ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠎ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠤᠬᠢᠶᠠᠨ ᠪᠠᠶᠢᠭᠤᠯᠵᠦ ᠮᠢᠩᠭᠠᠨᠳᠦ ᠤᠳᠤᠨ ᠤᠷᠤᠨ ᠢ ᠠᠵᠢᠭᠯᠠᠬᠤ ᠦᠷᠳᠡᠭᠡ ᠶᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2018-06-22
                       ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨᠵᠢᠯᠡᠬᠦ ᠤᠬᠠᠭᠠᠨ                     ᠲᠧᠭᠨᠢᠭ ᠮᠡᠷᠭᠡᠵᠢᠯ ᠤᠨ ᠨᠡᠶᠢᠬᠡᠮᠯᠢᠭ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ                   ᠰᠤᠷᠤᠭᠴᠢᠳ ᠢ ᠵᠤᠬᠢᠶᠠᠨ ᠪᠠᠶᠢᠭᠤᠯᠵᠦ ᠮᠢᠩᠭᠠᠨᠳᠦ ᠤᠳᠤᠨ ᠤᠷᠤᠨ ᠢ ᠠᠵᠢᠭᠯᠠᠬᠤ                                    ᠦᠷᠳᠡᠭᠡ ᠶᠢ ᠲᠤᠭᠤᠷᠢᠨ ᠦᠵᠡᠪᠡ           ᠤᠶᠢᠷ᠎ᠠ ᠶᠢᠨ ᠡᠳᠦᠷ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠭᠤ ᠤᠷᠴᠢᠮ ᠰᠤᠷᠤᠭᠴᠢᠳ ᠪᠠ ᠠᠷᠪᠠ ᠭᠠᠷᠤᠢ ᠪᠠᠭᠰᠢᠨᠠᠷ ᠢ ᠵᠤᠬᠢᠶᠠᠨ ᠪᠠᠶᠢᠭᠤᠯᠵᠦ᠂ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠤᠳᠤᠨ ᠤᠷᠤᠨ ᠤ ᠰᠢᠨᠵᠢᠯᠡᠭᠡᠨ ᠤ ᠴᠡᠭ ᠤᠨ ᠮᠢᠩᠭᠠᠨᠳᠦ ᠤᠳᠤᠨ ᠤᠷᠤᠨ ᠢ ᠠᠵᠢᠭᠯᠠᠬᠤ ︵ᠰᠠᠭᠤᠷᠢᠨ︶ ᠦᠷᠳᠡᠭᠡ ᠶᠢ ᠲᠤᠭᠤᠷᠢᠨ ᠦᠵᠡᠪᠡ᠃
      ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠤᠳᠤᠨ ᠤᠷᠤᠨ ᠤ ᠰᠢᠨᠵᠢᠯᠡᠭᠡᠨ ᠢ ᠴᠡᠭ ᠤᠨ ᠲᠠᠶᠢᠯᠪᠤᠷᠢᠯᠠᠭᠴᠢ ᠠᠴᠠ ᠰᠤᠷᠤᠭᠴᠢᠳ ᠲᠤ ᠮᠢᠩᠭᠠᠨᠳᠦ ᠤᠳᠤᠨ ᠤᠷᠤᠨ ᠢ ᠠᠵᠢᠭᠯᠠᠬᠤ ᠦᠷᠳᠡᠭᠡᠨ ᠤ ᠦᠨᠳᠦᠰᠦᠨ ᠪᠠᠶᠢᠳᠠᠯ ᠪᠠ ᠭᠤᠤᠯ ᠦᠢᠯᠡᠳᠦᠯ ᠵᠢᠴᠢ ᠨᠠᠷᠠᠨ ᠤ ᠠᠶᠢᠮᠠᠭ᠂ ᠨᠠᠷᠠ ᠪᠠ ᠨᠠᠷᠠ ᠶᠢ ᠲᠤᠭᠤᠷᠢᠨ ᠡᠷᠬᠢᠯᠳᠦᠵᠦ ᠪᠠᠶᠢᠭ᠎ᠠ ᠨᠠᠢᠮᠠᠨ ᠶᠡᠭᠡ ᠭᠠᠷᠠᠭ ᠤᠳᠤᠨ ᠤ ᠬᠦᠳᠡᠯᠭᠡᠭᠡᠨ ᠤ ᠪᠠᠶᠢᠳᠠᠯ ᠪᠠ ᠹᠢᠽᠢᠺ ᠤᠨ ᠤᠨᠴᠠᠯᠢᠭ ᠵᠡᠷᠭᠡ ᠶᠢ ᠭᠤᠤᠯᠴᠢᠯᠠᠨ ᠲᠠᠨᠢᠯᠴᠠᠭᠤᠯᠪᠠ᠃      ᠲᠤᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠨᠠᠷᠠ᠂ ᠤᠳᠤᠨ ᠭᠠᠷᠠᠭ᠂ ᠤᠳᠤᠨ ᠤᠷᠤᠨ ᠤ ᠮᠡᠳᠡᠯᠭᠡ ᠶᠢᠨ ᠡᠴᠢᠨ᠎ᠡ ᠨᠢᠭᠤᠴᠠ ᠶᠢ ᠤᠶᠢᠯᠠᠭᠠᠭᠤᠯᠵᠦ᠂ ᠲᠡᠳᠡᠨ ᠤ ᠰᠢᠨᠵᠢᠯᠡᠬᠦ ᠤᠬᠠᠭᠠᠨ ᠢ ᠬᠠᠶᠢᠷᠠᠯᠠᠵᠦ᠂ ᠰᠢᠨᠵᠢᠯᠡᠬᠦ ᠤᠬᠠᠭᠠᠨ ᠢ ᠰᠤᠷᠤᠯᠴᠠᠬᠤ ᠤᠷᠮ᠎ᠠ ᠪᠠᠬ᠎ᠠ ᠶᠢ ᠬᠦᠪᠴᠢᠯᠡᠪᠡ᠃
      ᠤᠶᠢᠯᠠᠭᠠᠭᠰᠠᠨ ᠢᠶᠠᠷ᠂ ᠮᠢᠩᠭᠠᠨᠳᠦ ᠣᠳᠤᠨ ᠤᠷᠤᠨ ᠢ ᠠᠵᠢᠭᠯᠠᠬᠤ ᠰᠠᠭᠤᠷᠢᠨ ᠵᠢᠴᠢ ᠷᠠᠳᠢᠤ᠋ ᠰᠠᠴᠣᠷᠠᠭ ᠤᠨ ᠲᠠᠪᠳᠠᠮᠵᠢ ᠶᠢᠨ ᠵᠢᠭᠰᠠᠯ ᠤᠨ ᠨᠠᠷᠠᠨ ᠤ ᠰᠠᠴᠤᠷᠠᠭ ᠤᠨ ᠲᠦᠷᠰᠦ ᠶᠢ ᠵᠠᠳᠠᠯᠤᠭᠴᠢ ᠶᠢ 2013 ᠤᠨ ᠤ 12 ᠰᠠᠷ᠎ᠠ ᠶᠢᠨ 31᠎ ᠤ ᠡᠳᠦᠷ ᠪᠠᠶᠢᠭᠤᠯᠵᠦ ᠲᠠᠭᠤᠰᠤᠨ ᠠᠰᠢᠭᠯᠠᠯᠳᠠ ᠳᠤ ᠤᠷᠤᠵᠦ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠨᠤᠭ ᠲᠦᠬᠦᠬᠡᠷᠦᠮᠵᠢ ᠰᠤᠳᠤᠯᠤᠨ ᠦᠢᠯᠡᠳᠪᠦᠷᠢᠯᠡᠬᠦ ᠴᠢᠬᠤᠯᠠ ᠶᠡᠭᠡ ᠲᠦᠷᠦᠯ ᠵᠤᠶᠢᠯ ᠪᠤᠯᠤᠨ᠎ᠠ᠃ ᠤᠳᠤᠬᠠᠨ ᠳᠤ᠂ 100 ᠭᠠᠳᠠᠷᠭᠤ ᠶᠢᠨ ᠠᠨᠲ᠋ᠧᠨ ᠪᠠᠷ ᠪᠦᠷᠢᠯᠳᠦᠭᠰᠡᠨ ᠦᠨᠳᠦᠷ᠂ ᠲᠤᠤᠷ᠎ᠠ ᠲᠠᠪᠳᠡᠮᠵᠢ ᠶᠢᠨ ᠶᠡᠷᠦᠩᠭᠡᠶᠢᠯᠡᠭᠰᠡᠨ ᠴᠤᠭᠤᠷᠬᠠᠢ ᠶᠢᠨ ᠳ᠋ᠢᠶᠠᠮᠧᠲᠷ ᠤᠨ ᠵᠢᠭᠰᠠᠭᠠᠯ ᠢ ᠨᠢᠬᠡᠨᠳᠡ ᠪᠠᠶᠢᠭᠤᠯᠵᠦ᠂ ᠭᠤᠤᠯᠳᠠᠭᠤ ᠨᠠᠷᠠᠨ ᠤ ᠹᠢᠽᠢᠺ ᠤᠨ ᠲᠠᠯ᠎ᠠ ᠶᠢᠨ ᠰᠤᠳᠤᠯᠭᠠᠨ ᠢ ᠬᠢᠵᠦ᠂ ᠨᠠᠷᠠᠨ ᠤ ᠠᠵᠢᠯᠯᠠᠭᠠᠨ ᠤ ᠪᠠᠶᠢᠳᠠᠯ ᠢ ᠤᠨᠤᠪᠴᠢᠳᠠᠢ ᠤᠷᠢᠳᠴᠢᠯᠡᠨ ᠮᠡᠳᠡᠬᠡᠯᠡᠵᠦ᠂ ᠠᠭᠠᠷ ᠠᠶᠠᠯᠠᠯ᠂ ᠰᠠᠨᠰᠠᠷ ᠠᠶᠠᠯᠠᠯ᠂ ᠲᠠᠭᠠᠭᠤᠯᠢ ᠤᠳᠤᠨ ᠤ ᠴᠢᠮᠡᠭᠡ ᠨᠡᠪᠳᠡᠷᠡᠯᠭᠡ ᠪᠠ ᠤᠯᠤᠰ ᠤᠨ ᠪᠠᠳᠤᠯᠠᠨ ᠬᠠᠮᠠᠭᠠᠯᠠᠯᠳᠠ ᠵᠡᠷᠭᠡ ᠳᠤ ᠮᠡᠷᠭᠡᠵᠢᠯ ᠤᠨ ᠪᠠᠳᠤᠯᠠᠭ᠎ᠠ ᠬᠠᠩᠭᠠᠳᠠᠭ᠃      
       ᠰᠤᠷᠤᠭᠴᠢᠳ ᠠᠴᠠ ᠲᠤᠰ ᠤᠳᠠᠭᠠᠨ ᠤ ᠲᠤᠭᠤᠷᠢᠨ ᠦᠵᠡᠬᠦ ᠪᠠᠷ ᠲᠠᠮᠵᠢᠨ᠂ ᠤᠳᠤᠨ ᠤᠷᠤᠨ ᠤ ᠤᠯᠠᠨ ᠰᠤᠨᠢᠷᠬᠠᠯᠳᠠᠢ ᠮᠡᠳᠡᠯᠭᠡ ᠶᠢ ᠤᠶᠢᠯᠠᠭᠠᠵᠦ ᠮᠡᠳᠡᠨ᠂ ᠬᠤᠶᠢᠰᠢᠳᠠ ᠤᠯᠠᠮ ᠴᠢᠷᠮᠠᠶᠢᠨ ᠰᠤᠷᠤᠯᠴᠠᠵᠦ᠂ ᠲᠤᠮᠤ ᠪᠤᠯᠤᠭᠰᠠᠨ ᠤ ᠪᠠᠨ ᠲᠠᠷᠠᠭ᠎ᠠ ᠤᠷᠴᠢᠯᠠᠩ ᠤᠨ ᠨᠡᠩ ᠤᠯᠠᠨ ᠡᠴᠢᠨ᠎ᠡ ᠨᠢᠭᠤᠴᠠ ᠶᠢ ᠰᠦᠪᠡᠭᠴᠢᠯᠡᠨ᠎ᠡ ᠭᠡᠵᠦ ᠪᠤᠳᠤᠯ ᠢᠶᠠᠨ ᠢᠯᠡᠳᠬᠡᠵᠦ ᠪᠠᠶᠢᠪᠠ᠃            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号