ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠬᠡᠮᠯᠢᠭ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ | ᠰᠤᠷᠤᠭᠴᠢᠳ ᠢ ᠵᠤᠬᠢᠶᠠᠨ ᠪᠠᠶᠢᠭᠤᠯᠵᠦ ᠮᠢᠩᠭᠠᠨᠳᠦ ᠤᠳᠤᠨ ᠤᠷᠤᠨ ᠢ ᠠᠵᠢᠭᠯᠠᠬᠤ | ᠦᠷᠳᠡᠭᠡ ᠶᠢ ᠲᠤᠭᠤᠷᠢᠨ ᠦᠵᠡᠪᠡ | | | | ᠤᠶᠢᠷ᠎ᠠ ᠶᠢᠨ ᠡᠳᠦᠷ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠨᠢ | ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠭᠤ ᠤᠷᠴᠢᠮ ᠰᠤᠷᠤᠭᠴᠢᠳ ᠪᠠ ᠠᠷᠪᠠ ᠭᠠᠷᠤᠢ ᠪᠠᠭᠰᠢᠨᠠᠷ ᠢ ᠵᠤᠬᠢᠶᠠᠨ | ᠪᠠᠶᠢᠭᠤᠯᠵᠦ᠂ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠤᠳᠤᠨ ᠤᠷᠤᠨ ᠤ | ᠰᠢᠨᠵᠢᠯᠡᠭᠡᠨ ᠤ ᠴᠡᠭ ᠤᠨ ᠮᠢᠩᠭᠠᠨᠳᠦ ᠤᠳᠤᠨ ᠤᠷᠤᠨ ᠢ ᠠᠵᠢᠭᠯᠠᠬᠤ ︵ᠰᠠᠭᠤᠷᠢᠨ︶ ᠦᠷᠳᠡᠭᠡ ᠶᠢ ᠲᠤᠭᠤᠷᠢᠨ | ᠦᠵᠡᠪᠡ᠃ | | | | | | ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠤᠳᠤᠨ ᠤᠷᠤᠨ ᠤ | ᠰᠢᠨᠵᠢᠯᠡᠭᠡᠨ ᠢ ᠴᠡᠭ ᠤᠨ ᠲᠠᠶᠢᠯᠪᠤᠷᠢᠯᠠᠭᠴᠢ ᠠᠴᠠ ᠰᠤᠷᠤᠭᠴᠢᠳ ᠲᠤ ᠮᠢᠩᠭᠠᠨᠳᠦ ᠤᠳᠤᠨ ᠤᠷᠤᠨ ᠢ ᠠᠵᠢᠭᠯᠠᠬᠤ | ᠦᠷᠳᠡᠭᠡᠨ ᠤ ᠦᠨᠳᠦᠰᠦᠨ ᠪᠠᠶᠢᠳᠠᠯ ᠪᠠ ᠭᠤᠤᠯ ᠦᠢᠯᠡᠳᠦᠯ ᠵᠢᠴᠢ ᠨᠠᠷᠠᠨ ᠤ ᠠᠶᠢᠮᠠᠭ᠂ ᠨᠠᠷᠠ ᠪᠠ ᠨᠠᠷᠠ ᠶᠢ | ᠲᠤᠭᠤᠷᠢᠨ ᠡᠷᠬᠢᠯᠳᠦᠵᠦ ᠪᠠᠶᠢᠭ᠎ᠠ ᠨᠠᠢᠮᠠᠨ ᠶᠡᠭᠡ ᠭᠠᠷᠠᠭ ᠤᠳᠤᠨ ᠤ ᠬᠦᠳᠡᠯᠭᠡᠭᠡᠨ ᠤ ᠪᠠᠶᠢᠳᠠᠯ ᠪᠠ ᠹᠢᠽᠢᠺ ᠤᠨ | ᠤᠨᠴᠠᠯᠢᠭ ᠵᠡᠷᠭᠡ ᠶᠢ ᠭᠤᠤᠯᠴᠢᠯᠠᠨ ᠲᠠᠨᠢᠯᠴᠠᠭᠤᠯᠪᠠ᠃ | ᠲᠤᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠨᠠᠷᠠ᠂ ᠤᠳᠤᠨ ᠭᠠᠷᠠᠭ᠂ ᠤᠳᠤᠨ ᠤᠷᠤᠨ ᠤ | ᠮᠡᠳᠡᠯᠭᠡ ᠶᠢᠨ ᠡᠴᠢᠨ᠎ᠡ ᠨᠢᠭᠤᠴᠠ ᠶᠢ ᠤᠶᠢᠯᠠᠭᠠᠭᠤᠯᠵᠦ᠂ ᠲᠡᠳᠡᠨ ᠤ ᠰᠢᠨᠵᠢᠯᠡᠬᠦ ᠤᠬᠠᠭᠠᠨ ᠢ ᠬᠠᠶᠢᠷᠠᠯᠠᠵᠦ᠂ | ᠰᠢᠨᠵᠢᠯᠡᠬᠦ ᠤᠬᠠᠭᠠᠨ ᠢ ᠰᠤᠷᠤᠯᠴᠠᠬᠤ ᠤᠷᠮ᠎ᠠ ᠪᠠᠬ᠎ᠠ ᠶᠢ ᠬᠦᠪᠴᠢᠯᠡᠪᠡ᠃ | | | | | | ᠤᠶᠢᠯᠠᠭᠠᠭᠰᠠᠨ ᠢᠶᠠᠷ᠂ ᠮᠢᠩᠭᠠᠨᠳᠦ ᠣᠳᠤᠨ ᠤᠷᠤᠨ ᠢ ᠠᠵᠢᠭᠯᠠᠬᠤ ᠰᠠᠭᠤᠷᠢᠨ ᠵᠢᠴᠢ ᠷᠠᠳᠢᠤ᠋ ᠰᠠᠴᠣᠷᠠᠭ ᠤᠨ | ᠲᠠᠪᠳᠠᠮᠵᠢ ᠶᠢᠨ ᠵᠢᠭᠰᠠᠯ ᠤᠨ ᠨᠠᠷᠠᠨ ᠤ ᠰᠠᠴᠤᠷᠠᠭ ᠤᠨ ᠲᠦᠷᠰᠦ ᠶᠢ ᠵᠠᠳᠠᠯᠤᠭᠴᠢ ᠶᠢ 2013 ᠤᠨ ᠤ 12 | ᠰᠠᠷ᠎ᠠ ᠶᠢᠨ 31 ᠤ ᠡᠳᠦᠷ ᠪᠠᠶᠢᠭᠤᠯᠵᠦ ᠲᠠᠭᠤᠰᠤᠨ ᠠᠰᠢᠭᠯᠠᠯᠳᠠ ᠳᠤ ᠤᠷᠤᠵᠦ᠂ ᠤᠯᠤᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠤᠨᠤᠭ ᠲᠦᠬᠦᠬᠡᠷᠦᠮᠵᠢ ᠰᠤᠳᠤᠯᠤᠨ ᠦᠢᠯᠡᠳᠪᠦᠷᠢᠯᠡᠬᠦ ᠴᠢᠬᠤᠯᠠ ᠶᠡᠭᠡ ᠲᠦᠷᠦᠯ ᠵᠤᠶᠢᠯ | ᠪᠤᠯᠤᠨ᠎ᠠ᠃ ᠤᠳᠤᠬᠠᠨ ᠳᠤ᠂ 100 ᠭᠠᠳᠠᠷᠭᠤ ᠶᠢᠨ ᠠᠨᠲ᠋ᠧᠨ ᠪᠠᠷ ᠪᠦᠷᠢᠯᠳᠦᠭᠰᠡᠨ ᠦᠨᠳᠦᠷ᠂ ᠲᠤᠤᠷ᠎ᠠ | ᠲᠠᠪᠳᠡᠮᠵᠢ ᠶᠢᠨ ᠶᠡᠷᠦᠩᠭᠡᠶᠢᠯᠡᠭᠰᠡᠨ ᠴᠤᠭᠤᠷᠬᠠᠢ ᠶᠢᠨ ᠳ᠋ᠢᠶᠠᠮᠧᠲᠷ ᠤᠨ ᠵᠢᠭᠰᠠᠭᠠᠯ ᠢ ᠨᠢᠬᠡᠨᠳᠡ ᠪᠠᠶᠢᠭᠤᠯᠵᠦ᠂ | ᠭᠤᠤᠯᠳᠠᠭᠤ ᠨᠠᠷᠠᠨ ᠤ ᠹᠢᠽᠢᠺ ᠤᠨ ᠲᠠᠯ᠎ᠠ ᠶᠢᠨ ᠰᠤᠳᠤᠯᠭᠠᠨ ᠢ ᠬᠢᠵᠦ᠂ ᠨᠠᠷᠠᠨ ᠤ ᠠᠵᠢᠯᠯᠠᠭᠠᠨ ᠤ ᠪᠠᠶᠢᠳᠠᠯ ᠢ | ᠤᠨᠤᠪᠴᠢᠳᠠᠢ ᠤᠷᠢᠳᠴᠢᠯᠡᠨ ᠮᠡᠳᠡᠬᠡᠯᠡᠵᠦ᠂ ᠠᠭᠠᠷ ᠠᠶᠠᠯᠠᠯ᠂ ᠰᠠᠨᠰᠠᠷ ᠠᠶᠠᠯᠠᠯ᠂ ᠲᠠᠭᠠᠭᠤᠯᠢ ᠤᠳᠤᠨ ᠤ ᠴᠢᠮᠡᠭᠡ | ᠨᠡᠪᠳᠡᠷᠡᠯᠭᠡ ᠪᠠ ᠤᠯᠤᠰ ᠤᠨ ᠪᠠᠳᠤᠯᠠᠨ ᠬᠠᠮᠠᠭᠠᠯᠠᠯᠳᠠ ᠵᠡᠷᠭᠡ ᠳᠤ ᠮᠡᠷᠭᠡᠵᠢᠯ ᠤᠨ ᠪᠠᠳᠤᠯᠠᠭ᠎ᠠ ᠬᠠᠩᠭᠠᠳᠠᠭ᠃ | | | | | ᠰᠤᠷᠤᠭᠴᠢᠳ ᠠᠴᠠ ᠲᠤᠰ ᠤᠳᠠᠭᠠᠨ ᠤ ᠲᠤᠭᠤᠷᠢᠨ ᠦᠵᠡᠬᠦ ᠪᠠᠷ ᠲᠠᠮᠵᠢᠨ᠂ ᠤᠳᠤᠨ ᠤᠷᠤᠨ ᠤ ᠤᠯᠠᠨ | ᠰᠤᠨᠢᠷᠬᠠᠯᠳᠠᠢ ᠮᠡᠳᠡᠯᠭᠡ ᠶᠢ ᠤᠶᠢᠯᠠᠭᠠᠵᠦ ᠮᠡᠳᠡᠨ᠂ ᠬᠤᠶᠢᠰᠢᠳᠠ ᠤᠯᠠᠮ ᠴᠢᠷᠮᠠᠶᠢᠨ ᠰᠤᠷᠤᠯᠴᠠᠵᠦ᠂ ᠲᠤᠮᠤ | ᠪᠤᠯᠤᠭᠰᠠᠨ ᠤ ᠪᠠᠨ ᠲᠠᠷᠠᠭ᠎ᠠ ᠤᠷᠴᠢᠯᠠᠩ ᠤᠨ ᠨᠡᠩ ᠤᠯᠠᠨ ᠡᠴᠢᠨ᠎ᠡ ᠨᠢᠭᠤᠴᠠ ᠶᠢ ᠰᠦᠪᠡᠭᠴᠢᠯᠡᠨ᠎ᠡ ᠭᠡᠵᠦ | ᠪᠤᠳᠤᠯ ᠢᠶᠠᠨ ᠢᠯᠡᠳᠬᠡᠵᠦ ᠪᠠᠶᠢᠪᠠ᠃ | |