ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠦ᠋ ᠫᠧᠩ ᠪᠦᠬᠦ ᠬᠤᠰᠢᠭᠤᠨ ᠤ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠢ ᠠᠬᠢᠭᠤᠯᠬᠤ ᠬᠤᠷᠠᠯ ᠢ ᠰᠢᠩ ᠶᠤᠤ ᠪᠠᠯᠭᠠᠰᠤᠨ ᠳᠤ ᠡᠷᠬᠢᠯᠡᠨ ᠬᠤᠷᠠᠯᠳᠤᠭᠤᠯᠵᠦ ᠲᠤᠬᠠᠢ ᠶᠢᠨ ᠭᠠᠵᠠᠷ ᠲᠤᠨᠢ ᠠᠵᠢᠯ ᠵᠢᠯᠤᠭᠤᠳᠪᠠ
ᠨᠡᠶᠢᠲᠡᠯᠡᠭᠰᠡᠨ ᠴᠠᠭ᠄
2018-07-11
           ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ           ᠬᠤᠰᠢᠭᠤ ᠲᠠᠷᠤᠭ᠎ᠠ ᠰᠦ᠋ ᠫᠧᠩ ᠪᠦᠬᠦ ᠬᠤᠰᠢᠭᠤᠨ ᠤ ᠭᠠᠵᠠᠷ ᠰᠢᠷᠤᠢ ᠶᠢᠨ ᠡᠷᠭᠡ ᠶᠢ         ᠨᠤᠳᠠᠯᠠᠨ ᠲᠤᠭᠳᠠᠭᠠᠬᠤ ᠠᠵᠢᠯ ᠢ ᠠᠬᠢᠭᠤᠯᠬᠤ ᠬᠤᠷᠠᠯ ᠢ  ᠰᠢᠩ ᠶᠤᠤ ᠪᠠᠯᠭᠠᠰᠤᠨ ᠳᠤ ᠡᠷᠬᠢᠯᠡᠨ                   ᠬᠤᠷᠠᠯᠳᠤᠭᠤᠯᠵᠦ ᠲᠤᠬᠠᠢ ᠶᠢᠨ ᠭᠠᠵᠠᠷ ᠲᠤᠨᠢ ᠠᠵᠢᠯ ᠵᠢᠯᠤᠭᠤᠳᠪᠠ         7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠦ᠋ ᠫᠧᠩ ᠪᠦᠬᠦ ᠬᠤᠰᠢᠭᠤᠨ ᠤ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠢ ᠠᠬᠢᠭᠤᠯᠬᠤ ᠬᠤᠷᠠᠯ ᠢ ᠰᠢᠩ ᠶᠤᠤ ᠪᠠᠯᠭᠠᠰᠤᠨ ᠳᠤ ᠡᠷᠬᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂ ᠰᠦ᠋ ᠫᠧᠩ ᠠᠴᠠ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠬᠳᠠᠭᠠᠵᠦ ᠲᠠᠩᠰᠠᠯᠠᠬᠤ ᠠᠵᠢᠯ ᠢ ᠪᠤᠳᠠᠳᠠᠢ ᠪᠠᠶᠢᠷᠢᠯᠠᠭᠤᠯᠵᠦ᠂ ᠮᠢᠩᠭᠠᠨᠳᠦ ᠪᠠᠯᠭᠠᠰᠤ᠂ ᠰᠢᠩ ᠶᠤᠤ ᠪᠠᠯᠭᠠᠰᠦ᠂ ᠲᠠᠷᠢᠶᠠᠯᠠᠩ ᠮᠠᠯ ᠠᠵᠦ ᠠᠬᠤᠢ ᠶᠢᠨ ᠲᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠠᠵᠢᠯ ᠢᠶᠠᠨ ᠦᠷᠨᠢᠬᠦᠯᠦᠭᠰᠡᠨ ᠪᠠᠶᠢᠳᠠᠯ ᠢᠶᠠᠨ ᠬᠠᠷᠢᠭᠤ ᠮᠡᠳᠡᠬᠦᠯᠪᠡ᠃
       ᠰᠦ᠋ ᠫᠧᠩ ᠠᠴᠠ᠂ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠨᠢᠭᠡ ᠴᠢᠬᠤᠯᠠ ᠠᠭᠤᠯᠭ᠎ᠠ ᠪᠤᠯᠤᠨ᠎ᠠ᠂ ᠲᠤᠰ ᠠᠵᠢᠯ ᠤᠨ ᠴᠠᠭ ᠪᠠᠴᠢᠮ᠂ ᠡᠬᠦᠷᠭᠡ ᠬᠦᠨᠳᠦ᠂ ᠱᠠᠭᠠᠷᠳᠠᠯᠭ᠎ᠠ ᠦᠨᠳᠦᠷ ᠲᠤᠯᠠ ᠪᠦᠬᠦ ᠬᠤᠰᠢᠭᠤ ᠨᠢ ᠬᠦᠴᠦᠨ ᠢᠶᠠᠨ ᠲᠦᠪᠯᠡᠷᠡᠬᠦᠯᠵᠦ᠂ ᠠᠬᠢᠴᠠ ᠪᠠᠨ ᠲᠦᠷᠭᠡᠳᠬᠡᠨ᠂ ᠱᠠᠭᠠᠷᠳᠠᠯᠭ᠎ᠠ ᠶᠤᠰᠤᠭᠠᠷ7 ᠰᠠᠷ᠎ᠠ ᠶᠢᠨ 15 ᠤ ᠡᠳᠦᠷ ᠠᠴᠠ ᠡᠮᠦᠨ᠎ᠡ ᠡᠷᠭᠡ ᠶᠢ ᠨᠤᠳᠠᠯᠠᠨ ᠲᠤᠭᠳᠠᠭᠠᠬᠤ ᠪᠦᠬᠦ ᠠᠵᠢᠯ ᠤᠨ 90% ᠶᠢ ᠲᠠᠭᠤᠰᠬᠠᠬᠤ ᠭᠡᠷᠡᠭᠳᠡᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠤᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠦ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠨᠢᠭᠡᠳᠦᠭᠡᠷ ᠱᠦᠵᠢ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ ᠢᠳᠠᠪᠬᠢᠳᠡᠢ ᠬᠠᠮᠵᠢᠯᠴᠠᠨ᠂ ᠲᠤᠰᠬᠤᠨ ᠤ ︽ᠬᠤᠶᠠᠷ ᠵᠦᠪᠯᠡᠯ︾ ᠤᠨ ᠪᠠᠭ ᠨᠢ ᠲᠤᠰᠬᠤᠨ ᠤ ᠠᠷᠠᠳ ᠤᠨ ᠢᠳᠠᠪᠬᠢᠵᠢᠯ ᠢ ᠰᠠᠶᠢᠳᠦᠷ ᠲᠠᠶᠢᠴᠢᠯᠠᠵᠦ᠂ ᠤᠯᠠᠨ ᠲᠠᠯ᠎ᠠ ᠠᠴᠠ ᠬᠠᠮᠳᠤᠷᠠᠨ ᠬᠦᠴᠦᠯᠡᠵᠦ᠂ ᠠᠵᠢᠯ ᠤᠨ ᠡᠬᠦᠷᠭᠡ ᠪᠠᠨ ᠴᠠᠭ ᠲᠤᠬᠠᠢ ᠳᠤᠨᠢ ᠪᠠᠶᠠᠯᠡᠬᠦᠯᠬᠦ ᠶᠢ ᠪᠠᠳᠤᠯᠠᠬᠤ ᠭᠡᠷᠡᠭᠳᠡᠢ ᠭᠡᠵᠡᠢ᠃
       ᠰᠦ᠋ ᠫᠧᠩ ᠠᠴᠠ᠂ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠨᠢ ᠨᠠᠮ ᠤᠨ ᠤᠳᠤᠷᠢᠳᠤᠯᠭ᠎ᠠ ᠶᠢ ᠡᠬᠦᠷᠢᠳᠡ ᠪᠠᠷᠢᠮᠳᠠᠯᠠᠵᠦ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢᠨ ᠵᠠᠷᠴᠢᠮ ᠢ ᠴᠢᠩᠭ᠎ᠠ ᠰᠠᠬᠢᠵᠦ᠂ ᠲᠠᠷᠢᠶᠠᠴᠢᠳ ᠤᠨ ᠬᠦᠰᠡᠯ ᠪᠤᠳᠤᠯ ᠢ ᠬᠦᠨᠳᠦᠳᠬᠡᠨ᠂ ᠲᠤᠰᠬᠤᠨ ᠤ ᠠᠷᠠᠳ ᠤᠨ ᠶᠡᠭᠡ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠦ᠂ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠢ ᠡᠮᠬᠢ ᠵᠢᠷᠤᠮ  ᠲᠠᠢ ᠦᠷᠨᠢᠬᠦᠯᠬᠦ ᠭᠡᠷᠡᠭᠳᠡᠢ ᠭᠡᠵᠦ ᠴᠢᠬᠤᠯᠠᠴᠢᠯᠠᠪᠠ᠃        ᠰᠦ᠋ ᠫᠧᠩ ᠠᠴᠠ᠂ ᠰᠢᠩ ᠶᠤᠤ ᠪᠠᠯᠭᠠᠰᠤᠨ ᠤ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠬᠳᠠᠭᠠᠵᠦ ᠢᠯᠠ ᠪᠠᠷ ᠵᠠᠷᠯᠠᠬᠤ ᠪᠠᠨ ᠨᠢᠬᠡᠨᠳᠡ ᠪᠡᠶᠡᠯᠡᠬᠦᠯᠦᠭᠰᠡᠨ ᠮᠠ ᠵᠠᠨ ᠭᠸᠦ ᠲᠤᠰᠬᠤᠨ ᠵᠡᠷᠭᠡ ᠵᠠᠰᠠᠭ ᠵᠠᠬᠢᠷᠭᠠᠨ ᠤ 9 ᠲᠤᠰᠬᠤᠨ ᠨᠢ ᠭᠡᠷ᠎ᠡ ᠳᠤ ᠭᠠᠷ ᠤᠨ ᠦᠰᠦᠭ ᠵᠢᠷᠤᠭᠤᠯᠬᠤ ᠠᠵᠢᠯ ᠢ ᠱᠠᠯᠠᠪᠳᠠᠭᠤᠯᠤᠨ ᠬᠢᠵᠦ᠂ ᠰᠢ ᠾᠧ ᠲᠤᠰᠬᠤᠨ ᠵᠡᠷᠭᠡ 3 ᠲᠤᠰᠬᠤᠨ ᠨᠢ ᠠᠵᠢᠯ ᠤᠨ ᠠᠬᠢᠴᠠ ᠪᠠᠨ ᠲᠦᠷᠭᠡᠳᠬᠡᠨ᠂  ᠴᠧᠨ ᠭᠤᠸᠠᠩ ᠲᠤᠰᠬᠤᠨ ᠵᠡᠷᠭᠡ 12 ᠲᠤᠰᠬᠤᠨ ᠨᠢ ᠤᠷᠤᠰᠢᠵᠦ ᠪᠠᠶᠢᠭ᠎ᠠ ᠠᠰᠠᠭᠤᠳᠠᠯ ᠢᠶᠠᠨ ᠲᠦᠷᠭᠡᠨ ᠰᠢᠢᠳᠪᠦᠷᠢᠯᠡᠵᠦ᠂ ᠳ᠋ᠧ ᠱᠧᠩ ᠲᠤᠰᠬᠤᠨ᠂ ᠴᠧᠨ ᠭᠤᠸᠠᠩ ᠲᠤᠰᠬᠤᠨ ᠤ 1 ᠲᠤᠭᠤᠶᠢᠯᠠᠩ ᠠᠴᠠ ᠪᠤᠰᠤᠳ ᠨᠢ  7 ᠰᠠᠷ᠎ᠠ ᠶᠢᠨ 15 ᠤ ᠡᠳᠦᠷ ᠠᠴᠠ ᠡᠮᠦᠨ᠎ᠡ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠢ ᠪᠦᠬᠦᠨ ᠢ ᠲᠠᠭᠤᠰᠬᠠᠬᠤ ᠪᠠᠷ ᠴᠢᠷᠮᠠᠶᠢᠨ᠂ 25 ᠤ ᠡᠳᠦᠷ  ᠠᠴᠠ ᠡᠮᠦᠨ᠎ᠡ ᠭᠡᠷ᠎ᠡ ᠳᠤ ᠭᠠᠷ ᠤᠨ ᠦᠰᠦᠭ ᠵᠢᠷᠤᠭᠤᠯᠬᠤ ᠠᠵᠢᠯ ᠢ ᠪᠦᠬᠦᠨ ᠢ ᠲᠠᠭᠤᠰᠬᠠᠬᠤ ᠭᠡᠷᠡᠭᠳᠡᠢ ᠭᠡᠵᠦ ᠱᠠᠭᠠᠷᠳᠠᠪᠠ᠃
       ᠬᠤᠷᠠᠯ ᠤᠨ ᠲᠠᠷᠠᠭ᠎ᠠ᠂ ᠰᠦ᠋ ᠫᠧᠩ ᠨᠠᠷ ᠰᠢᠩ ᠶᠤᠤ ᠪᠠᠯᠭᠠᠰᠤᠨ ᠤ ᠰᠢᠶᠤᠤ ᠬᠤᠩ ᠱᠠᠨ ᠲᠤᠰᠬᠤᠨ᠂ ᠳ᠋ᠦᠩ ᠽᠠᠩ ᠲᠤᠰᠬᠤᠨ᠂ ᠳ᠋ᠧ ᠱᠧᠩ ᠲᠤᠰᠬᠤᠨ᠂ ᠴᠧᠨ ᠭᠤᠸᠠᠩ ᠲᠤᠰᠬᠤᠨ ᠵᠡᠷᠭᠡ ᠭᠠᠵᠠᠷ ᠲᠤ ᠬᠦᠷᠴᠦ ᠭᠠᠵᠠᠷ ᠰᠢᠷᠤᠢ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠢ ᠦᠷᠨᠢᠬᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠴᠦ᠂ ᠰᠢᠩ ᠶᠤᠤ ᠪᠠᠯᠭᠠᠰᠦ ᠵᠢᠴᠢ ᠬᠤᠰᠢᠭᠤ ᠰᠢᠭᠤᠤᠨ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠷ᠎ᠠ ᠪᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号