ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠲᠤᠰᠬᠠᠭᠰᠠᠨ ᠰᠠᠨᠠᠯ ᠢ ᠬᠠᠯᠠᠨ | ᠨᠠᠶᠢᠳᠠᠪᠤᠷᠢᠵᠢᠭᠤᠯᠬᠤ ᠠᠵᠢᠯ ᠤᠨ ᠵᠤᠬᠢᠴᠠᠭᠤᠯᠤᠯᠳᠠ ᠶᠢᠨ ᠬᠤᠷᠠᠯ ᠢ ᠬᠤᠷᠠᠯᠳᠤᠪᠠ | | | 5 ᠰᠠᠷ᠎ᠠ ᠶᠢᠨ 30 ᠤ ᠡᠳᠦᠷ᠂ ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠲᠤᠰᠬᠠᠭᠰᠠᠨ ᠰᠠᠨᠠᠯ ᠢ ᠬᠠᠯᠠᠨ ᠨᠠᠶᠢᠳᠠᠪᠤᠷᠢᠵᠢᠭᠤᠯᠬᠤ | ᠠᠵᠢᠯ ᠤᠨ ᠵᠤᠬᠢᠴᠠᠭᠤᠯᠤᠯᠳᠠ ᠶᠢᠨ ᠬᠤᠷᠠᠯ ᠢ ᠬᠤᠷᠠᠯᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ | ᠵᠠᠰᠠᠭ ᠤᠨ ᠤᠷᠳᠤᠨ ᠤ ᠲᠠᠷᠤᠭ᠎ᠠ ᠰᠦ᠋ ᠫᠧᠩ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠡᠷᠳᠡᠨᠢ᠂ ᠵᠠᠰᠠᠭ ᠤᠨ | ᠤᠷᠳᠤᠨ ᠤ ᠲᠡᠳ᠋ ᠲᠠᠷᠤᠭ᠎ᠠ ᠵᠸᠦ ᠰᠢᠶᠠᠨ ᠵᠢᠶᠦ᠋ᠨ ᠨᠠᠷ ᠬᠤᠷᠠᠯ ᠳᠤ ᠤᠷᠤᠯᠴᠠᠪᠠ᠃ | ᠬᠤᠷᠠᠯ ᠠᠴᠠ 5 ᠰᠠᠷ᠎ᠠ ᠶᠢᠨ 29 ᠤ ᠡᠳᠦᠷ ᠤᠨ ᠪᠦᠬᠦ ᠠᠶᠢᠮᠠᠭ ᠤᠨ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠲᠤᠰᠬᠠᠭᠰᠠᠨ ᠰᠠᠨᠠᠯ ᠢ ᠬᠠᠯᠠᠨ ᠨᠠᠶᠢᠳᠠᠪᠤᠷᠢᠵᠢᠭᠤᠯᠬᠤ ᠠᠵᠢᠯ ᠤᠨ | ᠵᠤᠬᠢᠴᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠠᠮᠵᠢᠭᠤᠯᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠪᠠᠶᠢᠭᠤᠯᠭ᠎ᠠ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠬᠠᠷᠢᠭᠤ | ᠲᠤᠰᠬᠠᠭᠰᠠᠨ ᠰᠠᠨᠠᠯ ᠵᠡᠷᠭᠡ ᠲᠤᠪᠤᠶᠢᠮ᠎ᠠ ᠠᠰᠠᠭᠤᠳᠠᠯ ᠢ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠤᠨᠤᠰᠴᠦ᠂ ᠪᠦᠬᠦ ᠬᠤᠰᠢᠭᠤᠨ ᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ | ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠬᠠᠯᠠᠨ ᠨᠠᠶᠢᠳᠠᠪᠤᠷᠢᠵᠢᠭᠤᠯᠬᠤ ᠡᠯ᠎ᠡ ᠲᠦᠷᠦᠯ ᠤᠨ ᠠᠵᠢᠯ ᠢ ᠨᠢᠭᠡ | ᠨᠢᠭᠡ ᠪᠠᠷ ᠡᠮᠬᠢᠯᠡᠨ ᠵᠠᠳᠠᠯᠵᠦ᠂ ᠲᠠᠷᠠᠭᠠᠴᠢ ᠶᠢᠨ ᠠᠵᠢᠯ ᠢᠶᠠᠨ ᠪᠠᠶᠢᠷᠢᠯᠠᠭᠤᠯᠤᠭᠰᠠᠨ ᠪᠠᠶᠢᠨ᠎ᠠ᠃ | ᠬᠤᠷᠠᠯ ᠠᠴᠠ᠂ ᠨᠢᠭᠡ ᠳᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ | ᠪᠠᠶᠢᠴᠠᠭᠠᠵᠦ ᠲᠤᠰᠬᠠᠭᠰᠠᠨ ᠰᠠᠨᠠᠯ ᠢ ᠬᠠᠯᠠᠨ ᠨᠠᠶᠢᠳᠠᠪᠤᠷᠢᠵᠢᠭᠤᠯᠬᠤ ᠠᠵᠢᠯ ᠤᠨ ᠴᠢᠬᠤᠯᠠ ᠴᠢᠨᠠᠷ ᠤᠨ ᠲᠤᠬᠠᠢ | ᠲᠠᠨᠢᠯᠳᠠ ᠪᠠᠨ ᠤᠯᠠᠮ ᠬᠦᠨᠵᠡᠭᠡᠶᠢᠷᠡᠬᠦᠯᠵᠦ᠂ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠬᠦᠯᠦᠨ᠂ ᠲᠡᠭᠡᠳᠦ | ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭᠠᠳᠦ ᠰᠡᠳᠬᠢᠯᠭᠡ ᠪᠠᠷ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠲᠤᠰᠬᠠᠭᠰᠠᠨ ᠰᠠᠨᠠᠯ ᠢ ᠬᠠᠯᠠᠨ ᠨᠠᠶᠢᠳᠠᠪᠤᠷᠢᠵᠢᠭᠤᠯᠬᠤ | ᠠᠵᠢᠯ ᠢ ᠨᠠᠷᠢᠯᠢᠭ ᠪᠤᠳᠠᠳᠠᠢ ᠠᠳᠬᠤᠵᠦ᠂ ᠦᠷ᠎ᠡ ᠠᠰᠢᠭ ᠭᠠᠷᠭᠠᠬᠤ ᠭᠡᠷᠡᠭᠳᠡᠢ᠃ ᠬᠤᠶᠠᠷ ᠲᠤ᠂ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠬᠠᠯᠠᠨ | ᠨᠠᠶᠢᠳᠠᠪᠤᠷᠢᠵᠢᠭᠤᠯᠬᠤ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠬᠦ ᠬᠡᠷᠡᠭᠳᠡᠢ᠃ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢ ᠨᠢᠭᠲᠠ ᠵᠤᠬᠢᠴᠠᠯᠳᠤᠨ ᠬᠠᠮᠵᠢᠯᠴᠠᠵᠦ᠂ ᠡᠷᠭᠡ ᠡᠬᠦᠷᠭᠡ | ᠲᠤᠳᠤᠷᠬᠠᠢ᠂ ᠠᠵᠢᠯᠯᠠᠭ᠎ᠠ ᠲᠦᠷᠢᠮᠵᠢᠯ ᠲᠠᠢ᠂ ᠪᠦᠳᠦᠮᠵᠢᠳᠡᠢ ᠠᠵᠢᠯᠯᠠᠬᠤ ᠬᠠᠯᠠᠨ ᠰᠠᠶᠢᠵᠢᠷᠠᠭᠤᠯᠬᠤ | ᠲᠤᠭᠳᠠᠯᠴᠠᠭ᠎ᠠ ᠶᠢ ᠪᠦᠷᠢᠯᠳᠦᠬᠦᠯᠬᠦ ᠭᠡᠷᠡᠭᠳᠡᠢ᠃ ᠬᠠᠮᠢᠶ᠎ᠠ ᠪᠦᠬᠦᠢ ᠱᠠᠭᠠᠷᠳᠠᠯᠭ᠎ᠠ ᠲᠠᠢ ᠨᠢᠬᠳᠠ ᠬᠠᠷᠠᠭᠠᠯᠵᠠᠭᠤᠯᠵᠦ᠂ | ᠠᠯᠳᠠᠭᠳᠠᠯ ᠲᠤᠳᠠᠭᠤᠳᠠᠯ ᠢᠶᠠᠨ ᠬᠢᠨᠠᠮᠠᠭᠠᠢ ᠡᠷᠢᠨ ᠨᠦᠬᠦᠪᠦᠷᠢᠯᠡᠵᠦ᠂ ᠲᠠᠩᠰᠠ ᠡᠪᠬᠡᠮᠡᠯ ᠢᠶᠠᠨ ᠲᠡᠬᠦᠯᠳᠡᠷᠵᠢᠬᠦᠯᠦᠨ᠂ | ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠭᠡᠷᠡᠭᠳᠡᠢ᠃ ᠭᠤᠷᠪᠠ ᠳᠤ᠂ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠬᠦᠳᠡᠯᠦᠩᠬᠦᠢ ᠠᠵᠢᠯᠯᠠᠵᠦ᠂ ᠠᠮᠢ ᠠᠬᠤᠢ ᠶᠢᠨ ᠪᠤᠯᠪᠠᠰᠤᠨ ᠤ | ᠪᠦᠳᠦᠭᠡᠨ ᠪᠠᠶᠢᠭᠤᠯᠤᠯᠳᠠ ᠶᠢ ᠲᠦᠷᠭᠡᠳᠬᠡᠨ᠂ ᠪᠤᠬᠢᠷᠳᠦᠯ ᠢ ᠰᠠᠷᠬᠡᠶᠢᠯᠡᠨ ᠵᠠᠰᠠᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠬᠢᠵᠦ᠂ ᠴᠡᠯᠮᠡᠭ ᠠᠭᠠᠷ ᠢ ᠪᠠᠳᠤᠯᠠᠬᠤ᠂ ᠤᠰᠤᠨ ᠤ ᠡᠬᠢ ᠶᠢ ᠬᠠᠮᠠᠭᠠᠯᠠᠬᠤ᠂ ᠴᠠᠶᠢᠶ᠋ᠢᠤ ᠲᠤᠰᠤᠨ ᠤ | ᠪᠠᠷᠠᠭᠠᠨ ᠤ ᠲᠡᠷᠭᠡ ᠶᠢᠨ ᠪᠤᠬᠢᠷᠳᠦᠯ ᠢ ᠵᠠᠰᠠᠬᠤ᠂ ᠲᠠᠷᠢᠶᠠᠯᠠᠩ ᠲᠠᠷᠢᠶᠠᠯᠠᠬᠤ ᠤᠷᠤᠨ ᠤ ᠪᠤᠬᠢᠷᠳᠦᠯ ᠢ ᠵᠠᠰᠠᠬᠤ ︽ | ᠲᠦᠷᠪᠡᠨ ᠶᠡᠭᠡ ᠲᠠᠶᠢᠯᠠᠯᠳᠤᠭᠠᠨ︾ ᠳᠤ ᠢᠯᠠᠯᠳᠠ ᠤᠯᠬᠤ ᠭᠡᠷᠡᠭᠳᠡᠢ ᠭᠡᠵᠦ ᠴᠢᠬᠤᠯᠠᠴᠢᠯᠠᠪᠠ᠃ | ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ | ᠬᠤᠷᠠᠯ ᠳᠤ ᠤᠷᠤᠯᠴᠠᠪᠠ᠃ | |