ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠬᠤᠰᠢᠭᠤ ᠨᠠᠮ ᠤᠨ ᠬᠤᠷᠢᠶᠠᠨ ᠤ | 2018 ᠤᠨ ᠤ 16 ᠤᠳᠠᠭᠠᠨ ᠤ ᠪᠠᠶᠢᠩᠭᠤ ᠶᠢᠨ ᠬᠡᠰᠢᠬᠦᠳ ᠤᠨ | ︵ᠦᠷᠭᠡᠳᠭᠡᠭᠰᠡᠨ︶ ᠬᠤᠷᠠᠯ ᠢ ᠬᠤᠷᠠᠯᠳᠤᠭᠤᠯᠪᠠ | | | ᠰᠢ ᠶᠢᠨ ᠫᠢᠩ ᠶᠡᠷᠦᠩᠭᠡᠢ ᠱᠦᠵᠢ᠂ ᠯᠢ ᠺᠧ ᠴᠢᠶᠠᠩ ᠶᠡᠷᠦᠩᠭᠡᠢ ᠰᠠᠶᠢᠳ ᠤᠨ ᠪᠦᠬᠦ ᠤᠯᠤᠰ ᠤᠨ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ | ᠶᠢᠨ ᠵᠤᠷᠢᠭ ᠰᠠᠨᠠᠭ᠎ᠠ ᠪᠠ ᠯᠢ ᠵᠢᠢ ᠾᠧᠩ ᠨᠦᠬᠦᠷ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ | ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠶᠢᠨ | ᠪᠦᠬᠦ ᠠᠶᠢᠮᠠᠭ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ | ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 6 | ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠠᠴᠠ ᠬᠤᠰᠢᠭᠤ ᠨᠠᠮ ᠤᠨ | ᠬᠤᠷᠢᠶᠠᠨ ᠤ 2018 ᠤᠨ ᠤ 16 ᠤᠳᠠᠭᠠᠨ ᠤ ᠪᠠᠶᠢᠩᠭᠤ ᠶᠢᠨ ᠬᠡᠰᠢᠬᠦᠳ ᠤᠨ ︵ᠦᠷᠭᠡᠳᠬᠡᠭᠰᠡᠨ︶ ᠬᠤᠷᠠᠯ ᠢ | ᠡᠷᠬᠢᠯᠡᠨ ᠬᠤᠷᠠᠯᠳᠤᠭᠤᠯᠵᠦ᠂ ᠬᠤᠰᠢᠭᠤ ᠤᠳᠤᠷᠢᠳᠤᠯᠭ᠎ᠠ ᠲᠡᠯᠭᠡᠷᠴᠤᠬᠳᠦ᠂ ᠡᠷᠳᠡᠨᠢ᠂ ᠡᠷᠳᠡᠨᠢᠪᠠᠭᠠᠳᠤᠷ᠂ ᠵᠠᠩ | ᠶᠤᠸᠠᠢ ᠴᠧᠩ᠂ ᠨᠠᠷᠠᠨᠮᠠᠨᠳᠤᠬᠤ᠂ ᠵᠠᠩ ᠺᠠᠢ ᠳ᠋ᠦᠩ᠂ ᠯᠢ ᠳ᠋ᠦᠩ ᠯᠢᠨ ᠬᠤᠷᠠᠯ ᠳᠤ ᠤᠷᠤᠯᠴᠠᠵᠦ᠂ ᠦᠪᠡᠷᠳᠡᠭᠡᠨ | ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯᠯᠠᠬᠤ ᠠᠩᠬᠢ ᠶᠢᠨ ᠶᠡᠷᠦᠩᠭᠡᠢ ᠠᠩᠬᠢ ᠶᠢᠨ ᠲᠠᠷᠤᠭ᠎ᠠ ᠡᠦ ᠸᠧᠢ ᠳ᠋ᠦᠩ᠂ ᠠᠶᠢᠮᠠᠭ ᠤᠨ | ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠰᠠᠭᠤᠭ᠎ᠠ ᠱᠠᠭᠠᠷᠳᠠᠨ ᠵᠢᠯᠤᠭᠤᠳᠬᠤ ᠲᠤᠭᠤᠶᠢᠯᠠᠩ ᠤᠨ ᠲᠠᠷᠤᠭ᠎ᠠ | ᠪᠤᠤ ᠰᠤᠶᠤᠯᠳᠦ ᠶᠢ ᠲᠤᠰᠬᠠᠢ ᠤᠷᠢᠨ ᠬᠤᠷᠠᠯ ᠳᠤ ᠤᠷᠤᠯᠴᠠᠭᠤᠯᠪᠠ᠃ ᠬᠤᠰᠢᠭᠤ ᠤᠳᠤᠷᠢᠳᠤᠯᠭ᠎ᠠ ᠪᠤᠯᠠᠭ᠂ ᠡᠷᠭᠡ᠂ | ᠵᠸᠦ ᠰᠢᠶᠠᠨ ᠵᠢᠶᠦ᠋ᠨ᠂ ᠱᠢ ᠺᠠᠢ ᠯᠦᠩ᠂ ᠴᠢᠮᠡᠭ᠂ ᠰᠢᠶᠠ ᠶᠤᠸᠠᠨ ᠹᠧᠩ᠂ ᠯᠢᠦ ᠶᠦᠨ᠂ ᠡᠯᠪᠡᠷᠢᠯᠳᠦ ᠬᠤᠷᠠᠯ ᠳᠤ | ᠰᠤᠯᠠ ᠤᠷᠤᠯᠴᠠᠵᠦ᠂ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃ | | | | | ᠪᠤᠤ ᠯᠢ ᠬᠤᠸᠠ ᠠᠴᠠ ᠰᠢ ᠶᠢᠨ ᠫᠢᠩ ᠶᠡᠷᠦᠩᠭᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠯᠢ ᠺᠧ ᠴᠢᠶᠠᠩ ᠶᠡᠷᠦᠩᠭᠡᠢ ᠰᠠᠶᠢᠳ ᠤᠨ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠤᠬᠤᠯᠠᠪᠤᠷᠢ ᠶᠢᠨ ᠵᠤᠷᠢᠭ ᠰᠠᠨᠠᠭ᠎ᠠ | ᠵᠢᠴᠢ ᠯᠢ ᠵᠢᠢ ᠾᠧᠩ ᠱᠦᠵᠢ ᠶᠢᠨ ᠰᠢᠯᠢ ᠶᠢᠨ ᠭᠤᠤᠯ ᠠᠶᠢᠮᠠᠭ ᠤᠨ ᠬᠦᠪᠡᠭᠡᠳᠦ ᠰᠢᠷ᠎ᠠ ᠬᠤᠰᠢᠭᠤ ᠪᠠ ᠰᠢᠯᠤᠭᠤᠨ | ᠬᠦᠪᠡᠭᠡᠳᠦ ᠴᠠᠭᠠᠨ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠶᠢ | ᠤᠯᠠᠮᠵᠢᠯᠠᠪᠠ᠃ | ᠨᠠᠮ ᠤᠨ ᠬᠤᠷᠢᠶᠠᠨ ᠤ ᠲᠡᠳ᠋ ᠱᠦᠵᠢ ᠲᠡᠯᠭᠡᠷᠴᠤᠬᠳᠦ ᠠᠴᠠ ᠠᠶᠢᠮᠠᠭ ᠤᠨ ᠨᠠᠮ ᠤᠨ ᠬᠤᠷᠢᠶᠠᠨ ᠤ ᠱᠦᠵᠢ | ᠯᠦᠸᠧ ᠬᠤ᠋ ᠽᠠᠢ ᠶᠢᠨ ᠪᠦᠬᠦ ᠠᠶᠢᠮᠠᠭ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠠᠬᠤᠢ | ᠲᠠᠯᠠᠪᠠᠢ ᠶᠢᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠵᠠᠩ ᠺᠠᠢ | ᠳ᠋ᠦᠩ ᠠᠴᠠ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠦᠷᠭᠡᠨ | ᠤᠯᠠᠨ ᠺᠠᠳ᠋ᠷᠴᠤᠳ ᠢ ᠤᠯᠠᠮ ᠤᠷᠮᠠᠰᠢᠭᠤᠯᠤᠨ ᠵᠤᠷᠢᠬᠵᠢᠭᠤᠯᠵᠦ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ | ᠡᠬᠦᠷᠭᠡᠯᠡᠨ ᠰᠢᠨ᠎ᠡ ᠠᠮᠵᠢᠯᠳᠠ ᠭᠠᠷᠭᠠᠬᠤ ᠲᠤᠬᠠᠢ ᠰᠠᠨᠠᠯ︾ ᠢ ᠤᠯᠠᠮᠵᠢᠯᠠᠪᠠ᠃ | ᠪᠤᠤ ᠰᠤᠶᠤᠯᠳᠦ ᠠᠴᠠ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠢ ᠪᠠᠶᠢᠴᠠᠭᠠᠨ ᠦᠵᠡᠬᠦ ᠦᠶ᠎ᠡ ᠳᠤ ᠢᠯᠡᠷᠡᠬᠦᠯᠦᠭᠰᠡᠨ ᠠᠰᠠᠭᠤᠳᠠᠯ ᠢᠶᠠᠨ ᠠᠩᠬ᠎ᠠ | ᠠᠯᠬᠤᠮ ᠬᠠᠷᠢᠭᠤ ᠲᠤᠰᠬᠠᠵᠦ᠂ ᠲᠠᠷᠠᠭᠠᠴᠢ ᠶᠢᠨ ᠠᠵᠢᠯ ᠳᠤ ᠬᠠᠯᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠶᠢ | ᠲᠤᠷᠠᠳᠤᠪᠠ᠃ | ᠪᠤᠤ ᠯᠢ ᠬᠤᠸᠠ ᠠᠴᠠ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠨᠢ ᠨᠢᠬᠡᠨᠳᠡ ᠬᠠᠳᠠᠭᠤ ᠲᠠᠪᠠᠭ᠎ᠠ ᠶᠢ ᠲᠠᠪᠠᠵᠦ ᠪᠤᠭᠤᠮᠳᠠ ᠰᠢᠪᠳᠤᠯᠬᠤ ᠵᠠᠩᠬᠢᠯᠠᠭ᠎ᠠ ᠶᠢᠨ ᠱᠠᠳᠤᠨ ᠳᠤ ᠤᠷᠤᠵᠦ | ᠂ ᠪᠦᠬᠦ ᠬᠤᠰᠢᠭᠤᠨ ᠤ ᠡᠯ᠎ᠡ ᠱᠠᠳᠤᠨ ᠤ ᠤᠳᠤᠷᠢᠳᠬᠤ ᠺᠠᠳ᠋ᠷ ᠨᠢ ᠦᠯᠢᠭᠡᠷ ᠵᠢᠱᠢᠶᠡᠴᠢ ᠶᠢᠨ ᠦᠢᠯᠡᠳᠦᠯ ᠢᠶᠠᠨ | ᠬᠦᠢᠴᠡᠳ ᠪᠠᠳᠠᠷᠠᠭᠤᠯᠵᠦ᠂ ᠡᠬᠦᠷᠭᠡ ᠲᠤᠰᠢᠶᠠᠯ ᠢᠶᠠᠨ ᠬᠤᠰᠢᠭᠤᠴᠢᠯᠠᠨ ᠬᠦᠢᠴᠡᠳᠬᠡᠵᠦ᠂ ᠪᠡᠶ᠎ᠡ ᠪᠠᠷ ᠢᠶᠠᠨ | ᠲᠦᠷᠦᠬᠦᠯᠡᠵᠦ ᠬᠠᠷᠢᠭᠤᠴᠠᠯᠭ᠎ᠠ ᠡᠬᠦᠷᠭᠡᠯᠡᠨ ᠠᠵᠢᠯᠯᠠᠬᠤ ᠭᠡᠷᠡᠭᠳᠡᠢ᠃ ᠶᠠᠳᠠᠭᠤ ᠶᠢ ᠲᠡᠳᠬᠦᠬᠦ ᠠᠵᠢᠯᠯᠠᠬᠤ ᠠᠩᠬᠢ ᠨᠢ | ᠪᠦᠬᠦ ᠲᠠᠯ᠎ᠠ ᠪᠠᠷ ᠪᠠᠶᠢᠴᠠᠭᠠᠬᠤ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ | ᠠᠵᠢᠯ ᠤᠨ ᠠᠭᠤᠯᠭ᠎ᠠ ᠶᠢ ᠲᠤᠳᠤᠷᠬᠠᠢ ᠤᠶᠢᠯᠠᠭᠠᠵᠦ᠂ ᠡᠷᠦᠬᠡ ᠳᠤ ᠤᠷᠤᠵᠦ ᠪᠤᠳᠠᠳᠠᠢ ᠭᠠᠵᠠᠷ ᠲᠤᠨᠢ ᠬᠢᠨᠠᠨ | ᠪᠠᠶᠢᠴᠠᠭᠠᠬᠤ ᠶᠢᠨ ᠬᠠᠮᠳᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠢᠴᠡᠳ ᠤᠶᠢᠯᠠᠭᠠᠭᠤᠯᠤᠨ | ᠮᠡᠳᠡᠬᠦᠯᠵᠦ᠂ ᠪᠠᠶᠢᠴᠠᠭᠠᠨ ᠢᠯᠡᠷᠡᠬᠦᠯᠦᠭᠰᠡᠨ ᠠᠰᠠᠭᠤᠳᠠᠯ ᠳᠤ ᠴᠢᠭᠯᠡᠬᠦᠯᠦᠨ᠂ ᠠᠰᠠᠭᠤᠳᠠᠯ ᠤᠨ ᠵᠢᠬᠰᠠᠭᠠᠯᠳᠠ᠂ | ᠬᠠᠷᠢᠭᠤᠴᠠᠯᠭ᠎ᠠ ᠶᠢᠨ ᠵᠢᠬᠰᠠᠭᠠᠯᠳᠠ᠂ ᠡᠬᠦᠷᠭᠡ ᠶᠢᠨ ᠵᠢᠬᠰᠠᠭᠠᠯᠳᠠ ᠶᠢ ᠨᠠᠷᠢᠯᠢᠭ ᠲᠦᠷᠦᠯᠵᠢᠬᠦᠯᠵᠦ᠂ | ᠬᠠᠷᠢᠭᠤᠴᠠᠯᠭ᠎ᠠ ᠶᠢᠨ ᠬᠤᠪᠢᠶᠠᠷᠢᠯᠠᠯᠳᠠ ᠪᠠᠨ ᠨᠠᠷᠢᠯᠢᠬᠵᠢᠭᠤᠯᠵᠦ᠂ ᠬᠠᠯᠠᠨ ᠰᠠᠶᠢᠵᠢᠷᠠᠭᠤᠯᠬᠤ ᠴᠠᠭ ᠤᠨ ᠬᠢᠵᠠᠭᠠᠷᠯᠠᠯ ᠢ | ᠲᠤᠳᠤᠷᠬᠠᠶᠢᠯᠠᠨ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠪᠠᠷ ᠨᠠᠶᠢᠳᠠᠪᠤᠷᠢᠵᠢᠭᠤᠯᠵᠦ᠂ | ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠠᠩᠰᠠ ᠡᠪᠬᠡᠮᠡᠯ ᠢ ᠲᠡᠬᠦᠯᠳᠡᠷᠵᠢᠬᠦᠯᠦᠨ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠳᠬᠡᠨ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠳᠡᠢ | ᠭᠡᠵᠦ ᠴᠢᠬᠤᠯᠠᠴᠢᠯᠠᠭᠰᠠᠨ ᠪᠠᠶᠢᠨ᠎ᠠ᠃ | ᠪᠤᠤ ᠯᠢ ᠬᠤᠸᠠ ᠠᠴᠠ᠂ ᠡᠯ᠎ᠡ ᠰᠤᠮᠤ ᠪᠠᠯᠭᠠᠰᠤ᠂ ᠶᠠᠳᠠᠭᠤ ᠶᠢ ᠲᠡᠳᠬᠦᠬᠦ ᠠᠵᠢᠯᠯᠠᠬᠤ ᠠᠩᠬᠢ ᠨᠢ | ᠠᠵᠢᠯ ᠤᠨ ᠰᠤᠷᠳᠠᠯ ᠢᠶᠠᠨ ᠬᠤᠪᠢᠷᠠᠭᠤᠯᠵᠦ᠂ ᠠᠵᠢᠯ ᠤᠨ ᠰᠡᠳᠬᠢᠴᠠ ᠪᠠᠨ ᠰᠢᠨᠡᠳᠬᠡᠨ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠲᠦᠷᠦᠯ ᠤᠨ ᠠᠵᠢᠯ ᠢ ᠨᠠᠷᠢᠯᠢᠭ ᠪᠤᠳᠠᠳᠠᠢ ᠪᠡᠶᠡᠯᠡᠬᠦᠯᠵᠦ᠂ ᠭᠠᠴᠠᠭ᠎ᠠ | ᠲᠤᠰᠬᠤᠨ ᠳᠤ ᠲᠤᠭᠳᠠᠭᠰᠠᠨ ᠬᠤᠭᠤᠴᠠᠭ᠎ᠠ ᠲᠠᠢ ᠪᠤᠶᠤ ᠲᠤᠭᠳᠠᠭᠰᠠᠨ ᠬᠤᠭᠤᠴᠠᠭ᠎ᠠ ᠦᠬᠡᠢ ᠪᠠᠷ ᠬᠦᠨᠵᠡᠭᠡᠶᠢᠷᠡᠵᠦ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠪᠠᠶᠢᠴᠠᠭᠠᠯᠳᠠ ᠶᠢ ᠦᠷᠨᠢᠬᠦᠯᠵᠦ᠂ | ᠠᠰᠠᠭᠤᠳᠠᠯ ᠢ ᠢᠯᠡᠷᠡᠬᠦᠯᠪᠡᠯ ᠲᠠᠷᠤᠢ ᠳᠤᠨᠢ ᠬᠠᠯᠠᠨ ᠨᠠᠶᠢᠳᠠᠪᠤᠷᠢᠵᠢᠭᠤᠯᠬᠤ ᠶᠢ ᠱᠠᠭᠠᠷᠳᠠᠨ᠂ ᠠᠵᠢᠯ ᠤᠨ ᠰᠤᠷᠳᠠᠯ | ᠬᠠᠭᠤᠳᠠᠮ ᠠᠴᠠ ᠪᠤᠯᠵᠦ ᠬᠦᠨᠳᠦ ᠨᠤᠴᠢᠳᠠᠢ ᠦᠷ᠎ᠡ ᠳ᠋ᠦᠩ ᠭᠠᠷᠭᠠᠪᠠᠯ ᠲᠦᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠬᠦ ᠭᠡᠷᠡᠭᠳᠡᠢ᠃ ᠬᠦᠳᠡᠯᠦᠩᠬᠦᠢ ᠬᠠᠮᠢᠶᠠᠷᠤᠯᠳᠠ ᠶᠢᠨ ᠰᠠᠭᠤᠷᠢᠨ ᠲᠡᠭᠡᠷ᠎ᠡ ᠶᠠᠳᠠᠭᠤ ᠡᠷᠦᠭᠡ ᠶᠢᠨ ᠬᠦᠮᠦᠨ | ᠠᠮᠠ ᠶᠢᠨ ᠰᠤᠷᠠᠭ ᠵᠠᠩᠬᠢ᠂ ᠤᠷᠤᠯᠭ᠎ᠠ ᠶᠢᠨ ᠬᠤᠪᠢᠷᠠᠯᠳᠠ᠂ ᠬᠦᠨᠳᠦ ᠡᠪᠡᠳᠴᠢᠨ ᠠᠴᠠ ᠪᠤᠯᠤᠭᠰᠠᠨ ᠶᠠᠳᠠᠭᠤᠷᠠᠯᠳᠠ | ᠵᠢᠴᠢ ᠰᠤᠷᠤᠭᠴᠢ ᠶᠢᠨ ᠰᠤᠷᠭᠠᠨ ᠬᠦᠮᠦᠵᠢᠯ ᠤᠨ ᠨᠦᠬᠦᠪᠦᠷᠢ ᠵᠡᠷᠭᠡ ᠠᠰᠠᠭᠤᠳᠠᠯ ᠢ ᠤᠨᠤᠪᠴᠢᠳᠠᠢ ᠡᠵᠡᠮᠳᠡᠵᠦ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠤᠨᠤᠪᠴᠢᠳᠠᠢ᠂ ᠰᠤᠷᠠᠭ ᠵᠠᠩᠬᠢ ᠶᠢᠨ ᠮᠠᠲ᠋ᠧᠷᠢᠶᠠᠯ ᠤᠨᠤᠪᠴᠢᠳᠠᠢ | ᠪᠠᠶᠢᠬᠤ ᠶᠢ ᠦᠨᠡᠨᠬᠦ ᠪᠡᠶᠡᠯᠡᠬᠦᠯᠬᠦ ᠭᠡᠷᠡᠭᠳᠡᠢ᠃ ᠬᠠᠷᠢᠭᠤᠴᠠᠯᠭ᠎ᠠ ᠡᠬᠦᠷᠬᠡᠯᠡᠨ ᠲᠤᠰᠢᠶᠠᠯ ᠢᠶᠠᠨ ᠬᠦᠢᠴᠡᠳᠬᠡᠬᠦ ᠵᠤᠷᠢᠭ | ᠰᠠᠨᠠᠭ᠎ᠠ ᠶᠢ ᠪᠠᠳᠠᠷᠠᠭᠤᠯᠬᠤ ᠲᠡᠭᠡᠷ᠎ᠡ ᠠᠵᠢᠯᠯᠠᠭ᠎ᠠ ᠠᠪᠴᠦ᠂ ᠠᠯᠪᠠ ᠬᠠᠭᠠᠬᠤ ᠦᠵᠡᠯ ᠰᠠᠨᠠᠭ᠎ᠠ ᠪᠠ ᠪᠠᠷ᠎ᠠ ᠬᠠᠷᠠᠬᠤ | ᠰᠡᠳᠬᠢᠴᠡ ᠶᠢ ᠡᠷᠡᠰ ᠲᠡᠪᠴᠢᠵᠦ᠂ ᠦᠷᠬᠦᠯᠵᠢᠯᠡᠨ ᠬᠦᠴᠦᠯᠡᠵᠦ ᠰᠢᠨᠳᠠᠷᠠᠰᠢ ᠦᠬᠡᠢ ᠴᠢᠩᠭ᠎ᠠ ᠠᠳᠬᠤᠨ᠂ ᠬᠠᠷᠢᠭᠤ | ᠲᠤᠰᠬᠠᠭᠰᠠᠨ ᠠᠰᠠᠭᠤᠳᠠᠯ ᠪᠠ ᠦᠪᠡᠷ ᠢᠶᠠᠨ ᠪᠠᠶᠢᠴᠠᠭᠠᠵᠦ ᠭᠠᠷᠭᠠᠭᠰᠠᠨ ᠠᠰᠠᠭᠤᠳᠠᠯ ᠳᠤ ᠴᠢᠭᠯᠡᠬᠦᠯᠵᠦ᠂ ᠡᠬᠦᠷᠭᠡ | ᠬᠠᠷᠢᠭᠤᠴᠠᠯᠭ᠎ᠠ ᠪᠠᠨ ᠬᠦᠳᠡᠯᠦᠩᠬᠦᠢ ᠪᠠᠷ ᠬᠦᠯᠢᠶᠡᠨ ᠲᠠᠨᠢᠵᠦ᠂ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠶᠢ | ᠲᠤᠳᠤᠷᠬᠠᠶᠢᠯᠠᠨ᠂ ᠡᠬᠦᠷᠭᠡᠯᠡᠬᠦ ᠶᠤᠰᠤᠳᠠᠢ ᠬᠠᠷᠢᠭᠤᠴᠠᠯᠭ᠎ᠠ ᠪᠠᠨ ᠢᠳᠠᠪᠬᠢᠳᠡᠢ ᠡᠬᠦᠷᠬᠡᠯᠡᠵᠦ᠂ ᠰᠠᠶᠢᠳᠦᠷ ᠪᠡᠶᠡᠯᠡᠬᠦᠯᠦᠨ | ᠨᠠᠶᠢᠳᠠᠪᠤᠷᠢᠵᠢᠭᠤᠯᠬᠤ ᠭᠡᠷᠡᠭᠳᠡᠢ᠃ ᠴᠢᠩᠭ᠎ᠠ ᠠᠳᠬᠤᠵᠦ ᠨᠠᠶᠢᠳᠠᠪᠤᠷᠢᠵᠢᠭᠤᠯᠬᠤ ᠲᠡᠭᠡᠷ᠎ᠡ ᠠᠵᠢᠯᠯᠠᠭ᠎ᠠ ᠠᠪᠴᠦ᠂ | ᠭᠠᠴᠠᠭ᠎ᠠ ᠲᠤᠰᠬᠤᠨ ᠳᠤ ᠰᠠᠭᠤᠬᠤ ᠬᠠᠮᠢᠶᠠᠷᠤᠯᠳᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠡᠳᠦᠷ ᠤᠨ | ᠲᠡᠮᠳᠡᠭᠯᠡᠯ ᠲᠠᠩᠰᠠ ᠡᠪᠬᠡᠮᠡᠯ ᠪᠠᠶᠢᠭᠤᠯᠤᠨ᠂ ᠬᠢᠨᠠᠨ ᠪᠠᠶᠢᠴᠠᠭᠠᠬᠤ ᠳᠤ ᠲᠦᠬᠦᠮ ᠪᠤᠯᠭᠠᠨ᠂ ᠲᠤᠳᠠᠭᠤᠳᠠᠯ ᠢᠶᠠᠨ | ᠬᠢᠨᠠᠮᠠᠭᠠᠢ ᠪᠠᠶᠢᠴᠠᠭᠠᠨ ᠨᠦᠬᠦᠪᠦᠷᠢᠯᠡᠵᠦ᠂ ᠬᠠᠷᠢᠭᠤᠴᠠᠯᠭ᠎ᠠ ᠨᠡᠭᠡᠮᠵᠢᠯᠡᠬᠦ ᠶᠢ ᠬᠠᠷᠢᠭᠤᠴᠠᠯᠭ᠎ᠠ ᠡᠬᠦᠷᠬᠡᠯᠡᠬᠦᠯᠬᠦ ᠪᠤᠯᠭᠠᠨ | ᠱᠠᠭᠠᠷᠳᠠᠵᠦ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠤᠳᠠᠳᠦ | ᠦᠷ᠎ᠡ ᠠᠰᠢᠭ ᠤᠯᠬᠤ ᠶᠢ ᠠᠬᠢᠭᠤᠯᠬᠤ ᠭᠡᠷᠡᠭᠳᠡᠢ ᠭᠡᠵᠦ ᠱᠠᠭᠠᠷᠳᠠᠪᠠ᠃ | | | | |