ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠮᠢᠩᠭᠠᠨᠳᠦ ᠪᠠᠯᠭᠠᠰᠤᠨ‌‍ᠳᠤ ᠬᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢᠨ ᠪᠦᠬᠦ ᠲᠠᠯ᠎ᠠ ᠪᠠᠷ ᠪᠠᠶᠢᠴᠠᠭᠠᠬᠤ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018-06-20
            ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠮᠢᠩᠭᠠᠨᠳᠦ ᠪᠠᠯᠭᠠᠰᠤᠨ ᠳᠤ                ᠬᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢᠨ                 ᠪᠦᠬᠦ ᠲᠠᠯ᠎ᠠ ᠪᠠᠷ ᠪᠠᠶᠢᠴᠠᠭᠠᠬᠤ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠠ                   ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠢ ᠱᠠᠭᠠᠷᠳᠠᠨ ᠪᠠᠶᠢᠴᠠᠭᠠᠪᠠ              6 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠮᠢᠩᠭᠠᠨᠳᠦ ᠪᠠᠯᠭᠠᠰᠤᠨ ᠤ ᠠᠪᠤᠭᠠᠶᠢᠳᠦ ᠭᠠᠴᠠᠭᠠᠨ ᠳᠤ ᠬᠦᠨᠵᠡᠬᠡᠶᠢᠷᠡᠵᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢᠨ ᠪᠦᠬᠦ ᠲᠠᠯ᠎ᠠ ᠪᠠᠷ ᠪᠠᠶᠢᠴᠠᠭᠠᠬᠤ᠂ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠢ ᠱᠠᠭᠠᠷᠳᠠᠨ ᠪᠠᠶᠢᠴᠠᠭᠠᠵᠦ ᠵᠢᠯᠤᠭᠤᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠨᠠᠷᠠᠨᠮᠠᠨᠳᠤᠬᠤ᠂ ᠬᠤᠰᠢᠭᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠨᠠᠷ ᠪᠠᠷ᠎ᠠ ᠪᠤᠯᠵᠦ ᠪᠠᠶᠢᠴᠠᠭᠠᠪᠠ᠃        ᠪᠤᠤ ᠯᠢ ᠬᠤᠸᠠ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠠᠯᠪᠠᠯᠠᠳᠠᠭ ᠭᠠᠵᠠᠷ ᠬᠦᠷᠴᠦ᠂ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠤᠶᠢᠯᠠᠭᠠᠨ᠂ ᠡᠷᠦᠭᠡ ᠳᠤ ᠤᠷᠤᠭᠰᠠᠨ ᠪᠠᠶᠢᠴᠠᠭᠠᠯᠳᠠ ᠶᠢᠨ ᠬᠦᠰᠦᠨᠦᠭᠳᠦ ᠶᠢ ᠲᠠᠭᠯᠠᠭᠰᠠᠨ ᠡᠰᠡᠬᠦ᠂ ᠶᠠᠳᠠᠭᠤ ᠡᠷᠦᠭᠡ ᠶᠢᠨ ᠰᠤᠷᠠᠭ ᠵᠠᠩᠬᠢ ᠲᠠᠩᠰᠠ ᠡᠪᠬᠡᠮᠡᠯ ᠨᠢ ᠪᠦᠷᠢᠨ ᠡᠰᠡᠬᠦ᠂ ᠶᠠᠳᠠᠭᠤ ᠶᠢ ᠲᠡᠳᠬᠦᠭᠰᠡᠨ ᠲᠠᠩᠰᠠ ᠡᠪᠬᠡᠮᠡᠯ ᠨᠢ ᠬᠦᠢᠴᠡᠳ ᠡᠰᠡᠬᠦ ᠵᠡᠷᠭᠡ ᠠᠵᠢᠯ ᠢ ᠨᠠᠷᠢᠨ ᠪᠠᠶᠢᠴᠠᠭᠠᠵᠦ᠂ ᠤᠷᠤᠰᠢᠵᠦ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠢᠭᠠᠨ ᠭᠠᠷᠭᠠᠵᠦ᠂ ᠴᠠᠭ ᠲᠤᠬᠠᠢ ᠳᠤᠨᠢ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠱᠠᠭᠠᠷᠳᠠᠪᠠ᠃        ᠪᠤᠤ ᠯᠢ ᠬᠤᠸᠠ ᠠᠴᠠ᠂ ᠠᠪᠤᠭᠠᠶᠢᠳᠦ ᠭᠠᠴᠠᠭ᠎ᠠ ᠪᠤᠯ ᠨᠡᠶᠢᠳᠡ 300 ᠭᠠᠷᠤᠢ ᠡᠷᠦᠬᠡ ᠲᠠᠢ ᠲᠤᠮᠤ ᠭᠠᠴᠠᠭ᠎ᠠ ᠪᠤᠯᠤᠨ᠎ᠠ᠂ ᠬᠦᠮᠦᠨ ᠤᠯᠠᠨ᠂ ᠨᠤᠳᠤᠭ ᠪᠡᠯᠴᠢᠭᠡᠷ ᠤᠨ ᠲᠠᠯᠠᠪᠠᠢ ᠪᠠᠭ᠎ᠠ᠂ ᠠᠵᠦ ᠠᠬᠤᠢ ᠶᠢᠨ ᠬᠦᠭᠵᠢᠯᠳᠡ ᠶᠢᠨ ᠬᠦᠴᠢᠷᠳᠡᠯ ᠶᠡᠭᠡ᠂ ᠶᠠᠳᠠᠭᠤ ᠬᠦᠮᠦᠰ ᠤᠨ ᠲᠤᠭ᠎ᠠ ᠤᠯᠠᠨ ᠪᠠᠶᠢᠳᠠᠭ᠃ ᠤᠶᠢᠷ᠎ᠠ ᠶᠢᠨ ᠵᠢᠯ ᠠᠴᠠ ᠨᠠᠰᠢ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠯᠠᠪᠳᠠᠭᠤᠨ ᠦᠷᠨᠢᠬᠦᠯᠵᠦ᠂ ᠵᠤᠩᠬᠢᠯᠠᠬᠤ ᠲᠤᠭᠠᠨ ᠤ ᠶᠠᠳᠠᠭᠤ ᠮᠠᠯᠴᠢᠳ ᠨᠢ ᠨᠢᠬᠡᠨᠳᠡ ᠶᠠᠳᠠᠭᠤ ᠠᠴᠠ ᠠᠩᠬᠢᠵᠢᠷᠠᠭᠰᠠᠨ ᠪᠤᠯᠪᠠᠴᠦ᠂ ᠶᠠᠳᠠᠭᠤ ᠠᠴᠠ ᠠᠩᠬᠢᠵᠢᠷᠠᠭᠤᠯᠬᠤ ᠡᠬᠦᠷᠭᠡ ᠮᠦᠨ ᠬᠦᠨᠳᠦ ᠪᠠᠶᠢᠭᠰᠠᠭᠠᠷ᠃  ᠡᠶᠢᠮᠦ ᠠᠴᠠ᠂ ᠮᠢᠩᠭᠠᠨᠳᠦ  ᠪᠠᠯᠭᠠᠰᠦ᠂ ᠭᠠᠴᠠᠭᠠᠨ ᠤ ︽ᠬᠤᠶᠠᠷ ᠵᠦᠪᠯᠡᠯ︾ ᠵᠢᠴᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢᠨ ᠬᠦᠮᠦᠨ ᠳᠤ ᠬᠦᠰᠡᠬᠦ ᠨᠢ᠂ ᠪᠦᠬᠦ ᠲᠠᠯ᠎ᠠ ᠪᠠᠷ ᠪᠠᠶᠢᠴᠠᠭᠠᠬᠤ ᠠᠵᠢᠯ ᠢ ᠬᠢᠨᠠᠮᠠᠭᠠᠢ ᠦᠷᠨᠢᠬᠦᠯᠵᠦ᠂ ᠲᠤᠬᠠᠢ ᠶᠢᠨ ᠭᠠᠵᠠᠷ ᠲᠤ ᠬᠦᠨᠵᠡᠬᠡᠶᠢᠷᠡᠵᠦ ᠡᠷᠦᠭᠡ ᠳᠤ ᠤᠷᠤᠵᠦ ᠪᠠᠶᠢᠴᠠᠭᠠᠨ᠂ ᠨᠢᠭᠡ ᠡᠷᠦᠭᠡ ᠨᠢᠭᠡ ᠬᠦᠮᠦᠨ ᠢ ᠴᠦ ᠤᠷᠬᠢᠭᠳᠠᠭᠤᠯᠬᠤ ᠦᠬᠡᠢ ᠪᠠᠷ᠂ ᠪᠦᠬᠦ ᠲᠠᠯ᠎ᠠ ᠪᠠᠷ ᠪᠠᠶᠢᠴᠠᠭᠠᠬᠤ ᠪᠠ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠠᠵᠢᠯ ᠢ ᠦᠨᠡᠨᠬᠦ ᠪᠤᠳᠠᠳᠠᠶᠢᠵᠢᠭᠤᠯᠵᠦ᠂ ᠮᠠᠯᠴᠢᠨ ᠲᠦᠮᠡᠨ ᠢ ᠡᠷᠳᠡ ᠡᠳᠦᠷ ᠶᠠᠳᠠᠭᠤ ᠠᠴᠠ ᠠᠩᠬᠢᠵᠢᠷᠠᠭᠤᠯᠬᠤ ᠭᠡᠷᠡᠭᠳᠡᠢ ᠭᠡᠵᠡᠢ᠃        ᠪᠤᠤ ᠯᠢ ᠬᠤᠸᠠ ᠠᠴᠠ᠂ ᠪᠦᠬᠦ ᠲᠠᠯ᠎ᠠ ᠪᠠᠷ ᠪᠠᠶᠢᠴᠠᠭᠠᠬᠤ᠂ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠤᠨ ᠠᠭᠤᠯᠭ᠎ᠠ ᠶᠢ ᠳᠤᠳᠤᠷᠬᠠᠢ ᠤᠶᠢᠯᠠᠭᠠᠵᠦ᠂ ᠡᠷᠦᠭᠡ ᠳᠤ ᠬᠦᠨᠵᠡᠬᠡᠶᠢᠷᠡᠨ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠶᠢᠨ ᠬᠠᠮᠳᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠮᠠᠯᠴᠢᠳ ᠲᠤ ᠬᠦᠢᠴᠡᠳ ᠤᠶᠢᠯᠠᠭᠠᠭᠤᠯᠤᠨ ᠮᠡᠳᠡᠬᠦᠯᠬᠦ ᠭᠡᠷᠡᠭᠳᠡᠢ᠃ ᠪᠠᠶᠢᠴᠠᠭᠠᠵᠦ ᠢᠯᠡᠷᠡᠭᠦᠯᠦᠭᠰᠡᠨ ᠠᠰᠠᠭᠤᠳᠠᠯ ᠳᠤ ᠴᠢᠭᠯᠡᠬᠦᠯᠦᠨ᠂ ᠠᠰᠠᠭᠤᠳᠠᠯ ᠤᠨ ᠵᠢᠬᠰᠠᠭᠠᠯᠳᠠ᠂ ᠬᠠᠷᠢᠭᠤᠴᠠᠯᠭ᠎ᠠ ᠶᠢᠨ ᠵᠢᠬᠰᠠᠭᠠᠯᠳᠠ᠂ ᠡᠬᠦᠷᠭᠡ ᠶᠢᠨ ᠵᠢᠬᠰᠠᠭᠠᠯᠳᠠ ᠶᠢ ᠨᠠᠷᠢᠯᠢᠭ ᠲᠦᠷᠦᠯᠵᠢᠬᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠪᠠᠨ ᠨᠠᠷᠢᠯᠢᠬᠵᠢᠭᠤᠯᠵᠦ᠂ ᠬᠠᠯᠠᠨ ᠰᠠᠶᠢᠵᠢᠷᠠᠭᠤᠯᠬᠤ ᠬᠤᠭᠤᠴᠠᠭ᠎ᠠ ᠲᠤᠭᠳᠠᠭᠠᠨ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠪᠠᠷ ᠨᠠᠶᠢᠳᠠᠪᠤᠷᠢᠵᠢᠭᠤᠯᠬᠤ ᠭᠡᠷᠡᠭᠳᠡᠢ᠃ ᠠᠯᠳᠠᠭ᠎ᠠ ᠲᠤᠳᠠᠭᠤᠳᠠᠯ ᠢ ᠵᠤᠷᠢᠭᠳᠠᠢ ᠵᠢᠭᠠᠨ ᠭᠠᠷᠭᠠᠵᠦ᠂ ᠠᠰᠠᠭᠤᠳᠠᠯ ᠢ ᠬᠦᠨᠵᠡᠬᠡᠢ ᠪᠠᠶᠢᠴᠠᠭᠠᠨ᠂ ᠲᠠᠷᠤᠢ ᠳᠤᠨᠢ ᠬᠠᠯᠠᠨ ᠰᠠᠶᠢᠵᠢᠷᠠᠭᠤᠯᠵᠦ ᠲᠡᠶᠢᠯᠬᠦ ᠶᠢ ᠴᠠᠭ ᠲᠤᠬᠠᠢ ᠳᠤᠨᠢ ᠬᠠᠯᠠᠵᠦ᠂ ᠲᠤᠰᠠᠭᠠᠷ ᠢᠶᠠᠷ ᠢᠶᠠᠨ ᠬᠠᠯᠠᠨ ᠰᠠᠶᠢᠵᠢᠷᠠᠭᠤᠯᠵᠦ ᠲᠡᠶᠢᠯᠬᠦ ᠦᠬᠡᠢ ᠪᠤᠯ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠲᠠᠢ ᠬᠦᠳᠡᠯᠦᠩᠬᠦᠢ ᠪᠠᠷ ᠬᠠᠷᠢᠯᠴᠠᠵᠦ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠠᠩᠰᠠ ᠡᠪᠬᠡᠮᠡᠯ ᠢ ᠬᠠᠮᠳᠤᠪᠠᠷ ᠬᠠᠯᠠᠨ ᠰᠠᠶᠢᠵᠢᠷᠠᠭᠤᠯᠵᠦ ᠲᠡᠬᠦᠯᠳᠡᠷᠵᠢᠬᠦᠯᠦᠨ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠪᠤᠳᠠᠳᠦ ᠦᠷ᠎ᠡ ᠠᠰᠢᠭ ᠤᠯᠬᠤ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号