ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠤᠨ ᠡᠬᠢᠯᠡᠯᠳᠡ ᠶᠢᠨ ᠶᠤᠰᠤᠯᠠᠯ ᠢ ᠦᠷᠨᠢᠬᠦᠯᠪᠡ
ᠨᠡᠶᠢᠲᠡᠯᠡᠭᠰᠡᠨ ᠴᠠᠭ᠄
2018-06-12
               ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠨᠡᠶᠢᠭᠡᠮ ᠤᠨ ᠰᠢᠨᠵᠢᠯᠡᠬᠦ ᠤᠬᠠᠭᠠᠨ ᠢ               ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠤᠨ ᠡᠬᠢᠯᠡᠯᠳᠡ ᠶᠢᠨ ᠶᠤᠰᠤᠯᠠᠯ ᠢ ᠦᠷᠨᠢᠬᠦᠯᠪᠡ             6 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠬᠤᠰᠢᠭᠤ ᠨᠠᠮ ᠤᠨ ᠰᠤᠷᠭᠠᠭᠤᠯᠢ᠂ ᠴᠠᠭᠠᠠᠨᠠᠭᠤᠷ ᠲᠤᠮᠳᠠᠳᠦ ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠭᠰᠡᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠤᠨ ᠡᠬᠢᠯᠡᠯᠳᠡ ᠶᠢᠨ ᠶᠤᠰᠤᠯᠠᠯ ᠨᠢ  ᠴᠠᠭᠠᠠᠨᠠᠭᠤᠷ ᠲᠤᠮᠳᠠᠳᠦ ᠰᠤᠷᠭᠠᠭᠤᠯᠢ ᠳᠤ ᠶᠠᠪᠤᠭᠳᠠᠪᠠ᠃ ᠡᠨᠡ ᠤᠳᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠭ ᠤᠨ ᠭᠤᠤᠯ ᠰᠡᠳᠦᠪ ᠪᠤᠯ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠰᠠᠭᠤᠭᠳᠠᠭᠤᠯᠬᠤ ᠶᠢ ᠠᠬᠢᠭᠤᠯᠬᠤ︾ ᠪᠤᠯᠤᠨ᠎ᠠ᠂ ᠠᠵᠢᠯᠯᠠᠭ᠎ᠠ ᠨᠢ ᠭᠤᠤᠯ ᠰᠡᠳᠦᠪᠳᠦ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠰᠢᠨᠵᠢᠯᠡᠬᠦ ᠤᠬᠠᠭᠠᠨ ᠰᠤᠶᠤᠯ ᠤᠨ ᠮᠡᠳᠡᠯᠭᠡ ᠶᠢ ᠲᠦᠬᠡᠮᠡᠯᠵᠢᠬᠦᠯᠵᠦ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠤᠯᠠᠮᠵᠢᠯᠠᠨ᠂ ᠪᠦᠬᠦ ᠠᠷᠠᠳ ᠤᠨ ᠬᠡᠪ ᠴᠢᠨᠠᠷ ᠢ ᠲᠡᠭᠡᠭᠰᠢᠯᠡᠬᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠦᠮᠦᠰ ᠤᠨ ᠰᠡᠳᠬᠢᠯ ᠳᠤ ᠰᠠᠭᠤᠭᠳᠠᠬᠤ ᠶᠢ ᠪᠦᠬᠦ ᠲᠠᠯ᠎ᠠ ᠪᠠᠷ ᠠᠬᠢᠭᠤᠯᠪᠠ᠃        
      ᠬᠤᠷᠠᠯ ᠠᠴᠠ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠪᠤᠯ ᠰᠠᠭᠤᠷᠢ ᠪᠤᠯᠬᠤ ᠢᠨᠵᠧᠨᠧᠷᠢᠩ ᠪᠠᠶᠢᠵᠦ᠂ ᠨᠡᠶᠢᠭᠡᠮ ᠤᠨ ᠰᠢᠨᠵᠢᠯᠡᠬᠦ ᠤᠬᠠᠭᠠᠨ ᠢ ᠦᠷᠨᠢᠨ ᠬᠦᠭᠵᠢᠬᠦᠯᠬᠦ ᠳᠤ ᠴᠢᠬᠤᠯᠠ ᠠᠬᠢᠭᠤᠯᠬᠤ ᠦᠢᠯᠡᠳᠦᠯ ᠦᠵᠡᠬᠦᠯᠦᠨ᠎ᠡ᠃ ᠡᠨᠡ ᠤᠳᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠤᠬᠠᠭᠤᠯᠤᠨ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠨᠢ ᠮᠠᠨ ᠤ ᠬᠤᠰᠢᠭᠤᠨ ᠤ ᠤᠬᠠᠭᠤᠯᠭ᠎ᠠ ᠦᠵᠡᠯ ᠰᠠᠨᠠᠭᠠᠨ ᠤ ᠹᠷᠤᠨᠲ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠬᠳᠦ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠶᠡᠷᠦᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠯᠳᠡ ᠳᠤ ᠤᠷᠤᠯᠴᠠᠭᠰᠠᠨ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ ᠪᠠᠶᠢᠭ᠎ᠠ ᠨᠢᠭᠡ ᠤᠳᠠᠭᠠᠨ ᠤ ᠪᠤᠳᠠᠳᠦ ᠠᠵᠢᠯᠯᠠᠭ᠎ᠠ ᠪᠤᠯᠤᠨ᠎ᠠ᠂ ᠮᠦᠨᠴᠦ ᠮᠠᠨ ᠤ ᠬᠤᠰᠢᠭᠤᠨ ᠤ ᠬᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠦᠷᠨᠢᠨ ᠬᠦᠭᠵᠢᠬᠦᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠲᠦᠬᠡᠮᠡᠯᠵᠢᠯ ᠢ ᠤᠯᠠᠮ ᠠᠬᠢᠭᠤᠯᠤᠨ᠂ ᠬᠦᠮᠦᠡᠯᠢᠭ ᠰᠤᠶᠤᠯ ᠤᠨ ᠬᠡᠪ ᠴᠢᠨᠠᠷ ᠤᠨ ᠲᠡᠭᠡᠭᠰᠢᠯᠡᠯᠳᠡ ᠶᠢ ᠲᠦᠷᠭᠡᠳᠬᠡᠬᠦ ᠴᠢᠬᠤᠯᠠ ᠨᠢᠭᠡ ᠠᠷᠭ᠎ᠠ ᠬᠡᠮᠵᠢᠶ᠎ᠡ ᠪᠤᠯᠤᠨ᠎ᠠ᠃ ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠨᠢ ᠰᠢᠨᠵᠢᠯᠡᠬᠦ ᠤᠬᠠᠭᠠᠨ ᠤ ᠤᠨᠤᠯ ᠢ ᠤᠬᠠᠭᠤᠯᠬᠤ᠂ ᠰᠢᠯᠢᠳᠡᠭ ᠰᠤᠶᠤᠯ ᠢ ᠤᠯᠠᠮᠵᠢᠯᠠᠬᠤ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠶᠢ ᠰᠤᠷᠳᠠᠯᠴᠢᠯᠠᠬᠤ᠂ ᠰᠠᠶᠢᠨ ᠰᠠᠶᠢᠬᠠᠨ ᠦᠵᠡᠯ ᠰᠠᠨᠠᠭ᠎ᠠ ᠶᠢ ᠪᠤᠢ ᠪᠤᠯᠭᠠᠬᠤ᠂ ᠨᠡᠶᠢᠭᠡᠮ ᠤᠨ ᠲᠦᠪ ᠶᠤᠰᠤ ᠶᠢ ᠪᠠᠳᠠᠷᠠᠭᠤᠯᠬᠤ ᠲᠠᠯ᠎ᠠ ᠳᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠰᠢᠰᠲ᠋ᠧᠮ ᠢᠶᠠᠷ ᠨᠡᠶᠢᠭᠡᠮ ᠤᠨ ᠦᠵᠡᠯ ᠰᠠᠨᠠᠭᠠᠨ ᠤ ᠤᠷᠤᠰᠬᠠᠯ ᠢ ᠵᠢᠯᠤᠭᠤᠳᠬᠤ᠂ ᠨᠡᠶᠢᠭᠡᠮ ᠤᠨ ᠬᠠᠮᠳᠦ ᠶᠢᠨ ᠲᠠᠨᠢᠯᠳᠠ ᠶᠢ ᠨᠢᠬᠳᠠᠷᠠᠭᠤᠯᠬᠤ ᠲᠠᠯ᠎ᠠ ᠳᠤ᠂ ᠠᠷᠠᠳ ᠤᠯᠠᠨ ᠤ ᠦᠵᠡᠯ ᠰᠠᠨᠠᠭ᠎ᠠ ᠶᠤᠰᠤ ᠮᠤᠷᠠᠯ ᠤᠨ ᠬᠡᠪ ᠴᠢᠨᠠᠷ ᠪᠠ ᠰᠢᠨᠵᠢᠯᠡᠬᠦ ᠤᠬᠠᠭᠠᠨ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠲᠠᠯ᠎ᠠ ᠳᠤ ᠴᠦᠮ ᠴᠢᠬᠤᠯᠠ ᠦᠢᠯᠡᠳᠦᠯ ᠭᠠᠷᠭᠠᠪᠠ ᠭᠡᠵᠡᠢ᠃
     ᠬᠤᠷᠠᠯ ᠠᠴᠠ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ᠂ ᠨᠡᠶᠢᠭᠡᠮ ᠤᠨ ᠡᠯ᠎ᠡ ᠡᠳᠡᠭᠡᠳ ᠤᠨ ᠬᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠲᠦᠯᠦᠪᠯᠡᠨ ᠦᠷᠨᠢᠬᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠰᠢᠰᠲ᠋ᠧᠮ ᠢ ᠪᠦᠳᠦᠭᠡᠨ ᠪᠠᠶᠢᠭᠤᠯᠬᠤ᠂ ᠤᠯᠠᠨ ᠨᠠᠶᠢᠳᠠ ᠶᠢᠨ ᠬᠦᠮᠦᠡᠯᠢᠭ ᠰᠤᠶᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠪᠠᠷ ᠡᠬᠦᠷᠭᠡ ᠬᠠᠷᠢᠭᠤᠴᠠᠯᠭ᠎ᠠ ᠪᠤᠯᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠦᠷᠭᠡ ᠪᠤᠯᠭᠠᠨ ᠴᠢᠩᠭ᠎ᠠ ᠠᠳᠬᠤᠵᠦ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠵᠢᠷᠤᠮᠵᠢᠭᠤᠯᠬᠤ᠂ ᠲᠦᠷᠢᠮᠵᠢᠬᠦᠯᠬᠦ᠂ ᠬᠡᠪᠰᠢᠵᠢᠬᠦᠯᠬᠦ ᠶᠢ ᠲᠠᠰᠤᠷᠠᠯᠳᠠ ᠦᠬᠡᠢ ᠠᠬᠢᠭᠤᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠳᠤᠨ ᠳᠤ ᠲᠠᠯᠪᠢᠵᠦ᠂ ᠮᠡᠳᠡᠯᠭᠡ ᠶᠢᠨ ᠲᠦᠬᠡᠮᠡᠯᠵᠢᠯ ᠢ ᠤᠯᠠᠨ ᠲᠦᠮᠡᠨ ᠵᠦᠭ ᠴᠢᠭᠯᠡᠬᠦᠯᠵᠦ᠂ ᠰᠢᠨᠵᠢᠯᠡᠬᠦ ᠤᠬᠠᠭᠠᠨᠴᠢ ᠪᠠᠷ ᠲᠦᠯᠦᠪᠯᠡᠨ᠂ ᠨᠢᠮᠪᠠᠢ ᠪᠠᠶᠢᠷᠢᠯᠠᠭᠤᠯᠵᠦ᠂ ᠰᠠᠶᠢᠳᠦᠷ ᠵᠤᠬᠢᠶᠠᠨ  ᠪᠠᠶᠢᠭᠤᠯᠤᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠷᠭ᠎ᠠ ᠮᠠᠶ᠋ᠢᠭ ᠢ ᠴᠠᠭ ᠦᠶ᠎ᠡ  ᠲᠠᠢ ᠬᠠᠮᠳᠦ ᠪᠠᠷ ᠰᠢᠨᠡᠳᠬᠡᠵᠦ᠂ ᠪᠤᠳᠠᠳᠠᠢ ᠳᠤ ᠤᠶᠢᠷᠠᠳᠤᠭᠰᠠᠨ᠂ ᠠᠮᠢᠳᠤᠷᠠᠯ ᠳᠤ ᠤᠶᠢᠷᠠᠳᠤᠭᠰᠠᠨ᠂ ᠤᠯᠠᠨ ᠲᠦᠮᠡᠨ  ᠲᠠᠢ ᠤᠶᠢᠷᠠᠳᠤᠭᠰᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠢ ᠢᠳᠠᠪᠬᠢᠳᠡᠢ ᠦᠷᠨᠢᠬᠦᠯᠦᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭᠠᠨ ᠤ ᠭᠠᠷᠠᠭ ᠢ ᠬᠢᠷᠢ ᠲᠦᠪᠰᠢᠨ ᠲᠠᠢ᠂ ᠤᠨᠴᠠᠯᠢᠭ ᠲᠠᠢ᠂ ᠪᠤᠳᠠᠳᠦ ᠦᠷ᠎ᠡ ᠠᠰᠢᠭ ᠲᠠᠢ ᠪᠠᠷ ᠶᠠᠪᠤᠬᠳᠠᠭᠤᠯᠵᠦ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠢ ᠰᠤᠷᠤᠯᠴᠠᠵᠦ᠂ ᠰᠢᠨᠵᠢᠯᠡᠬᠦ ᠤᠬᠠᠭᠠᠨ ᠢ ᠭᠡᠷᠡᠭᠯᠡᠵᠦ᠂ ᠰᠢᠨᠵᠢᠯᠡᠬᠦ ᠤᠬᠠᠭᠠᠨ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠭᠡᠵᠦ ᠱᠠᠭᠠᠷᠳᠠᠪᠠ᠃
     ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ᠬᠤᠰᠢᠭᠤ ᠨᠠᠮ ᠤᠨ ᠰᠤᠷᠭᠠᠭᠤᠯᠢ ᠶᠢᠨ ᠲᠡᠳ᠋ ᠲᠠᠷᠤᠭ᠎ᠠ ᠶᠤᠤ ᠱᠦ ᠬᠤᠩ ᠠᠴᠠ ᠪᠤᠳᠠᠳᠠᠢ ᠵᠢᠱᠢᠶ᠎ᠡ ᠲᠠᠢ ᠤᠶᠠᠯᠳᠤᠭᠤᠯᠤᠨ᠂ ᠰᠤᠷᠤᠭᠴᠢᠳ ᠲᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠮᠢᠳᠤ ᠲᠦᠷᠰᠦᠯᠢᠭ ᠮᠡᠳᠡᠯᠭᠡ ᠶᠢᠨ ᠲᠠᠶᠢᠯᠤᠮᠵᠢ ᠬᠢᠪᠡ᠃
     ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ︽ᠪᠠᠶᠢᠭᠤᠯᠭ᠎ᠠ ᠳᠤ ᠬᠦᠨᠵᠡᠬᠡᠶᠢᠷᠡᠬᠦ᠂ ᠮᠠᠯᠵᠢᠬᠤ ᠲᠠᠷᠢᠶᠠᠯᠠᠬᠤ ᠤᠷᠤᠨ ᠳᠤ ᠬᠦᠨᠵᠡᠬᠡᠶᠢᠷᠡᠬᠦ᠂ ᠠᠵᠦ ᠠᠬᠤᠶᠢᠯᠠᠯ ᠳᠤ  ᠬᠦᠨᠵᠡᠬᠡᠶᠢᠷᠡᠬᠦ᠂ ᠰᠤᠷᠭᠠᠭᠤᠯᠢ ᠳᠤ ᠬᠦᠨᠵᠡᠬᠡᠶᠢᠷᠡᠬᠦ᠂ ᠨᠡᠶᠢᠭᠡᠮ ᠲᠤᠭᠤᠷᠢᠭ ᠲᠤ ᠬᠦᠨᠵᠡᠬᠡᠶᠢᠷᠡᠬᠦ︾ ᠵᠡᠷᠭᠡ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠮᠡᠳᠡᠯᠭᠡ ᠶᠢ ᠦᠨᠳᠦᠰᠦᠨ ᠱᠠᠳᠤᠨ ᠳᠤ ᠬᠦᠷᠭᠡᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮ ᠲᠦᠬᠡᠮᠡᠯᠵᠢᠬᠦᠯᠦᠨ᠂ ᠦᠷᠭᠡᠨ ᠤᠯᠠᠨ ᠲᠦᠮᠡᠨ ᠤ ᠬᠦᠮᠦᠡᠯᠢᠭ ᠰᠤᠶᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号