᠷᠨᠢᠬᠦᠯᠦᠨ᠂ | ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠢ ᠬᠢᠷᠢ ᠲᠦᠪᠰᠢᠨ ᠲᠠᠢ᠂ | ᠤᠨᠴᠠᠯᠢᠭ ᠲᠠᠢ᠂ ᠪᠤᠳᠠᠳᠦ ᠦᠷ᠎ᠡ ᠠᠰᠢᠭ ᠲᠠᠢ ᠪᠠᠷ ᠶᠠᠪᠤᠬᠳᠠᠭᠤᠯᠵᠦ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠢ | ᠰᠤᠷᠤᠯᠴᠠᠵᠦ᠂ ᠰᠢᠨᠵᠢᠯᠡᠬᠦ ᠤᠬᠠᠭᠠᠨ ᠢ ᠭᠡᠷᠡᠭᠯᠡᠵᠦ᠂ ᠰᠢᠨᠵᠢᠯᠡᠬᠦ ᠤᠬᠠᠭᠠᠨ ᠳᠤ ᠲᠦᠰᠢᠭᠯᠡᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠭᠡᠵᠦ ᠱᠠᠭᠠᠷᠳᠠᠪᠠ᠃ | | | | | ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ᠬᠤᠰᠢᠭᠤ ᠨᠠᠮ ᠤᠨ ᠰᠤᠷᠭᠠᠭᠤᠯᠢ ᠶᠢᠨ ᠲᠡᠳ᠋ ᠲᠠᠷᠤᠭ᠎ᠠ ᠶᠤᠤ ᠱᠦ | ᠬᠤᠩ ᠠᠴᠠ ᠪᠤᠳᠠᠳᠠᠢ ᠵᠢᠱᠢᠶ᠎ᠡ ᠲᠠᠢ ᠤᠶᠠᠯᠳᠤᠭᠤᠯᠤᠨ᠂ ᠰᠤᠷᠤᠭᠴᠢᠳ ᠲᠤ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠬᠡᠮᠡᠯᠵᠢᠬᠦᠯᠬᠦ ᠠᠮᠢᠳᠤ ᠲᠦᠷᠰᠦᠯᠢᠭ ᠮᠡᠳᠡᠯᠭᠡ ᠶᠢᠨ ᠲᠠᠶᠢᠯᠤᠮᠵᠢ ᠬᠢᠪᠡ᠃ | | | | | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ︽ᠪᠠᠶᠢᠭᠤᠯᠭ᠎ᠠ ᠳᠤ ᠬᠦᠨᠵᠡᠬᠡᠶᠢᠷᠡᠬᠦ᠂ ᠮᠠᠯᠵᠢᠬᠤ | ᠲᠠᠷᠢᠶᠠᠯᠠᠬᠤ ᠤᠷᠤᠨ ᠳᠤ ᠬᠦᠨᠵᠡᠬᠡᠶᠢᠷᠡᠬᠦ᠂ ᠠᠵᠦ ᠠᠬᠤᠶᠢᠯᠠᠯ ᠳᠤ ᠬᠦᠨᠵᠡᠬᠡᠶᠢᠷᠡᠬᠦ᠂ ᠰᠤᠷᠭᠠᠭᠤᠯᠢ ᠳᠤ | ᠬᠦᠨᠵᠡᠬᠡᠶᠢᠷᠡᠬᠦ᠂ ᠨᠡᠶᠢᠭᠡᠮ ᠲᠤᠭᠤᠷᠢᠭ ᠲᠤ ᠬᠦᠨᠵᠡᠬᠡᠶᠢᠷᠡᠬᠦ︾ ᠵᠡᠷᠭᠡ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ | ᠮᠡᠳᠡᠯᠭᠡ ᠶᠢ ᠦᠨᠳᠦᠰᠦᠨ ᠱᠠᠳᠤᠨ ᠳᠤ ᠬᠦᠷᠭᠡᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮ | ᠲᠦᠬᠡᠮᠡᠯᠵᠢᠬᠦᠯᠦᠨ᠂ ᠦᠷᠭᠡᠨ ᠤᠯᠠᠨ ᠲᠦᠮᠡᠨ ᠤ ᠬᠦᠮᠦᠡᠯᠢᠭ ᠰᠤᠶᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | | |