ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ | ᠤᠳᠤᠷᠢᠳᠬᠤ ᠲᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ | | 6 ᠰᠠᠷ᠎ᠠ ᠶᠢᠨ 3 ᠤ ᠡᠳᠦᠷ᠂ ᠲᠡᠭᠡᠳᠦ ᠱᠠᠳᠤᠨ ᠤ ᠨᠠᠮ ᠤᠨ ᠬᠤᠷᠢᠶᠠᠨ ᠤ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠬᠤᠰᠢᠭᠤ ᠨᠢ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ | ᠤᠳᠤᠷᠢᠳᠬᠤ ᠲᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠦᠪᠡᠷᠳᠡᠬᠡᠨ ᠵᠠᠰᠠᠬᠤ | ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠲᠤᠮᠢᠯᠠᠨ ᠰᠠᠭᠤᠭ᠎ᠠ ᠶᠠᠳᠠᠭᠤ ᠠᠴᠠ ᠠᠩᠬᠢᠵᠢᠷᠠᠭᠤᠯᠤᠨ | ᠪᠤᠭᠤᠮᠳᠠ ᠰᠢᠪᠳᠤᠯᠬᠤ ᠠᠵᠢᠯᠯᠠᠬᠤ ᠠᠩᠬᠢ ᠶᠢᠨ ᠶᠡᠷᠦᠩᠭᠡᠢ ᠠᠩᠬᠢ ᠶᠢᠨ ᠲᠠᠷᠤᠭ᠎ᠠ ᠡᠦ ᠸᠧᠢ ᠳ᠋ᠦᠩ᠂ ᠬᠤᠰᠢᠭᠤ | ᠨᠠᠮ ᠤᠨ ᠬᠤᠷᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠪᠤᠤ ᠯᠢ | ᠬᠤᠸᠠ᠂ ᠰᠦ᠋ ᠫᠧᠩ᠂ ᠡᠷᠳᠡᠨᠢᠸ᠋ᠴᠢᠷ᠂ ᠪᠤᠯᠠᠭ ᠵᠡᠷᠭᠡ ᠬᠤᠷᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ ᠤ | ᠲᠡᠳ᠋ ᠱᠦᠵᠢ ᠲᠡᠯᠭᠡᠷᠴᠤᠬᠳᠦ ᠬᠤᠷᠠᠯ ᠢ ᠡᠷᠬᠢᠯᠡᠪᠡ᠃ | | | | | ᠬᠤᠷᠠᠯ ᠲᠡᠭᠡᠷ᠎ᠡ᠂ ᠡᠯ᠎ᠡ ᠰᠤᠮᠤ ᠪᠠᠯᠭᠠᠰᠦ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠶᠢᠨ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢᠨ ᠪᠦᠬᠦ ᠲᠠᠯ᠎ᠠ ᠪᠠᠷ ᠪᠠᠶᠢᠴᠠᠭᠠᠬᠤ᠂ ᠪᠦᠬᠦ ᠲᠠᠯ᠎ᠠ ᠪᠠᠷ ᠬᠠᠯᠠᠨ | ᠰᠠᠶᠢᠵᠢᠷᠠᠭᠤᠯᠬᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠤᠨ ᠠᠬᠢᠯᠳᠠ ᠶᠢᠨ ᠪᠠᠶᠢᠳᠠᠯ ᠪᠠ ᠡᠯ᠎ᠡ ᠰᠤᠮᠤ | ᠪᠠᠯᠭᠠᠰᠤᠨ ᠤ ᠶᠠᠳᠠᠭᠤ ᠡᠷᠦᠬᠡ ᠶᠢᠨ ᠲᠤᠯᠤᠭᠠᠶᠢᠯᠠᠭᠴᠢ ᠠᠵᠦ ᠠᠬᠤᠶᠢᠯᠠᠯ᠂ ᠬᠤᠷᠰᠢᠶᠠᠵᠢᠯ᠂ ᠲᠠᠷᠢᠵᠦ ᠲᠡᠵᠢᠭᠡᠬᠦ | ᠲᠤᠮᠤ ᠡᠷᠦᠭᠡ ᠲᠠᠢ ᠲᠤᠭᠳᠠᠭᠰᠠᠨ ᠠᠰᠢᠭ ᠲᠤᠰᠠ ᠶᠢᠨ ᠬᠤᠯᠪᠤᠭᠠᠯᠠᠯ ᠤᠨ ᠬᠡᠷ᠎ᠡ᠂ ᠬᠦᠮᠦᠨ ᠤ ᠲᠤᠭ᠎ᠠ ᠪᠠ ᠬᠡᠷ᠎ᠡ | ᠲᠤᠭᠳᠠᠭᠰᠠᠨ ᠡᠷᠦᠭᠡ ᠶᠢᠨ ᠲᠤᠭ᠎ᠠ ᠵᠢᠴᠢ ᠠᠷᠢᠭᠤᠨ ᠴᠡᠪᠡᠷᠯᠡᠭᠴᠢ ᠡᠯᠰᠡᠬᠦ ᠠᠵᠢᠯ ᠢ ᠪᠡᠶᠡᠯᠡᠬᠦᠯᠦᠭᠰᠡᠨ ᠪᠠᠶᠢᠳᠠᠯ ᠤᠨ | ᠬᠠᠷᠢᠭᠤ ᠮᠡᠳᠡᠬᠦᠯᠦᠯᠳᠡ ᠶᠢ ᠰᠤᠨᠤᠰᠪᠠ᠃ | | | | | ᠪᠤᠤ ᠯᠢ ᠬᠤᠸᠠ ᠠᠴᠠ᠂ ᠡᠯ᠎ᠡ ᠰᠤᠮᠤ ᠪᠠᠯᠭᠠᠰᠤ᠂ ᠬᠠᠪᠰᠤᠷᠤᠨ ᠲᠡᠳᠬᠦᠬᠦ ᠪᠠᠶᠢᠭᠤᠯᠭ᠎ᠠ᠂ ᠨᠢᠬᠡᠳᠦᠭᠡᠷ | ᠱᠦᠵᠢ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢᠨ | ᠬᠦᠮᠦᠨ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠨᠢ ᠪᠦᠬᠦ ᠲᠠᠯ᠎ᠠ ᠶᠢᠨ ᠪᠠᠶᠢᠴᠠᠭᠠᠯᠳᠠ ᠶᠢᠨ ᠠᠵᠢᠯ ᠢ | ᠬᠢᠨᠠᠮᠠᠭᠠᠢ ᠦᠷᠨᠢᠬᠦᠯᠵᠦ᠂ ᠡᠷᠦᠭᠡ ᠳᠤ ᠤᠷᠤᠵᠦ ᠪᠠᠶᠢᠴᠠᠭᠠᠨ᠂ ᠨᠢᠭᠡ ᠡᠷᠦᠭᠡ ᠨᠢᠭᠡ ᠬᠦᠮᠦᠨ ᠢ ᠴᠦ | ᠤᠷᠬᠢᠬᠳᠠᠭᠤᠯᠬᠤ ᠦᠬᠡᠢ ᠪᠠᠷ ᠪᠦᠬᠦ ᠲᠠᠯ᠎ᠠ ᠪᠠᠷ ᠪᠠᠶᠢᠴᠠᠭᠠᠬᠤ ᠪᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠢ | ᠪᠤᠳᠠᠳᠠᠢ ᠪᠡᠶᠡᠯᠡᠬᠦᠯᠵᠦ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠠᠰᠢᠭ ᠤᠯᠬᠤ ᠶᠢ | ᠠᠬᠢᠭᠤᠯᠬᠤ ᠭᠡᠷᠡᠭᠳᠡᠢ᠃ ᠪᠠᠶᠢᠴᠠᠭᠠᠵᠦ ᠭᠠᠷᠭᠠᠭᠰᠠᠨ ᠠᠰᠠᠭᠤᠳᠠᠯ ᠳᠤ ᠴᠢᠭᠯᠡᠬᠦᠯᠦᠨ᠂ ᠠᠰᠠᠭᠤᠳᠠᠯ ᠤᠨ ᠵᠢᠬᠰᠠᠭᠠᠯᠳᠠ | ᠂ ᠬᠠᠷᠢᠭᠤᠴᠠᠯᠭ᠎ᠠ ᠶᠢᠨ ᠵᠢᠬᠰᠠᠭᠠᠯᠳᠠ᠂ ᠡᠬᠦᠷᠭᠡ ᠶᠢᠨ ᠵᠢᠬᠰᠠᠭᠠᠯᠳᠠ ᠶᠢ ᠨᠠᠷᠢᠯᠢᠭ ᠲᠦᠷᠦᠯᠵᠢᠬᠦᠯᠵᠦ᠂ | ᠬᠠᠷᠢᠭᠤᠴᠠᠯᠭ᠎ᠠ ᠶᠢᠨ ᠬᠤᠪᠢᠶᠠᠷᠢᠯᠠᠯᠳᠠ ᠪᠠᠨ ᠨᠠᠷᠢᠯᠢᠬᠵᠢᠭᠤᠯᠵᠦ᠂ ᠬᠠᠯᠠᠨ ᠰᠠᠶᠢᠵᠢᠷᠠᠭᠤᠯᠬᠤ ᠴᠠᠭ ᠤᠨ ᠬᠢᠵᠠᠭᠠᠷᠯᠠᠯ ᠢ | ᠲᠤᠳᠤᠷᠬᠠᠶᠢᠯᠠᠨ᠂ ᠲᠠᠷᠤᠢ ᠳᠤᠨᠢ ᠬᠠᠯᠠᠨ ᠰᠠᠶᠢᠵᠢᠷᠠᠭᠤᠯᠵᠦ ᠲᠡᠶᠢᠯᠬᠦ ᠶᠢ ᠴᠠᠭ ᠲᠤᠬᠠᠢ ᠳᠤᠨᠢ ᠪᠡᠶᠡᠯᠡᠬᠦᠯᠵᠦ᠂ ᠲᠡᠶᠢᠯᠬᠦ | ᠦᠬᠡᠢ ᠪᠤᠯ ᠤᠷᠳᠦ ᠬᠤᠭᠤᠴᠠᠭᠠᠨ ᠤ ᠦᠷ᠎ᠡ ᠠᠰᠢᠬᠳᠦ ᠲᠤᠭᠳᠠᠴᠠ ᠶᠢ ᠪᠠᠶᠢᠭᠤᠯᠵᠦ᠂ ᠬᠤᠭᠤᠴᠠᠭ᠎ᠠ ᠲᠤᠭᠳᠠᠭᠠᠨ | ᠪᠡᠶᠡᠯᠡᠬᠦᠯᠬᠦ ᠭᠡᠷᠡᠭᠳᠡᠢ᠃ ᠪᠠᠶᠢᠴᠠᠭᠠᠨ ᠰᠠᠶᠢᠵᠢᠷᠠᠭᠤᠯᠬᠤ ᠪᠠᠶᠢᠳᠠᠯ ᠲᠠᠢ ᠤᠶᠠᠯᠳᠤᠭᠤᠯᠵᠦ᠂ ᠡᠬᠦᠷᠭᠡ ᠶᠢᠨ | ᠵᠢᠬᠰᠠᠭᠠᠯᠳᠠ ᠶᠤᠰᠤᠭᠠᠷ᠂ ᠬᠤᠰᠢᠭᠤ᠂ ᠰᠤᠮᠤ ᠪᠠᠯᠭᠠᠰᠦ᠂ ᠭᠠᠴᠠᠭ᠎ᠠ ᠲᠣᠰᠬᠤᠨ ᠤ ᠭᠤᠷᠪᠠᠨ ᠲᠡᠰ ᠤᠨ ᠪᠠᠶᠢᠴᠠᠭᠠᠨ | ᠰᠠᠶᠢᠵᠢᠷᠠᠭᠤᠯᠤᠭᠰᠠᠨ ᠲᠠᠩᠰᠠ ᠡᠪᠬᠡᠮᠡᠯ ᠢ ᠪᠠᠶᠢᠭᠤᠯᠵᠦ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠲᠠᠩᠰᠠ | ᠡᠪᠬᠡᠮᠡᠯ ᠢ ᠪᠦᠷᠢᠨᠰᠢᠬᠦᠯᠵᠦ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ | ᠠᠵᠢᠯ ᠤᠨ ᠪᠤᠳᠠᠳᠦ ᠦᠷ᠎ᠡ ᠠᠰᠢᠭ ᠤᠯᠬᠤ ᠶᠢ ᠠᠬᠢᠭᠤᠯᠬᠤ ᠭᠡᠷᠡᠭᠳᠡᠢ ᠭᠡᠵᠦ ᠱᠠᠭᠠᠷᠳᠠᠪᠠ᠃ | | | | | ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠵᠢᠴᠢ ᠶᠠᠳᠠᠭᠤ ᠶᠢ ᠲᠡᠳᠬᠦᠬᠦ ᠰᠠᠯᠪᠤᠷᠢ | ᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ |